ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠤᠮᠠᠷᠠᠲᠤ᠎ᠶᠢᠨ ᠰᠣᠶᠣᠯ
《5 . 19 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》 ᠰᠢᠯᠢ ᠵᠢᠨ ᠭᠤᠤᠯ ᠠᠶ᠋ᠢᠮᠠᠭ᠎ᠤᠨ 《ᠥᠪᠥᠷ ᠮᠣᠩᠭᠣᠯ》 ᠮᠣᠩᠭᠣᠯ ᠮᠣᠷᠢᠨ᠎ᠤ ᠬᠡᠲᠦ ᠬᠣᠯᠪᠣᠭ᠋ᠠᠲᠤ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2025-05-19

    5 ᠳ᠋ᠤᠭ᠋ᠠᠷ ᠰᠠᠷ᠎ᠠ ᠵᠢᠨ 19᠎ᠤ ᠡᠳᠦᠷ᠂ ᠠᠷᠪᠠᠨ ᠲᠠᠪᠤᠳᠠᠬᠢ 《ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》 ᠬᠦᠷᠴᠦ ᠢᠷᠡᠬᠦ ᠲᠠᠰᠢᠷᠠᠮ ᠵᠶ᠋ᠠᠷ᠂ 2025 ᠣᠨ᠎ᠤ ᠰᠢᠯᠢ ᠵᠢᠨ ᠭᠤᠤᠯ ᠠᠶ᠋ᠢᠮᠠᠭ᠎ᠤᠨ ᠮᠣᠩᠭᠣᠯ ᠮᠣᠷᠢᠨ᠎ᠤ ᠬᠡᠲᠦ ᠬᠣᠯᠪᠣᠭ᠋ᠠᠲᠤ ᠤᠷᠤᠯᠳᠤᠭ᠋ᠠᠨ ᠳᠣᠯᠣᠨ ᠨᠤᠤᠷ ᠰᠢᠶᠠᠨ᠎ᠳᠤ ᠵᠢᠩᠬᠢᠨᠢ᠎ᠪᠠᠷ ᠡᠬᠢᠯᠡᠪᠡ᠃

2669d20bcdf44891a98255e27029d5f6.jpg

    ᠡᠬᠢᠯᠡᠯᠲᠡ ᠵᠢᠨ ᠶᠣᠰᠣᠯᠠᠯ ᠳᠡᠭᠡᠷ᠎ᠡ᠂ ᠰᠢᠯᠢ ᠵᠢᠨ ᠭᠤᠤᠯ ᠠᠶ᠋ᠢᠮᠠᠭ ᠮᠣᠩᠭᠣᠯ ᠮᠣᠷᠢᠨ᠎ᠤ ᠲᠠᠰ᠎ᠠᠴᠠ ᠳᠠᠪᠠᠭᠰᠠᠨ ᠬᠣᠯᠪᠣᠭ᠋ᠠᠲᠤ ᠤᠷᠤᠯᠳᠤᠭ᠋ᠠᠨ᠎ᠤ 3 ᠶᠡᠬᠡ ᠰᠢᠰᠲ᠋ᠧᠮ᠎ᠤᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠲᠥᠪᠯᠡᠷᠡᠭᠦᠯᠦᠨ ᠨᠡᠶ᠋ᠢᠲᠡᠯᠡᠪᠡ᠂ ᠡᠭᠦᠨ᠎ᠳᠤ ᠪᠠᠷᠢᠮᠵᠢᠶᠠᠵᠢᠭᠤᠯᠤᠭᠰᠠᠨ ᠭᠡᠷᠡᠴᠢᠯᠡᠯ᠎ᠤᠨ ᠰᠢᠰᠲ᠋ᠧᠮ᠎ᠨᠢ ᠮᠣᠩᠭᠣᠯ ᠮᠣᠷᠢᠨ᠎ᠤ ᠤᠷᠤᠯᠳᠤᠭ᠋ᠠᠨ᠎ᠳᠤ 《ᠴᠢᠨᠠᠷ ᠴᠢᠨᠰᠠᠭ᠎ᠠ ᠵᠢᠨ ᠬᠡᠮᠵᠢᠭᠦᠷ》 ᠭᠠᠷᠭ᠋ᠠᠪᠠ; ᠪᠠᠷᠢᠮᠵᠢᠶᠠᠵᠢᠭᠰᠠᠨ ᠮᠣᠷᠢᠲᠤ ᠴᠡᠷᠢᠭ᠎ᠤᠨ ᠰᠢᠰᠲ᠋ᠧᠮ ᠲᠠᠯ᠎ᠠ ᠨᠤᠲᠤᠭ᠎ᠤᠨ ᠵᠢᠭᠤᠯᠴᠢᠯᠠᠯ᠎ᠤᠨ 《ᠠᠮᠤᠷ ᠲᠦᠪᠰᠢᠨ ᠲᠠᠭ᠋ᠠᠯᠠᠮᠵᠢᠲᠠᠶ ᠰᠢᠨ᠎ᠡ ᠣᠶ᠋ᠢᠯᠠᠭ᠋ᠠᠯᠲᠠ》 ᠵᠢ ᠪᠣᠶ ᠪᠣᠯᠭ᠋ᠠᠪᠠ; ᠳᠥᠷᠪᠡᠳᠦᠭᠡᠷ ᠳᠡᠰ᠎ᠤᠨ ᠬᠣᠯᠪᠣᠭ᠋ᠠᠲᠤ ᠤᠷᠤᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠨᠢ 《ᠲᠠᠯ᠎ᠠ ᠨᠤᠲᠤᠭ᠎ᠤᠨ ᠤᠷᠤᠯᠳᠤᠭ᠋ᠠᠨ + ᠪᠦᠬᠦ ᠤᠯᠤᠰ᠎ᠤᠨ ᠳᠠᠮᠵᠢᠭᠤᠯᠭ᠎ᠠ》 ᠵᠢᠨ ᠬᠣᠣᠰ ᠬᠥᠳᠡᠯᠭᠡᠭᠦᠷ᠎ᠢ ᠬᠥᠭᠵᠢᠭᠡᠨ᠎ᠡ᠃ ᠭᠤᠷᠪᠠᠨ ᠶᠡᠬᠡ ᠰᠢᠰᠲ᠋ᠧᠮ᠎ᠢ ᠨᠠᠶ᠋ᠢᠳᠠᠪᠤᠷᠢᠵᠢᠭᠤᠯᠤᠭᠰᠠᠨ᠎ᠨᠢ ᠰᠢᠯᠢ ᠵᠢᠨ ᠭᠤᠤᠯ ᠠᠶ᠋ᠢᠮᠠᠭ᠎ᠤᠨ 《ᠪᠠᠷᠢᠮᠵᠢᠶ᠎ᠠ᠎ᠪᠠᠷ ᠬᠥᠲᠥᠯᠦᠨ ᠳᠠᠭ᠋ᠠᠭᠤᠯᠬᠤ᠂ ᠶᠠᠰᠤ ᠴᠢᠨᠠᠷ᠎ᠢ ᠲᠠᠰ ᠳᠡᠪᠰᠢᠭᠦᠯᠬᠦ᠂ ᠤᠷᠤᠯᠳᠤᠭ᠋ᠠᠨ᠎ᠠᠴᠠ ᠴᠢᠳᠠᠪᠤᠷᠢ ᠣᠯᠭᠣᠬᠤ》᠎ᠪᠠᠷ ᠭᠤᠤᠯ ᠪᠣᠯᠭ᠋ᠠᠭᠰᠠᠨ ᠠᠳᠤᠭᠤᠨ᠎ᠤ ᠠᠵᠤ  ᠦᠢ᠍ᠯᠡᠰ ᠬᠢᠭᠡᠳ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠴᠣ᠌ ᠰᠢᠨ᠎ᠡ ᠱᠠᠲᠤᠨ᠎ᠳᠤ ᠤᠷᠤᠭᠰᠠᠨ᠎ᠢ ᠬᠠᠷᠠᠭᠤᠯᠵᠤ ᠪᠠᠶ᠋ᠢᠨ᠎ᠠ᠃

222222222.jpg


    ᠲᠤᠰ ᠬᠤᠭᠤᠴᠠᠭ᠋ᠠᠨ᠎ᠤ ᠮᠣᠩᠭᠣᠯ ᠮᠤᠷᠢᠨ᠎ᠤ ᠲᠡᠰ᠎ᠠᠴᠠ ᠳᠠᠪᠠᠭᠰᠠᠨ ᠬᠣᠯᠪᠣᠭ᠋ᠠᠲᠤ ᠤᠷᠤᠯᠳᠤᠭ᠋ᠠᠨ᠎ᠨᠢ ᠭᠤᠷᠪᠠᠨ ᠶᠡᠬᠡ ᠰᠢᠰᠲ᠋ᠧᠮ ᠵᠶ᠋ᠠᠷ ᠲᠤᠯᠭ᠋ᠠᠭᠤᠷᠢᠯᠠᠯ ᠪᠣᠯᠭ᠋ᠠᠵᠤ᠂ ᠮᠣᠩᠭᠣᠯ ᠮᠤᠷᠢᠨ᠎ᠤ ᠰᠣᠶᠣᠯ᠎ᠤᠨ ᠣᠨᠴᠠᠯᠢᠭ᠎ᠲᠠᠢ ᠭᠦᠨᠵᠡᠭᠡᠢ ᠤᠶᠠᠯᠳᠤᠭᠤᠯᠵᠤ᠂ ᠳᠠᠭ᠋ᠠᠭ᠋ᠠᠮᠠᠭ᠋ᠠᠢ ᠤᠷᠤᠯᠳᠤᠭ᠋ᠠᠨ᠂ ᠡᠮᠨᠢᠭ ᠰᠤᠷᠭ᠋ᠠᠬᠤ ᠤᠷᠤᠯᠳᠤᠭ᠋ᠠᠨ᠂ ᠮᠤᠷᠢᠨ ᠤᠷᠤᠯᠳᠤᠭ᠋ᠠᠨ ᠵᠡᠷᠭᠡ 8 ᠶᠡᠬᠡ ᠲᠦᠷᠦᠯ᠎ᠤᠨ ᠲᠦᠷᠦᠯ ᠵᠦᠢ᠍ᠯ᠎ᠢ ᠲᠤᠬᠢᠷᠠᠭᠤᠯᠵᠤ᠂ ᠭᠠᠴᠠᠭ᠎ᠠ (ᠲᠣᠰᠬᠣᠨ)᠂ ᠰᠤᠮᠤ (ᠰᠢᠶᠠᠩ) ᠪᠠᠯᠭ᠋ᠠᠰᠤ᠂ ᠬᠣᠰᠢᠭᠤ ᠰᠢᠶᠠᠨ ᠬᠤᠳᠠ (ᠲᠣᠭᠣᠷᠢᠭ) ᠭᠤᠷᠪᠠᠨ ᠱᠠᠲᠤᠨ᠎ᠤ ᠤᠷᠤᠯᠳᠤᠭ᠋ᠠᠨ᠎ᠨᠢ 6 ᠰᠠᠷ᠎ᠠ ᠵᠢᠨ ᠰᠡᠭᠦᠯᠴᠢ ᠪᠣᠯᠲᠠᠯ᠎ᠠ ᠶᠠᠪᠤᠭᠳᠠᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            