ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠣᠷᠳᠣᠰ ᠬᠣᠲᠠ ᠵᠢᠨ ᠵᠡᠭᠦᠨᠭ᠋ᠠᠷ ᠬᠣᠰᠢᠭᠤ ᠤᠯᠤᠰ᠎ᠤᠨ ᠬᠡᠯᠡ ᠵᠢᠨ ᠵᠢᠭ᠋ᠠᠨ ᠰᠤᠷᠭ᠋ᠠᠯᠲᠠ᠎ᠪᠠᠷ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠰᠠᠭᠤᠷᠢ ᠵᠢ ᠪᠡᠬᠢᠵᠢᠭᠦᠯᠪᠡ
ᠨᠡᠶ᠋ᠢᠲᠡᠯᠡᠭᠰᠡᠨ ᠴᠠᠭ᠄ 2025-06-25

    《ᠰᠠᠶ᠋ᠢᠳ ᠡᠷᠳᠡᠮᠲᠡᠨ ᠠᠨᠤ ᠠᠮᠤᠷ ᠵᠢᠮᠦᠷ ᠵᠶ᠋ᠠᠷ ᠪᠡᠶ᠎ᠡ᠎ᠪᠠᠨ ᠵᠠᠰᠠᠵᠤ᠂ ᠠᠷᠪᠢᠯᠠᠨ ᠭᠠᠮᠨᠠᠵᠤ ᠶᠣᠰᠣ ᠮᠣᠷᠠᠯ᠎ᠢ ᠡᠷᠬᠢᠮᠯᠡᠮᠦᠢ》
    6 ᠰᠠᠷ᠎ᠠ ᠵᠢᠨ 18᠎ᠤ ᠡᠳᠦᠷ᠎ᠤᠨ ᠥᠷᠯᠥᠭᠡ ᠡᠷᠲᠡ᠂ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠰᠢᠤᠸᠠᠢ ᠵᠢᠶᠠ ᠸᠠᠨ᠎ᠤ ᠠᠷᠪᠠᠨ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠲᠠᠪᠤᠳᠤᠭ᠋ᠠᠷ ᠣᠨ᠎ᠤ ᠭᠤᠷᠪᠠᠳᠤᠭ᠋ᠠᠷ ᠠᠩᠭᠢ ᠵᠢᠨ ᠬᠢᠴᠢᠶᠡᠯ ᠳᠡᠭᠡᠷ᠎ᠡ ᠨᠣᠮ ᠤᠩᠰᠢᠬᠤ ᠲᠠᠭᠤᠨ ᠳᠤᠭᠤᠯᠳᠠᠵᠤ ᠪᠠᠶ᠋ᠢᠯ᠎ᠠ᠂ ᠡᠨᠡ ᠪᠣᠯ ᠲᠣᠰ ᠰᠤᠷᠭ᠋ᠠᠭᠤᠯᠢ ᠵᠢᠨ ᠡᠳᠦᠷ ᠪᠦᠷᠢ ᠵᠢᠨ ᠬᠢᠴᠢᠶᠡᠯ᠎ᠤᠨ ᠡᠮᠦᠨᠡᠬᠢ ᠰᠣᠩᠭᠣᠳᠠᠭ ᠪᠦᠲᠦᠭᠡᠯ᠎ᠤᠨ ᠤᠩᠰᠢᠯᠭ᠎ᠠ ᠪᠣᠯᠤᠨ᠎ᠠ᠃
     ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡᠨ᠎ᠤ ᠵᠢᠭ᠋ᠠᠨ ᠰᠤᠷᠭ᠋ᠠᠯᠲᠠ ᠵᠢ ᠦᠨᠡᠨ ᠬᠦ᠌ 《ᠠᠮᠢᠯᠠᠭᠤᠯᠬᠤ》 ᠵᠢᠨ ᠲᠥᠯᠥᠭᠡ᠂ ᠰᠢᠤᠸᠠᠢ ᠵᠢᠶᠠ ᠸᠠᠨ᠎ᠤ ᠠᠷᠪᠠᠨ ᠨᠢᠭᠡᠳᠦᠭᠡᠷ ᠪᠠᠭ᠎ᠠ ᠰᠤᠷᠭ᠋ᠠᠭᠤᠯᠢ ᠠᠯᠢ ᠤᠯᠠᠨ ᠪᠠᠶ᠋ᠢᠩᠭᠤᠵᠢᠭᠤᠯᠤᠭᠰᠠᠨ ᠦᠢ᠍ᠯᠡᠳᠦᠯᠭᠡ ᠵᠢᠨ ᠠᠵᠢᠯᠯᠠᠭ᠎ᠠ ᠲᠤᠬᠢᠷᠠᠭᠤᠯᠪᠠ᠄ ᠡᠳᠦᠷ ᠪᠦᠷᠢ ᠵᠢᠨ ᠰᠣᠩᠭᠣᠳᠠᠭ ᠤᠩᠰᠢᠯᠭ᠎ᠠ᠂ ᠬᠢᠴᠢᠶᠡᠯ᠎ᠠᠴᠠ ᠡᠮᠦᠨ᠎ᠡ ᠭᠤᠷᠪᠠᠨ ᠮᠢᠨᠦ᠋ᠲ ᠶᠠᠷᠢᠶ᠎ᠠ ᠢᠯᠡᠳᠬᠡᠯ ᠬᠢᠬᠦ᠂ ᠡᠳᠦᠷ ᠪᠦᠷᠢ ᠵᠢᠨ 10 ᠮᠢᠨᠦ᠋ᠲ᠎ᠤᠨ ᠪᠢᠴᠢᠯᠭᠡ ᠵᠢᠨ ᠪᠣᠯᠪᠠᠰᠤᠷᠠᠯ᠂ ᠨᠢᠭᠡ ᠰᠠᠷ᠎ᠠ᠎ᠳᠤ ᠨᠢᠭᠡ ᠤᠳᠠᠭ᠎ᠠ ᠪᠢᠴᠢᠬᠦ ᠤᠷᠤᠯᠳᠤᠭ᠋ᠠᠨ᠂ ᠵᠢᠯ ᠪᠦᠷᠢ ᠨᠢᠭᠡ ᠤᠳᠠᠭ᠎ᠠ ᠰᠣᠨᠣᠰᠬᠤ ᠤᠷᠤᠯᠳᠤᠭ᠋ᠠᠨ᠂ ᠰᠢᠯᠦᠭ ᠳᠠᠭᠤᠯᠠᠯ᠎ᠤᠨ ᠤᠷᠤᠯᠳᠤᠭ᠋ᠠᠨ ᠪᠣᠯᠤᠨ᠎ᠠ᠃ ᠤᠯᠤᠰ᠎ᠤᠨ ᠦᠭᠡ ᠬᠡᠯᠡ ᠵᠢ ᠰᠤᠷᠭ᠋ᠠᠭᠤᠯᠢ ᠵᠢᠨ ᠬᠦᠷᠢᠶᠡᠨ᠎ᠤ 《ᠪᠠᠷᠢᠮᠵᠢᠶ᠎ᠠ ᠦᠭᠡ ᠬᠡᠯᠡ》 ᠪᠣᠯᠭ᠋ᠠᠵᠤ᠂ ᠬᠢᠲᠠᠳ ᠦᠰᠦᠭ᠎ᠢ ᠳᠦᠷᠢᠮᠵᠢᠭᠦᠯᠦᠨ ᠪᠢᠴᠢᠬᠦ ᠵᠢ ᠰᠤᠷᠤᠭᠴᠢᠳ᠎ᠤᠨ ᠤᠬᠠᠮᠰᠠᠷᠲᠤ ᠬᠥᠭᠡᠭᠡᠴᠡᠯᠳᠦᠯ ᠪᠣᠯᠭ᠋ᠠᠶ᠎ᠠ᠃
    《ᠥᠩᠭᠡᠷᠡᠭᠡᠭᠰᠡᠨ᠎ᠳᠤ ᠪᠢ  ᠨᠤᠲᠤᠭ᠎ᠤᠨ ᠠᠶᠠᠯᠭᠤ᠎ᠨᠢ ᠶᠠᠷᠢᠬᠤ᠎ᠳᠤ ᠳᠥᠭᠥᠮ ᠭᠡᠵᠦ ᠦᠷᠭᠦᠯᠵᠢ ᠪᠣᠳᠣᠳᠠᠭ ᠪᠠᠢ᠌ᠭᠰᠠᠨ᠂ ᠭᠡᠪᠡᠴᠦ ᠲᠦᠷᠦᠭᠦᠬᠡᠨ᠎ᠤ ᠶᠠᠷᠢᠶ᠎ᠠ ᠢᠯᠡᠳᠬᠡᠯ ᠎ᠤᠨ ᠤᠷᠤᠯᠳᠤᠭ᠋ᠠᠨ᠎ᠨᠢ ᠨᠠᠮ᠎ᠠ ᠵᠢ ᠭᠦᠨ ᠳᠣᠭᠳᠣᠯᠤᠭᠤᠯᠪᠠ᠃ ᠪᠢ ᠲᠠᠶ᠋ᠢᠰᠠᠨ ᠳᠡᠭᠡᠷ᠎ᠡ ᠵᠣᠭᠰᠣᠭ᠋ᠠᠳ ᠪᠠᠷᠢᠮᠵᠢᠶ᠎ᠠ ᠤᠯᠤᠰ᠎ᠤᠨ ᠨᠡᠶ᠋ᠢᠲᠡ ᠵᠢᠨ ᠬᠡᠯᠡ᠎ᠪᠠᠷ ᠤᠩᠰᠢᠬᠤ᠎ᠳᠤ ᠲᠠᠶ᠋ᠢᠰᠠᠨ ᠳᠣᠣᠷ᠎ᠠ ᠨᠢᠵᠢᠭᠢᠨᠡᠲᠡᠯ᠎ᠡ ᠠᠯᠠᠭ᠎ᠠ ᠲᠠᠰᠢᠪᠠ᠃ ᠪᠢ ᠦᠰᠦᠭ ᠵᠶ᠋ᠠᠨ ᠳᠥᠷᠪᠡᠯᠵᠢᠨ ᠵᠶ᠋ᠠᠷ ᠪᠢᠴᠢᠬᠦ ᠦᠶᠡᠰ ᠪᠠᠭᠰᠢ ᠨᠠᠳᠠ᠎ᠳᠤ ᠨᠢᠭᠡ ᠤᠯᠠᠭ᠋ᠠᠨ ᠴᠡᠴᠡᠭ ᠨᠠᠭ᠋ᠠᠵᠤ ᠥᠭᠭᠦᠨ᠎ᠡ᠂   ᠲᠡᠭᠡᠬᠦ᠎ᠳᠤ ᠮᠢᠨᠦ ᠳᠣᠲᠣᠭ᠋ᠠᠳᠤ ᠰᠡᠳᠬᠢᠯ ᠪᠠᠶᠠᠷ ᠪᠠᠬᠠᠳᠤᠯ ᠵᠶ᠋ᠠᠷ  ᠪᠢᠯᠬᠠᠳᠠᠭ ᠭᠡᠵᠦ ᠰᠤᠷᠤᠭᠴᠢ ᡁᠢ ᠰᠢᠨ ᠬᠡᠯᠡᠪᠡ᠃
     ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠪᠢᠴᠢᠯᠭᠡ ᠵᠢ ᠳᠦᠷᠢᠮᠵᠢᠭᠦᠯᠦᠨ᠂ ᠬᠢᠲᠠᠳ ᠥᠰᠥᠭ᠎ᠤᠨ ᠬᠡᠷᠡᠭᠯᠡᠯᠲᠡ ᠵᠢᠨ ᠰᠠᠭᠤᠷᠢ ᠵᠢ ᠪᠡᠬᠢᠵᠢᠭᠦᠯᠵᠦ᠂ ᠳᠤᠮᠳᠠᠳᠤ ᠵᠢᠨ ᠰᠣᠶᠣᠯ᠎ᠤᠨ ᠣᠬᠢ ᠰᠣᠳᠣ ᠵᠢ ᠣᠶ᠋ᠢᠯᠠᠭ᠋ᠠᠭᠤᠯᠬᠤ ᠵᠢᠨ ᠲᠥᠯᠥᠭᠡ᠂ ᠰᠢᠤᠸᠠᠢ ᠵᠢᠶᠠ ᠸᠠᠨ᠎ᠤ ᠠᠷᠪᠠᠨ ᠨᠢᠭᠡᠳᠦᠭᠡᠷ ᠪᠠᠭ᠎ᠠ ᠰᠤᠷᠭ᠋ᠠᠭᠤᠯᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠭᠰᠢ ᠵᠢᠨ ᠳᠤᠭᠤᠶ᠋ᠢᠯᠠᠩ ᠪᠠ ᠰᠤᠷᠤᠭᠴᠢᠳ᠎ᠤᠨ ᠳᠤᠭᠤᠶ᠋ᠢᠯᠠᠩ᠎ᠤᠨ ᠬᠢᠲᠠᠳ ᠥᠰᠥᠭ᠎ᠤᠨ ᠰᠣᠨᠣᠰᠴᠤ ᠪᠢᠴᠢᠬᠦ ᠤᠷᠤᠯᠳᠤᠭ᠋ᠠᠨ᠎ᠢ ᠡᠷᠭᠢᠯᠡᠪᠡ᠃ ᠤᠷᠤᠯᠳᠤᠭ᠋ᠠᠨ᠎ᠤ ᠳᠤᠮᠳᠠ᠂ ᠲᠠᠮᠢᠷᠴᠢᠳ ᠪᠦᠬᠦ ᠠᠩᠬᠠᠷᠤᠯ ᠵᠶ᠋ᠠᠨ ᠲᠥᠪᠯᠡᠷᠡᠭᠦᠯᠵᠦ᠂ ᠠᠮᠢᠰᠬᠤᠭ᠎ᠠ᠎ᠪᠠᠨ ᠳᠠᠷᠤᠵᠤ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ᠎ᠡ᠃ ᠣᠬᠣᠷᠬᠠᠨ ᠨᠢᠭᠡ ᠮᠢᠨᠦ᠋ᠲ᠎ᠤᠨ ᠳᠣᠲᠣᠷ᠎ᠠ᠂ ᠲᠡᠳᠠ ᠣᠯᠵᠤ ᠰᠣᠨᠣᠰᠤᠭᠰᠠᠨ ᠬᠢᠲᠠᠳ ᠤᠢ᠍ᠰᠦᠭ ᠵᠶ᠋ᠠᠨ ᠦᠳᠲᠡᠷ ᠲᠦᠷᠭᠡᠨ ᠪᠢᠴᠢᠵᠦ ᠭᠠᠷᠭ᠋ᠠᠬᠤ ᠬᠡᠷᠡᠭᠲᠡᠢ᠂ ᠤᠢ᠍ᠰᠦᠭ ᠨᠢᠭᠡᠪᠦᠷᠢ᠎ᠪᠠᠨ ᠴᠥᠮ ᠲᠡᠷᠢ ᠲᠡᠭᠰᠢ ᠪᠢᠴᠢᠬᠦ ᠬᠡᠷᠡᠭᠲᠡᠢ᠃ ᠡᠨᠡ᠎ᠨᠢ ᠲᠠᠮᠢᠷᠴᠢᠳ᠎ᠤᠨ ᠬᠢᠲᠠᠳ ᠦᠰᠦᠭ ᠪᠢᠴᠢᠬᠦ ᠬᠢᠷᠢ ᠲᠦᠪᠰᠢᠨ᠎ᠢ ᠰᠢᠯᠭ᠋ᠠᠵᠤ   ᠪᠠᠢ᠌ᠬᠤ᠎ᠪᠠᠷ ᠪᠠᠷᠠᠬᠤ ᠦᠭᠡᠢ᠂ ᠨᠠᠩ ᠴᠤ᠌ ᠲᠡᠳᠡᠨ᠎ᠤ ᠠᠵᠢᠭᠯᠠᠬᠤ ᠴᠢᠳᠠᠪᠤᠷᠢ᠂ ᠴᠡᠭᠡᠵᠢᠯᠡᠬᠦ ᠴᠢᠳᠠᠪᠤᠷᠢ᠂ ᠰᠡᠳᠬᠢᠬᠦ ᠴᠢᠳᠠᠪᠤᠷᠢ ᠪᠠ ᠠᠷᠭ᠋ᠠᠴᠠᠬᠤ ᠴᠢᠳᠠᠪᠤᠷᠢ ᠵᠢ ᠳᠠᠪᠲᠠᠨ ᠪᠣᠯᠪᠠᠰᠤᠷᠠᠭᠤᠯᠵᠤ ᠪᠠᠢ᠍ᠨ᠎ᠠ᠃ ᠲᠣᠰ ᠰᠤᠷᠭ᠋ᠠᠭᠤᠯᠢ ᠡᠶ᠋ᠢᠮᠦᠷᠬᠦ ᠠᠵᠢᠯᠯᠠᠭ᠎ᠠ᠎ᠪᠠᠷ ᠳᠡᠮᠵᠢᠨ᠂ ᠬᠢᠲᠠᠳ ᠥᠰᠥᠭ᠎ᠤᠨ ᠰᠣᠨᠣᠰᠴᠤ ᠪᠢᠴᠢᠬᠦ ᠤᠷᠤᠯᠳᠤᠭ᠋ᠠᠨ᠎ᠢ ᠣᠴᠢ ᠪᠣᠯᠭ᠋ᠠᠵᠤ᠂ ᠨᠠᠩ ᠣᠯᠠᠨ ᠬᠥᠮᠦᠨ᠎ᠤ ᠪᠢᠷ ᠪᠠᠷᠢᠵᠤ ᠪᠢᠴᠢᠭ ᠪᠢᠴᠢᠬᠦ ᠬᠠᠯᠠᠭᠤᠨ ᠰᠡᠳᠬᠢᠯᠭᠡ ᠵᠢ ᠬᠥᠭᠵᠢᠭᠡᠵᠦ᠂ ᠬᠢᠲᠠᠳ ᠥᠰᠥᠭ᠎ᠤᠨ ᠰᠣᠶᠣᠯ ᠰᠤᠷᠭ᠋ᠠᠭᠤᠯᠢ ᠵᠢᠨ ᠬᠦᠷᠢᠶᠡᠨ᠎ᠳᠤ ᠦᠶ᠎ᠡ ᠵᠢᠨ ᠦᠶ᠎ᠡ ᠤᠯᠠᠮᠵᠢᠯᠠᠬᠤ ᠵᠢ ᠠᠬᠢᠭᠤᠯᠪᠠ᠃
    《ᠪᠠᠭᠰᠢ ᠪᠣᠯ ᠤᠯᠤᠰ᠎ᠤᠨ ᠨᠡᠶ᠋ᠢᠳᠡᠮ᠎ᠤᠨ ᠬᠡᠯᠡᠨ᠎ᠤ ᠰᠤᠷᠭ᠋ᠠᠨ ᠬᠥᠮᠦᠵᠢᠯ᠎ᠤᠨ 〈ᠵᠠᠮᠴᠢᠯᠠᠭᠴᠢ〉 ᠮᠥᠨ᠂ ᠮᠠᠨ᠎ᠤ ᠰᠤᠷᠭ᠋ᠠᠭᠤᠯᠢ ᠵᠢᠨ ᠪᠠᠭᠰᠢ 100 % ᠎ᠪᠠᠷ ᠨᠡᠶ᠋ᠢᠲᠡᠯᠢᠭ ᠬᠡᠯᠡᠨ᠎ᠤ ᠦᠨᠡᠮᠯᠡᠯ᠎ᠲᠠᠢ ᠪᠣᠯ ᠠᠵᠢᠯ᠎ᠤᠨ ᠪᠠᠶ᠋ᠢᠷᠢ᠎ᠳᠤ ᠭᠠᠷᠳᠠᠭ᠂ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠵᠢᠨ ᠲᠥᠯᠥᠭᠡ᠂ ᠪᠢᠳᠡ ᠲᠣᠭᠲᠠᠮᠠᠯ ᠬᠤᠭᠤᠴᠠᠭ᠎ᠠ᠎ᠲᠠᠢ᠎ᠪᠠᠷ ᠤᠯᠤᠰ᠎ᠤᠨ ᠨᠡᠶ᠋ᠢᠳᠡᠮ᠎ᠤᠨ ᠬᠡᠯᠡᠨ᠎ᠤ ᠵᠢᠭ᠋ᠠᠨ ᠰᠤᠷᠭ᠋ᠠᠯᠲᠠ ᠵᠢᠨ ᠵᠢᠭ᠋ᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠲᠤᠰᠬᠠᠶ ᠰᠡᠳᠦᠪᠲᠦ ᠪᠣᠯᠪᠠᠰᠤᠷᠠᠭᠤᠯᠤᠯ᠂ ᠬᠢᠴᠢᠶᠡᠯ᠎ᠤᠨ   ᠲᠢᠩᠬᠢᠮ᠎ᠤᠨ ᠦᠵᠡᠭᠦᠯᠦᠯᠭᠡ᠂ ᠲᠤᠷᠰᠢᠯᠭ᠎ᠠ᠎ᠪᠠᠨ ᠬᠤᠪᠢᠶᠠᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠢᠭ᠋ᠠᠨ ᠰᠤᠷᠭ᠋ᠠᠯᠲᠠ ᠵᠢᠨ ᠨᠠᠷᠢᠨ   ᠵᠦᠢ᠍ᠯᠡᠰ᠎ᠲᠤ ᠠᠭᠤᠰᠬᠠᠨ ᠣᠷᠣᠭᠤᠯᠪᠠ᠃ ᠤᠯᠤᠰ᠎ᠤᠨ ᠦᠭᠡ ᠬᠡᠯᠡᠨ᠎ᠤ ᠰᠢᠮ᠎ᠡ ᠲᠡᠵᠢᠭᠡᠯ ᠳᠣᠣᠷ᠎ᠠ᠂ ᠬᠡᠦᠬᠡᠳ ᠨᠢᠭᠡᠪᠦᠷᠢ ᠴᠥᠮ ᠦᠭᠡ ᠬᠡᠯᠡ᠎ᠪᠠᠷ ᠳᠠᠷᠪᠠᠭᠤᠯ ᠪᠣᠯᠭ᠋ᠠᠵᠤ᠂ ᠮᠡᠳᠡᠯᠭᠡ ᠵᠢᠨ ᠲᠠᠯᠠᠢ᠎ᠳᠤ ᠠᠯᠤᠰ ᠠᠶᠠᠯᠠᠵᠤ᠂ ᠥᠪᠡᠷ᠎ᠤᠨ ᠭᠡᠰᠡᠨ ᠭᠣᠶ᠋ᠢᠳᠠ ᠰᠠᠶ᠋ᠢᠬᠠᠨ ᠠᠮᠢᠳᠤᠷᠠᠯ ᠵᠶ᠋ᠠᠨ ᠪᠢᠴᠢᠭᠯᠡᠵᠦ ᠴᠢᠳᠠᠨ᠎ᠠ ᠭᠡᠳᠡᠭ᠎ᠢ ᠪᠢ ᠢᠲᠡᠭᠡᠵᠦ ᠪᠠᠶ᠋ᠢᠨ᠎ᠠ  ᠭᠡᠵᠦ ᠰᠢᠤᠸᠠᠢ ᠵᠢᠶᠠ ᠸᠠᠨ᠎ᠤ ᠠᠷᠪᠠᠨ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠳᠡᠳ᠋ ᠵᠠᠬᠢᠷᠤᠯ ᠭᠤᠤ ᠼᠠᠢ ᠬᠡᠯᠡᠨ᠎ᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠤᠮᠳᠠᠳᠦ ᠵᠢᠨ ᠦᠨᠳᠦᠰᠦᠳᠡᠨ᠎ᠤ ᠬᠠᠮᠳᠦ ᠵᠢᠨ ᠴᠤᠭᠴᠠ ᠵᠢᠨ ᠤᠬᠠᠮᠰᠠᠷ᠎ᠢ ᠪᠠᠳᠦ ᠴᠤᠭᠴᠠᠯᠠᠬᠤ ᠬᠦᠮᠦᠵᠢᠯ᠎ᠳᠤ ᠠᠩᠬᠠᠷᠤᠯ ᠵᠶ᠋ᠡᠨ ᠳᠦᠪᠯᠡᠷᠡᠬᠦᠯᠦᠨ ᠮᠠᠨ᠎ᠤ ᠤᠷᠤᠨ ᠤᠮᠠᠷᠠᠲᠤ ᠬᠢᠯᠢ ᠵᠢᠨ ᠰᠣᠶᠣᠯ ᠬᠢᠭᠡᠳ ᠰᠤᠷᠭᠠᠭᠤᠯᠢ ᠵᠢᠨ ᠬᠦᠷᠢᠶᠡᠨ᠎ᠤ ᠰᠣᠶᠣᠯ᠎ᠤᠨ ᠪᠠᠢᠭᠤᠯᠤᠯᠲᠠ ᠵᠢ ᠨᠢᠭᠡ ᠴᠤᠭᠴᠠᠵᠢᠭᠤᠯᠤᠨ ᠠᠬᠢᠭᠤᠯᠵᠦ ᠪᠠᠢᠨ᠎ᠠ
 
            