ᠠᠷᠠᠳ᠎ᠤᠨ ᠰᠦᠯᠵᠢᠶᠡᠨ᠎ᠤ ᠣᠷᠳᠣᠰ᠎ᠤᠨ 3 ᠰᠠᠷ᠎ᠠ ᠵᠢᠨ 19᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠹᠦ᠋ ᠯᠢ ᠵᠢᠤᠸᠠᠨ᠂ ᠯᠢᠦ ᠢ ᠯᠢᠨ᠂ ᠺᠧᠦ ᠶᠠ ᠨᠠᠨ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠩᠭᠢᠨ ᠬᠣᠰᠢᠭᠤᠨ᠎ᠤ ᠬᠣᠷᠢᠶᠠᠨ᠎ᠤ ᠤᠬᠠᠭᠤᠯᠬᠤ ᠬᠡᠯᠲᠡᠰ᠂ ᠬᠠᠩᠭᠢᠨ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠠᠴᠠ ᠦᠢ᠍ᠯᠡᠳᠴᠦ᠂ ᠬᠠᠩᠭᠢᠨ ᠬᠣᠰᠢᠭᠤᠨ᠎ᠤ ᠤᠯᠠᠭ᠋ᠠᠨᠮᠥ᠋ᠴᠢᠷ᠂ ᠬᠠᠩᠭᠢᠨ ᠬᠣᠰᠢᠭᠤᠨ᠎ᠤ ᠰᠣᠶᠣᠯ᠎ᠤᠨ ᠣᠷᠳᠣᠨ (ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠪ)᠎ᠠᠴᠠ ᠨᠠᠶ᠋ᠢᠷᠠᠭᠤᠯᠤᠨ ᠨᠠᠶ᠋ᠢᠷᠠᠭᠤᠯᠵᠤ ᠲᠣᠭᠯᠠᠭᠰᠠᠨ ᠳᠠᠭᠤᠤ ᠪᠥᠵᠢᠭᠲᠦ ᠵᠦᠴᠦᠭᠡ 《ᠬᠦᠷᠦ ᠳᠠᠭᠤᠤ》 17᠎ᠤ ᠡᠳᠦᠷ᠂ 18᠎ᠤ ᠣᠷᠣᠶ ᠣᠷᠳᠣᠰ ᠶᠡᠬᠡ ᠲᠢᠶᠠᠲᠷ᠎ᠲᠤ ᠠᠮᠵᠢᠯᠲᠠ᠎ᠲᠠᠢ᠎ᠪᠠᠷ ᠠᠩᠬ᠎ᠠ ᠤᠳᠠᠭ᠎ᠠ ᠲᠣᠭᠯᠠᠪᠠ᠃

ᠤᠷᠳᠤᠰ᠎ᠤᠨ ᠬᠦᠷᠦ ᠳᠠᠭᠤᠤ᠎ᠨᠢ ᠢᠷᠦᠭᠡᠯ᠂ ᠮᠠᠭᠲᠠᠭ᠋ᠠᠯ ᠵᠶ᠋ᠠᠷ ᠭᠣᠣᠯ ᠪᠣᠯᠭ᠋ᠠᠭᠰᠠᠨ ᠡᠷᠲᠡᠨ᠎ᠤ ᠣᠷᠳᠣᠨ᠎ᠤ ᠳᠠᠭᠤᠤ ᠪᠠᠶ᠋ᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠳᠤᠰ᠎ᠤᠨ ᠬᠠᠩᠭᠢᠨ ᠬᠣᠰᠢᠭᠤᠨ᠎ᠤ ᠭᠣᠣᠯ ᠳᠠᠭ᠋ᠠᠤ ᠣᠷᠣᠨ ᠵᠶ᠋ᠠᠷ ᠤᠯᠠᠮᠵᠢᠯᠠᠭᠳᠠᠵᠠᠢ᠃ 2008 ᠣᠨ᠎ᠳᠤ᠂ ᠣᠷᠳᠣᠰ᠎ᠤᠨ ᠬᠦᠷᠦ ᠳᠠᠭᠤᠤ᠎ᠨᠢ ᠤᠯᠤᠰ᠎ᠤᠨ ᠲᠠᠰ᠎ᠤᠨ ᠬᠣᠶᠠᠳᠤᠭ᠋ᠠᠷ ᠪᠦᠯᠦᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠲᠤ ᠵᠢᠭᠰᠠᠭ᠋ᠠᠭᠳᠠᠪᠠ᠃ ᠳᠠᠭᠤᠤ ᠪᠥᠵᠢᠭᠲᠦ ᠵᠦᠴᠦᠭᠡ 《ᠬᠦᠷᠦ ᠵᠢᠨ ᠳᠠᠭᠤᠤ》᠎ᠨᠢ ᠭᠤᠤᠯ ᠪᠠᠭ᠋ᠠᠲᠤᠷ ᠺᠦᠪᠴᠢᠩᠤᠨ ᠪᠢᠴᠢᠬᠠᠨ ᠬᠤᠨ ᠭᠠᠯᠠᠭᠤ ᠵᠢ ᠭᠡᠮᠲᠦᠭᠡᠭᠰᠡᠨ᠎ᠠᠴᠠ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠣᠶ᠋ᠢᠯᠠᠭ᠋ᠠᠭᠰᠠᠨ ᠲᠡᠭᠦᠰ ᠰᠠᠶ᠋ᠢᠬᠠᠨ ᠬᠤᠪᠢᠰᠤᠯᠲᠠ ᠬᠦᠷᠲᠡᠯ᠎ᠡ᠂ ᠠᠮᠢ ᠠᠬᠤᠶ ᠵᠢᠨ ᠳᠠᠯᠳᠠ ᠵᠦᠢ᠍ᠷᠯᠡᠯ ᠵᠶ᠋ᠠᠷ ᠥᠯᠢᠭᠡᠷ᠎ᠤᠨ ᠰᠤᠳᠠᠰᠤ ᠪᠣᠯᠭ᠋ᠠᠵᠤ᠂ ᠬᠦᠷᠦ ᠵᠢᠨ ᠳᠠᠭᠤᠤ᠎ᠪᠠᠷ ᠬᠦᠦᠷᠨᠢᠬᠦ ᠠᠴᠢᠶᠠᠯᠠᠭᠴᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠵᠢᠴᠢ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠥᠯᠢᠭᠡᠷ᠎ᠤᠨ ᠳᠣᠲᠣᠭ᠋ᠠᠳᠤ ᠴᠥᠮ᠎ᠡ ᠵᠢ ᠢᠯᠡᠷᠡᠭᠦᠯᠦᠭᠰᠡᠨ ᠪᠠᠶ᠋ᠢᠨ᠎ᠠ᠂ ᠲᠤᠰ ᠵᠦᠴᠦᠭᠡ᠎ᠨᠢ ᠳᠠᠭᠤᠤ ᠪᠥᠵᠢᠭᠲᠦ ᠵᠦᠴᠦᠭᠡ ᠵᠢᠨ ᠤᠷᠠᠯᠢᠭ᠎ᠤᠨ ᠢᠯᠡᠷᠡᠭᠦᠯᠬᠦ ᠬᠡᠯᠪᠡᠷᠢ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠲᠦᠭᠡᠯᠴᠢ᠎ᠪᠠᠷ ᠣᠨᠳᠣᠣᠰᠢᠭᠤᠯᠬᠤ ᠪᠠ ᠪᠦᠲᠦᠭᠡᠯᠴᠢ᠎ᠪᠠᠷ ᠬᠥᠭᠵᠢᠭᠦᠯᠬᠦ ᠵᠢ ᠠᠬᠢᠭᠤᠯᠵᠤ᠂ ᠰᠣᠳᠣᠨ ᠤᠳᠬ᠎ᠠ ᠤᠷᠠᠯᠢᠭ᠎ᠤᠨ ᠪᠦᠲᠦᠭᠡᠯ ᠵᠶ᠋ᠠᠷ ᠰᠣᠶᠣᠯ᠎ᠤᠨ ᠰᠢᠨ᠎ᠡ ᠪᠡᠯᠭᠡ ᠳᠡᠮᠳᠡᠭ᠎ᠢ ᠡᠭᠦᠳᠴᠦ᠂ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ᠂ ᠳᠤᠮᠳᠠᠳᠤ ᠵᠢᠨ ᠰᠣᠶᠣᠯ᠎ᠤᠨ ᠰᠤᠳᠠᠰᠤ ᠵᠢ ᠵᠠᠯᠭ᠋ᠠᠮᠵᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠯᠢᠬᠡᠷ᠎ᠢ ᠰᠠᠶ᠋ᠢᠲᠤᠷ ᠶᠠᠷᠢᠬᠤ ᠵᠢᠨ ᠲᠥᠯᠥᠭᠡ ᠶᠤᠮ᠃

ᠣᠶ᠋ᠢᠯᠠᠭ᠋ᠠᠭᠰᠠᠨ ᠵᠶ᠋ᠠᠷ᠂ ᠳᠠᠭᠤᠤ ᠪᠥᠵᠢᠭᠲᠦ ᠵᠦᠴᠦᠭᠡ 《ᠬᠦᠷᠦ ᠳᠠᠭᠤᠤ》 ᠵᠢᠨ ᠲᠣᠭᠯᠠᠭᠴᠢ ᠨᠡᠶ᠋ᠢᠲᠡ 100 ᠭᠠᠷᠤᠶ ᠬᠥᠮᠦᠨ ᠪᠣᠶ᠂ ᠡᠭᠦᠨ᠎ᠳᠤ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠵᠦᠢ᠍ᠯᠡᠰ ᠪᠣᠯᠬᠤ ᠣᠷᠳᠣᠰ᠎ᠤᠨ ᠬᠦᠷᠦ ᠳᠠᠭᠤᠤ ᠵᠢᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠭᠤᠷᠪᠡᠰᠡᠷ ᠪᠠᠶ᠋ᠢᠬᠤ ᠪᠥᠭᠡᠳ ᠪᠠᠰᠠ ᠨᠠᠷᠠᠲᠤ ᠲᠣᠭᠯᠠᠭᠴᠢ ᠵᠣᠣ ᠯᠸᠢ᠂ ᠵᠢᠶ ᠲᠦᠤᠤ᠂ ᠴᠠᠰᠤᠨ᠎ᠠ ᠵᠢᠴᠢ ᠭᠤᠤᠯ ᠲᠠᠯᠠᠪᠠᠶ ᠵᠢᠨ ᠳᠠᠭᠤᠴᠢᠨ ᠴᠡᠩᠬᠡᠷ ᠣᠷᠣᠯᠴᠠᠵᠠᠶ᠃ ᠲᠤᠰ ᠵᠦᠴᠦᠭᠡ ᠪᠦᠲᠦᠴᠡ ᠵᠢᠨ ᠵᠢᠷᠤᠭ ᠲᠥᠯᠥᠪᠯᠡᠭᠡ᠎ᠳᠡᠭᠡᠨ ᠭ᠋ᠷᠧᠭ᠎ᠤᠨ ᠰᠢ ᠵᠦᠴᠦᠭᠡ ᠵᠢᠨ ᠳᠣᠲᠣᠷᠠᠬᠢ ᠳᠠᠭᠤᠤ ᠵᠢᠨ ᠠᠩᠭᠢ ᠵᠢᠨ ᠬᠡᠯᠪᠡᠷᠢ ᠵᠢ ᠤᠷᠠᠨ ᠵᠶ᠋ᠠᠷ ᠲᠣᠯᠢᠯᠠᠵᠤ᠂ ᠬᠦᠷᠦ ᠳᠠᠭᠤᠤ ᠭᠡᠬᠦ ᠡᠨᠡ ᠬᠦ᠌ ᠡᠷᠲᠡᠨ᠎ᠤ ᠤᠷᠠᠯᠢᠭ᠎ᠤᠨ ᠬᠡᠯᠪᠡᠷᠢ᠎ᠨᠢ ᠤᠤᠯ᠎ᠤᠨ ᠬᠡᠪ ᠨᠠᠮᠪᠠ᠎ᠪᠠᠨ ᠬᠠᠳᠠᠭ᠋ᠠᠯᠠᠭᠰᠠᠨ ᠵᠶ᠋ᠠᠷ ᠪᠠᠷᠠᠬᠤ ᠦᠭᠡᠶ ᠪᠠᠰᠠ ᠲᠡᠭᠦᠨ᠎ᠳᠤ ᠰᠢᠨ᠎ᠡ ᠴᠠᠭ ᠦᠶ᠎ᠡ ᠵᠢᠨ ᠤᠷᠠᠯᠢᠭ᠎ᠤᠨ ᠦᠨ᠎ᠡ ᠥᠷᠲᠡᠭ ᠣᠯᠭᠣᠭᠰᠠᠨ ᠪᠠᠶ᠋ᠢᠨ᠎ᠠ᠃ ᠢᠯᠡᠳᠬᠡᠬᠦ ᠬᠡᠯᠪᠡᠷᠢ ᠵᠢᠨ ᠬᠤᠪᠢ᠎ᠳᠤ᠂ ᠠᠵᠢᠯ ᠲᠥᠷᠥᠯ ᠠᠯᠤᠰᠯᠠᠨ ᠨᠡᠶ᠋ᠢᠯᠡᠭᠦᠯᠬᠦ ᠠᠷᠭ᠎ᠠ ᠪᠠᠷᠢᠯ᠎ᠢ ᠬᠡᠷᠡᠭᠯᠡᠨ᠂ ᠠᠷᠭ᠎ᠠ ᠪᠢᠯᠢᠭ (ᠬᠡᠷᠡᠯ ᠪᠠ ᠰᠡᠭᠦᠳᠡᠷ) ᠲᠠᠶ᠋ᠢᠰᠠᠨ᠎ᠤ ᠰᠢᠨ᠎ᠡ ᠵᠢ ᠡᠭᠦᠳᠦᠨ ᠲᠥᠯᠥᠪᠯᠡᠵᠦ᠂ ᠡᠳᠦᠷ ᠰᠥᠨᠢ ᠵᠢᠨ ᠬᠡᠭᠡᠨ ᠪᠠᠷᠠᠭ᠋ᠠᠨ᠎ᠤ ᠰᠣᠯᠢᠭᠳᠠᠯ ᠵᠡᠷᠭᠡ ᠬᠠᠷᠠᠭ᠋ᠠᠨ ᠰᠡᠷᠡᠯ᠎ᠤᠨ ᠰᠣᠯᠢᠭᠳᠠᠯ ᠵᠶ᠋ᠠᠷ ᠳᠡᠮᠵᠢᠨ᠂ ᠨᠢᠭᠡ ᠲᠣᠭᠯᠠᠭᠴᠢ ᠵᠢ ᠵᠡᠷᠭᠡ᠎ᠪᠠᠷ ᠳᠠᠪᠬᠤᠷ ᠳᠦᠷᠢ ᠵᠢ ᠲᠣᠭᠯᠠᠭᠤᠯᠵᠤ᠂ ᠭᠤᠤᠯ ᠪᠠᠭ᠋ᠠᠲᠤᠷ᠎ᠤᠨ ᠡᠬᠡ ᠵᠢ ᠨᠠᠩ ᠤᠷᠠᠨ ᠵᠶ᠋ᠠᠷ ᠨᠢᠭᠡᠨ ᠰᠢᠯᠢᠳᠡᠭ ᠡᠷᠲᠡᠨ᠎ᠤ ᠳᠠᠭᠤᠤ ᠵᠢᠨ ᠤᠯᠠᠮᠵᠢᠯᠠᠭᠴᠢ ᠪᠣᠯᠭ᠋ᠠᠨ ᠲᠣᠭᠲᠠᠭ᠋ᠠᠵᠤ᠂ ᠵᠦᠴᠦᠭᠡ ᠵᠢᠨ ᠦᠢ᠍ᠯᠡ ᠶᠠᠪᠤᠳᠠᠯ᠎ᠤᠨ ᠬᠥᠮᠦᠨ ᠬᠢᠭᠡᠳ ᠡᠷᠲᠡᠨ᠎ᠤ ᠳᠠᠭᠤᠤ ᠵᠢᠨ ᠬᠣᠭᠣᠷᠣᠨᠳᠣ ᠰᠢᠭᠤᠳ ᠬᠣᠯᠪᠣᠭᠳᠠᠬᠤ ᠴᠢᠨᠠᠷ᠎ᠢ ᠪᠠᠶ᠋ᠢᠭᠤᠯᠪᠠ᠃

ᠪᠥᠵᠢᠭᠲᠦ ᠵᠦᠴᠦᠭᠡ 《ᠬᠦᠷᠦ ᠵᠢᠨ ᠳᠠᠭᠤᠤ》 ᠵᠢᠨ ᠤᠳᠤᠷᠢᠳᠤᠭ᠋ᠠᠴᠢ ᠴᠠᠭᠳᠠᠷᠰᠦ᠋ᠷᠦᠩ᠄ 《ᠬᠦᠷᠦ ᠳᠠᠭᠤᠤ᠎ᠨᠢ ᠮᠢᠩᠭ᠋ᠠᠨ ᠣᠨ ᠤᠯᠠᠮᠵᠢᠯᠠᠭᠳᠠᠭᠰᠠᠨ ᠤᠯᠠᠮᠵᠢᠯᠠᠯᠲᠤ ᠳᠠᠭᠤᠤ ᠬᠥᠭᠵᠢᠮ ᠪᠣᠯᠤᠭᠰᠠᠨ᠎ᠤ ᠬᠤᠪᠢ᠎ᠳᠤ᠂ ᠡᠨᠡ ᠬᠦ᠌ ᠬᠠᠯᠠᠭᠤᠨ ᠬᠥᠷᠥᠰᠥᠨ᠎ᠳᠤ ᠭᠦᠨ ᠦᠨᠳᠦᠰᠦᠯᠡᠵᠦ᠂ ᠡᠨᠳᠡᠬᠢ ᠡᠯᠡᠰᠦ ᠮᠠᠩᠬ᠎ᠠ᠂ ᠠᠭᠤᠯᠠ ᠤᠰᠤ᠂ ᠲᠠᠯ᠎ᠠ ᠨᠤᠲᠤᠭ ᠵᠢᠴᠢ ᠠᠷᠠᠳ ᠲᠦᠮᠡᠨ᠎ᠲᠠᠢ ᠨᠢᠭᠡ ᠴᠣᠭᠴᠠ ᠪᠤᠯᠵᠤ᠂ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠂ ᠠᠮᠢ ᠠᠬᠤᠢ᠂ ᠠᠮᠢ ᠨᠠᠰᠤ᠂ ᠤᠷᠠᠯᠢᠭ ᠭᠡᠰᠡᠨ ᠬᠣᠯᠪᠣᠭ᠋ᠠᠰᠤ ᠪᠣᠯᠤᠭᠰᠠᠨ ᠪᠠᠶ᠋ᠢᠨ᠎ᠠ᠃ ᠪᠢᠳᠡ ᠵᠢᠯ ᠭᠠᠷᠤᠢ ᠵᠢᠨ ᠬᠤᠭᠤᠴᠠᠭ᠋ᠠᠨ᠎ᠳᠤ ᠡᠷᠲᠡᠨ᠎ᠤ ᠳᠠᠭᠤᠤ ᠵᠢᠨ ᠰᠣᠶᠣᠯ᠎ᠤᠨ ᠠᠭᠤᠯᠬᠤᠨ᠎ᠢ ᠭᠦᠨᠵᠡᠭᠡᠢ ᠠᠭᠤᠳᠠᠯᠵᠤ᠂ ᠴᠠᠭ ᠦᠶ᠎ᠡ ᠵᠢᠨ ᠠᠬᠤᠢ ᠪᠠᠶ᠋ᠢᠳᠠᠯ᠂ ᠬᠦᠭ ᠠᠶ᠋ᠢᠵᠠᠮ ᠪᠣᠯᠤᠨ ᠰᠢᠯᠦᠭ ᠳᠠᠭᠤᠯᠠᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠬᠦᠷᠦ ᠳᠠᠭᠤᠤ ᠪᠣᠯᠤᠨ ᠬᠠᠩᠭᠢᠨᠤ ᠠᠮᠢ ᠠᠬᠤᠢ ᠰᠣᠶᠣᠯ᠎ᠤᠨ ᠬᠣᠯᠪᠣᠭ᠋ᠠᠰᠤ ᠴᠡᠭ᠎ᠢ ᠣᠨᠣᠪᠴᠢᠲᠠᠢ ᠡᠷᠢᠨ ᠣᠯᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠠᠨᠠᠷ᠎ᠤᠨ ᠦᠷ᠎ᠡ ᠰᠢᠭ ᠡᠭᠡ ᠤᠯᠤᠰ᠎ᠤᠨ ᠤᠮᠠᠷᠠᠲᠤ ᠬᠢᠯᠢ ᠵᠢ ᠬᠠᠮᠲᠤ᠎ᠪᠠᠷ ᠪᠦᠳᠦᠭᠡᠨ ᠪᠠᠶ᠋ᠢᠭᠤᠯᠬᠤ ᠠᠮᠢᠳᠤᠯᠢᠭ ᠵᠢᠷᠤᠭ᠎ᠢ ᠢᠯᠡᠷᠡᠭᠦᠯᠪᠡ᠃》

《ᠡᠨᠡ ᠤᠳᠠᠭ᠎ᠠ ᠵᠢᠨ ᠳᠠᠭᠤᠤ ᠪᠥᠵᠢᠭᠲᠦ ᠵᠦᠴᠦᠭᠡ ᠵᠢ ᠠᠩᠬ᠎ᠠ ᠤᠳᠠᠭ᠎ᠠ ᠠᠮᠵᠢᠯᠲᠠ᠎ᠲᠠᠢ ᠲᠣᠭᠯᠠᠭᠰᠠᠨ᠎ᠳᠠᠭᠠᠨ ᠪᠢᠳᠡ ᠮᠠᠰᠢ ᠣᠮᠣᠭᠰᠢᠵᠤ ᠪᠠᠶ᠋ᠢᠨ᠎ᠠ᠃ ᠦᠵᠡᠭᠴᠢᠳ ᠳᠠᠭᠤᠯᠠᠯᠲᠤ ᠵᠦᠴᠦᠭᠡ 〈ᠡᠨᠡ ᠴᠣᠩᠬᠣ〉᠎ᠪᠠᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠣᠶ᠋ᠢᠯᠠᠭ᠋ᠠᠵᠤ ᠬᠠᠶ᠋ᠢᠷᠠᠯᠠᠬᠤ ᠵᠢ ᠬᠦᠰᠡᠵᠦ ᠪᠠᠶ᠋ᠢᠨ᠎ᠠ᠃ ᠪᠢᠳᠡ ᠨᠢᠭᠲᠠ᠎ᠠᠴᠠ ᠨᠢᠭᠲᠠ ᠪᠠᠶ᠋ᠢᠬᠤ ᠣᠪᠣᠷ ᠵᠶ᠋ᠠᠷ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠦᠷᠦᠬᠦ ᠵᠢ ᠢᠮᠠᠭᠲᠠ ᠪᠠᠷᠢᠮᠲᠠᠯᠠᠵᠤ᠂ ᠳᠠᠭᠤᠯᠠᠯᠲᠤ ᠵᠦᠴᠦᠭᠡ 《ᠬᠦᠷᠦ ᠳᠠᠭᠤᠤ》 ᠵᠢ ᠨᠡᠩ ᠥᠷᠭᠡᠨ ᠠᠭᠤᠳᠠᠮ ᠵᠠᠬ᠎ᠠ ᠳᠡᠯᠭᠡᠭᠦᠷ᠎ᠲᠤ ᠭᠠᠷᠭ᠋ᠠᠬᠤ ᠪᠣᠯᠭ᠋ᠠᠨ᠎ᠠ ᠭᠡᠵᠦ ᠬᠠᠩᠭᠢᠨ ᠬᠣᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠢᠯᠡᠷᠬᠡᠢ᠌ᠯᠡᠪᠡ᠃
ᠣᠶ᠋ᠢᠯᠠᠭ᠋ᠠᠭᠰᠠᠨ ᠵᠶ᠋ᠠᠷ᠂ 《ᠤᠮᠠᠷᠠᠲᠤ ᠬᠢᠯᠢ ᠵᠢᠨ ᠰᠣᠶᠣᠯ᠎ᠤᠨ ᠳᠤᠯᠠᠭ᠋ᠠᠨ ᠬᠣᠲᠠ ᠵᠢᠨ ᠤᠷᠠᠨ ᠰᠠᠶ᠋ᠢᠬᠠᠨ》 ᠤᠳᠬ᠎ᠠ ᠤᠷᠠᠯᠢᠭ᠎ᠤᠨ ᠰᠣᠳᠣᠨ ᠵᠦᠴᠦᠭᠡ ᠵᠢᠨ ᠲᠣᠭᠯᠠᠯᠲᠠ ᠵᠢᠨ ᠨᠢᠭᠡ ᠬᠡᠰᠡᠭ ᠪᠣᠯᠤᠭᠰᠠᠨ᠎ᠤ ᠬᠤᠪᠢ᠎ᠳᠤ᠂ ᠠᠩᠬ᠎ᠠ ᠲᠣᠭᠯᠠᠯᠲᠠ ᠵᠢᠨ ᠳᠠᠷᠠᠭ᠎ᠠ᠂ 《ᠬᠦᠷᠦ ᠳᠠᠭᠤᠤ》 ᠵᠢ ᠪᠠᠰᠠ ᠣᠷᠳᠣᠰ᠎ᠤᠨ ᠶᠡᠬᠡ ᠲᠢᠶᠠᠲᠷ᠂ ᠬᠠᠩᠭᠢᠨ ᠬᠣᠰᠢᠭᠤᠨ᠎ᠤ ᠺᠢᠨᠣ᠋ ᠵᠦᠴᠦᠭᠡ ᠵᠢᠨ ᠲᠢᠶᠠᠲᠷ ᠵᠡᠷᠭᠡ ᠭᠠᠵᠠᠷ᠎ᠲᠤ ᠲᠣᠭᠯᠠᠬᠤ ᠵᠢᠨ ᠬᠠᠮᠲᠤ ᠪᠥᠬᠥ ᠤᠯᠤᠰ᠎ᠲᠤ ᠲᠣᠭᠣᠷᠢᠨ ᠲᠣᠭᠯᠠᠯᠲᠠ ᠭᠠᠷᠭ᠋ᠠᠬᠤ᠎ᠪᠠᠷ ᠲᠥᠯᠥᠪᠯᠡᠵᠦ᠂ 《ᠵᠦᠴᠦᠭᠡ ᠰᠣᠨᠢᠷᠬᠠᠬᠤ + ᠪᠡᠶᠡᠴᠢᠯᠡᠨ ᠣᠶ᠋ᠢᠯᠠᠭ᠋ᠠᠬᠤ + ᠰᠤᠳᠤᠯᠤᠨ ᠰᠤᠷᠤᠯᠴᠠᠬᠤ》 ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠵᠠᠭᠪᠤᠷ ᠵᠶ᠋ᠠᠷ ᠳᠠᠮᠵᠢᠭᠤᠯᠤᠨ᠂ ᠬᠠᠩᠭᠢᠨ ᠬᠣᠰᠢᠭᠤᠨ᠎ᠤ ᠬᠦᠷᠦ ᠳᠠᠭᠤᠤ ᠤᠷᠠᠯᠢᠭ᠎ᠤᠨ ᠤᠷᠤᠯᠳᠤᠭ᠋ᠠᠨ᠂ ᠬᠥᠪᠴᠢ ᠵᠢᠨ ᠡᠯᠡᠰᠦᠨ᠎ᠤ ᠠᠮᠢ ᠠᠬᠤᠶ ᠵᠢᠨ ᠵᠢᠭᠤᠯᠴᠢᠯᠠᠯ᠂ ᠲᠠᠯ᠎ᠠ ᠨᠤᠲᠤᠭ᠎ᠤᠨ ᠨᠠᠭ᠋ᠠᠳᠤᠮ ᠵᠡᠷᠭᠡ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠢ ᠬᠣᠯᠪᠣᠭ᠋ᠠᠯᠠᠨ ᠬᠥᠳᠡᠯᠦᠯᠴᠡᠵᠦ᠂ 《ᠰᠣᠶᠣᠯ + ᠵᠢᠭᠤᠯᠴᠢᠯᠠᠯ + ᠠᠮᠢ ᠠᠬᠤᠶ》 ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠤᠮᠠᠷᠠᠲᠤ ᠬᠢᠯᠢ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠲᠠᠰ ᠳᠡᠪᠰᠢᠬᠦ᠎ᠳᠤ ᠬᠦᠴᠦᠨ ᠨᠡᠮᠡᠷᠢᠯᠡᠨ᠎ᠡ᠃