ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠤᠮᠠᠷᠠᠲᠤ᠎ᠶᠢᠨ ᠰᠣᠶᠣᠯ
《ᠠᠶᠠᠯᠭᠤᠲᠤ ᠵᠢᠭᠤᠯᠴᠢᠯᠠᠯ ᠥᠪᠥᠷ ᠮᠣᠩᠭᠤᠯ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠲᠤ ᠣᠴᠢᠬᠤᠢ》 ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠲᠠᠨᠢᠯᠴᠠᠭᠤᠯᠭ᠎ᠠ ᠵᠢᠨ ᠠᠵᠢᠯᠯᠠᠭ᠎ᠠ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2025-04-07

    3 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠠᠩᠬᠠᠢ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠤᠯᠪᠣᠭ᠋ᠠᠯᠠᠨ ᠡᠷᠭᠢᠯᠡᠭᠰᠡᠨ 《ᠠᠶᠠᠯᠭᠤᠲᠤ ᠵᠢᠭᠤᠯᠴᠢᠯᠠᠯ ᠥᠪᠥᠷ ᠮᠣᠩᠭᠤᠯ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠲᠤ ᠣᠴᠢᠬᠤᠢ》 ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠲᠠᠨᠢᠯᠴᠠᠭᠤᠯᠭ᠎ᠠ ᠵᠢᠨ ᠠᠵᠢᠯᠯᠠᠭ᠎ᠠ ᠱᠠᠩᠬᠠᠢ ᠵᠢᠨ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠲᠠᠬᠢ ᠳ᠋ᠢᠭᠢᠳ᠋ᠴᠢᠯᠡᠭᠰᠡᠨ ᠵᠣᠴᠢᠯᠠᠬᠤ ᠲᠢᠩᠬᠢᠮ᠎ᠳᠤ ᠶᠠᠪᠤᠭᠳᠠᠪᠠ᠃ ᠰᠣᠶᠣᠯ ᠵᠢᠭᠤᠯᠴᠢᠯᠠᠯ᠎ᠤᠨ ᠲᠢᠩᠬᠢᠮ᠎ᠤᠨ᠎ᠬᠢᠨ 《ᠴᠡᠴᠡᠭ᠎ᠤᠨ ᠴᠢᠮᠡᠭᠡ ᠵᠢ ᠰᠠᠯᠬᠢᠨ ᠳᠠᠮᠵᠢᠭᠤᠯᠤᠮᠤᠢ ᠥᠪᠥᠷ ᠮᠣᠩᠭᠤᠯ᠎ᠳᠠᠬᠢ ᠬᠠᠪᠤᠷ᠎ᠤᠨ ᠪᠣᠯᠵᠤᠭ᠎ᠠ᠎ᠳᠤ ᠬᠠᠮᠲᠤ᠎ᠪᠠᠷ ᠣᠴᠢᠶ᠎ᠠ》 ᠭᠡᠰᠡᠨ ᠵᠶ᠋ᠠᠷ ᠭᠤᠣᠯ ᠰᠡᠳᠦᠪ ᠪᠣᠯᠭ᠋ᠠᠨ ᠬᠠᠪᠤᠷ᠎ᠤᠨ ᠤᠯᠠᠷᠢᠯ᠎ᠤᠨ ᠵᠢᠭᠤᠯᠴᠢᠯᠠᠯ᠎ᠤᠨ ᠲᠠᠨᠢᠯᠴᠠᠭᠤᠯᠭ᠎ᠠ ᠥᠷᠨᠢᠭᠦᠯᠪᠡ; ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ᠎ᠬᠢᠨ ᠡᠯ᠎ᠡ ᠭᠠᠵᠠᠷ᠎ᠤᠨ ᠣᠨᠴᠠᠯᠢᠭᠲᠤ ᠮᠠᠯ ᠲᠠᠷᠢᠶᠠᠯᠠᠩ᠎ᠤᠨ ᠭᠠᠷᠤᠯᠲᠠ ᠪᠠ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠠᠭᠤ ᠭᠠᠷᠤᠢ ᠵᠦᠢ᠍ᠯ ᠭᠠᠷᠭ᠋ᠠᠪᠠ; ᠦᠬᠠᠢ ᠬᠤᠲᠠ᠂ ᠷᠠᠰᠢᠶᠠᠨ ᠬᠤᠲᠠ ᠵᠢᠨ᠎ᠬᠢᠨ ᠲᠣᠰ ᠲᠣᠰ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠡᠢ᠃ ᠤᠯᠠᠨ ᠠᠵᠤ ᠠᠬᠤᠶ᠋ᠢᠯᠠᠯ᠎ᠤᠳ ᠥᠪᠥᠷ ᠮᠣᠩᠭᠤᠯ᠎ᠤᠨ ᠮᠠᠯ ᠲᠠᠷᠢᠶᠠᠯᠠᠩ᠎ᠤᠨ ᠭᠠᠷᠤᠯᠲᠠ ᠵᠢᠨ ᠳᠡᠯᠭᠡᠨ ᠦᠵᠡᠭᠦᠯᠭᠡ᠎ᠳᠤ ᠣᠷᠣᠯᠴᠠᠭᠰᠠᠨ ᠲᠠᠯ᠎ᠠ ᠵᠢᠨ᠎ᠬᠢᠨ᠎ᠯᠦᠭᠡ᠎ᠯᠤᠭ᠎ᠠ ᠬᠤᠳᠠᠯᠳᠤᠨ ᠠᠪᠬᠤ ᠰᠠᠨᠠᠮᠵᠢ ᠲᠣᠬᠢᠷᠠᠯᠴᠠᠵᠤ᠂ ᠮᠠᠨ᠎ᠤ ᠣᠷᠣᠨ ᠬᠢᠭᠡᠳ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠠᠵᠤ ᠠᠬᠤᠶ᠋ᠢᠯᠠᠯ᠎ᠯᠤᠭ᠎ᠠ 7 ᠵᠦᠢ᠍ᠯ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠵᠤ᠂ ᠰᠣᠶᠣᠯ ᠵᠢᠭᠤᠯᠴᠢᠯᠠᠯ᠎ᠤᠨ ᠭᠠᠳᠠᠭ᠋ᠠᠳᠤ ᠤᠬᠠᠭᠤᠯᠭ᠎ᠠ᠂ ᠳ᠋ᠠᠶ᠋ᠢᠲ᠋ᠠ᠎ᠪᠠᠷ ᠳᠣᠣᠷ᠎ᠠ ᠠᠭ᠋ᠠᠷ᠎ᠤᠨ ᠠᠵᠤ ᠠᠬᠤᠢ ᠵᠢ ᠡᠷᠴᠢᠮᠯᠡᠬᠦ ᠵᠡᠷᠭᠡ ᠬᠦᠷᠢᠶ᠎ᠡ ᠵᠢ ᠬᠠᠮᠤᠷᠴᠠᠢ᠃ (ᠰᠣᠶᠣᠯ ᠪᠠ ᠵᠢᠭᠤᠯᠴᠢᠯᠠᠯ᠎ᠤᠨ ᠲᠢᠩᠬᠢᠮ)

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            