ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠤᠮᠠᠷᠠᠲᠤ᠎ᠶᠢᠨ ᠰᠣᠶᠣᠯ
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ | ᠥᠪᠥᠷ ᠮᠣᠩᠭᠣᠯ᠄ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠴᠣᠭᠴᠠᠯᠠᠵᠤ᠂ ᠡᠯᠡᠰᠦ ᠵᠢ ᠵᠠᠰᠠᠬᠤ ᠬᠡᠪ ᠳᠠᠭᠤᠷᠢᠶᠠᠯ ᠪᠣᠯᠣᠨ᠎ᠠ!
ᠨᠡᠶ᠋ᠢᠲᠡᠯᠡᠭᠰᠡᠨ ᠴᠠᠭ᠄ 2025-04-14

    ᠪᠠᠳᠠᠢ ᠵᠢᠨ ᠵᠢᠷᠠᠨ᠂ ᠲᠡᠭᠷᠢ ᠡᠯᠡᠰᠦ᠂ ᠤᠯᠠᠭ᠋ᠠᠨᠪᠤᠬ᠎ᠠ ᠭᠤᠷᠪᠠᠨ ᠶᠡᠬᠡ ᠡᠯᠡᠰᠦᠨ ᠴᠦᠯ᠎ᠤᠨ ᠥᠷᠭᠡᠵᠢᠨ ᠨᠡᠢ᠌ᠯᠡᠬᠦ ᠵᠢ ᠪᠦᠲᠦᠮᠵᠢᠲᠡᠢ ᠬᠣᠷᠢᠭᠯᠠᠬᠤ ᠵᠢᠨ ᠲᠥᠯᠥᠭᠡ᠂ ᠠᠯᠠᠱ᠌ᠠ ᠠᠢ᠌ᠮᠠᠭ᠎ᠤᠨ 2025 ᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠲᠦᠷᠦᠯ ᠵᠦᠢ᠍ᠯ ᠬᠢᠭᠡᠳ ᠭᠤᠷᠪᠠᠨ ᠶᠡᠬᠡ ᠡᠯᠡᠰᠦᠨ ᠴᠥᠯ᠎ᠤᠨ ᠵᠠᠬ᠎ᠠ ᠵᠢ ᠴᠢᠳᠦᠷᠯᠡᠬᠦ ᠣᠢ ᠡᠪᠡᠰᠦᠨ᠎ᠤ ᠪᠦᠰᠡ ᠵᠢ ᠪᠦᠬᠦ ᠲᠠᠯ᠎ᠠ᠎ᠪᠠᠷ ᠬᠣᠯᠪᠣᠬᠤ ᠠᠵᠢᠯ ᠣᠢ᠌ᠷ᠎ᠠ ᠵᠢᠨ ᠡᠳᠦᠷ ᠵᠢᠩᠬᠢᠨᠢ᠎ᠪᠠᠷ ᠡᠬᠢᠯᠡᠪᠡ᠂ ᠡᠨᠡ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠨ ᠶᠡᠬᠡ ᠡᠯᠡᠰᠦᠨ ᠴᠥᠯ᠎ᠤᠨ ᠵᠠᠬ᠎ᠠ ᠵᠢ ᠴᠢᠳᠦᠷᠯᠡᠬᠦ ᠣᠢ ᠡᠪᠡᠰᠦᠨ᠎ᠤ ᠪᠦᠰᠡ ᠵᠢ ᠪᠦᠬᠦ ᠲᠠᠯ᠎ᠠ᠎ᠪᠠᠷ ᠬᠣᠯᠪᠣᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠡᠬᠢᠯᠡᠭᠰᠡᠨ᠎ᠢ ᠬᠠᠷᠠᠭᠤᠯᠵᠤ ᠪᠤᠢ᠂ ᠡᠨᠡ᠎ᠨᠢ ᠮᠥᠨ ᠴᠦ᠍ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠵᠠᠩᠭᠢᠯᠠᠭ᠎ᠠ ᠪᠣᠯᠬᠤ ᠳᠠᠢ᠌ᠯᠠᠯᠳᠤᠭ᠋ᠠᠨ ᠪᠣᠯᠣᠨ᠎ᠠ᠃


111.png

    ᠲᠣᠰ ᠤᠳᠠᠭ᠋ᠠᠨ᠎ᠤ ᠠᠵᠢᠯ ᠡᠬᠢᠯᠡᠭᠦᠯᠬᠦ ᠶᠣᠰᠣᠯᠠᠯ᠎ᠳᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ 11 ᠲᠥᠷᠥᠯ ᠵᠦᠢ᠍ᠯ᠎ᠢ ᠡᠬᠢᠯᠡᠨ ᠪᠠᠢ᠌ᠭᠤᠯᠵᠤ᠂ ᠶᠡᠷᠦᠩᠬᠡᠢ ᠪᠦᠲᠦᠭᠡᠨ ᠪᠠᠢ᠌ᠭᠤᠯᠤᠯᠲᠠ ᠵᠢᠨ ᠡᠭᠦᠷᠭᠡ 343.8 ᠲᠦᠮᠡᠨ ᠮᠦ᠍᠎ᠳᠤ ᠬᠦᠷᠴᠡᠢ᠂ ᠡᠭᠦᠨ᠎ᠳᠤ ᠬᠠᠲᠤᠨ ᠭᠣᠣᠯ᠎ᠤᠨ ᠶᠡᠬᠡ ᠲᠣᠬᠣᠢ ᠵᠢᠨ ᠣᠷᠣᠨ ᠬᠡᠰᠡᠭ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ 30.5 ᠲᠦᠮᠡᠨ ᠮᠦ᠍᠂ ᠾᠧᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠬᠥᠪᠡᠭᠡ ᠵᠠᠬ᠎ᠠ ᠵᠢᠨ ᠣᠷᠣᠨ ᠬᠡᠰᠡᠭ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ 313.3 ᠲᠦᠮᠡᠨ ᠮᠦ᠍ ᠪᠠᠢ᠌ᠵᠤ᠂ ᠡᠨᠡ ᠵᠢᠯ 170.9 ᠲᠦᠮᠡᠨ ᠮᠦ᠍ ᠵᠢᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠬᠦ ᠪᠣᠯᠣᠨ᠎ᠠ᠃

22.jpg

     ᠠᠯᠠᠱ᠌ᠠ ᠠᠢ᠌ᠮᠠᠭ᠎ᠤᠨ 2025 ᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠲᠦᠷᠦᠯ ᠵᠦᠢ᠍ᠯ᠎ᠤᠨ ᠲᠤᠬᠠᠢ ᠵᠢᠨ ᠲᠠᠯᠠᠪᠠᠢ᠎ᠳᠤ᠂ ᠠᠵᠢᠯᠴᠢᠳ ᠡᠪᠡᠰᠦᠨ᠎ᠤ ᠳᠥᠷᠪᠡᠯᠵᠢ ᠬᠠᠯᠬᠠᠪᠴᠢ ᠳᠡᠪᠢᠰᠴᠦ ᠪᠠᠢ᠌ᠭ᠎ᠠ᠎ᠨᠢ᠃ ᠰᠤᠷᠪᠤᠯᠵᠢᠯᠠᠭᠴᠢ ᠫᠠᠨ ᠵᠢᠶᠠ ᠬᠤᠢ ᠰᠡᠭᠦᠳᠡᠷᠯᠡᠪᠡ

    ᠡᠭᠦᠨ᠎ᠠᠴᠠ ᠭᠠᠳᠠᠨ᠎ᠠ᠂ ᠾᠧᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠬᠥᠪᠡᠭᠡ ᠵᠠᠬ᠎ᠠ ᠵᠢ ᠬᠣᠷᠢᠭᠯᠠᠬᠤ ᠳᠠᠢ᠌ᠯᠠᠯᠳᠤᠭ᠋ᠠ᠊᠊ᠨ ᠎ᠤ ᠣᠷᠣᠨ᠎ᠳᠤ᠂ ᠠᠯᠠᠱ᠌ᠠ ᠠᠢ᠌ᠮᠠᠭ ᠭᠤᠷᠪᠠᠨ ᠶᠡᠬᠡ ᠡᠯᠡᠰᠦᠨ ᠴᠥᠯ᠎ᠤᠨ ᠵᠠᠬ᠎ᠠ ᠵᠢ ᠴᠢᠳᠦᠷᠯᠡᠬᠦ ᠣᠢ ᠡᠪᠡᠰᠦᠨ᠎ᠤ ᠪᠦᠰᠡ ᠵᠢ ᠬᠣᠯᠪᠣᠬᠤ ᠳᠠᠢ᠌ᠯᠠᠯᠳᠤᠭ᠋ᠠᠨ᠎ᠢ ᠡᠬᠢᠯᠡᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ᠎ᠬᠢᠨ᠎ᠤ ᠤᠯᠠᠨ ᠲᠦᠮᠡᠨ᠎ᠢ ᠥᠷᠭᠡᠨ ᠵᠶ᠋ᠠᠷ ᠲᠠᠶ᠋ᠢᠴᠢᠯᠠᠵᠦ᠂ ᠬᠣᠶᠠᠷ ᠰᠠᠷ᠎ᠠ ᠵᠢᠨ ᠬᠤᠭᠤᠴᠠᠭ᠎ᠠ᠎ᠲᠠᠢ 《ᠲᠦᠮᠡᠨ ᠬᠥᠮᠥᠨ᠎ᠤ ᠮᠣᠳᠣ ᠲᠠᠷᠢᠵᠤ ᠨᠣᠭᠣᠭ᠋ᠠᠷᠠᠭᠤᠯᠬᠤ ᠶᠡᠬᠡ ᠳᠠᠢ᠌ᠯᠠᠯᠳᠤᠭ᠋ᠠᠨ》᠎ᠢ ᠡᠬᠢᠯᠡᠭᠦᠯᠦᠨ᠂ 3000 ᠮᠦ᠍ ᠣᠢ᠌ᠵᠢᠭᠤᠯᠵᠤ ᠨᠣᠭᠣᠭ᠋ᠠᠷᠠᠭᠤᠯᠬᠤ ᠡᠭᠦᠷᠭᠡ ᠵᠢ ᠪᠡᠶᠡᠯᠡᠭᠦᠯᠬᠦ᠎ᠪᠠᠷ ᠲᠥᠯᠥᠪᠯᠡᠵᠦ ᠪᠤᠢ᠃

33.png

    ᠡᠨᠡ᠎ᠨᠢ 2025 ᠣᠨ᠎ᠤ ᠥᠪᠥᠷ ᠮᠣᠩᠭᠣᠯ᠎ᠤᠨ ᠨᠥᠯᠥᠭᠡᠯᠡᠬᠦ ᠬᠦᠴᠦᠨ᠎ᠲᠠᠢ ᠨᠢᠭᠡ ᠪᠦᠯᠦᠭ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠨᠢᠭᠡ ᠪᠣᠯᠣᠨ᠎ᠠ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠬᠤᠷᠳᠤᠴᠠ ᠪᠠ ᠲᠠᠯᠠᠪᠠᠢ ᠵᠢ ᠱᠠᠭ᠋ᠠᠷᠳᠠᠬᠤ᠎ᠪᠠᠷ ᠪᠠᠷᠠᠬᠤ ᠦᠭᠡᠢ᠂ ᠨᠡᠩ ᠴᠤ᠌ ᠶᠠᠰᠤ ᠴᠢᠨᠠᠷ ᠪᠠ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠢ᠃

44.png
   

    ᠬᠠᠲᠤᠨ ᠭᠣᠣᠯ᠎ᠤᠨ 《ᠶᠡᠬᠡ ᠲᠣᠬᠣᠢ》 ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠣᠷᠣᠨ

    ᠣᠷᠳᠣᠰ᠂ ᠪᠠᠶᠠᠨᠨᠠᠭᠤᠷ ᠵᠡᠷᠭᠡ ᠭᠠᠵᠠᠷ᠎ᠤᠨ᠎ᠬᠢᠨ ᠴᠠᠭ᠋ᠠᠨ ᠰᠠᠷ᠎ᠠ᠎ᠠᠴᠠ ᠬᠣᠢ᠌ᠰᠢ ᠡᠯ᠎ᠡ ᠵᠦᠢ᠍ᠯ᠎ᠤᠨ ᠪᠡᠯᠡᠳᠬᠡᠯ ᠠᠵᠢᠯ ᠵᠶ᠋ᠠᠨ ᠱᠠᠯᠠᠪᠳᠠᠨ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠡᠯᠡᠰᠦ ᠵᠢ ᠵᠠᠰᠠᠬᠤ᠂ ᠮᠧᠬᠠᠨᠢᠭ ᠵᠶ᠋ᠠᠷ ᠡᠯᠡᠰᠦ ᠵᠢ ᠵᠠᠰᠠᠬᠤ ᠵᠢ ᠶᠡᠬᠡ ᠎ᠪᠠᠷ ᠠᠬᠢᠭᠤᠯᠵᠤ᠂ ᠡᠯᠡᠰᠦ ᠵᠢ ᠵᠠᠰᠠᠬᠤ ᠦᠷ᠎ᠡ ᠪᠦᠲᠦᠮᠵᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠵᠢᠨ ᠳᠠᠭ᠋ᠠᠤ ᠪᠠᠰᠠ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ᠎ᠢ ᠰᠠᠢ᠌ᠲᠤᠷ ᠲᠥᠯᠥᠪᠵᠢᠭᠦᠯᠦᠨ᠂ ᠡᠯᠡᠰᠦ ᠵᠢ ᠵᠠᠰᠠᠭᠰᠠᠨ ᠲᠤᠷᠰᠢᠯᠭ᠎ᠠ᠎ᠨᠤᠭᠤᠳ ᠵᠶ᠋ᠠᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠠᠵᠠᠷ ᠣᠷᠣᠨ᠎ᠳᠤ ᠳᠡᠯᠭᠡᠷᠡᠭᠦᠯᠬᠦ᠎ᠪᠠᠷ ᠴᠢᠷᠮᠠᠢ᠌ᠵᠤ ᠪᠤᠢ᠃

55.jpg

    ᠣᠷᠳᠣᠰ ᠬᠤᠳᠠ ᠵᠢᠨ ᠦᠦᠰᠢᠨ ᠬᠣᠰᠢᠭᠤᠨ᠎ᠤ ᠦᠦᠰᠢᠨᠵᠤᠤ ᠪᠠᠯᠭ᠋ᠠᠰᠤ ᠵᠢᠨ ᠪᠦᠷᠢᠳᠦ ᠭᠠᠴᠠᠭ᠋ᠠᠨ᠎ᠤ ᠡᠯᠡᠰᠦ ᠵᠢ ᠵᠠᠰᠠᠬᠤ ᠲᠦᠷᠦᠯ ᠵᠦᠢ᠍ᠯ᠎ᠤᠨ ᠲᠤᠬᠠᠢ ᠵᠢᠨ ᠲᠠᠯᠠᠪᠠᠢ᠎ᠳᠤ᠂ ᠵᠢᠯᠣᠭᠣᠴᠢ ᠦᠭᠡᠢ ᠨᠢᠰᠬᠡᠯ ᠵᠶ᠋ᠠᠷ ᠴᠢᠬᠢ ᠮᠣᠳᠣ ᠵᠢ ᠳᠡᠭᠦᠵᠢᠯᠡᠨ ᠵᠥᠭᠡᠭᠡᠪᠦᠷᠢᠯᠡᠵᠦ᠂ ᠡᠯᠡᠰᠦ ᠵᠢ ᠵᠠᠰᠠᠬᠤ ᠦᠷ᠎ᠡ ᠠᠰᠢᠭ ᠵᠶ᠋ᠠᠨ ᠳᠡᠭᠡᠭᠰᠢᠯᠡᠭᠦᠯᠵᠦ ᠪᠤᠢ᠃ ᠢᠦᠢ ᠵᠢᠶᠧ ᠮᠧᠩ ᠰᠡᠭᠦᠳᠡᠷᠯᠡᠪᠡ

    ᠣᠷᠳᠣᠰ ᠬᠤᠳᠠ ᠵᠢᠨ ᠬᠥᠪᠴᠢ ᠵᠢᠨ ᠡᠯᠡᠰᠦᠨ ᠴᠦᠯ᠎ᠤᠨ ᠬᠣᠢ᠌ᠲᠤ ᠵᠠᠬ᠎ᠠ᠎ᠳᠠᠬᠢ ᠬᠠᠲᠣᠨ ᠭᠣᠣᠯ ᠳᠠᠭ᠋ᠠᠤ 420 ᠺᠢᠯᠣᠮᠧᠲᠷ᠎ᠤᠨ ᠡᠯᠡᠰᠦ ᠵᠢᠨ ᠵᠠᠬ᠎ᠠ ᠵᠢ ᠴᠢᠳᠦᠷᠯᠡᠬᠦ ᠤᠢ ᠵᠢᠨ ᠪᠦᠲᠦᠭᠡᠨ ᠪᠠᠢ᠌ᠭᠤᠯᠤᠯᠲᠠ ᠰᠢᠢ᠍ᠳᠪᠦᠷᠢᠲᠦ ᠳᠠᠢ᠌ᠯᠠᠯᠳᠤᠭ᠋ᠠᠨ᠎ᠤ ᠬᠤᠭᠤᠴᠠᠭ᠋ᠠᠨ᠎ᠳᠤ ᠣᠷᠣᠵᠤ᠂ ᠡᠯ᠎ᠡ ᠬᠠᠮᠢᠶ᠎ᠠ ᠪᠦᠬᠦᠢ ᠭᠠᠵᠠᠷ ᠣᠷᠣᠨ᠎ᠤ᠎ᠬᠢᠨ ᠭᠠᠵᠠᠷ ᠬᠡᠰᠡᠭ᠎ᠤᠨ ᠲᠥᠯᠦᠪᠵᠢᠭᠦᠯᠭᠡ᠂ ᠡᠳ᠋ ᠪᠣᠳᠠᠰ᠎ᠤᠨ ᠨᠥᠭᠡᠴᠡ ᠪᠠ ᠬᠥᠮᠥᠨ᠎ᠤ ᠬᠦᠴᠦᠨ᠎ᠤ ᠲᠤᠰᠠᠯᠠᠮᠵᠢ ᠵᠢ ᠤᠷᠢᠳᠴᠢᠯᠠᠨ ᠰᠠᠢ᠌ᠲᠤᠷ ᠨᠠᠢ᠌ᠳᠠᠪᠤᠷᠢᠵᠢᠭᠤᠯᠵᠤ᠂ ᠵᠢᠱ᠌ᠢᠯᠲᠡ᠎ᠪᠠᠷ ᠡᠨᠡ ᠵᠢᠯ᠎ᠤᠨ 6 ᠳ᠋ᠤᠭ᠋ᠠᠷ ᠰᠠᠷ᠎ᠠ᠎ᠳᠤ ᠲᠡᠦᠬᠡᠲᠦ ᠴᠢᠨᠠᠷᠲᠠᠢ ᠬᠣᠯᠪᠣᠨ ᠵᠠᠯᠭ᠋ᠠᠭᠤᠯᠬᠤ ᠵᠢ ᠪᠡᠶᠡᠯᠡᠭᠦᠯᠬᠦ ᠪᠣᠯᠣᠨ᠎ᠠ᠃

66.jpg

     ᠠᠵᠢᠯᠴᠢᠳ ᠳ᠋ᠧᠩᠺᠧᠦ ᠰᠢᠶᠠᠨ᠎ᠤ ᠤᠯᠠᠭ᠋ᠠᠨᠪᠤᠬ᠎ᠠ ᠡᠯᠡᠰᠦᠨ ᠴᠦᠯ᠎ᠤᠨ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠰᠠᠭᠤᠷᠢᠨ ᠭᠠᠵᠠᠷ᠎ᠲᠤ ᠡᠯᠡᠰᠦᠨ᠎ᠤ ᠬᠠᠯᠬᠠᠪᠴᠢ ᠦᠢ᠍ᠯᠡᠳᠴᠦ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠬᠠᠩᠭ᠋ᠠᠭᠰᠠᠨ ᠵᠢᠷᠤᠭ

    ᠪᠠᠶᠠᠨᠨᠠᠭᠤᠷ ᠬᠤᠲᠠ᠎ᠳᠤ᠂ ᠡᠯ᠎ᠡ ᠬᠣᠰᠢᠭᠤ ᠰᠢᠶᠠᠨ ᠲᠣᠭᠣᠷᠢᠭ ᠵᠡᠷᠭᠡ ᠭᠠᠵᠠᠷ᠎ᠲᠠᠬᠢ ᠬᠠᠯᠬᠠᠪᠴᠢ᠎ᠪᠠᠷ ᠡᠯᠡᠰᠦ ᠵᠢ ᠲᠣᠭᠲᠠᠪᠤᠷᠢᠵᠢᠭᠤᠯᠬᠤ᠂ ᠮᠠᠭᠤᠳᠠᠭᠰᠠᠨ ᠨᠤᠭᠤ ᠭᠠᠵᠠᠷ᠎ᠢ ᠵᠠᠰᠠᠨ ᠰᠡᠷᠭᠦᠭᠡᠬᠦ᠂ ᠮᠠᠭᠤᠳᠠᠭᠰᠠᠨ ᠤᠢ ᠰᠢᠭᠤᠢ ᠵᠢ ᠵᠠᠰᠠᠨ ᠰᠡᠷᠭᠦᠭᠡᠬᠦ᠂ ᠰᠠᠯᠬᠢᠨ ᠬᠦᠴᠦᠨ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠳ᠎ᠤᠨ ᠠᠵᠢᠯ᠎ᠢ ᠵᠠᠯᠭ᠋ᠠᠭ᠎ᠠ᠎ᠪᠠᠷ ᠡᠬᠢᠯᠡᠭᠦᠯᠦᠨ᠂ ᠡᠨᠡ ᠵᠢᠯ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ 400 ᠲᠦᠮᠡᠨ ᠮᠦ᠍᠎ᠠᠴᠠ ᠳᠡᠭᠡᠭᠰᠢ ᠪᠡᠶᠡᠯᠡᠭᠦᠯᠬᠦ᠎ᠪᠠᠷ ᠲᠥᠯᠥᠪᠯᠡᠵᠦ᠂ 《ᠭᠡᠷᠡᠯᠴᠢ ᠴᠡᠨᠡᠭ + ᠬᠠᠪᠲᠠᠰᠤᠨ ᠳᠣᠣᠷᠠᠬᠢ ᠣᠯᠠᠨ ᠬᠡᠪ ᠵᠠᠭᠪᠤᠷ》᠎ᠤᠨ ᠵᠠᠰᠠᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠤᠯᠠᠭ᠋ᠠᠨᠪᠤᠬ᠎ᠠ ᠡᠯᠡᠰᠦᠨ ᠴᠥᠯ᠎ᠤᠨ ᠵᠡᠭᠦᠨ ᠵᠠᠬ᠎ᠠ ᠵᠢᠨ ᠰᠠᠯᠬᠢ ᠵᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ 400 ᠭᠠᠵᠠᠷ᠎ᠤᠨ ᠪᠦᠰᠡ ᠵᠡᠷᠭᠡ 6 ᠶᠡᠬᠡ ᠪᠡᠯᠭᠡ ᠲᠡᠮᠳᠡᠭ᠎ᠤᠨ ᠴᠢᠨᠠᠷᠲᠠᠢ ᠭᠣᠣᠯᠳᠠᠯᠭ᠎ᠠ ᠪᠣᠯᠬᠤ ᠢᠨᠵᠧᠨᠧᠷᠢᠩ᠎ᠢ ᠪᠠᠢ᠌ᠭᠤᠯᠵᠤ᠂ ᠬᠠᠲᠤᠨ ᠭᠣᠣᠯ᠎ᠤᠨ 《ᠶᠡᠬᠡ ᠲᠣᠬᠣᠢ》 ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠴᠢᠬᠤᠯᠠ ᠶᠡᠬᠡ ᠠᠮᠵᠢᠯᠲᠠ ᠣᠯᠬᠤ ᠵᠢ ᠪᠥᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ ᠪᠠᠢ᠌ᠨ᠎ᠠ᠃

ᠬᠣᠷᠴᠢᠨ ᠪᠠ ᠬᠤᠯᠠᠨ ᠰᠢᠷ᠎ᠠ ᠳᠠᠭ᠎ᠠ ᠵᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠢ᠌ᠯᠠᠯᠳᠤᠭ᠋ᠠᠨ᠎ᠤ ᠣᠷᠣᠨ

    ᠬᠡᠳᠦᠢ᠌ᠪᠡᠷ ᠭᠠᠵᠠᠷ ᠪᠦᠷᠢᠮᠦᠰᠦᠨ ᠭᠡᠰᠦᠭᠡᠳᠦᠢ ᠪᠣᠯᠪᠠᠴᠤ᠂ ᠤᠯᠠᠭ᠋ᠠᠨᠬᠠᠳᠠ ᠬᠤᠲᠠ᠂ ᠰᠢᠯᠢ ᠵᠢᠨ ᠭᠣᠣᠯ ᠠᠢ᠌ᠮᠠᠭ ᠵᠡᠷᠭᠡ ᠭᠠᠵᠠᠷ᠎ᠤᠨ᠎ᠬᠢᠨ ᠨᠢᠭᠡᠨᠲᠡ ᠤᠷᠢᠳᠴᠢᠯᠠᠨ ᠪᠡᠯᠡᠳᠬᠡᠵᠦ ᠡᠬᠢᠯᠡᠪᠡ᠃

77.jpg

    ᠰᠢᠯᠢ ᠵᠢᠨ ᠭᠣᠣᠯ ᠠᠢ᠌ᠮᠠᠭ᠎ᠤᠨ ᠰᠢᠯᠤᠭᠤᠨ ᠬᠥᠬᠡ ᠬᠣᠰᠢᠭᠤᠨ᠎ᠤ ᠰᠠᠶ᠋ᠢᠨᠬᠤᠳᠳᠤᠭ ᠰᠤᠮᠤ ᠵᠢᠨ ᠴᠠᠭ᠋ᠠᠨ᠌ᠣ᠋ᠪᠣᠭ᠎ᠠ ᠭᠠᠴᠠᠭ᠋ᠠᠨ᠎ᠤ ᠬᠣᠵᠤᠤᠯ᠎ᠠ ᠬᠢᠷᠭ᠋ᠠᠬᠤ ᠠᠵᠢᠯ᠎ᠤᠨ ᠲᠤᠬᠠᠢ ᠵᠢᠨ ᠲᠠᠯᠠᠪᠠᠢ᠎ᠳᠤ ᠠᠵᠢᠯᠴᠢᠳ ᠶᠠᠭ᠋ᠠᠷᠠᠯᠲᠠᠢ ᠠᠵᠢᠯᠯᠠᠵᠤ ᠪᠤᠷᠭ᠋ᠠᠰᠤ ᠲᠡᠭᠡᠭᠡᠪᠦᠷᠢᠯᠡᠵᠦ ᠪᠠᠢ᠌ᠭ᠎ᠠ᠎ᠨᠢ᠃ ᠵᠠᠩ ᠯᠦ᠍ ᠰᠡᠭᠦᠳᠡᠷᠯᠡᠪᠡ

    2025 ᠣᠨ᠎ᠳᠤ ᠰᠢᠯᠢ ᠵᠢᠨ ᠭᠣᠣᠯ ᠠᠢ᠌ᠮᠠᠭ᠎ᠤᠨ᠎ᠬᠢᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ᠎ᠤ ᠬᠡᠮᠵᠢᠶ᠎ᠡ᠎ᠪᠠᠷ ᠨᠣᠭᠣᠭ᠋ᠠᠷᠠᠭᠤᠯᠤᠯᠲᠠ᠎ᠪᠠᠨ ᠲᠣᠭᠲᠠᠭ᠋ᠠᠬᠤ ᠵᠢ ᠪᠠᠷᠢᠮᠲᠠᠯᠠᠨ᠂ ᠤᠰᠤ ᠠᠷᠪᠢᠯᠠᠬᠤ ᠠᠵᠢᠯᠯᠠᠭ᠋ᠠᠨ᠎ᠢ ᠬᠡᠷᠡᠭᠵᠢᠭᠦᠯᠵᠦ᠂ ᠤᠷᠮᠠᠰᠢᠭᠤᠯᠬᠤ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠣᠯᠭᠣᠯᠲᠠ᠎ᠪᠠᠷ ᠲᠡᠳᠬᠦᠮᠵᠢ ᠵᠢ ᠣᠷᠣᠯᠠᠭᠤᠯᠬᠤ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠮᠠᠯᠴᠢᠨ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠎ᠳᠤ ᠭᠦᠨᠵᠡᠭᠡᠢ ᠣᠷᠣᠯᠴᠠᠭᠤᠯᠤᠨ᠂ ᠵᠢᠯ᠎ᠤᠨ ᠳᠣᠲᠣᠷ᠎ᠠ 566 ᠲᠦᠮᠡᠨ ᠮᠦ᠍ ᠡᠯᠡᠰᠦᠷᠬᠡᠭ ᠭᠠᠵᠠᠷ᠎ᠢ ᠵᠠᠰᠠᠬᠤ ᠡᠭᠦᠷᠭᠡ ᠵᠢ ᠪᠡᠶᠡᠯᠡᠭᠦᠯᠬᠦ ᠪᠣᠯᠣᠨ᠎ᠠ᠃

88.jpg

    ᠺᠠᠳ᠋ᠷ ᠤᠯᠠᠨ ᠲᠦᠮᠡᠨ ᠤᠯᠠᠭ᠋ᠠᠨᠬᠠᠳᠠ ᠬᠤᠳᠠ ᠵᠢᠨ ᠠᠤᠬᠠᠨ ᠬᠣᠰᠢᠭᠤᠨ᠎ᠤ ᠬᠢᠵᠠᠭ᠋ᠠᠷ᠎ᠲᠠᠬᠢ ᠬᠣᠷᠴᠢᠨ᠎ᠤ ᠡᠯᠡᠰᠦᠷᠬᠡᠭ ᠭᠠᠵᠠᠷ᠎ᠲᠤ ᠡᠯᠡᠰᠦ ᠵᠢ ᠲᠣᠭᠲᠠᠪᠤᠷᠢᠵᠢᠭᠤᠯᠬᠤ ᠠᠵᠢᠯ ᠬᠢᠵᠦ ᠪᠠᠢ᠌ᠭ᠎ᠠ᠎ᠨᠢ᠃

    ᠤᠯᠠᠭ᠋ᠠᠨᠬᠠᠳᠠ ᠬᠤᠲᠠ ᠵᠢᠨ ᠣᠩᠨᠢᠭᠤᠳ ᠬᠣᠰᠢᠭᠤ 103 ᠲᠦᠮᠡᠨ ᠮᠦ᠍ ᠵᠢᠨ ᠠᠮᠢ ᠠᠬᠤᠢ ᠵᠢᠨ ᠵᠠᠰᠠᠯᠲᠠ ᠵᠢ ᠪᠡᠶᠡᠯᠡᠭᠦᠯᠬᠦ ᠪᠣᠯᠣᠨ᠎ᠠ᠂ ᠡᠭᠦᠨ᠎ᠳᠤ 33 ᠲᠦᠮᠡᠨ ᠮᠦ᠍ ᠡᠯᠡᠰᠦ ᠵᠢ ᠵᠠᠰᠠᠵᠤ᠂ 70 ᠲᠦᠮᠡᠨ ᠮᠦ᠍ ᠵᠢ ᠪᠡᠬᠢᠵᠢᠭᠦᠯᠦᠨ ᠰᠠᠢ᠌ᠵᠢᠷᠠᠭᠤᠯᠵᠤ᠂ ᠡᠯᠡᠰᠦ ᠲᠤᠭᠤᠯᠬᠤ ᠵᠠᠰᠠᠮᠠᠯ ᠵᠠᠮ᠎ᠢ ᠰᠢᠨ᠎ᠡ᠎ᠪᠠᠷ 3 ᠪᠠᠢ᠌ᠭᠤᠯᠵᠤ᠂ 《ᠵᠠᠮ ᠵᠶ᠋ᠠᠷ ᠡᠯᠡᠰᠦ ᠵᠢ ᠵᠠᠰᠠᠬᠤ》 ᠬᠡᠪ ᠵᠠᠭᠪᠤᠷ᠎ᠢ ᠦᠷᠭᠦᠯᠵᠢᠯᠡᠨ ᠳᠡᠯᠭᠡᠷᠡᠭᠦᠯᠦᠨ᠎ᠡ᠃

    ᠠᠤᠬᠠᠨ ᠬᠣᠰᠢᠭᠤᠨ᠎ᠤ ᠲᠣᠰ ᠤᠳᠠᠭ᠋ᠠᠨ᠎ᠤ ᠰᠥᠨᠥᠭᠡᠯᠲᠡ ᠵᠢᠨ ᠳᠠᠢ᠌ᠯᠠᠯᠳᠤᠭ᠋ᠠᠨ᠎ᠳᠤ 《ᠬᠠᠯᠬᠠᠪᠴᠢ᠎ᠪᠠᠷ ᠡᠯᠡᠰᠦ ᠵᠢ ᠲᠣᠭᠲᠠᠪᠤᠷᠢᠵᠢᠭᠤᠯᠬᠤ + ᠠᠮᠢᠳᠤ ᠪᠣᠳᠠᠰ ᠵᠶ᠋ᠠᠷ ᠦᠨᠳᠦᠰᠦ ᠵᠢ᠎ᠨᠢ ᠪᠡᠬᠢᠵᠢᠭᠦᠯᠬᠦ》 ᠬᠡᠪ ᠵᠠᠭᠪᠤᠷ᠎ᠢ ᠬᠡᠷᠡᠭᠯᠡᠨ᠂ ᠨᠡᠭᠦᠳᠡᠯ ᠮᠠᠩᠬ᠎ᠠ᠎ᠲᠠᠢ ᠭᠠᠵᠠᠷ᠎ᠲᠤ᠂ ᠰᠠᠯᠬᠢᠨ᠎ᠤ ᠡᠷᠴᠢ ᠵᠢᠨ ᠰᠥᠷᠭᠡᠦ ᠡᠯᠡᠰᠦᠨ᠎ᠤ ᠳᠥᠷᠪᠡᠯᠵᠢ ᠬᠠᠯᠬᠠᠪᠴᠢ ᠳᠡᠪᠢᠰᠴᠦ ᠡᠯᠡᠰᠦᠨ ᠭᠠᠳᠠᠷᠭᠤ ᠵᠢ ᠪᠡᠬᠢᠯᠡᠨ ᠲᠣᠭᠲᠠᠭ᠋ᠠᠵᠤ᠂ ᠰᠠᠯᠬᠢ ᠡᠯᠡᠰᠦ ᠵᠢ ᠲᠣᠭᠲᠠᠪᠤᠷᠢᠵᠢᠭᠤᠯᠤᠭᠰᠠᠨ᠎ᠤ ᠳᠠᠷᠠᠭ᠎ᠠ ᠭᠠᠩ ᠬᠠᠭᠰᠠᠷᠠᠭ᠋ᠠᠨ᠎ᠳᠤ ᠲᠡᠰᠪᠦᠷᠢᠲᠡᠢ ᠨᠤᠲᠤᠭ᠎ᠤᠨ ᠮᠣᠳᠣ ᠵᠢ ᠳᠠᠷᠢᠨ᠎ᠠ; ᠮᠣᠳᠣ ᠲᠠᠷᠢᠬᠤ ᠣᠷᠴᠢᠨ ᠨᠥᠬᠥᠴᠡᠯ ᠵᠶ᠋ᠠᠷ ᠨᠡᠯᠢᠶᠡᠳ ᠰᠠᠢ᠌ᠨ ᠣᠷᠣᠨ ᠪᠦᠰᠡ᠎ᠳᠤ ᠬᠠᠢ᠌ᠯᠠᠷ ᠨᠠᠷᠠᠰᠤ᠂ ᠬᠤᠨᠢᠨ ᠠᠷᠴᠠ ᠵᠡᠷᠭᠡ ᠲᠤᠷᠤᠭ ᠮᠣᠳᠣ ᠲᠠᠷᠢᠵᠤ ᠣᠢ᠌ᠵᠢᠭᠤᠯᠬᠤ ᠵᠢ ᠬᠡᠷᠡᠭᠵᠢᠭᠦᠯᠵᠦ᠂ 《ᠤᠷᠢᠳ ᠵᠶ᠋ᠠᠷ ᠲᠣᠭᠲᠠᠪᠤᠷᠢᠵᠢᠭᠤᠯᠵᠤ ᠳᠠᠷᠠᠭ᠎ᠠ᠎ᠨᠢ ᠨᠣᠭᠣᠭ᠋ᠠᠷᠠᠭᠤᠯᠬᠤ》 ᠠᠮᠢ ᠠᠬᠤᠢ ᠵᠢᠨ ᠰᠡᠷᠭᠦᠭᠡᠯᠲᠡ ᠵᠢᠨ ᠴᠥᠷᠬᠡᠯᠡᠨ ᠠᠵᠢᠯᠯᠠᠬᠤ ᠵᠢ ᠪᠡᠶᠡᠯᠡᠭᠦᠯᠬᠦ᠎ᠪᠠᠷ ᠴᠢᠷᠮᠠᠢ᠌ᠨ᠎ᠠ᠃

99.jpg

    ᠤᠷᠤᠭᠰᠢᠯᠠᠯᠲᠠ ᠵᠢᠨ ᠪᠦᠷᠢᠶ᠎ᠡ ᠬᠠᠩᠭᠢᠨᠠᠨ ᠴᠤᠤᠷᠢᠶᠠᠲᠤᠬᠤᠶ᠎ᠠ

    ᠠᠶᠠᠨ᠎ᠤ ᠵᠠᠮ᠎ᠳᠤ᠎ᠪᠠᠨ ᠠᠯᠠᠪᠬᠢᠨ ᠮᠣᠷᠳᠠᠨᠠᠮ

    ᠥᠪᠥᠷ ᠮᠣᠩᠭᠣᠯ ᠮᠠᠨᠢ ᠦᠷᠭᠦᠯᠵᠢᠯᠡᠨ ᠥᠴᠥᠬᠡᠨ ᠴᠦ᠍ ᠭᠤᠢ᠌ᠪᠢᠰᠢ ᠦᠭᠡᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠰ ᠰᠢᠭᠤᠷᠬᠠᠢ᠎ᠪᠠᠷ ᠬᠦᠨᠳᠦ ᠡᠭᠦᠷᠭᠡ ᠵᠢ ᠳᠠᠭ᠋ᠠᠵᠤ ᠲᠦᠷᠦᠭᠦᠯᠡᠨ ᠠᠵᠢᠯᠯᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠡᠷᠴᠢᠮ ᠰᠠᠢ᠌ᠲᠠᠢ ᠲᠦᠯᠬᠢᠨ ᠠᠬᠢᠭᠤᠯᠤᠨ᠎ᠠ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠳᠤ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠪᠥᠬᠦ ᠬᠦᠴᠦᠨ ᠵᠶ᠋ᠠᠷ ᠵᠶ᠋ᠠᠨ ᠭᠠᠪᠰᠢᠭ᠋ᠠᠢ᠌ᠯᠠᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠠᠮᠢ ᠠᠬᠤᠢ ᠵᠢᠨ ᠬᠠᠯᠬᠠᠪᠴᠢ ᠵᠢ ᠨᠡᠩ ᠪᠠᠲᠤ ᠪᠡᠬᠢ ᠪᠣᠯᠭ᠋ᠠᠬᠤ᠎ᠪᠠᠷ ᠴᠢᠷᠮᠠᠢ᠌ᠨ᠎ᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            