
2 ᠳ᠋ᠤᠭ᠋ᠠᠷ ᠰᠠᠷ᠎ᠠ ᠵᠢᠨ 12᠎ᠤᠨ ᠡᠳᠦᠷ᠂ ᠲᠦᠩᠯᠢᠶᠣᠤ ᠬᠣᠲᠠ ᠵᠢᠨ ᠵᠠᠷᠤᠳ ᠬᠣᠰᠢᠭᠤᠨ᠎ᠤ ᠴᠢᠪᠠᠭ᠋ᠠᠳᠤ ᠰᠤᠮᠤ ᠵᠢᠨ ᠡᠮᠦᠨ᠎ᠡ ᠤᠭ᠋ᠠᠯᠵᠢ ᠭᠠᠴᠠᠭ᠋ᠠᠨ᠎ᠤ ᠮᠠᠯᠴᠢᠳ ᠭᠤᠤᠯ᠎ᠤᠨ ᠮᠥᠰᠥᠨ ᠳᠡᠭᠡᠷ᠎ᠡ ᠨᠢᠭᠡ ᠤᠳᠠᠭ᠋ᠠᠨ᠎ᠤ ᠥᠪᠡᠷᠮᠢᠴᠡ ᠣᠨᠴᠠᠯᠢᠭ᠎ᠲᠠᠢ 《ᠮᠥᠰᠥᠨ ᠳᠡᠭᠡᠷᠡᠬᠢ ᠠᠷᠭ᠋ᠠᠮᠵᠢᠶ᠎ᠠ》 ᠳᠤᠭᠯᠠᠭ᠋ᠠᠮ ᠵᠤᠬᠢᠶᠠᠨ ᠪᠠᠢ᠌ᠭᠤᠯᠪᠠ᠃

ᠪᠠᠶᠠᠷ᠎ᠤᠨ ᠡᠳᠦᠷ᠎ᠤᠨ ᠬᠤᠪᠴᠠᠰᠤ ᠡᠮᠦᠰᠦᠭᠰᠡᠨ ᠦᠶ ᠣᠯᠠᠨ ᠮᠠᠯᠴᠢᠳ ᠡᠨᠳᠡ ᠬᠤᠷᠠᠨ ᠴᠤᠭᠯᠠᠷᠠᠵᠤ᠂ ᠲᠡᠳᠡᠨ᠎ᠤ ᠬᠠᠯᠠᠭᠤᠨ ᠰᠡᠳᠬᠢᠯᠭᠡ ᠪᠠ ᠣᠷᠭᠢᠯᠤᠮ᠎ᠠ ᠰᠡᠳᠬᠢᠯᠭᠡ᠎ᠨᠢ ᠠᠭᠤᠵᠢᠷᠠᠲᠠᠯ᠎ᠠ ᠪᠠᠳᠠᠷᠠᠵᠤ᠂ ᠪᠠᠰᠠ ᠡᠨᠡ ᠬᠦ᠌ ᠡᠷᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠮᠥᠰᠥ ᠴᠠᠰᠤᠨ᠎ᠤ ᠳᠤᠮᠳᠠ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠪᠠ᠃

