
ᠳᠠᠭᠤᠤ ᠪᠥᠵᠢᠭ᠎ᠤᠨ ᠦᠵᠡᠭᠳᠡᠯᠲᠦ ᠵᠦᠴᠦᠭᠡ 《ᠲᠤᠤᠷᠠᠶ ᠵᠢᠨ ᠤᠯᠠᠭ᠋ᠠᠨ》᠎ᠨᠢ 《ᠡᠵᠡᠨ᠎ᠡ ᠵᠢᠨ ᠥᠯᠢᠭᠡᠷ》᠎ᠢ ᠬᠦᠴᠦᠯᠡᠨ ᠰᠠᠶ᠋ᠢᠲᠤᠷ ᠶᠠᠷᠢᠬᠤ ᠰᠢᠯᠢᠳᠡᠭ ᠲᠠᠶ᠋ᠢᠰᠠᠨ᠎ᠤ ᠵᠦᠴᠦᠭᠡ ᠪᠣᠯᠤᠭᠰᠠᠨ᠎ᠤ ᠬᠤᠪᠢ᠎ᠳᠤ᠂ ᠦᠨᠳᠦᠰᠦᠨ ᠱᠠᠲᠤᠨ᠎ᠤ ᠨᠠᠮ᠎ᠤᠨ ᠲᠥᠯᠥᠭᠡᠯᠡᠭᠴᠢᠳ᠎ᠤᠨ ᠰᠡᠳᠬᠢᠯ ᠬᠥᠳᠡᠯᠭᠡᠮ᠎ᠡ ᠥᠯᠢᠭᠡᠷ ᠪᠠ ᠲᠡᠮᠡᠴᠡᠯ᠎ᠤᠨ ᠵᠣᠷᠢᠭ ᠰᠠᠨᠠᠭ᠎ᠠ ᠵᠢ ᠳᠠᠬᠢᠨᠲᠠ ᠢᠯᠡᠷᠡᠭᠦᠯᠪᠡ᠂ ᠲᠣᠰ ᠵᠦᠴᠦᠭᠡ ᠵᠢ 2024 ᠣᠨ᠎ᠤ 11 ᠰᠠᠷ᠎ᠠ ᠵᠢᠨ 30᠎ᠤ ᠣᠷᠣᠶ ᠬᠥᠯᠥᠨ ᠪᠣᠶ᠋ᠢᠷ ᠶᠡᠬᠡ ᠲᠢᠶᠠᠲᠷ᠎ᠲᠤ ᠲᠣᠭᠯᠠᠪᠠ᠃ ᠲᠣᠰ ᠵᠦᠴᠦᠭᠡ ᠵᠢ ᠡᠵᠡᠨ᠎ᠡ ᠬᠣᠰᠢᠭᠤᠨ᠎ᠤ ᠨᠠᠮ᠎ᠤᠨ ᠬᠣᠷᠢᠶ᠎ᠠ ᠬᠦᠴᠦᠯᠡᠨ ᠴᠣᠭᠴᠠᠯᠠᠵᠤ᠂ ᠡᠵᠡᠨ᠎ᠡ ᠬᠣᠰᠢᠭᠤᠨ᠎ᠤ ᠤᠯᠠᠭ᠋ᠠᠨᠮᠥ᠋ᠴᠢᠷ ᠪᠥᠬᠥ ᠰᠡᠳᠬᠢᠯ ᠵᠶ᠋ᠠᠷ ᠵᠶ᠋ᠠᠨ ᠲᠣᠭᠯᠠᠵᠤ᠂ 2022 ᠣᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》᠎ᠳᠤ ᠠᠮᠵᠢᠯᠲᠠ᠎ᠲᠠᠢ ᠰᠣᠩᠭᠣᠭᠳᠠᠪᠠ᠃ ᠲᠠᠰᠤᠷᠠᠯᠲᠠ ᠦᠭᠡᠢ ᠵᠣᠬᠢᠶᠠᠨ ᠪᠦᠲᠦᠭᠡᠬᠦ ᠪᠠ ᠰᠡᠶ᠋ᠢᠯᠬᠦ᠎ᠪᠠᠷ ᠳᠠᠮᠵᠢᠨ᠂ 2023 ᠣᠨ᠎ᠤ 《ᠲᠣᠣᠷᠠᠢ ᠵᠢᠨ ᠤᠯᠠᠭ᠋ᠠᠨ》᠎ᠢ ᠶᠡᠷᠦᠩᠬᠡᠢ᠎ᠳᠤ᠎ᠨᠢ ᠵᠣᠬᠢᠶᠠᠨ ᠪᠦᠲᠦᠭᠡᠪᠡ᠃ ᠲᠤᠰ ᠵᠦᠴᠦᠭᠡ᠎ᠨᠢ ᠡᠵᠡᠨ᠎ᠡ ᠬᠣᠰᠢᠭᠤᠨ᠎ᠤ ᠰᠠᠶ᠋ᠢᠬᠠᠨ ᠲᠣᠣᠷᠠᠢ ᠰᠤᠮᠤ ᠵᠢᠨ ᠮᠦᠩᠭᠡ᠎ᠲᠦ ᠭᠠᠴᠠᠭ᠎ᠠ ᠵᠢᠨ 3 ᠪᠦᠬᠦ ᠤᠯᠤᠰ᠎ᠤᠨ ᠨᠠᠮ᠎ᠤᠨ ᠲᠥᠯᠥᠭᠡᠯᠡᠭᠴᠢ ᠨᠠᠨᠰᠠᠯᠮᠠ᠂ ᠶᠦᠩᠴᠢᠩᠵᠠᠪ᠂ ᠤᠶᠤᠨᠰᠤᠶᠤᠯ ᠨᠠᠷ ᠵᠶ᠋ᠠᠷ ᠤᠭ ᠲᠦᠷᠢ ᠪᠣᠯᠭ᠋ᠠᠵᠤ᠂ ᠲᠡᠳᠡᠨ᠎ᠤ ᠦᠨᠳᠦᠰᠦᠨ ᠱᠠᠲᠤᠨ᠎ᠳᠤ ᠦᠨᠳᠦᠰᠦᠯᠡᠵᠦ᠂ ᠠᠷᠠᠳ ᠲᠦᠮᠡᠨ᠎ᠢ ᠳᠠᠭ᠋ᠠᠭᠤᠯᠤᠨ ᠠᠵᠢᠯᠴᠢ ᠬᠥᠳᠡᠯᠮᠦᠷᠢᠴᠢ᠎ᠪᠠᠷ ᠪᠠᠶᠠᠵᠢᠨ ᠴᠢᠨᠡᠭᠡᠯᠢᠭᠵᠢᠵᠦ᠂ ᠰᠠᠢ᠍ᠢ᠍ᠨ ᠰᠠᠶ᠋ᠢᠬᠠᠨ ᠭᠡᠷ ᠣᠷᠣᠨ ᠵᠶ᠋ᠠᠨ ᠪᠦᠲᠦᠭᠡᠨ ᠪᠠᠶ᠋ᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠵᠠᠢ᠃
ᠳᠡᠭᠡᠭᠰᠢᠯᠡᠬᠦ ᠭᠣᠣᠯ ᠰᠡᠳᠦᠪ᠎ᠤᠨ ᠦᠨᠡᠨ ᠰᠡᠳᠬᠢᠯᠭᠡ᠃ ᠳᠠᠭᠤᠤ ᠪᠥᠵᠢᠭᠲᠦ ᠦᠵᠡᠭᠳᠡᠯᠲᠦ ᠵᠦᠴᠦᠭᠡ 《ᠲᠤᠤᠷᠠᠶ ᠵᠢᠨ ᠤᠯᠠᠭ᠋ᠠᠨ》᠎ᠢ 《ᠭᠣᠪᠢ ᠵᠢᠨ ᠤᠯᠠᠭ᠋ᠠᠨ ᠣᠲᠣ》᠂ 《ᠰᠡᠳᠬᠢᠯ ᠵᠢᠷᠦᠬᠡᠨ᠎ᠤ ᠨᠣᠭᠣᠭ᠋ᠠᠨ ᠥᠩᠭᠡ》᠂ 《ᠰᠢᠵᠢᠷ ᠠᠯᠲᠠᠨ ᠬᠦᠰᠡᠯ ᠵᠡᠭᠦᠳᠦ》 ᠭᠡᠵᠦ ᠭᠤᠷᠪᠠᠨ ᠪᠦᠯᠦᠭ ᠬᠤᠪᠢᠶᠠᠵᠤ᠂ ᠭᠤᠷᠪᠠᠳᠤᠭ᠋ᠠᠷ ᠬᠠᠷᠠᠭ᠋ᠠᠰᠤ ᠯᠢ ᠧ ᠴᠢᠩ᠎ᠤᠨ ᠶᠠᠷᠢᠭᠰᠠᠨ 3 ᠪᠠᠳᠠᠭ ᠰᠡᠳᠬᠢᠯ ᠬᠥᠳᠡᠯᠭᠡᠮ᠎ᠡ ᠥᠯᠢᠭᠡᠷ ᠵᠶ᠋ᠠᠷ ᠬᠣᠯᠪᠣᠨ ᠥᠭᠦᠯᠡᠪᠡ᠃ ᠲᠣᠰ ᠵᠦᠴᠦᠭᠡ᠎ᠨᠢ 20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠳᠤ 《ᠮᠠᠯ ᠪᠡᠯᠴᠢᠭᠡᠷ᠎ᠤᠨ ᠬᠤᠤᠰ ᠳᠠᠭ᠋ᠠᠭ᠋ᠠᠴᠢᠯᠠᠯᠲᠠ ᠵᠢᠨ ᠲᠦᠷᠢᠮ》᠎ᠢ ᠬᠡᠷᠡᠭᠵᠢᠭᠦᠯᠦᠭᠰᠡᠨ ᠵᠶ᠋ᠠᠷ ᠠᠬᠤᠶ ᠪᠠᠶ᠋ᠢᠳᠠᠯ ᠪᠣᠯᠭ᠋ᠠᠵᠤ᠂ ᠠᠭ᠋ᠠᠵᠢᠮ ᠵᠶ᠋ᠠᠷ ᠬᠥᠰᠢᠭᠡ᠎ᠪᠠᠨ ᠨᠡᠭᠡᠭᠡᠪᠡ᠃ ᠭᠠᠴᠠᠭ᠋ᠠᠨ᠎ᠤ ᠱᠦᠵᠢ ᠨᠠᠨᠰᠠᠯᠮᠠ ᠮᠠᠯᠴᠢᠳ᠎ᠲᠤ ᠪᠡᠯᠴᠢᠭᠡᠷ ᠮᠠᠯ᠎ᠢ ᠲᠦᠭᠡᠮᠡᠯᠵᠢᠭᠦᠯᠬᠦ ᠲᠥᠷᠥ ᠵᠢᠨ ᠪᠣᠳᠣᠯᠭ᠎ᠠ ᠵᠢ ᠪᠠᠷᠢᠮᠲᠠᠯᠠᠵᠤ᠂ ᠲᠦᠭᠡᠮᠡᠯ ᠬᠠᠶ᠋ᠢᠷ᠎ᠠ ᠵᠢᠨ ᠰᠡᠳᠬᠢᠯᠭᠡ᠎ᠪᠠᠷ ᠯᠢ ᠵᠧᠨ᠂ ᠵᠠᠩ ᠵᠢᠨ ᠬᠤᠸᠠ ᠵᠢᠨ ᠨᠢᠭᠡ ᠬᠡᠷ᠎ᠤᠨ ᠬᠥᠮᠦᠰ᠎ᠢ ᠭᠥᠯᠢᠶᠡᠨ ᠠᠪᠴᠤ᠂ ᠮᠠᠯᠴᠢᠳ ᠡᠮᠦᠨᠡᠲᠦ ᠣᠷᠣᠨ᠎ᠤ ᠱᠦᠵᠢ ᠵᠢᠨ ᠳᠠᠭ᠋ᠠᠭᠤᠯᠭ᠎ᠠ ᠳᠤᠤᠷ᠎ᠠ ᠨᠠᠩ ᠣᠯᠠᠨ ᠡᠵᠡᠩᠨᠡᠯᠲᠡ ᠵᠢᠨ ᠡᠵᠡᠨ ᠮᠡᠳᠡᠬᠦ ᠡᠷᠬᠡ ᠵᠢ ᠤᠯᠪᠠ᠃ ᠡᠭᠦᠨ᠎ᠤ ᠬᠠᠮᠲᠤ᠂ ᠨᠤᠲᠤᠭ ᠪᠡᠯᠴᠢᠭᠡᠷ᠎ᠤᠨ ᠮᠠᠭᠤᠳᠠᠯ᠂ ᠬᠥᠷᠥᠰᠥ ᠰᠢᠷᠣᠢ ᠵᠢᠨ ᠢᠳᠡᠭᠳᠡᠯ᠂ ᠡᠯᠡᠰᠦᠨ ᠰᠢᠭᠤᠷᠭ᠎ᠠ ᠵᠡᠷᠭᠡ ᠪᠠᠶ᠋ᠢᠭ᠋ᠠᠯᠢ ᠵᠢᠨ ᠭᠠᠮᠰᠢᠭ ᠲᠠᠯ᠎ᠠ ᠨᠤᠲᠤᠭ᠎ᠲᠤ ᠦᠷᠪᠢᠰᠦᠨ ᠳᠡᠯᠭᠡᠷᠡᠵᠦ᠂ ᠵᠠᠩ ᠴᠢᠨᠠᠷ ᠴᠢᠩᠭ᠎ᠠ ᠶᠦᠩ ᠴᠢᠩ ᠵᠢᠶᠠ ᠪᠦ᠋ ᠥᠪᠡᠷ᠎ᠤᠨ ᠬᠠᠩᠭ᠋ᠠᠨ ᠪᠣᠷᠣᠯᠠᠭᠤᠯᠬᠤ ᠬᠤᠷᠰᠢᠶ᠎ᠠ᠎ᠳᠠᠬᠢ 《ᠲᠡᠮᠦᠷ ᠠᠶᠠᠭ᠎ᠠ》᠎ᠪᠠᠨ ᠬᠠᠶᠠᠬᠤ᠎ᠪᠠᠷ ᠲᠣᠭᠲᠠᠵᠤ᠂ ᠡᠷᠡᠰ ᠰᠢᠭᠤᠷᠬᠠᠢ᠎ᠪᠠᠷ ᠨᠤᠲᠤᠭ᠎ᠤᠨ ᠠᠬ᠎ᠠ ᠳᠡᠭᠦᠦ ᠨᠡᠷ ᠵᠶ᠋ᠠᠨ ᠳᠠᠭ᠋ᠠᠭᠤᠯᠤᠨ ᠬᠣᠣᠷᠲᠤ ᠡᠪᠡᠰᠦ ᠵᠢ ᠠᠷᠢᠯᠭ᠋ᠠᠵᠤ᠂ ᠵᠠᠭ ᠮᠣᠳᠣ ᠲᠠᠷᠢᠵᠤ᠂ ᠡᠯᠡᠰᠦᠨ᠎ᠳᠤ ᠨᠣᠭᠣᠭ᠋ᠠᠨ ᠪᠦᠷᠢᠳᠦ ᠲᠠᠷᠢᠬᠤ᠎ᠪᠠᠷ ᠭᠣᠷᠢᠳᠠᠪᠠ᠃ ᠬᠡᠳᠦᠨ ᠵᠢᠯ᠎ᠤᠨ ᠳᠠᠷᠠᠭ᠎ᠠ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠭᠠᠴᠠᠭ᠋ᠠᠨ᠎ᠤ ᠱᠦᠵᠢ ᠤᠶᠤᠨᠰᠤᠶᠤᠯ ᠭᠠᠴᠠᠭ᠎ᠠ᠎ᠪᠠᠨ ᠳᠠᠭ᠋ᠠᠭᠤᠯᠤᠨ᠂ ᠤᠯᠤᠰ᠎ᠤᠨ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠲᠥᠷᠥ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠮᠠᠯᠴᠢᠨ ᠲᠠᠷᠢᠶᠠᠴᠢᠨ᠎ᠢ ᠰᠢᠯᠵᠢᠭᠦᠯᠦᠨ ᠨᠡᠭᠦᠯᠭᠡᠬᠦ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢ ᠡᠷᠦᠬᠡ ᠪᠣᠯᠭ᠋ᠠᠨ᠎ᠳᠤ ᠬᠦᠷᠲᠡᠭᠡᠵᠦ᠂ ᠮᠠᠯᠴᠢᠳ᠎ᠢ ᠳᠠᠭ᠋ᠠᠭᠤᠯᠤᠨ ᠨᠤᠲᠤᠭ ᠪᠡᠯᠴᠢᠭᠡᠷ᠎ᠠᠴᠠ ᠭᠠᠷᠴᠤ᠂ ᠭᠤᠷᠪᠠᠳᠤᠭ᠋ᠠᠷ ᠠᠵᠤ ᠦᠶᠯᠡᠰ᠎ᠢ ᠶᠡᠬᠡ᠎ᠪᠠᠷ ᠬᠥᠭᠵᠢᠭᠦᠯᠵᠦ᠂ ᠮᠠᠯᠴᠢᠳ᠎ᠢ ᠰᠢᠨ᠎ᠡ ᠪᠠᠶᠠᠵᠢᠯ᠎ᠤᠨ ᠵᠠᠮ ᠵᠶ᠋ᠠᠷ ᠵᠠᠮᠨᠠᠭᠤᠯᠪᠠ᠃ ᠰᠡᠳᠬᠢᠯ ᠳᠣᠭᠳᠣᠯᠤᠭᠤᠯᠤᠮ᠎ᠠ 3 ᠦᠯᠢᠭᠡᠷ᠎ᠨᠢ ᠡᠨᠡ ᠬᠦ᠌ 40 ᠰᠢᠬᠠᠮ ᠵᠢᠯ᠎ᠤᠨ ᠲᠤᠷᠰᠢᠬᠢ ᠦᠢ᠍ᠯᠡᠳᠪᠦᠷᠢᠯᠡᠯ ᠠᠮᠢᠳᠤᠷᠠᠯ᠎ᠤᠨ ᠬᠤᠪᠢᠷᠠᠯᠲᠠ ᠵᠢ ᠳᠡᠯᠭᠡᠨ ᠦᠵᠡᠭᠦᠯᠵᠦ᠂ 3 ᠨᠠᠮ᠎ᠤᠨ ᠲᠥᠯᠥᠭᠡᠯᠡᠭᠴᠢ ᠵᠢᠨ ᠵᠣᠪᠠᠭᠤᠷᠢ ᠵᠦᠳᠡᠭᠦᠷᠢ ᠵᠢ ᠲᠡᠰᠪᠦᠷᠢᠯᠡᠵᠦ᠂ ᠡᠷᠡᠰ ᠪᠠᠲᠤ᠎ᠪᠠᠷ ᠪᠠᠶ᠋ᠢᠯᠳᠤᠭᠰᠠᠨ ᠵᠣᠷᠢᠭ ᠰᠠᠨᠠᠭ᠎ᠠ ᠵᠢ ᠢᠯᠡᠷᠡᠭᠦᠯᠵᠦ᠂ ᠮᠦᠩᠭᠡ᠎ᠲᠦ ᠭᠠᠴᠠᠭ᠋ᠠᠨ᠎ᠤ ᠮᠠᠯᠴᠢᠳ᠎ᠤᠨ ᠪᠦᠯᠬᠦᠮᠳᠡᠨ ᠨᠢᠭᠡᠳᠴᠦ᠂ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠤᠭᠰᠠᠨ ᠡᠷᠬᠢᠮ ᠨᠠᠨᠳᠢᠨ ᠨᠤᠲᠤᠭ᠎ᠤᠨ ᠬᠠᠶ᠋ᠢᠷ᠎ᠠ ᠰᠡᠳᠬᠢᠯᠭᠡ ᠵᠢ ᠪᠢᠴᠢᠭᠯᠡᠵᠦ᠂ ᠡᠵᠡᠨ᠎ᠡ ᠵᠢᠨ ᠠᠷᠠᠳ ᠲᠦᠮᠡᠨ᠎ᠤ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠡᠷᠡᠰ ᠪᠠᠲᠤ ᠢᠲᠡᠭᠡᠯ ᠵᠣᠷᠢᠭ᠎ᠢ ᠳᠠᠮᠵᠢᠭᠤᠯᠵᠤ᠂ ᠲᠤᠰ ᠵᠦᠴᠦᠭᠡ ᠵᠢᠨ ᠭᠣᠣᠯ ᠰᠡᠳᠦᠪ᠎ᠢ ᠦᠨᠡᠨ ᠰᠡᠳᠬᠢᠯᠭᠡ ᠪᠣᠳᠠᠲᠤ ᠰᠡᠳᠬᠢᠯᠭᠡ ᠵᠢᠨ ᠬᠦᠦᠷᠨᠢᠯ ᠳᠤᠮᠳᠠ ᠪᠣᠯᠪᠠᠰᠤᠷᠠᠭᠤᠯᠤᠨ ᠳᠡᠭᠡᠭᠰᠢᠯᠡᠭᠦᠯᠦᠭᠰᠡᠨ ᠪᠠᠶ᠋ᠢᠨ᠎ᠠ᠃
ᠡᠯᠪᠡᠭ ᠪᠠᠶᠠᠯᠢᠭ ᠭᠦᠨ ᠭᠦᠨᠵᠡᠭᠡᠶ ᠤᠷᠠᠯᠢᠭ᠎ᠤᠨ ᠥᠩᠭᠡᠷᠡᠭᠡᠯᠲᠡ᠃ ᠳᠠᠭᠤᠤ ᠪᠥᠵᠢᠭ᠎ᠤᠨ ᠦᠵᠡᠭᠳᠡᠯᠲᠦ ᠵᠦᠴᠦᠭᠡ ᠪᠣᠯᠤᠭᠰᠠᠨ᠎ᠤ ᠬᠤᠪᠢ᠎ᠳᠤ᠂ 《ᠲᠤᠤᠷᠠᠶ ᠤᠯᠢᠶᠠᠰᠤ》᠎ᠨᠢ ᠶᠡᠷᠦᠩᠬᠡᠶ᠋ᠢᠯᠡᠭᠰᠡᠨ ᠴᠢᠨᠠᠷᠲᠠᠶ ᠤᠷᠠᠯᠢᠭ᠎ᠤᠨ ᠢᠯᠡᠷᠡᠭᠦᠯᠦᠯᠢ ᠢᠯᠡᠷᠡᠭᠦᠯᠵᠦ᠂ ᠳᠠᠭᠤᠤ ᠬᠥᠭᠵᠢᠮ᠎ᠤᠨ ᠠᠶ᠋ᠢᠵᠠᠮ᠎ᠤᠨ ᠨᠥᠯᠥᠭᠡᠯᠡᠬᠦ ᠬᠦᠴᠦᠨ᠂ ᠪᠥᠵᠢᠭ᠎ᠤᠨ ᠬᠥᠳᠡᠯᠦᠯ᠎ᠤᠨ ᠬᠠᠷᠠᠭ᠋ᠠᠨ ᠰᠡᠷᠡᠯ᠎ᠤᠨ ᠨᠥᠯᠥᠭᠡᠯᠡᠬᠦ ᠬᠦᠴᠦᠨ ᠵᠢᠴᠢ ᠰᠢ ᠵᠦᠴᠦᠭᠡ ᠵᠢᠨ ᠦᠢ᠍ᠯᠡ ᠶᠠᠪᠤᠳᠠᠯ᠎ᠤᠨ ᠬᠦᠦᠷᠨᠢᠬᠦ ᠴᠢᠨᠠᠷ᠎ᠢ ᠭᠦᠢ᠍ᠴᠡᠳ ᠠᠰᠢᠭᠯᠠᠨ᠂ ᠡᠯᠪᠡᠭ ᠪᠠᠶᠠᠯᠢᠭ ᠪᠥᠭᠡᠳ ᠭᠦᠨ ᠭᠦᠨᠵᠡᠭᠡᠶ ᠤᠷᠠᠯᠢᠭ᠎ᠤᠨ ᠥᠩᠭᠡᠷᠡᠭᠡᠯᠲᠡ ᠵᠢ ᠬᠠᠮᠲᠤ᠎ᠪᠠᠷ ᠪᠣᠶ ᠪᠣᠯᠭ᠋ᠠᠪᠠ᠃ 《ᠲᠣᠣᠷᠠᠢ ᠵᠢᠨ ᠤᠯᠠᠭ᠋ᠠᠨ》᠎ᠨᠢ ᠳᠠᠭᠤᠤ ᠵᠢᠨ ᠬᠡᠯᠪᠡᠷᠢ᠎ᠪᠠᠷ ᠬᠥᠮᠦᠨ᠎ᠤ ᠳᠣᠲᠣᠭ᠋ᠠᠳᠤ ᠰᠡᠳᠬᠢᠯ᠎ᠤᠨ ᠦᠭᠡ ᠬᠡᠯᠡ ᠵᠢ ᠵᠢᠷᠤᠭᠯᠠᠵᠤ᠂ ᠬᠡᠯᠡᠬᠦ ᠭᠡᠰᠡᠨ ᠪᠣᠯᠪᠠᠴᠤ ᠬᠡᠯᠡᠵᠦ ᠳᠡᠶ᠋ᠢᠯᠬᠦ ᠦᠭᠡᠢ ᠰᠡᠳᠬᠢᠯ᠎ᠤᠨ ᠦᠭᠡ᠎ᠪᠠᠨ ᠤᠷᠲᠤ ᠤᠳᠠᠭ᠋ᠠᠨ ᠠᠶᠠᠰ ᠵᠶ᠋ᠠᠷ ᠰᠣᠨᠣᠰᠪᠤᠷᠢᠲᠠᠢ ᠰᠠᠶ᠋ᠢᠬᠠᠨ ᠶᠠᠷᠢᠵᠤ᠂ ᠲᠠᠶ᠋ᠢᠰᠠᠨ᠎ᠤ ᠳ᠋ᠧᠩ᠎ᠤᠨ ᠭᠡᠷᠡᠯ᠎ᠤᠨ ᠬᠤᠪᠢᠷᠠᠯᠲᠠ᠎ᠳᠤ ᠵᠣᠬᠢᠴᠠᠭᠤᠯᠵᠤ᠂ ᠦᠵᠡᠭᠴᠢᠳ᠎ᠤᠨ ᠴᠢᠩᠭ᠎ᠠ ᠬᠠᠮᠲᠤ ᠵᠢᠨ ᠰᠡᠳᠬᠢᠯᠭᠡ ᠵᠢ ᠬᠥᠳᠡᠯᠭᠡᠨ᠎ᠡ᠃
ᠦᠵᠡᠭᠳᠡᠯᠲᠦ ᠵᠦᠴᠦᠭᠡ ᠪᠣᠯᠤᠭᠰᠠᠨ᠎ᠤ ᠬᠤᠪᠢ᠎ᠳᠤ᠂ 《ᠲᠣᠣᠷᠠᠢ ᠵᠢᠨ ᠤᠯᠠᠭ᠋ᠠᠨ》 ᠵᠦᠴᠦᠭᠡ᠎ᠨᠢ ᠦᠵᠡᠭᠳᠡᠯ ᠪᠠ ᠬᠥᠮᠦᠨ᠎ᠢ ᠴᠢᠬᠤᠯᠠᠴᠢᠯᠠᠵᠤ᠂ ᠦᠵᠡᠭᠳᠡᠯ᠂ ᠪᠠᠭ᠋ᠠᠵᠢ ᠵᠡᠷᠭᠡ ᠡᠯᠧᠮᠧᠨ᠋ᠲ ᠵᠶ᠋ᠠᠷ ᠳᠠᠮᠵᠢᠨ ᠠᠭᠤᠷ ᠠᠮᠢᠰᠬᠤᠯ᠎ᠢ ᠪᠤᠢ ᠪᠣᠯᠭ᠋ᠠᠵᠤ᠂ ᠦᠵᠡᠭᠴᠢᠳ᠎ᠢ ᠰᠣᠭᠲᠣᠭᠤᠷᠠᠭᠤᠯᠬᠤ ᠬᠡᠯᠪᠡᠷᠢ᠎ᠪᠠᠷ ᠦᠵᠡᠭᠳᠡᠯ᠎ᠳᠤ ᠣᠷᠣᠭᠤᠯᠪᠠ᠃ ᠵᠦᠴᠦᠭᠡ ᠵᠢᠨ ᠳᠣᠲᠣᠷ᠎ᠠ ᠬᠣᠶᠠᠷ ᠦᠵᠡᠭᠳᠡᠯ᠎ᠨᠢ ᠣᠨᠴᠠᠭ᠋ᠠᠶ ᠳᠣᠩᠰᠣᠯᠤᠯᠲᠠ᠎ᠲᠠᠢ᠄ ᠨᠢᠭᠡ᠎ᠳᠤ᠂ ᠬᠠᠷ᠎ᠠ ᠬᠦ᠍ᠦ ᠵᠢᠨ ᠭᠡᠷ᠎ᠲᠤ ᠭᠠᠯ ᠠᠯᠳᠠᠭᠰᠠᠨ᠂ ᠣᠯᠠᠨ ᠵᠶ᠋ᠠᠷ ᠵᠶ᠋ᠠᠨ ᠬᠦᠴᠦᠯᠡᠨ ᠭᠠᠯ ᠤᠨᠲᠠᠷᠠᠭ᠋ᠠᠬᠤ ᠦᠶ᠎ᠡ᠎ᠳᠤ ᠲᠠᠶ᠋ᠢᠰᠠᠨ᠎ᠤ ᠰᠥᠷᠭᠡᠤ ᠬᠡᠷᠡᠯ ᠵᠶ᠋ᠠᠷ ᠪᠦᠲᠦᠭᠡᠭᠰᠡᠨ ᠬᠠᠶ᠋ᠢᠴᠢᠯᠠᠮᠠᠯ ᠬᠥᠷᠥᠭ᠎ᠤᠳ᠂ ᠣᠲᠣᠭ᠎ᠠ ᠤᠨᠢᠶᠠᠷ ᠵᠶ᠋ᠠᠷ ᠬᠦᠷᠢᠶᠡᠯᠡᠭᠰᠡᠨ ᠲᠠᠶ᠋ᠢᠰᠠᠨ᠎ᠤ ᠦᠷ᠎ᠡ ᠳ᠋ᠦᠩ ᠪᠠ ᠠᠶᠤᠯ ᠲᠦᠭᠰᠢᠭᠦᠷᠢᠲᠡᠶ ᠬᠥᠭᠵᠢᠮ᠎ᠤᠨ ᠳᠡᠪᠢᠰᠬᠡᠷ ᠠᠶ᠎ᠠ ᠵᠢ ᠬᠠᠮᠵᠢᠨ᠂ ᠪᠠᠴᠢᠮᠳᠠᠵᠤ ᠰᠠᠨᠳᠤᠷᠤᠭᠰᠠᠨ᠂ ᠨᠤᠷᠠᠭᠰᠠᠨ᠂ ᠮᠥᠬᠥᠭᠰᠡᠨ ᠪᠠᠶ᠋ᠢᠳᠠᠯ᠎ᠨᠢ ᠳᠦᠷᠢ ᠵᠢᠨ ᠭᠣᠷᠢ ᠲᠠᠰᠤᠷᠠᠭᠰᠠᠨ ᠪᠠᠶ᠋ᠢᠳᠠᠯ᠎ᠢ ᠭᠦᠢ᠍ᠴᠡᠳ ᠳᠦᠷᠰᠦᠯᠡᠨ ᠭᠠᠷᠭ᠋ᠠᠵᠠᠶ᠃ ᠡᠯᠡᠰᠦᠨ ᠰᠢᠭᠤᠷᠭ᠎ᠠ ᠬᠦᠷᠴᠦ ᠢᠷᠡᠬᠦ ᠦᠶ᠎ᠡ᠎ᠳᠤ᠂ ᠲᠩᠷᠢ ᠳᠦᠭᠦᠷᠡᠩ ᠰᠢᠷ᠎ᠠ ᠡᠯᠡᠰᠦ᠎ᠲᠠᠢ ᠲᠠᠶ᠋ᠢᠰᠠᠨ᠎ᠤ ᠦᠢ᠍ᠯᠡᠳᠦᠯ᠂ ᠬᠠᠷᠠᠰᠠᠯᠲᠠᠢ ᠪᠥᠭᠡᠳ ᠤᠶᠠᠷᠠᠭᠤᠨ ᠵᠢᠪᠬᠤᠯᠠᠩᠲᠤ ᠠᠷᠤ ᠦᠵᠡᠭᠳᠡᠯ᠎ᠤᠨ ᠳᠠᠭᠤᠤ ᠬᠥᠭᠵᠢᠮ᠂ ᠴᠠᠭ᠋ᠠᠨ ᠭᠠᠵᠠᠷ᠎ᠲᠤ ᠬᠡᠳᠦᠨ ᠰᠤᠯᠠᠬᠠᠨ ᠬᠠᠨᠢᠶᠠᠬᠤ ᠳᠠᠭᠤᠨ ᠦᠯᠡᠳᠡᠭᠡᠵᠦ ᠳᠠᠭᠤᠤ ᠬᠥᠭᠵᠢᠮ᠎ᠢ ᠡᠪᠳᠡᠭᠡᠳ᠂ ᠳᠠᠷᠠᠭ᠎ᠠ᠎ᠳᠤ᠎ᠨᠢ ᠪᠠᠰᠠ ᠳᠠᠭᠤᠤ ᠬᠥᠭᠵᠢᠮ᠎ᠳᠤ ᠵᠠᠯᠭᠢᠭᠳᠠᠵᠤ᠂ ᠬᠥᠮᠦᠨ ᠪᠠᠶ᠋ᠢᠭ᠋ᠠᠯᠢ ᠵᠢᠨ ᠭᠠᠮᠰᠢᠭ᠎ᠤᠨ ᠡᠮᠦᠨ᠎ᠡ ᠥᠴᠦᠬᠡᠨ ᠲᠡᠳᠦᠢ᠎ᠨᠢ ᠨᠠᠷᠢᠨ ᠣᠨᠣᠪᠴᠢᠲᠠᠢ ᠠᠰᠢᠭᠯᠠᠭᠳᠠᠵᠠᠢ᠃ ᠡᠭᠦᠨ᠎ᠠᠴᠠ ᠭᠠᠳᠠᠨ᠎ᠠ᠂ 《ᠲᠣᠣᠷᠠᠢ ᠵᠢᠨ ᠤᠯᠠᠭ᠋ᠠᠨ》᠎ᠨᠢ ᠪᠠᠰᠠ ᠦᠨᠳᠦᠰᠦᠲᠡᠨ᠎ᠤ ᠦᠨᠦᠷ ᠠᠮᠲᠠᠲᠠᠢ ᠲᠡᠮᠳᠡᠭ᠎ᠢ ᠲᠠᠶ᠋ᠢᠰᠠᠨᠠ ᠡᠷᠭᠦᠵᠦ᠂ ᠮᠣᠩᠭᠣᠯ ᠦᠨᠳᠦᠰᠦᠲᠡᠨ᠎ᠤ ᠰᠠᠪᠤᠷᠳᠠᠩ ᠤᠯᠠᠮᠵᠢᠯᠠᠯᠲᠤ ᠪᠥᠵᠢᠭ᠂ ᠲᠡᠮᠡᠭᠡᠨ ᠨᠣᠣᠰᠣᠨ ᠳᠡᠭᠡᠰᠦ᠂ ᠴᠠᠭ᠋ᠠᠯᠠᠭᠰᠠᠨ ᠴᠠᠢ ᠵᠡᠷᠭᠡ ᠦᠨᠳᠦᠰᠦᠲᠡᠨ᠎ᠤ ᠣᠨᠴᠠᠯᠢᠭ᠎ᠲᠠᠢ ᠬᠥᠳᠡᠯᠮᠦᠷᠢ᠂ ᠮᠣᠩᠭᠣᠯ ᠲᠡᠷᠯᠢᠭ ᠣᠶᠣᠬᠤ ᠵᠡᠷᠭᠡ᠎ᠨᠢ ᠦᠵᠡᠭᠴᠢᠳ᠎ᠤᠨ ᠭᠤᠸ᠎ᠠ ᠲᠠᠭ᠋ᠠᠰᠢᠶᠠᠯ᠎ᠢ ᠶᠡᠬᠡᠬᠡᠨ ᠨᠡᠮᠡᠭᠳᠡᠭᠦᠯᠦᠭᠰᠡᠨ ᠪᠠᠶ᠋ᠢᠨ᠎ᠠ .᠃