ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠣᠯᠠᠨ ᠬᠠᠷᠠᠭ᠋ᠠᠰᠤ᠎ᠠᠴᠠ ᠤᠬᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠤᠨ ᠮᠠᠨ᠎ᠤ ᠣᠷᠣᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-06-10

    ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠦᠨᠳᠦᠰᠦᠲᠡᠨ᠎ᠤ ᠤᠨᠤᠯ᠎ᠤᠨ ᠲᠦᠷᠦ ᠵᠢᠨ ᠪᠣᠳᠣᠯᠭ᠎ᠠ ᠪᠣᠯᠣᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠤᠷᠤᠯᠴᠠᠯᠭ᠎ᠠ ᠪᠣᠯᠪᠠᠰᠤᠷᠠᠯ᠎ᠢ ᠥᠷᠭᠡᠨ ᠳᠡᠯᠭᠡᠷ ᠥᠷᠨᠢᠭᠦᠯᠵᠦ᠂ ᠤᠯᠠᠨ ᠨᠡᠶ᠋ᠢᠲᠡ ᠵᠢᠨ ᠲᠠᠯᠠᠪᠤᠷ᠎ᠤᠨ  ᠡᠯᠧᠺᠲᠷᠣᠨ ᠳᠡᠯᠭᠡᠴᠡ᠂ ᠦᠢ᠍ᠯᠡᠴᠢᠯᠡᠭᠡᠨ᠎ᠤ ᠴᠣᠩᠬᠤᠪᠴᠢ᠎ᠳᠠᠬᠢ ᠳᠡᠯᠭᠡᠴᠡ ᠪᠣᠯᠣᠨ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠰᠢᠯᠵᠢᠭᠡ ᠲᠧᠯᠸᠢᠰ ᠵᠡᠷᠭᠡ ᠠᠴᠢᠶᠠᠯᠠᠪᠤᠷᠢ ᠵᠢ ᠠᠰᠢᠭᠯᠠᠨ ᠲᠤᠰᠬᠠᠢ ᠰᠡᠳᠦᠪᠲᠦ ᠤᠬᠠᠭᠤᠯᠭ᠎ᠠ ᠥᠷᠨᠢᠭᠦᠯᠵᠦ᠂ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠵᠣᠬᠢᠶᠠᠨ ᠪᠠᠶ᠋ᠢᠭᠤᠯᠵᠤ ᠦᠨᠳᠦᠰᠦᠨ ᠱᠠᠲᠤᠨ᠎ᠳᠤ ᠣᠴᠢᠭᠤᠯᠤᠨ ᠨᠠᠮ᠎ᠤᠨ ᠦᠨᠳᠦᠰᠦᠲᠡᠨ᠎ᠤ ᠤᠨᠤᠯ᠎ᠤᠨ ᠲᠦᠷᠦ ᠵᠢᠨ ᠪᠣᠳᠣᠯᠭ᠎ᠠ ᠪᠣᠯᠣᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠤᠬᠠᠢ ᠤᠬᠠᠭᠤᠯᠤᠨ ᠲᠠᠶ᠋ᠢᠯᠪᠤᠷᠢᠯᠠᠯᠲᠠ ᠥᠷᠨᠢᠭᠦᠯᠪᠡ ᠁
    5 ᠰᠠᠷ᠎ᠠ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠪᠠᠶ᠋ᠢᠵᠤ᠂ 5 ᠰᠠᠷ᠎ᠠ ᠵᠢᠨ 25᠎ᠤ ᠡᠳᠦᠷ᠎ᠠᠴᠠ 31᠎ᠤ ᠡᠳᠦᠷ ᠪᠣᠯ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》 ᠪᠣᠯᠣᠨ᠎ᠠ᠃ ᠣᠶ᠋ᠢᠷ᠎ᠠ ᠵᠢᠨ ᠡᠳᠦᠷ᠎ᠤᠳ᠎ᠲᠤ᠂ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠤᠯᠭ᠋ᠠᠵᠤ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ》 ᠭᠤᠣᠯ ᠰᠡᠳᠦᠪ᠎ᠤᠨ ᠲᠣᠭᠤᠷᠢᠨ᠎ᠳᠤ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠣᠳᠣᠯᠭ᠎ᠠ ᠪᠣᠯᠣᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠠᠵᠢᠯᠯᠠᠭ᠎ᠠ ᠵᠢ ᠥᠷᠭᠡᠨ ᠭᠦᠨᠵᠡᠭᠡᠢ ᠥᠷᠨᠢᠭᠦᠯᠪᠡ᠃
     ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ ᠬᠠᠮᠲᠤᠷᠠᠨ ᠠᠵᠢᠯ᠎ᠤᠨ ᠲᠥᠰᠥᠯ ᠲᠣᠭᠲᠠᠭ᠋ᠠᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠪᠦᠭᠦ ᠲᠠᠯ᠎ᠠ᠎ᠪᠠᠷ ᠪᠠᠶ᠋ᠢᠷᠢᠯᠠᠭᠤᠯᠵᠤ᠂ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠬᠠᠭᠤᠯᠭ᠎ᠠ ᠵᠢᠨ ᠠᠵᠢᠯ᠎ᠤᠨ ᠠᠷᠭ᠎ᠠ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠠᠶ᠋ᠢᠭᠤᠯᠭ᠎ᠠ᠎ᠳᠤ ᠣᠷᠣᠭᠤᠯᠬᠤ᠂ ᠠᠵᠤ ᠠᠬᠤᠶ᠋ᠢᠯᠠᠯ᠎ᠳᠤ ᠣᠷᠣᠭᠤᠯᠬᠤ᠂ ᠨᠡᠶ᠋ᠢᠭᠡᠮ ᠲᠣᠭᠤᠷᠢᠭ᠎ᠲᠤ ᠣᠷᠣᠭᠤᠯᠬᠤ᠂ ᠭᠠᠴᠠᠭ᠎ᠠ ᠲᠣᠰᠬᠤᠨ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠰᠤᠮᠤᠨ ᠠᠩᠭᠢ᠎ᠳᠤ ᠣᠷᠣᠭᠤᠯᠬᠤ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ ᠭᠠᠵᠠᠷ᠎ᠲᠤ ᠣᠷᠣᠭᠤᠯᠬᠤ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠤ ᠣᠷᠣᠭᠤᠯᠬᠤ᠂ ᠰᠦᠯᠵᠢᠶᠡᠨ᠎ᠳᠤ ᠣᠷᠣᠭᠤᠯᠬᠤ᠂ ᠡᠯ᠎ᠡ ᠬᠦᠷᠢᠶᠡᠨ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
     ᠤᠯᠠᠭ᠋ᠠᠨᠬᠠᠳᠠ ᠬᠤᠲᠠ ᠵᠢᠨ ᠪᠠᠭ᠋ᠠᠷᠢᠨ ᠪᠠᠷᠠᠭᠤᠨ ᠬᠤᠰᠢᠭᠤ 《ᠣᠴᠢ ᠠᠨᠠᠷ᠎ᠤᠨ ᠦᠷ᠎ᠡ》 ᠤᠬᠠᠭᠤᠯᠤᠨ ᠲᠠᠶ᠋ᠢᠯᠪᠤᠷᠢᠯᠠᠬᠤ ᠬᠤᠪᠢᠶᠠᠷᠢ ᠠᠩᠭᠢ ᠵᠣᠬᠢᠶᠠᠨ ᠪᠠᠶ᠋ᠢᠭᠤᠯᠵᠤ᠂ ᠪᠠᠶᠠᠨᠨᠠᠭᠤᠷ ᠬᠤᠲᠠ 《ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ》᠎ᠤᠨ ᠬᠤᠪᠢᠶᠠᠷᠢ ᠣᠯᠠᠨ ᠲᠦᠮᠡᠨᠴᠢᠯᠡᠭᠰᠡᠨ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠵᠣᠬᠢᠶᠠᠨ ᠪᠠᠶ᠋ᠢᠭᠤᠯᠵᠤ᠂ ᠠᠯᠠᠱ᠌ᠠ ᠠᠶ᠋ᠢᠮᠠᠭ 《ᠲᠡᠮᠡᠭᠡᠨ ᠨᠢᠷᠤᠭᠤᠨ ᠳᠡᠭᠡᠷᠡᠬᠢ ᠨᠡᠭᠦᠳᠡᠯ ᠬᠢᠴᠢᠶᠡᠯ᠎ᠤᠨ  ᠲᠢᠩᠬᠢᠮ》 ᠭᠠᠷᠭ᠋ᠠᠪᠠ ᠁ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠨᠣᠯ᠎ᠤᠨ ᠲᠤᠰᠬᠠᠢ ᠮᠡᠷᠭᠡᠵᠢᠯᠲᠡᠨ᠂ ᠠᠵᠢᠯ ᠲᠥᠷᠥᠯ᠎ᠤᠨ ᠭᠤᠣᠯᠯᠠᠭᠴᠢ᠂ ᠠᠷᠠᠳ᠎ᠤᠨ ᠨᠠᠷᠠᠲᠤ ᠲᠠᠶ᠋ᠢᠯᠪᠤᠷᠢᠯᠠᠭᠴᠢ ᠵᠡᠷᠭᠡ ᠬᠥᠮᠥᠰ᠎ᠢ ᠵᠣᠬᠢᠶᠠᠨ ᠪᠠᠶ᠋ᠢᠭᠤᠯᠵᠤ ᠭᠤᠪᠢ ᠲᠠᠯ᠎ᠠ ᠨᠤᠲᠤᠭ ᠵᠶ᠋ᠠᠷ ᠶᠠᠪᠤᠵᠤ᠂ ᠭᠠᠴᠠᠭ᠎ᠠ ᠲᠣᠰᠬᠤᠨ᠂ ᠨᠡᠶ᠋ᠢᠭᠡᠮ ᠲᠣᠭᠤᠷᠢᠭ᠎ᠲᠤ ᠭᠦᠨᠵᠡᠭᠡᠶ᠋ᠢᠷᠡᠨ᠂ 《ᠵᠠᠬᠢᠶᠠᠯᠠᠭ᠎ᠠ》᠎ᠪᠠᠷ ᠤᠬᠠᠭᠤᠯᠤᠨ ᠲᠠᠶ᠋ᠢᠯᠪᠤᠷᠢᠯᠠᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ 《ᠡᠭᠡᠯ ᠠᠷᠠᠳ᠎ᠤᠨ ᠭᠡᠷ᠎ᠲᠤ ᠣᠷᠣᠬᠤ》 ᠵᠢ ᠬᠦᠴᠦᠲᠡᠢ ᠠᠬᠢᠭᠤᠯᠪᠠ᠃
    ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯᠯᠠᠭ᠎ᠠ ᠵᠢᠨ ᠭᠡᠯᠪᠡᠷᠢ᠎ᠪᠠᠨ ᠲᠠᠰᠤᠷᠠᠯᠲᠠ ᠦᠭᠡᠢ ᠰᠢᠨᠡᠴᠢᠯᠡᠵᠦ᠂ ᠬᠠᠷᠢᠯᠴᠠᠨ ᠬᠤᠷᠰᠢᠯᠴᠠᠬᠤ ᠲᠠᠪᠴᠠᠩ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠨᠠᠭ᠋ᠠᠴᠢᠯᠠᠭ᠎ᠠ ᠦᠭᠡᠢ ᠭᠥᠯᠢᠶᠡᠨ ᠠᠪᠤᠭᠴᠢ ᠪᠠᠶ᠋ᠢᠭᠰᠠᠨ᠎ᠠᠴᠠ᠎ᠪᠠᠨ ᠰᠠᠨᠠᠭ᠋ᠠᠴᠢᠯᠠᠭ᠋ᠠᠲᠤ ᠤᠯᠠᠮᠵᠢᠯᠠᠭᠴᠢ ᠪᠤᠯᠬᠤ ᠵᠢ ᠵᠣᠷᠢᠭᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠭᠡᠷᠡᠯ ᠵᠢᠷᠤᠭᠲᠤ ᠤᠮᠠᠷᠠᠲᠤ ᠬᠢᠯᠢ · ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ》 ᠭᠡᠬᠦ ᠭᠡᠷᠡᠯ ᠵᠢᠷᠤᠭ᠎ᠤᠨ ᠪᠦᠲᠦᠭᠡᠯ ᠡᠯᠰᠡᠬᠦ ᠤᠷᠤᠯᠳᠤᠭ᠋ᠠᠨ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠬᠠᠮᠲᠤ᠎ᠪᠠᠷ ᠰᠠᠶ᠋ᠢᠲᠤᠷ ᠶᠠᠷᠢᠬᠤ ᠵᠢ ᠵᠣᠷᠢᠬ᠍ᠵᠢᠭᠤᠯᠪᠠ; ᠥᠪᠡᠷᠲᠡᠭᠡᠨ ᠵᠠᠰᠠᠬᠤ ᠣᠷᠣᠨ᠎ᠤ ᠣᠷᠴᠢᠭᠤᠯᠭ᠎ᠠ ᠵᠢᠨ ᠲᠥᠪ 《ᠣᠷᠴᠢᠭᠤᠯᠭ᠎ᠠ ᠵᠢᠨ ᠲᠥᠪ · ᠠᠨᠠᠷ᠎ᠤᠨ ᠦᠷ᠎ᠡ》 ᠵᠠᠯᠠᠭᠤᠴᠤᠳ᠎ᠤᠨ ᠦᠢ᠍ᠯᠡᠴᠢᠯᠡᠭᠡᠨ᠎ᠤ ᠠᠩᠭᠢ ᠪᠠᠶ᠋ᠢᠭᠤᠯᠵᠤ᠂ ᠨᠡᠶ᠋ᠢᠭᠡᠮ ᠲᠣᠭᠤᠷᠢᠭ᠎ᠲᠤ ᠭᠦᠨᠵᠡᠭᠡᠶ᠋ᠢᠷᠡᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠨᠠᠮ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠥᠷᠭᠡᠨ ᠵᠶ᠋ᠠᠷ ᠤᠬᠠᠭᠤᠯᠪᠠ; ᠭᠦᠯᠥᠨ ᠪᠤᠶ᠋ᠢᠷ ᠬᠤᠲᠠ ᠵᠢᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠤᠣᠯ ᠰᠡᠳᠦᠪᠲᠦ ᠰᠢᠯᠦᠭ ᠳᠠᠭᠤᠤ ᠵᠢᠨ ᠪᠦᠲᠦᠭᠡᠯ ᠡᠯᠰᠡᠬᠦ ᠠᠵᠢᠯᠯᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠭᠤᠣᠯ ᠰᠡᠳᠦᠪᠲᠦ ᠰᠢᠯᠦᠭ ᠳᠠᠭᠤᠤ ᠵᠣᠬᠢᠶᠠᠨ ᠪᠦᠲᠦᠭᠡᠬᠦ ᠵᠢ ᠵᠣᠷᠢᠬ᠍ᠵᠢᠭᠤᠯᠪᠠ; ᠭᠢᠩᠭ᠋ᠠᠨ ᠠᠶ᠋ᠢᠮᠠᠭ ᠤᠬᠠᠭᠤᠯᠤᠨ ᠲᠠᠶ᠋ᠢᠯᠪᠤᠷᠢᠯᠠᠬᠤ ᠵᠠᠭᠪᠤᠷ᠎ᠤᠨ ᠰᠢᠨ᠎ᠡ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠭᠡᠷᠡᠯ ᠰᠠᠴᠤᠷᠠᠩᠭᠤᠢ ᠲᠡᠦᠬᠡ᠎ᠪᠠᠨ ᠡᠷᠭᠢᠴᠡᠭᠦᠯᠬᠦ᠂ ᠳᠡᠷᠭᠡᠳᠡᠬᠢ ᠨᠡᠶ᠋ᠢᠲᠡᠯᠢᠭ ᠵᠢᠱ᠌ᠢᠶ᠎ᠡ᠎ᠠᠴᠠ᠎ᠪᠠᠨ ᠰᠤᠷᠤᠯᠴᠠᠬᠤ᠂ ᠵᠢᠷᠭ᠋ᠠᠯᠲᠤ ᠠᠮᠢᠳᠤᠷᠠᠯ ᠵᠶ᠋ᠠᠨ ᠳᠡᠯᠭᠡᠨ ᠦᠵᠡᠭᠦᠯᠭᠦ ᠵᠢ ᠬᠥᠲᠥᠯᠥᠨ ᠵᠢᠯᠣᠭᠤᠳᠪᠠ ᠁ ᠭᠡᠯᠪᠡᠷᠢ ᠤᠯᠠᠨ ᠶᠠᠩᠵᠤ ᠵᠢᠨ᠂ ᠠᠭᠤᠯᠭ᠎ᠠ ᠡᠯᠪᠡᠭ ᠪᠠᠶᠠᠯᠢᠭ ᠤᠬᠠᠭᠤᠯᠭ᠎ᠠ ᠵᠢᠨ ᠠᠵᠢᠯᠯᠠᠭ᠎ᠠ᠎ᠨᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠣᠶ᠋ᠢᠯᠠᠭ᠋ᠠᠭᠳᠠᠬᠤᠨ ᠪᠣᠯᠣᠨ ᠨᠠᠮ᠎ᠤᠨ ᠦᠨᠳᠦᠰᠦᠲᠡᠨ᠎ᠤ ᠤᠨᠤᠯ ᠲᠦᠷᠤ ᠵᠢᠨ ᠪᠣᠳᠣᠯᠭ᠎ᠠ ᠵᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ᠎ᠪᠠᠷ ᠬᠥᠮᠥᠰ᠎ᠤᠨ ᠰᠡᠳᠬᠢᠯ᠎ᠢ ᠤᠮᠳᠠᠯᠠᠪᠠ᠃
     ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠂ ᠦᠬᠠᠢ ᠬᠤᠳᠠ ᠵᠡᠷᠭᠡ ᠭᠠᠵᠠᠷ᠎ᠤᠨ᠎ᠬᠢᠨ 《ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠤᠣᠯ ᠲᠠᠯᠠᠪᠤᠷ᠎ᠤᠨ ᠠᠵᠢᠯᠯᠠᠭ᠎ᠠ ᠳᠤᠮᠳᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠵᠢᠨ ᠲᠣᠭᠤᠷᠢᠭ ᠲᠣᠬᠢᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠷᠢᠳᠢ ᠰᠢᠳᠢ ᠵᠢ ᠭᠦᠢ᠍ᠴᠡᠳ ᠢᠯᠡᠷᠡᠭᠦᠯᠪᠡ; ᠪᠠᠶᠠᠨᠨᠠᠭᠤᠷ ᠬᠤᠲᠠ ᠵᠢᠨ ᠯᠢᠨᠾᠧ ᠲᠣᠭᠤᠷᠢᠭ ᠠᠵᠢᠯᠯᠠᠭ᠎ᠠ ᠳᠤᠮᠳᠠ᠎ᠪᠠᠨ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ᠎ᠤ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠢ ᠪᠡᠶᠡᠴᠢᠯᠡᠨ ᠣᠶ᠋ᠢᠯᠠᠭ᠋ᠠᠬᠤ ᠵᠡᠷᠭᠡ ᠠᠭᠤᠯᠭ᠎ᠠ ᠲᠣᠬᠢᠷᠠᠭᠤᠯᠵᠤ᠂ ᠬᠤᠲᠠ ᠵᠢᠨ ᠠᠷᠠᠳ᠎ᠤᠨ ᠠᠯᠢ ᠣᠯᠠᠨ ᠵᠢᠭᠤᠯᠴᠢᠯᠠᠬᠰᠠᠳ᠎ᠢ ᠣᠷᠣᠯᠴᠠᠭᠤᠯᠤᠭᠰᠠᠨ ᠪᠠᠶ᠋ᠢᠨ᠎ᠠ; ᠥᠪᠥᠷ ᠮᠣᠩᠭᠤᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠪᠡᠭᠡᠵᠢᠩ ᠵᠦᠴᠦᠭᠡ ᠵᠢᠨ ᠪᠦᠯᠭᠦᠮ ᠲᠥᠪ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠭᠦᠭᠡᠬᠤᠲᠠ᠎ᠳᠠᠬᠢ ᠬᠤᠪᠢᠶᠠᠷᠢ ᠰᠤᠷᠭ᠋ᠠᠭᠤᠯᠢ ᠵᠢᠨ ᠪᠠᠭᠰᠢ ᠰᠤᠷᠤᠬ᠍ᠴᠢᠳ᠎ᠲᠤ ᠪᠡᠭᠡᠵᠢᠩ ᠵᠦᠴᠦᠭᠡ ᠵᠢ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ ᠥᠷᠨᠢᠭᠦᠯᠪᠡ ᠁ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠢ ᠤᠬᠠᠭᠤᠯᠬᠤ ᠠᠵᠢᠯᠯᠠᠭ᠎ᠠ᠎ᠳᠤ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠢ ᠭᠦᠨ ᠳᠠᠪᠬᠤᠷᠭ᠎ᠠ ᠵᠢᠨ ᠬᠠᠮᠲᠤ ᠵᠢᠨ ᠲᠠᠨᠢᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠴᠣᠭᠴᠠᠯᠠᠵᠠᠢ᠃
     ᠡᠭᠦᠨ᠎ᠤ ᠬᠠᠮᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠳᠠᠮᠵᠢᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠠᠷᠭ᠎ᠠ ᠵᠠᠮ ᠵᠶ᠋ᠠᠨ ᠲᠠᠰᠤᠷᠠᠯᠲᠠ ᠦᠭᠡᠢ ᠥᠷᠭᠡᠳᠬᠡᠵᠦ᠂ ᠰᠦᠯᠵᠢᠶᠡᠨ ᠲᠠᠪᠴᠠᠩ᠎ᠢ ᠭᠦᠢ᠍ᠴᠡᠳ ᠠᠰᠢᠭᠯᠠᠨ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠥᠷᠭᠡᠨ ᠵᠶ᠋ᠠᠷ ᠥᠷᠨᠢᠭᠦᠯᠵᠦ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠤᠣᠯ ᠰᠡᠳᠦᠪᠲᠦ ᠰᠢᠷᠢᠰ ᠮᠡᠳᠡᠭᠳᠡᠯ᠂ ᠤᠷᠳᠤ ᠵᠢᠷᠤᠭ᠂ ᠣᠬᠤᠷ ᠸᠢᠳᠢᠤ᠋ ᠵᠢᠴᠢ ᠰᠦᠯᠵᠢᠶᠡᠨ᠎ᠤ ᠱᠠᠩᠨᠠᠯᠲᠤ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠭᠡᠯᠪᠡᠷᠢ᠎ᠪᠠᠷ ᠳᠠᠮᠵᠢᠭᠤᠯᠤᠨ᠂ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠦᠯᠵᠢᠶᠡᠨ ᠤᠬᠠᠭᠤᠯᠭ᠎ᠠ ᠵᠢᠨ ᠵᠢᠭᠰᠠᠭ᠋ᠠᠯ᠎ᠢ ᠪᠠᠶ᠋ᠢᠭᠤᠯᠵᠤ᠂ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠪᠡ᠃
     ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠪᠦᠭᠦ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠵᠶ᠋ᠠᠨ ᠴᠠᠭ ᠲᠤᠬᠠᠢ᠎ᠳᠤᠨᠢ ᠳ᠋ᠦᠩᠨᠡᠵᠦ᠂ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ 《ᠭᠤᠷᠪᠠᠨ ᠰᠠᠯᠵᠤ ᠴᠢᠳᠠᠬᠤ ᠦᠭᠡᠢ》᠂ 《ᠳᠥᠷᠪᠡᠨ ᠬᠠᠮᠲᠤᠳᠬᠠᠬᠤ》᠂ 《ᠲᠠᠪᠤᠨ ᠬᠠᠮᠲᠤ ᠵᠢᠨ ᠲᠠᠨᠢᠯᠲᠠ》 ᠵᠢᠴᠢ 《ᠲᠤᠯᠤᠭ᠋ᠠᠨ ᠲᠠᠯ᠎ᠠ᠎ᠪᠠᠷ ᠵᠢᠱ᠌ᠢᠶᠡᠴᠢ ᠪᠤᠯᠬᠤ》 ᠵᠡᠷᠭᠡ ᠣᠶ᠋ᠢᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ ᠭᠡᠵᠦ ᠢᠯᠡᠳᠬᠡᠪᠡ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            