ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠤᠮᠠᠷᠠᠲᠤ᠎ᠶᠢᠨ ᠰᠣᠶᠣᠯ
2024 ᠣᠨ᠎ᠤ ᠰᠢᠯᠢ ᠵᠢᠨ ᠭᠤᠤᠯ᠎ᠤᠨ ᠡᠪᠦᠯ᠎ᠤᠨ ᠤᠯᠠᠷᠢᠯ᠎ᠤᠨ ᠮᠣᠩᠭᠣᠯ ᠮᠣᠷᠢᠨ᠎ᠤ ᠬᠡᠲᠦ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠤ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2025-01-10

    12 ᠳ᠋ᠤᠭ᠋ᠠᠷ ᠰᠠᠷ᠎ᠠ ᠵᠢᠨ 28᠎ᠤ ᠡᠳᠦᠷ᠂ ᠰᠢᠯᠢ ᠵᠢᠨ ᠭᠤᠤᠯ ᠠᠶ᠋ᠢᠮᠠᠭ᠎ᠤᠨ ᠰᠢᠯᠢᠩᠬᠣᠲᠠ ᠵᠢᠨ ᠪᠠᠶᠠᠨᠰᠢᠯᠢ ᠮᠠᠯᠵᠢᠯ᠎ᠤᠨ ᠲᠠᠯᠠᠪᠠᠶ᠎ᠳᠤ ᠬᠥᠷ ᠬᠥᠭᠵᠢᠶᠡᠨ ᠵᠶ᠋ᠠᠷ ᠪᠢᠯᠬᠠᠵᠤ᠂ 2024 ᠣᠨ᠎ᠤ ᠰᠢᠯᠢ ᠵᠢᠨ ᠭᠤᠤᠯ᠎ᠤᠨ ᠡᠪᠦᠯ᠎ᠤᠨ ᠤᠯᠠᠷᠢᠯ᠎ᠤᠨ ᠮᠣᠩᠭᠣᠯ ᠮᠣᠷᠢᠨ᠎ᠤ ᠬᠡᠲᠦ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ ᠡᠨᠳᠡ ᠡᠬᠢᠯᠡᠪᠡ᠃ 313 ᠮᠠᠯᠴᠢᠨ ᠤᠷᠤᠯᠳᠤᠭ᠋ᠠᠨ᠎ᠳᠤ ᠣᠷᠣᠯᠴᠠᠵᠤ᠂ ᠥᠷᠭᠡᠨ ᠠᠭᠤᠳᠠᠮ ᠮᠥᠰᠥ ᠴᠠᠰᠤᠨ᠎ᠤ ᠲᠠᠯ᠎ᠠ ᠳᠡᠭᠡᠷ᠎ᠡ ᠰᠢᠷᠦᠭᠦᠨ ᠥᠷᠢᠰᠥᠯᠳᠦᠭᠡᠨ ᠶᠠᠪᠤᠭᠤᠯᠵᠤ᠂ ᠪᠦᠬᠦ ᠤᠯᠤᠰ᠎ᠤᠨ ᠡᠯ᠎ᠡ ᠭᠠᠵᠠᠷ᠎ᠤᠨ 5000 ᠭᠠᠷᠤᠢ ᠵᠤᠭ᠋ᠠᠴᠠᠯ᠎ᠤᠨ ᠪᠤᠰᠤᠳᠴᠢ ᠤᠷᠤᠯᠳᠤᠭ᠋ᠠᠨ᠎ᠢ ᠲᠠᠲᠠᠪᠠ᠃


1.jpg


    《ᠰᠠᠶ᠋ᠢᠨ ᠰᠠᠶ᠋ᠢᠬᠠᠨ ᠠᠮᠢᠳᠤᠷᠠᠯ》᠂ 《ᠡᠮᠨᠢᠭ ᠮᠣᠷᠢᠨ᠎ᠤ ᠮᠠᠭᠲᠠᠭ᠋ᠠᠯ》 ᠵᠡᠷᠭᠡ ᠪᠠᠶᠠᠷ ᠪᠠᠶᠠᠰᠬᠤᠯᠠᠩᠲᠤ ᠬᠥᠭ ᠠᠶᠠᠰ ᠪᠣᠯᠤᠨ ᠬᠥᠭ ᠠᠶ᠋ᠢᠵᠠᠮ ᠰᠣᠯᠪᠢᠴᠠᠵᠤ᠂ ᠮᠣᠷᠢ ᠤᠷᠭ᠋ᠠᠯᠠᠬᠤ ᠲᠣᠭᠯᠠᠯᠲᠠ᠎ᠨᠢ ᠭᠣᠶ᠋ᠢᠳᠠ ᠰᠠᠶ᠋ᠢᠬᠠᠨ ᠪᠠᠶ᠋ᠢᠵᠤ᠂ ᠮᠣᠷᠢ ᠤᠨᠤᠭᠴᠢᠳ᠎ᠤᠨ ᠤᠷ᠎ᠠ ᠮᠡᠷᠭᠡᠵᠢᠯ᠎ᠨᠢ ᠦᠵᠡᠭᠴᠢᠳ᠎ᠤᠨ ᠬᠠᠷᠠᠭ᠎ᠠ ᠵᠢ ᠪᠠᠶᠠᠰᠬᠠᠵᠠᠶ᠃ ᠳᠠᠭᠤᠤ ᠣᠮᠣᠭ ᠲᠡᠭᠦᠯᠳᠡᠷ᠂ ᠮᠣᠷᠢᠨ ᠲᠤᠭᠤᠷᠠᠶ ᠵᠢᠨ ᠳᠠᠭᠤᠨ᠂ ᠤᠯᠠᠭ᠋ᠠᠨᠮᠥ᠋ᠴᠢᠷ᠎ᠤᠨ ᠭᠡᠰᠢᠭᠦᠳ ᠪᠣᠯᠤᠨ ᠪᠢᠴᠢᠬᠠᠨ ᠨᠠᠶ᠋ᠢᠵᠠ ᠨᠠᠷ᠎ᠤᠨ ᠬᠠᠮᠲᠤ ᠵᠢᠨ ᠠᠪᠴᠢᠷᠠᠭᠰᠠᠨ 《ᠸᠠᠨ ᠯᠢ》᠎ᠨᠢ ᠨᠠᠩ ᠴᠤ᠌ ᠲᠤᠬᠠᠶ ᠵᠢᠨ ᠲᠠᠯᠠᠪᠠᠢ ᠵᠢᠨ ᠠᠭᠤᠷ ᠠᠮᠢᠰᠬᠤᠯ᠎ᠢ ᠣᠷᠭᠢᠯ᠎ᠳᠤ ᠬᠦᠷᠭᠡᠪᠡ᠃


2.jpg


    ᠤᠯᠤᠰ᠎ᠤᠨ ᠰᠦᠯᠳᠡ ᠳᠠᠭᠤᠤ ᠵᠢ ᠲᠥᠪ ᠶᠡᠬᠡᠮᠰᠦᠭ ᠬᠥᠭᠵᠢᠮᠳᠡᠬᠦ ᠶᠣᠰᠣᠯᠠᠯ᠎ᠤᠨ ᠳᠠᠷᠠᠭ᠎ᠠ᠂ ᠲᠠᠮᠢᠷᠴᠢᠳ᠎ᠤᠨ ᠲᠥᠯᠥᠭᠡᠯᠡᠭᠴᠢ ᠪᠣᠯᠤᠨ ᠬᠢᠨᠠᠭᠴᠢ ᠵᠢᠨ ᠲᠥᠯᠥᠭᠡᠯᠡᠭᠴᠢ ᠲᠥᠪ ᠴᠢᠩᠭ᠎ᠠ᠎ᠪᠠᠷ ᠲᠠᠩᠭ᠋ᠠᠷᠢᠭᠯᠠᠵᠤ᠂ ᠥᠩᠭᠡᠲᠦ ᠤᠲᠤᠭ᠎ᠠ ᠠᠭ᠋ᠠᠷ᠎ᠲᠤ ᠳᠡᠭᠳᠡᠬᠦ ᠵᠢ ᠳᠠᠭ᠋ᠠᠯᠳᠤᠨ᠂ ᠶᠡᠷᠦᠩᠬᠡᠶ  ᠰᠢᠢ᠍ᠳᠪᠦᠷᠢᠲᠦ ᠤᠷᠤᠯᠳᠤᠭ᠋ᠠᠨ ᠵᠢᠩᠬᠢᠨᠢ᠎ᠪᠠᠷ ᠡᠬᠢᠯᠡᠪᠡ᠃


3.jpg


    ᠰᠢᠯᠢ ᠵᠢᠨ ᠭᠤᠤᠯ᠎ᠤᠨ ᠡᠪᠦᠯ᠎ᠤᠨ ᠤᠯᠠᠷᠢᠯ᠎ᠤᠨ ᠮᠣᠩᠭᠣᠯ ᠮᠣᠷᠢᠨ᠎ᠤ ᠬᠡᠲᠦ ᠬᠣᠯᠪᠣᠭ᠋ᠠᠲᠤ ᠤᠷᠤᠯᠳᠤᠭ᠋ᠠᠨ ᠨᠢᠭᠡᠨᠲᠡ ᠵᠠᠯᠭ᠋ᠠᠭ᠎ᠠ᠎ᠪᠠᠷ 2 ᠬᠤᠭᠤᠴᠠᠭ᠎ᠠ ᠶᠠᠪᠤᠭᠳᠠᠵᠤ᠂ ᠲᠣᠰ ᠬᠤᠭᠤᠴᠠᠭ᠋ᠠᠨ᠎ᠤ ᠤᠷᠤᠯᠳᠤᠭ᠋ᠠᠨ᠎ᠳᠤ 3 ᠬᠥᠮᠦᠨ᠎ᠤ ᠪᠦᠯᠬᠦᠮ᠎ᠤᠨ  ᠪᠣᠣᠭᠢᠶ᠎ᠠ ᠤᠷᠤᠯᠳᠤᠭ᠋ᠠᠨ᠂ ᠮᠣᠷᠢ ᠰᠣᠷ ᠬᠠᠷᠪᠤᠬᠤ᠂ ᠮᠣᠷᠢᠨ᠎ᠠᠴᠠ ᠬᠠᠳᠠᠭ ᠲᠡᠭᠦᠬᠦ᠂ ᠤᠯᠠᠮᠵᠢᠯᠠᠯᠲᠤ ᠵᠢᠷᠤᠭ᠎ᠠ ᠮᠣᠷᠢ᠂ ᠡᠮᠨᠢᠭ ᠰᠤᠷᠭ᠋ᠠᠬᠤ ᠤᠷᠤᠯᠳᠤᠭ᠋ᠠᠨ ᠵᠢᠴᠢ ᠮᠣᠩᠭᠣᠯ ᠮᠣᠷᠢᠨ᠎ᠤ 30 ᠺᠢᠯᠣᠮᠧᠲᠷ᠎ᠤᠨ ᠳᠠᠭ᠋ᠠᠭ᠋ᠠᠴᠠ ᠵᠢᠨ ᠤᠷᠤᠯᠳᠤᠭ᠋ᠠᠨ ᠵᠡᠷᠭᠡ ᠤᠷᠤᠯᠳᠤᠭ᠋ᠠᠨ᠎ᠤ ᠲᠥᠷᠥᠯ   ᠵᠦᠢ᠍ᠯ᠎ᠢ ᠲᠣᠬᠢᠷᠠᠭᠤᠯᠪᠠ᠃


4jpg.jpg


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            