ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠬᠠᠮᠲᠣ᠎ᠶᠢᠨ ᠴᠣᠭᠴᠠ᠎ᠶᠢᠨ ᠣᠬᠠᠮᠰᠠᠷ
ᠤᠮᠠᠷᠠᠲᠤ ᠬᠢᠯᠢ᠎ᠶᠢᠨ ᠪᠦᠯᠬᠦᠮᠳᠡᠯ᠎ᠦᠨ ᠬᠠᠭᠤᠳᠠᠰᠤ᠎ᠶᠢ ᠪᠢᠴᠢᠭᠯᠡᠨ᠎ᠡ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠥᠯᠢᠭᠡᠷ᠎ᠦᠨ ᠥᠪᠥᠷ ᠮᠣᠩᠭᠣᠯ᠎ᠤᠨ ᠪᠣᠳᠢ》 ᠭᠡᠬᠦ ᠵᠢᠷᠤᠭᠲᠤ ᠳᠡᠪᠲᠡᠷ᠎ᠦᠨ ᠴᠤᠪᠤᠷᠠᠯ ᠪᠢᠴᠢᠭ᠎ᠢ ᠬᠡᠪᠯᠡᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-08-29

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢᠨ᠎ᠦ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠲᠠᠰᠢᠷᠠᠮ᠎ᠢᠶᠠᠷ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭᠰᠡᠨ ᠥᠩᠭᠡᠷᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠦᠭᠰᠡᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠯᠢᠭᠡᠷ᠎ᠦᠨ ᠥᠪᠥᠷ ᠮᠣᠩᠭᠣᠯ᠎ᠤᠨ ᠪᠣᠳᠢ》 ᠭᠡᠬᠦ ᠴᠤᠪᠤᠷᠠᠯ ᠪᠢᠴᠢᠭ ᠢ᠋ ᠣᠢᠷ᠎ᠠ᠎ᠶᠢᠨ ᠡᠳᠦᠷ ᠪᠦᠭᠦ ᠤᠯᠤᠰ ᠲᠤ᠌ ᠬᠡᠪᠯᠡᠨ ᠲᠠᠷᠬᠠᠭᠠᠵᠤ᠂ ᠥᠷᠭᠡᠨ ᠤᠯᠠᠨ ᠪᠠᠭᠠᠴᠤᠳ ᠬᠡᠦᠬᠡᠳ᠎ᠲᠦ ᠲᠡᠦᠬᠡ᠎ᠶᠢᠨ ᠭᠦᠨᠴᠡ ᠪᠣᠯᠣᠨ ᠰᠤᠷᠭᠠᠨ ᠬᠥᠮᠦᠵᠢᠯ᠎ᠦᠨ ᠳᠤᠯᠠᠭᠠᠴᠠ ᠪᠦᠬᠦᠢ ᠤᠶᠤᠨ᠎ᠤ ᠰᠢᠮ᠎ᠡ ᠶ᠋ᠢ ᠬᠦᠷᠲᠡᠭᠡᠵᠡᠢ᠃

ᠲᠣᠰ ᠴᠤᠪᠤᠷᠠᠯ ᠪᠢᠴᠢᠭ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠲᠥᠰᠥᠪᠯᠡᠨ ᠨᠠᠢᠷᠠᠭᠤᠯᠵᠤ᠂ ᠳᠤᠮᠳᠠᠳᠤ ᠤᠯᠤᠰ᠎ᠤᠨ ᠪᠠᠭᠠᠴᠤᠳ ᠬᠡᠦᠬᠡᠳ᠎ᠦᠨ ᠰᠣᠨᠢᠨ ᠮᠡᠳᠡᠭᠡ ᠬᠡᠪᠯᠡᠯ᠎ᠦᠨ ᠶᠡᠷᠦᠩᠬᠡᠢ ᠬᠣᠷᠢᠶ᠎ᠠ᠎ᠡᠴᠡ ᠬᠡᠪᠯᠡᠭᠦᠯᠵᠦ᠂ ᠨᠢᠭᠡ ᠢᠵᠢ ᠨᠢ 10 ᠳᠡᠪᠲᠡᠷ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ ᠯᠤᠭᠡ ᠨᠢᠭ᠍ᠲᠠ ᠤᠶᠠᠯᠳᠤᠭᠤᠯᠪᠠ᠃ ᠨᠠᠢᠷᠠᠭᠤᠯᠤᠨ ᠵᠣᠬᠢᠶᠠᠬᠤ ᠪᠦᠯᠭᠦᠮ᠎ᠦᠨ ᠭᠢᠨ ᠥᠪᠥᠷ ᠮᠣᠩᠭᠣᠯ᠎ᠤᠨ ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶᠢᠨ ᠡᠯ᠎ᠡ ᠴᠠᠭ ᠦᠶ᠎ᠡ᠎ᠶᠢᠨ ᠨᠡᠢᠲᠡᠯᠢᠭ ᠦᠯᠢᠭᠡᠷ᠎ᠢ ᠭᠦᠨᠵᠡᠭᠡᠢ ᠠᠭᠤᠳᠠᠯᠵᠤ᠂ 10 ᠲᠥᠯᠥᠭᠡᠯᠡᠬᠦ ᠴᠢᠨᠠᠷᠲᠠᠢ ᠵᠣᠬᠢᠶᠠᠯ᠎ᠢ ᠨᠠᠷᠢᠨ ᠨᠢᠮᠪᠠᠢ ᠰᠣᠩᠭᠣᠵᠤ᠂ ᠬᠤᠪᠢᠰᠬᠠᠯ᠎ᠤᠨ ᠣᠴᠢ᠎ᠶᠢ ᠠᠰᠠᠭᠠᠭᠰᠠᠨ 《ᠮᠣᠩᠭᠣᠯ ᠲᠥᠪᠡᠳ ᠰᠤᠷᠭᠠᠭᠤᠯᠢ᠎ᠶᠢᠨ ᠣᠴᠢ》᠎ᠡᠴᠡ ᠶᠠᠫᠤᠨ᠎ᠢ ᠡᠰᠡᠷᠭᠦᠴᠡᠬᠦ ᠲᠠᠢᠨ᠎ᠦ ᠦᠶ᠎ᠡ᠎ᠶᠢᠨ 《ᠤᠯᠠᠭᠠᠨ ᠲᠤᠭ ᠲᠠᠯᠠᠨ ᠬᠠᠷ᠎ᠠ ᠠᠭᠤᠯᠠ ᠶ᠋ᠢ ᠪᠦᠷᠬᠦᠭᠰᠡᠨ》 ᠭᠦᠷᠲᠡᠯ᠎ᠡ; ᠪᠦᠲᠦᠭᠡᠨ ᠪᠠᠢᠭᠤᠯᠤᠯᠲᠠ ᠵᠢᠨ ᠣᠨ ᠵᠢᠯ᠎ᠤᠳ ᠤ᠋ᠨ ᠮᠠᠯᠵᠢᠯ ᠤ᠋ᠨ ᠲᠠᠯᠠᠪᠠᠢ ᠪᠡᠨ ᠰᠠᠬᠢᠨ ᠬᠠᠮᠠᠭᠠᠯᠠᠭᠰᠠᠨ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》᠎ᠡᠴᠡ ᠰᠠᠨᠰᠠᠷ ᠤ᠋ᠨ ᠦᠢᠯᠡᠰ ᠲᠤ᠌ ᠬᠦᠴᠦᠨ ᠨᠡᠮᠡᠷᠢᠯᠡᠭᠰᠡᠨ 《ᠥᠩ ᠰᠢᠮᠡᠯᠢᠭ ᠨᠤᠲᠤᠭ ᠪᠡᠯᠴᠢᠭᠡᠷ ᠵᠢᠡᠨ ᠰᠠᠨᠰᠠᠷ᠎ᠤᠨ ᠠᠶᠠᠯᠠᠯ ᠦᠢᠯᠡᠰ ᠲᠤ᠌ ᠵᠣᠷᠢᠭᠤᠯᠤᠭᠰᠠᠨ》 ᠭᠦᠷᠲᠡᠯ᠎ᠡ; ᠲᠠᠭᠢᠭᠠᠳ ᠰᠢᠨ᠎ᠡ ᠴᠠᠭ ᠦᠶ᠎ᠡ᠎ᠶᠢᠨ 《ᠬᠥᠪᠴᠢ》᠎ᠶᠢᠨ ᠡᠯᠡᠰᠦ᠎ᠶᠢ ᠵᠠᠰᠠᠭᠰᠠᠨ ᠲᠤᠮᠤᠭ ᠪᠣᠯᠣᠨ 《ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠭᠰᠠᠨ ᠦᠯᠤ ᠬᠠᠷᠠᠮᠰᠠᠬᠤ ᠲᠠᠪᠢᠨ ᠵᠢᠯ》᠎ᠤᠨ ᠪᠠᠲᠤ ᠰᠠᠬᠢᠶ᠎ᠠ ᠭᠦᠷᠲᠡᠯ᠎ᠡ᠂ ᠳᠡᠪᠲᠡᠷ ᠪᠦᠷᠢ ᠨᠢ ᠨᠢᠭᠡ ᠦᠯᠢᠭᠡᠷ᠎ᠢ ᠪᠦᠷᠢᠨ ᠪᠦᠲᠦᠨ ᠶᠠᠷᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠠᠮ᠎ᠤᠨ ᠤᠳᠤᠷᠢᠳᠤᠯᠭ᠎ᠠ ᠳᠣᠣᠷ᠎ᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠯᠢ ᠬᠢᠵᠠᠭᠠᠷ᠎ᠢᠶᠠᠨ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢᠶᠠᠨ ᠴᠣᠭᠴᠠᠯᠠᠭᠰᠠᠨ ᠲᠡᠮᠡᠴᠡᠯ᠎ᠦᠨ ᠪᠠᠢᠳᠠᠯ ᠢ᠋ ᠠᠮᠢᠳᠤᠯᠢᠭ᠋᠎ᠢᠶᠠᠷ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠺᠠᠳ᠋ᠷ ᠤᠯᠠᠨ ᠲᠦᠮᠡᠨ᠎ᠦ ᠶᠡᠬᠡ ᠶᠣᠰᠣ᠌᠎ᠶᠢ ᠲᠠᠨᠢᠵᠤ᠂ ᠶᠡᠬᠡ ᠲᠠᠯ᠎ᠠ᠎ᠶᠢ ᠪᠣᠳᠣᠯᠬᠢᠯᠠᠨ᠂ ᠬᠡᠪ ᠰᠤᠷᠲᠠᠯ᠎ᠢ ᠡᠷᠬᠢᠮᠯᠡᠵᠦ᠂ ᠬᠤᠪᠢ ᠨᠡᠮᠡᠷᠢ ᠦᠵᠡᠭᠦᠯᠦᠨ᠂ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠵᠠᠩ ᠴᠢᠨᠠᠷ᠎ᠢ ᠢᠯᠡᠷᠡᠭᠦᠯᠪᠡ᠃

ᠵᠢᠷᠤᠭᠲᠤ ᠳᠡᠪᠲᠡᠷ᠎ᠦᠨ ᠠᠭᠤᠯᠭ᠎ᠠ ᠨᠢ ᠲᠡᠦᠬᠡ᠎ᠶᠢᠨ ᠪᠣᠳᠠᠲᠤ ᠪᠠᠢᠳᠠᠯ᠎ᠢ ᠭᠦᠨᠳᠤᠳᠭᠡᠵᠤ᠂ ᠪᠣᠷᠣ᠌ ᠮᠠᠲᠧᠷᠢᠶᠠᠯ᠎ᠤᠨ ᠰᠣᠩᠭᠣᠯᠲᠠ ᠨᠢ ᠣᠨᠣᠪᠴᠢᠲᠠᠶ᠂ ᠵᠢᠷᠤᠭ ᠳᠦᠷᠰᠦ ᠨᠢ ᠠᠮᠢᠳᠤᠯᠢᠭ᠋᠂ ᠪᠠᠭᠠᠴᠤᠳ ᠬᠡᠦᠬᠡᠳ᠎ᠦᠨ ᠤᠩᠰᠢᠯᠭ᠎ᠠ᠎ᠶᠢᠨ ᠣᠨᠴᠠᠯᠢᠭ᠋᠎ᠲᠠᠢ ᠨᠡᠢᠴᠡᠭᠦᠯᠪᠡ᠃ ᠪᠠᠭᠠᠴᠤᠳ ᠬᠡᠦᠬᠡᠳ᠎ᠦᠨ ᠤᠯᠠᠨ ᠶᠠᠩᠵᠤᠲᠤ ᠤᠩᠰᠢᠯᠭ᠎ᠠ᠎ᠶᠢᠨ ᠳᠠᠳᠬᠠᠯ᠎ᠢ ᠬᠠᠩᠭᠠᠬᠤ᠎ᠶᠢᠨ ᠲᠥᠯᠥᠭᠡ ᠪᠠᠰᠠ ᠸᠢᠳᠢᠤ᠋ ᠨᠣᠮ᠎ᠤᠨ ᠭᠡᠯᠪᠡᠷᠢ᠎ᠶᠢᠨ ᠰᠢᠨ᠎ᠡ᠎ᠶᠢ ᠡᠭᠦᠳᠴᠦ᠂ ᠤᠩᠰᠢᠭ᠍ᠴᠢᠳ ᠨᠣᠮ᠎ᠤᠨ ᠳᠣᠲᠣᠷᠠᠬᠢ ᠬᠣᠶᠠᠷ ᠬᠡᠮᠵᠢᠯᠲᠦ ᠺᠣᠳ᠋᠎ᠢ ᠰᠢᠷᠪᠢᠪᠡᠯ ᠳᠠᠷᠤᠢ ᠵᠢᠷᠤᠭ᠎ᠤᠨ ᠺᠠᠷᠲ᠋ᠣᠨ ᠸᠢᠳᠢᠤ᠋᠎ᠶᠢ ᠦᠵᠡᠵᠦ᠂ ᠲᠣᠭᠲᠠᠩᠭᠤᠢ ᠦᠯᠢᠭᠡᠷ᠎ᠢ 《ᠠᠮᠢᠯᠠᠭᠤᠯᠵᠤ》 ᠪᠣᠯᠣᠨ᠎ᠠ᠃

《ᠡᠨᠡ ᠬᠦ᠌ ᠨᠣᠮ ᠲᠤᠩ ᠰᠣᠨᠢᠷᠬᠠᠯᠲᠠᠢ᠂ ᠨᠢᠭᠤᠷ ᠪᠦᠷᠢ᠎ᠶᠢᠨ ᠵᠢᠷᠤᠭ ᠢ᠋ ᠪᠦᠷ ᠲᠤᠩ ᠰᠡᠳᠬᠢᠯ ᠬᠥᠳᠡᠯᠭᠡᠮ᠎ᠡ ᠰᠠᠢᠬᠠᠨ ᠵᠢᠷᠤᠵᠠᠢ᠂ ᠵᠢᠷᠤᠭᠲᠤ ᠳᠡᠪᠲᠡᠷ᠎ᠲᠦ ᠶᠠᠷᠢᠭ᠍ᠰᠠᠨ ᠦᠯᠢᠭᠡᠷ ᠨᠢ ᠪᠦᠷ ᠥᠪᠥᠷ ᠮᠣᠩᠭᠣᠯ᠎ᠳᠤ ᠡᠭᠦᠰᠴᠡᠢ᠂ ᠪᠢ ᠲᠤᠩ ᠣᠮᠣᠭᠰᠢᠵᠤ ᠪᠠᠢᠨ᠎ᠠ》 ᠭᠡᠵᠦ ᠭᠦᠭᠡᠬᠣᠲᠠ᠎ᠶᠢᠨ ᠪᠢᠴᠢᠬᠠᠨ ᠤᠩᠰᠢᠬ᠍ᠴᠢ ᠯᠧᠢ ᠢ ᠵᠦᠸᠧ ᠵᠢᠷᠤᠭᠲᠤ ᠳᠡᠪᠲᠡᠷ ᠵᠢᠡᠨ ᠪᠠᠷᠢᠵᠤ ᠣᠮᠣᠭᠰᠢᠯᠲᠠᠢ ᠬᠡᠯᠡᠨ᠎ᠡ᠃

ᠣᠢᠯᠠᠭᠠᠭᠰᠠᠨ᠎ᠢᠶᠠᠷ᠂ ᠲᠤᠰ ᠢᠵᠢ ᠵᠢᠷᠤᠭᠲᠤ ᠳᠡᠪᠲᠡᠷ᠎ᠢ ᠬᠡᠪᠯᠡᠨ ᠲᠠᠷᠬᠠᠭᠠᠭᠰᠠᠨ᠎ᠤ ᠵᠣᠷᠢᠯᠭ᠎ᠠ ᠨᠢ 《ᠵᠥᠭᠡᠯᠡᠨ ᠪᠣᠷᠣᠭ᠎ᠠ ᠲᠦᠮᠡᠨ ᠪᠣᠳᠠᠰ᠎ᠢ ᠤᠮᠳᠠᠯᠠᠬᠤ》 ᠠᠷᠭ᠎ᠠ᠎ᠪᠠᠷ ᠥᠷᠭᠡᠨ ᠤᠯᠠᠨ ᠪᠠᠭᠠᠴᠤᠳ ᠬᠡᠦᠬᠡᠳ᠎ᠢ ᠬᠠᠪᠰᠤᠷᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠦᠯᠦ ᠮᠡᠳᠡᠭᠳᠡᠮ᠎ᠡ᠎ᠪᠡᠷ ᠪᠠᠲᠤ ᠪᠤᠢ ᠪᠤᠯᠭᠠᠵᠤ᠂ ᠳᠤᠮᠳᠠᠳᠤ ᠤᠯᠤᠰ᠎ᠢᠶᠠᠨ ᠬᠠᠢᠷᠠᠯᠠᠬᠤ᠎ᠶᠢ ᠬᠡᠦᠬᠡᠳ᠎ᠤᠳ᠎ᠤᠨ ᠰᠡᠳᠬᠢᠯ᠎ᠳᠦ ᠬᠠᠳᠠᠩᠰᠢᠭᠤᠯᠬᠤ᠎ᠶᠢᠨ ᠲᠥᠯᠥᠭᠡ ᠶᠤᠮ᠃

ᠢᠷᠡᠯᠲᠡ᠄         
          
ᠬᠠᠮᠢᠶ᠎ᠡ ᠪᠦᠬᠦᠢ ᠰᠣᠨᠢᠨ
 
            