ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠤᠮᠠᠷᠠᠲᠤ᠎ᠶᠢᠨ ᠰᠣᠶᠣᠯ
《ᠠᠶᠠᠯᠭᠤᠳᠦ ᠵᠢᠭᠤᠯᠴᠢᠯᠠᠯ ᠥᠪᠥᠷ ᠮᠣᠩᠭᠤᠯ᠂ ᠮᠥᠰᠥ ᠴᠠᠰᠤᠨ᠎ᠤ ᠤᠯᠠᠷᠢᠯ》 ᠬᠤᠯᠠᠨ ᠰᠢᠷᠭ᠎ᠠ ᠳᠠᠭ᠎ᠠ ᠵᠢᠨ ᠡᠯᠡᠰᠦᠷᠭᠡᠭ ᠭᠠᠵᠠᠷ᠎ᠢ ᠲᠤᠭᠤᠯᠬᠤ ᠠᠵᠢᠯᠯᠠᠭ᠎ᠠ ᠶᠠᠪᠤᠬᠳᠠᠪᠠ
ᠨᠡᠶ᠋ᠢᠲᠡᠯᠡᠭᠰᠡᠨ ᠴᠠᠭ᠄ 2025-01-16

    《ᠠᠶᠠᠯᠭᠤᠳᠦ ᠵᠢᠭᠤᠯᠴᠢᠯᠠᠯ ᠥᠪᠥᠷ ᠮᠣᠩᠭᠤᠯ᠂ ᠮᠥᠰᠥ ᠴᠠᠰᠤᠨ᠎ᠤ ᠤᠯᠠᠷᠢᠯ》 ᠬᠤᠯᠠᠨ ᠰᠢᠷᠭ᠎ᠠ ᠳᠠᠭ᠎ᠠ ᠵᠢᠨ ᠡᠯᠡᠰᠦᠷᠭᠡᠭ ᠭᠠᠵᠠᠷ᠎ᠢ ᠲᠤᠭᠤᠯᠬᠤ ᠠᠵᠢᠯᠯᠠᠭ᠎ᠠ ᠰᠢᠯᠤᠭᠤᠨ ᠬᠥᠬᠡ ᠬᠤᠰᠢᠭᠤᠨ᠎ᠳᠤ ᠶᠠᠪᠤᠬᠳᠠᠵᠥ᠂ ᠪᠦᠬᠦ ᠤᠯᠤᠰ᠎ᠤᠨ ᠡᠯ᠎ᠡ ᠭᠠᠵᠠᠷ᠎ᠤᠨ 1 ᠲᠦᠮᠡ ᠭᠠᠷᠦᠢ ᠵᠢᠭᠤᠯᠴᠢᠯᠬᠠᠴᠢ ᠵᠢ ᠲᠠᠳᠠᠨ᠂ 3000 ᠭᠠᠷᠤᠢ ᠤᠷᠤᠯᠳᠤᠭ᠋ᠠᠨ᠎ᠤ ᠲᠡᠷᠭᠡ ᠪᠣᠯᠣᠨ ᠦᠪᠡᠷ ᠵᠶ᠋ᠠᠨ ᠮᠠᠰᠢᠨ ᠪᠠᠷᠢᠵᠦ ᠵᠢᠭᠤᠯᠴᠢᠯᠠᠬᠤ ᠲᠡᠷᠭᠡ ᠤᠷᠤᠯᠴᠠᠪᠠ᠃

    ᠡᠬᠢᠯᠡᠯᠲᠡ ᠵᠢᠨ ᠶᠣᠰᠣᠯᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ᠎ᠤ ᠤᠯᠠᠭ᠋ᠠᠨᠮᠥ᠋ᠴᠢᠷ᠎ᠤᠨ᠎ᠬᠢᠨ 《ᠨᠠᠶ᠋ᠢᠷ》 ᠬᠠᠮᠳᠤᠯᠢᠭ᠎ᠲᠠᠢ ᠬᠠᠮᠳᠤᠷᠠᠨ ᠭᠤᠶ᠋ᠢᠳᠠ ᠰᠠᠶ᠋ᠢᠬᠠᠨ ᠲᠤᠬᠯᠠᠯᠳᠠ ᠭᠠᠷᠭ᠋ᠠᠵᠦ᠂ ᠲᠣᠭᠤᠷᠢᠨ ᠵᠢᠭᠤᠯᠴᠢᠯᠠᠬᠤ ᠵᠢᠭᠰᠠᠭ᠋ᠠᠯ᠎ᠤᠨ ᠠᠩᠭᠢ᠂ ᠲᠥᠯᠥᠭᠡᠯᠡᠭᠴᠢᠳ᠎ᠤᠨ ᠠᠩᠭᠢ᠂ ᠬᠡᠭᠡᠷ᠎ᠡ ᠵᠢᠨ ᠮᠠᠰᠢᠨ ᠲᠡᠷᠭᠡᠨ᠎ᠤ ᠠᠩᠭᠢ ᠵᠢᠴᠢ ᠬᠤᠪᠴᠠᠰᠤ ᠵᠠᠰᠠᠯ᠎ᠤᠨ ᠦᠵᠡᠭᠦᠯᠭᠡ ᠵᠢᠨ ᠠᠩᠭᠢ ᠵᠢᠨ᠎ᠬᠢᠨ ᠬᠠᠮᠲᠤ᠎ᠪᠠᠷ ᠤᠷᠠᠨ ᠰᠠᠶ᠋ᠢᠬᠠᠨ᠎ᠤ ᠲᠣᠭᠯᠠᠯᠲᠠ ᠭᠠᠷᠭ᠋ᠠᠵᠠᠢ᠃ ᠠᠵᠢᠯᠯᠠᠭ᠎ᠠ᠎ᠨᠢ ᠬᠤᠯᠠᠨ ᠰᠢᠷᠭ᠎ᠠ ᠳᠠᠭ᠎ᠠ ᠵᠢᠨ ᠡᠯᠡᠰᠦᠷᠭᠡᠭ ᠭᠠᠵᠠᠷ᠎ᠤᠨ ᠦᠬᠡᠷ᠎ᠤᠨ ᠮᠢᠬᠠᠨ᠎ᠤ ᠠᠮᠲᠠᠲᠤ ᠢᠳᠡᠭᠡᠨ᠎ᠤ ᠨᠠᠶ᠋ᠢᠷ᠂ ᠱᠠᠩᠳᠦ ᠨᠠᠭᠤᠷ᠎ᠢ ᠲᠤᠭᠤᠷᠢᠬᠤ ᠲᠡᠮᠡᠭᠡᠨ᠎ᠤ ᠰᠢᠨᠳᠠᠰᠦ ᠰᠢᠯᠭ᠋ᠠᠬᠤ ᠤᠷᠤᠯᠳᠤᠭ᠋ᠠᠨ᠂ ᠭᠠᠨᠭ᠌ᠭ᠋ᠠᠡᠭ ᠲᠡᠮᠡᠭᠡ ᠰᠢᠯᠭ᠋ᠠᠷᠠᠭᠤᠯᠬᠤ ᠤᠷᠤᠯᠳᠤᠭ᠋ᠠᠨ ᠵᠶ᠋ᠠᠷ ᠮᠥᠰᠥ ᠴᠠᠰᠤ᠂ ᠰᠣᠶᠣᠯ᠂ ᠪᠡᠶ᠎ᠡ ᠵᠢᠨ ᠲᠠᠮᠢᠷ᠂ ᠵᠢᠭᠤᠯᠴᠢᠯᠠᠯ᠎ᠢ ᠭᠦᠨᠵᠡᠭᠡᠢ ᠠᠭᠤᠰᠤᠯᠴᠠᠭᠤᠯᠤᠨ᠂ ᠪᠠᠶᠠᠷ ᠪᠠᠶᠠᠰᠤᠯᠳᠦ ᠡᠪᠦᠯ᠎ᠤᠨ ᠵᠢᠭᠤᠯᠴᠢᠯᠠᠯ᠎ᠤᠨ ᠠᠭᠤᠷ ᠠᠮᠢᠰᠬᠤᠯ᠎ᠢ ᠪᠤᠢ ᠪᠣᠯᠭ᠋ᠠᠪᠠ᠃

    ᠲᠤᠰ ᠤᠳᠠᠭ᠎ᠠ ᠵᠢᠨ ᠤᠷᠤᠯᠳᠤᠭ᠋ᠠᠨ᠎ᠢ ᠬᠤᠯᠠᠨ ᠰᠢᠷᠭ᠎ᠠ ᠳᠠᠭ᠎ᠠ ᠵᠢᠨ ᠦᠷᠦᠴᠡ ᠭᠠᠵᠠᠷ᠎ᠲᠤ ᠶᠠᠪᠤᠭᠳᠠᠭᠤᠯᠵᠦ᠂ ᠬᠡᠭᠡᠷᠡᠯᠡᠨ ᠠᠶᠠᠯᠠᠬᠤ ᠬᠥᠮᠥᠰ᠎ᠤᠨ ᠮᠠᠰᠢ ᠪᠠᠭ᠍ᠠᠷᠬᠠᠳᠠᠭ ᠲᠤᠬᠯᠠᠭ᠋ᠠᠮ᠎ᠤᠨ ᠠᠷᠭ᠎ᠠ ᠵᠢ ᠨᠡᠭᠡᠭᠡᠨ ᠬᠥᠭᠵᠢᠭᠦᠯᠵᠦ᠂ ᠡᠯᠪᠡᠭ ᠪᠠᠶᠠᠯᠢᠭ ᠤᠷᠤᠯᠳᠤᠭ᠋ᠠᠨ᠎ᠢ ᠲᠣᠬᠢᠷᠠᠭᠤᠯᠵᠠᠢ᠃  

    ᠲᠣᠰ ᠤᠳᠠᠭ᠋ᠠᠨ᠎ᠤ ᠠᠵᠢᠯᠯᠠᠭ᠎ᠠ᠎ᠨᠢ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠂ ᠰᠡᠶ᠋ᠢᠷᠡᠭ ᠣᠶ᠂ ᠨᠠᠭᠤᠷ ᠴᠥᠭᠦᠷᠥᠮ ᠵᠡᠷᠭᠡ ᠡᠯᠪᠡᠭ ᠪᠠᠶᠠᠯᠢᠭ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠠᠰᠢᠭᠯᠠᠵᠤ᠂ ᠥᠪᠡᠷᠮᠢᠴᠡ ᠣᠨᠴᠠᠯᠢᠭ᠎ᠲᠠᠢ ᠡᠪᠦᠯ᠎ᠤᠨ ᠤᠯᠠᠷᠢᠯ᠎ᠤᠨ ᠦᠵᠡᠮᠵᠢ ᠪᠠ ᠮᠥᠰᠥ ᠴᠠᠰᠤᠨ᠎ᠤ ᠲᠠᠩᠰᠤᠭ ᠰᠠᠶ᠋ᠢᠬᠠᠨ ᠠᠵᠢᠯᠯᠠᠭ᠎ᠠ ᠵᠢ ᠬᠠᠷᠢᠯᠴᠠᠨ ᠤᠶᠠᠯᠳᠤᠭᠤᠯᠵᠤ᠂ ᠪᠥᠬᠦ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠬᠰᠠᠳ᠎ᠤᠨ ᠰᠣᠨᠢᠷᠬᠠᠯ᠎ᠢ ᠲᠠᠳᠠᠵᠠᠢ᠃ ᠰᠢᠯᠤᠭᠤᠨ ᠬᠥᠬᠡ ᠬᠤᠰᠢᠭᠤᠨ᠎ᠤ ᠳᠡᠳ᠋ ᠳᠠᠷᠤᠭ᠎ᠠ ᠴᠡᠩᠭᠡᠯ ᠢᠯᠡᠷᠬᠡᠶ᠋ᠢᠯᠡᠬᠦ᠎ᠳᠡᠭᠡᠨ᠄ 《ᠪᠢᠳᠡ ᠭᠤᠣᠯᠳᠠᠭᠤ ᠪᠥᠬᠦ ᠬᠤᠰᠢᠭᠤᠨ᠎ᠤ ᠡᠯᠪᠡᠭ ᠪᠠᠶᠠᠯᠢᠭ ᠮᠥᠰᠥ ᠴᠠᠰᠤᠨ᠎ᠤ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠠᠰᠢᠬᠯᠠᠨ᠂ 〈ᠮᠥᠰᠥ ᠴᠠᠰᠤ + ᠵᠢᠭᠤᠯᠴᠢᠯᠠᠯ + ᠰᠣᠶᠣᠯ + ᠬᠤᠳᠠᠯᠳᠤᠭ᠎ᠠ〉 ᠵᠢᠨ ᠵᠠᠬ᠍ᠪᠤᠷ᠎ᠢ ᠬᠡᠷᠡᠭᠵᠢᠭᠦᠯᠵᠦ᠂ ᠬᠤᠰᠢᠭᠤᠨ᠎ᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠤᠯᠠᠮ ᠠᠬᠢᠭᠤᠯᠵᠦ ᠪᠠᠶ᠋ᠢᠨ᠎ᠠ》 ᠭᠡᠪᠡ᠃
    

ᠢᠷᠡᠯᠲᠡ᠄ ᠰᠢᠯᠢ ᠵᠢᠨ ᠭᠤᠣᠯ᠎ᠤᠨ ᠮᠣᠩᠭᠤᠯ ᠰᠣᠨᠢᠨ
          
ᠬᠠᠮᠢᠶ᠎ᠡ ᠪᠦᠬᠦᠢ ᠰᠣᠨᠢᠨ
 
            