5 ᠰᠠᠷ᠎ᠠ ᠵᠢᠨ 6᠎ᠤ ᠡᠳᠦᠷ᠂ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠵᠢᠨ ᠠᠩᠬ᠎ᠠ ᠳᠤᠮᠳᠠᠳᠤ ᠵᠢᠨ ᠨᠢᠭᠡᠳᠦᠭᠡᠷ ᠤᠨ᠎ᠤ ᠭᠤᠷᠪᠠᠳᠤᠭ᠋ᠠᠷ ᠠᠩᠭᠢ᠎ᠳᠤ᠂ ᠬᠡᠯᠡ ᠪᠢᠴᠢᠭ᠎ᠤᠨ ᠪᠠᠭᠰᠢ ᠪᠦᠦ ᠶᠢᠩ ᠵᠢᠶᠧ ᠰᠤᠷᠤᠭᠴᠢᠳ᠎ᠲᠤ 《ᠠᠯᠲᠠᠨ ᠰᠢᠷᠭ᠋ᠠᠯ ᠴᠡᠴᠡᠭ》 ᠭᠡᠬᠦ ᠬᠢᠴᠢᠶᠡᠯ᠎ᠤᠨ ᠠᠭᠤᠯᠭ᠎ᠠ ᠵᠢ ᠲᠠᠶ᠋ᠢᠯᠪᠤᠷᠢᠯᠠᠨ ᠥᠭᠴᠦ ᠪᠠᠢ᠌ᠯ᠎ᠠ᠃ ᠪᠠᠭᠰᠢ ᠨᠢ ᠠᠰᠠᠭᠤᠯᠲᠠ ᠠᠰᠠᠭᠤᠬᠤ᠎ᠳᠤ ᠣᠯᠠᠨ ᠵᠶ᠋ᠠᠷ ᠵᠶ᠋ᠠᠨ ᠭᠠᠷ ᠡᠷᠭᠦᠨ ᠪᠤᠯᠢᠶᠠᠯᠳᠤᠨ ᠬᠠᠷᠢᠭᠤᠯᠵᠤ᠂ ᠬᠢᠴᠢᠶᠡᠯ᠎ᠤᠨ ᠲᠢᠩᠬᠢᠮ᠎ᠤᠨ ᠠᠭᠤᠷ ᠠᠮᠢᠰᠬᠤᠯ ᠮᠠᠰᠢ ᠬᠥᠷ ᠬᠥᠭᠵᠢᠶᠡᠨ᠎ᠲᠠᠢ ᠪᠠᠶ᠋ᠢᠯ᠎ᠠ᠃
《ᠲᠦᠷᠦᠭᠦᠬᠡᠨ᠂ ᠮᠠᠨ᠎ᠤ ᠰᠤᠷᠭ᠋ᠠᠭᠤᠯᠢ ᠨᠠᠷᠠᠲᠤ ᠪᠠᠭᠰᠢ ᠵᠢᠨ ᠭᠤᠤᠯᠯᠠᠭᠴᠢ ᠬᠦᠴᠦᠨ᠂ ᠨᠡᠷ᠎ᠡ ᠬᠦᠨᠳᠦᠲᠦ ᠵᠢᠭ᠋ᠠᠨ ᠰᠤᠳᠤᠯᠤᠭᠴᠢ ᠵᠢ ᠤᠷᠢᠵᠤ ᠨᠠᠷᠢᠨ ᠣᠨᠣᠪᠴᠢᠲᠠᠶ ᠵᠢᠭ᠋ᠠᠨ ᠰᠤᠷᠭ᠋ᠠᠯᠲᠠ ᠵᠢᠨ ᠵᠢᠯᠣᠭᠣᠳᠬᠤ ᠠᠵᠢᠯᠯᠠᠭ᠎ᠠ ᠥᠷᠨᠢᠭᠦᠯᠪᠡ᠂ ᠡᠨᠡ᠎ᠨᠢ ᠨᠠᠳᠠ᠎ᠳᠤ ᠬᠡᠯᠡ ᠪᠢᠴᠢᠭ᠎ᠤᠨ ᠵᠢᠭ᠋ᠠᠨ ᠰᠤᠷᠭ᠋ᠠᠯᠲᠠ᠂ ᠳᠠᠰᠬᠠᠯ᠎ᠤᠨ ᠵᠢᠷᠤᠭ ᠲᠥᠯᠥᠪᠯᠡᠭᠡ ᠵᠢᠴᠢ ᠰᠤᠷᠤᠭᠴᠢᠳ᠎ᠤᠨ ᠰᠤᠷᠤᠯᠴᠠᠬᠤ ᠢᠳᠡᠪᠬᠢᠵᠢᠯ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠮᠠᠰᠢ ᠶᠡᠬᠡ ᠳᠡᠭᠡᠭᠰᠢᠯᠡᠯᠲᠡ᠎ᠲᠠᠢ ᠪᠣᠯᠭ᠋ᠠᠵᠠᠶ᠃ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ᠂ ᠪᠢ ᠰᠤᠷᠤᠭᠴᠢᠳ᠎ᠤᠨ ᠤᠯᠤᠰ᠎ᠤᠨ ᠬᠡᠯᠡᠤ ᠬᠡᠷᠡᠭᠯᠡᠭᠡᠨ᠎ᠤ ᠴᠢᠳᠠᠪᠤᠷᠢ ᠪᠠ ᠰᠡᠳᠬᠢᠬᠦᠢ ᠵᠢᠨ ᠴᠢᠳᠠᠪᠤᠷᠢ ᠵᠢ ᠬᠥᠮᠦᠵᠢᠭᠦᠯᠬᠦ ᠵᠢ ᠨᠡᠩ ᠴᠢᠬᠤᠯᠠᠴᠢᠯᠠᠵᠤ᠂ ᠲᠡᠳᠡᠨ᠎ᠤ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠪᠡ᠃ ᠣᠳᠣᠬᠠᠨ᠎ᠳᠤ᠂ ᠬᠢᠴᠢᠶᠡᠯ᠎ᠤᠨ ᠲᠢᠩᠬᠢᠮ᠎ᠤᠨ ᠠᠭᠤᠷ ᠠᠮᠢᠰᠬᠤᠯ ᠤᠯᠠᠮ ᠬᠥᠭᠵᠢᠶᠡᠨ᠎ᠲᠠᠢ ᠪᠣᠯᠵᠣ᠂ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ ᠭᠡᠵᠦ ᠪᠦᠦ ᠶᠢᠩ ᠵᠢᠶᠸ ᠬᠡᠯᠡᠪᠡ᠃
ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ᠎ᠨᠢ ᠨᠠᠷᠠᠲᠤ ᠪᠠᠭᠰᠢ ᠵᠢᠨ ᠭᠤᠤᠯᠯᠠᠭᠴᠢ ᠬᠦᠴᠦᠨ᠂ ᠵᠢᠭ᠋ᠠᠨ ᠰᠤᠳᠤᠯᠤᠭᠴᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠤᠷᠢᠵᠤ ᠵᠢᠭ᠋ᠠᠨ ᠰᠤᠷᠭ᠋ᠠᠯᠲᠠ ᠵᠢᠨ ᠵᠢᠯᠣᠭᠣᠳᠣᠯᠭ᠎ᠠ ᠵᠢᠨ ᠠᠵᠢᠯᠯᠠᠭ᠎ᠠ ᠥᠷᠨᠢᠭᠦᠯᠵᠦ᠂ ᠵᠢᠭ᠋ᠠᠨ ᠰᠤᠷᠭ᠋ᠠᠯᠲᠠ ᠵᠢᠨ ᠰᠤᠳᠤᠯᠤᠨ ᠶᠠᠷᠢᠯᠴᠠᠬᠤ ᠵᠢᠴᠢ ᠬᠠᠮᠲᠤ᠎ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠠᠭᠰᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠵᠢᠭ᠋ᠠᠨ ᠰᠤᠷᠭ᠋ᠠᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ ᠪᠠᠶ᠋ᠢᠨ᠎ᠠ᠃
ᠵᠢᠭ᠋ᠠᠨ ᠰᠤᠷᠭ᠋ᠠᠯᠲᠠ ᠵᠢ ᠵᠢᠯᠣᠭᠣᠳᠬᠤ ᠠᠵᠢᠯᠯᠠᠭ᠎ᠠ ᠪᠣᠯ ᠵᠥᠪᠬᠡᠨ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠵᠢᠨ ᠪᠠᠭᠰᠢ ᠵᠢᠨ ᠵᠢᠭ᠋ᠠᠨ ᠰᠤᠷᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠠᠯᠢ ᠣᠯᠠᠨ ᠠᠷᠭ᠎ᠠ ᠬᠡᠮᠵᠢᠶ᠎ᠡ ᠵᠢᠨ ᠨᠢᠭᠡ ᠪᠣᠯᠤᠨ᠎ᠠ᠃ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠪᠠᠰᠠ ᠪᠠᠭᠰᠢ ᠵᠢᠨ ᠪᠣᠯᠪᠠᠰᠤᠷᠠᠯ᠂ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠂ ᠰᠤᠷᠭ᠋ᠠᠭᠤᠯᠢ ᠵᠢᠨ ᠥᠪᠡᠷ᠎ᠤᠨ ᠪᠣᠯᠪᠠᠰᠤᠷᠠᠭᠤᠯᠤᠯ ᠵᠡᠷᠭᠡ ᠣᠯᠠᠨ ᠲᠠᠯ᠎ᠠ᠎ᠪᠠᠷ ᠬᠦᠴᠦᠯᠡᠵᠦ᠂ ᠪᠠᠭᠰᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠪᠥᠬᠥ ᠬᠦᠴᠦᠨ ᠵᠶ᠋ᠠᠷ ᠵᠶ᠋ᠠᠨ ᠳᠡᠭᠡᠭᠰᠢᠯᠡᠭᠦᠯᠪᠡ᠃
ᠪᠠᠭᠰᠢ ᠵᠢᠨ ᠪᠣᠯᠪᠠᠰᠤᠷᠠᠯ ᠰᠤᠷᠤᠯᠴᠠᠯᠭ᠎ᠠ ᠵᠢᠨ ᠲᠠᠯ᠎ᠠ᠎ᠪᠠᠷ᠂ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ᠎ᠨᠢ ᠪᠠᠭᠰᠢ ᠵᠢᠨ ᠪᠣᠯᠪᠠᠰᠤᠷᠠᠯ᠎ᠤᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠤᠶᠤᠨᠲᠤ ᠰᠤᠷᠭ᠋ᠠᠨ ᠬᠥᠮᠦᠵᠢᠯ᠎ᠤᠨ ᠲᠠᠪᠴᠠᠩ᠂ ᠤᠯᠤᠰ᠎ᠤᠨ ᠨᠡᠪᠲᠡᠷᠡᠯᠴᠡᠭᠡ ᠵᠡᠷᠭᠡ ᠰᠦᠯᠵᠢᠶᠡᠨ᠎ᠤ ᠡᠬᠢ ᠪᠠᠶᠠᠯᠢᠭ᠎ᠢ ᠠᠰᠢᠭᠯᠠᠨ᠂ ᠪᠠᠭᠰᠢ ᠨᠠᠷ᠎ᠢ ᠵᠣᠬᠢᠶᠠᠨ ᠪᠠᠶ᠋ᠢᠭᠤᠯᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠮᠢᠶ᠎ᠠ ᠪᠥᠬᠥᠶ ᠡᠯ᠎ᠡ ᠲᠥᠷᠥᠯ᠎ᠤᠨ ᠪᠣᠯᠪᠠᠰᠤᠷᠠᠯ᠎ᠤᠨ ᠬᠢᠴᠢᠶᠡᠯ᠎ᠳᠤ ᠣᠷᠣᠯᠴᠠᠭᠤᠯᠵᠤ᠂ ᠪᠠᠭᠰᠢ ᠨᠢᠭᠡᠪᠦᠷᠢ ᠴᠥᠮ ᠥᠪᠡᠷ᠎ᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠵᠢ ᠦᠨᠡᠨ ᠬᠦ᠌ ᠪᠠᠲᠤᠯᠠᠪᠠ᠃
ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠤ ᠭᠣᠭᠴᠣᠭ᠋ᠠᠨ᠎ᠳᠤ᠂ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭ᠋ᠠᠬᠤ ᠮᠠᠲ᠋ᠧᠷᠢᠶᠠᠯ᠎ᠢ ᠲᠠᠶ᠋ᠢᠯᠪᠤᠷᠢᠯᠠᠬᠤ ᠪᠣᠯᠪᠠᠰᠤᠷᠠᠭᠤᠯᠤᠯ᠂ ᠪᠠᠭᠰᠢ ᠬᠥᠮᠦᠵᠢᠭᠦᠯᠬᠦ ᠰᠢᠯᠢᠳᠡᠭ ᠲᠤᠰᠠᠯᠠᠬᠤ ᠠᠨᠠᠶ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠵᠢᠭ᠋ᠠᠨ ᠰᠤᠳᠤᠯᠤᠭᠴᠢ᠎ᠠᠴᠠ ᠬᠢᠴᠢᠶᠡᠯ ᠣᠷᠣᠵᠤ᠂ ᠴᠢᠨᠠᠷ ᠰᠠᠶ᠋ᠢᠲᠠᠶ ᠵᠢᠭ᠋ᠠᠨ ᠰᠤᠷᠭ᠋ᠠᠯᠲᠠ ᠵᠢᠨ ᠥᠯᠢᠭᠡᠷ ᠵᠢᠱ᠌ᠢᠶ᠎ᠡ ᠵᠢ ᠳᠡᠯᠭᠡᠨ ᠦᠵᠡᠭᠦᠯᠵᠦ᠂ ᠪᠤᠰᠤᠳ ᠪᠠᠭᠰᠢ ᠨᠠᠷ ᠲᠣᠭᠣᠷᠢᠨ ᠦᠵᠡᠵᠦ ᠰᠤᠷᠤᠯᠴᠠᠪᠠ᠃
ᠰᠤᠷᠭ᠋ᠠᠭᠤᠯᠢ ᠵᠢᠨ ᠥᠪᠡᠷ᠎ᠤᠨ ᠪᠣᠯᠪᠠᠰᠤᠷᠠᠯ᠎ᠤᠨ ᠠᠵᠢᠯᠯᠠᠭ᠎ᠠ ᠳᠤᠮᠳᠠ᠂ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠬᠢᠴᠢᠶᠡᠯ ᠲᠥᠷᠥᠯ ᠵᠶ᠋ᠠᠷ ᠳᠤᠭᠤᠶ᠋ᠢᠯᠠᠩ ᠬᠤᠪᠢᠶᠠᠵᠤ᠂ ᠬᠠᠮᠲᠤ᠎ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ᠂ ᠬᠢᠴᠢᠶᠡᠯ᠎ᠤᠨ ᠲᠢᠩᠬᠢᠮ᠎ᠤᠨ ᠠᠵᠢᠭᠯᠠᠯᠲᠠ᠂ ᠰᠣᠷᠣᠭᠴᠢ ᠵᠢᠨ ᠦᠨᠡᠯᠡᠯᠲᠡ᠂ ᠵᠢᠭ᠋ᠠᠨ ᠰᠤᠷᠭ᠋ᠠᠯᠲᠠ ᠵᠢᠨ ᠬᠢᠷᠢ ᠪᠦᠲᠦᠮᠵᠢ ᠵᠢᠨ ᠵᠠᠳᠠᠯᠤᠯᠲᠠ ᠵᠡᠷᠭᠡ ᠣᠯᠠᠨ ᠲᠠᠯᠠᠲᠤ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠪᠠᠭᠰᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡ ᠵᠢ ᠬᠡᠷᠡᠭᠯᠡᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠥᠷᠨᠢᠭᠦᠯᠬᠦ ᠴᠢᠳᠠᠪᠤᠷᠢ᠎ᠳᠤ ᠶᠡᠷᠦᠩᠬᠡᠶ᠋ᠢᠯᠡᠭᠰᠡᠨ ᠦᠨᠡᠯᠡᠯᠲᠡ ᠬᠢᠪᠠ᠃ ᠢᠯᠡᠷᠡᠯ᠎ᠨᠢ ᠰᠢᠯᠢᠳᠡᠭ ᠪᠠᠭᠰᠢ ᠵᠢ ᠰᠠᠶ᠋ᠢᠰᠢᠶᠠᠨ ᠬᠥᠬᠢᠭᠦᠯᠵᠦ᠂ ᠠᠰᠠᠭᠤᠳᠠᠯ ᠣᠷᠣᠰᠢᠵᠤ ᠪᠠᠶ᠋ᠢᠭ᠎ᠠ ᠪᠠᠭᠰᠢ᠎ᠳᠤ ᠴᠢᠭᠯᠡᠭᠦᠯᠦᠨ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠬᠤ ᠵᠢᠨ ᠬᠠᠮᠲᠤ᠂ ᠦᠷᠭᠦᠯᠵᠢᠯᠡᠨ ᠮᠥᠷᠳᠡᠵᠦ ᠰᠢᠮᠳᠠᠭᠤᠯᠤᠨ ᠰᠠᠶ᠋ᠢᠵᠢᠷᠠᠭᠤᠯᠬᠤ ᠬᠡᠷᠡᠭᠲᠡᠶ᠃
《ᠪᠢᠳᠡ ᠪᠣᠯᠪᠠᠰᠤᠷᠠᠭᠤᠯᠤᠯ᠎ᠤᠨ ᠰᠢᠰᠲ᠋ᠧᠮ᠎ᠢ ᠬᠦᠴᠦᠯᠡᠨ ᠭᠦᠨᠵᠡᠭᠡᠶ᠋ᠢᠷᠡᠭᠦᠯᠵᠦ᠂ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ᠎ᠳᠤ ᠬᠢᠨᠠᠯᠲᠠ ᠲᠠᠯᠪᠢᠬᠤ ᠪᠠ ᠵᠢᠭ᠋ᠠᠨ ᠵᠢᠯᠣᠭᠣᠳᠬᠤ ᠵᠢ ᠴᠢᠩᠭ᠋ᠠᠳᠬᠠᠨ᠂ ᠬᠢᠨᠠᠨ ᠰᠢᠯᠭ᠋ᠠᠬᠤ ᠪᠠ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠪᠠᠭᠰᠢ ᠵᠢᠨ 〈ᠬᠢᠴᠢᠶᠡᠯ ᠣᠷᠣᠵᠤ ᠴᠢᠳᠠᠬᠤ〉᠎ᠠᠴᠠ 〈ᠰᠠᠶ᠋ᠢᠨ ᠬᠢᠴᠢᠶᠡᠯ ᠣᠷᠣᠬᠤ〉᠎ᠳᠤ ᠬᠦᠴᠦᠨ ᠨᠡᠮᠡᠷᠢᠯᠡᠨ᠎ᠡ᠃》 ᠭᠡᠵᠦ ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠵᠢᠨ ᠵᠠᠬᠢᠷᠤᠯ ᠰᠠᠷᠠᠨᠮᠠᠨᠳᠤᠯ᠎ᠠ ᠬᠡᠯᠡᠪᠡ᠃