6 ᠳ᠋ᠤᠭ᠋ᠠᠷ ᠰᠠᠷ᠎ᠠ ᠵᠢᠨ 24᠎ᠤ ᠡᠳᠦᠷ᠂ ᠦᠵᠡᠭᠴᠢᠳ ᠬᠥᠬᠡᠬᠣᠲᠠ ᠵᠢᠨ ᠱᠤᠭᠤᠮᠠᠯ᠎ᠤᠨ ᠤᠷᠠᠯᠢᠭ᠎ᠤᠨ ᠣᠷᠳᠣᠨ᠎ᠳᠤ ᠬᠣᠶᠠᠳᠤᠭ᠋ᠠᠷ ᠬᠤᠭᠤᠴᠠᠭ᠋ᠠᠨ᠎ᠤ ᠬᠥᠬᠡᠬᠣᠲᠠ ᠵᠢᠨ ᠵᠣᠬᠢᠶᠠᠨ ᠪᠦᠲᠦᠭᠡᠬᠦ ᠬᠤᠸᠠᠷᠠᠨ᠎ᠤ ᠭᠤᠤᠯ ᠰᠡᠳᠦᠪᠲᠦ ᠱᠤᠭᠤᠮᠠᠯ᠎ᠤᠨ ᠦᠵᠡᠭᠦᠯᠭᠡ ᠵᠢ ᠲᠣᠭᠣᠷᠢᠨ ᠦᠵᠡᠪᠡ᠃

ᠣᠶ᠋ᠢᠷ᠎ᠠ᠎ᠳᠤ᠂ ᠳᠤᠮᠳᠠᠳᠤ ᠤᠯᠤᠰ᠎ᠤᠨ ᠬᠣᠲᠠ ᠵᠢᠨ ᠱᠤᠭᠤᠮᠠᠯᠴᠢᠳ᠎ᠤᠨ ᠨᠡᠶ᠋ᠢᠭᠡᠮᠯᠢᠭ ᠪᠣᠯᠤᠨ ᠬᠥᠬᠡᠬᠣᠲᠠ ᠵᠢᠨ ᠱᠤᠭᠤᠮᠠᠯ᠎ᠤᠨ ᠤᠷᠠᠯᠢᠭ᠎ᠤᠨ ᠣᠷᠳᠣᠨ᠎ᠠᠴᠠ ᠭᠤᠤᠯᠯᠠᠨ ᠡᠷᠭᠢᠯᠡᠭᠰᠡᠨ 《ᠤᠮᠠᠷᠠᠲᠤ ᠬᠢᠯᠢ ᠵᠢᠨ ᠬᠣᠶᠠᠳᠤᠭ᠋ᠠᠷ ᠬᠤᠭᠤᠴᠠᠭ᠋ᠠᠨ᠎ᠤ ᠬᠥᠬᠡᠬᠣᠲᠠ ᠵᠢᠨ ᠵᠣᠬᠢᠶᠠᠨ ᠪᠦᠲᠦᠭᠡᠬᠦ ᠬᠤᠸᠠᠷᠠᠨ᠎ᠤ ᠭᠤᠤᠯ ᠰᠡᠳᠦᠪᠲᠦ ᠱᠤᠭᠤᠮᠠᠯ᠎ᠤᠨ ᠦᠵᠡᠰᠬᠦᠯᠡᠩ》 ᠡᠬᠢᠯᠡᠪᠡ᠂ ᠦᠵᠡᠰᠬᠦᠯᠡᠩ᠎ᠳᠤ ᠤᠯᠤᠰ᠎ᠤᠨ ᠳᠣᠲᠣᠭ᠋ᠠᠳᠤ ᠵᠢᠨ 12 ᠨᠠᠷᠠᠲᠤ ᠤᠷᠠᠯᠢᠭᠴᠢᠨ᠎ᠤ 83 ᠰᠣᠳᠣᠨ ᠱᠤᠭᠤᠮᠠᠯ᠎ᠤᠨ ᠪᠦᠲᠦᠭᠡᠯ᠎ᠢ ᠳᠡᠯᠭᠡᠨ ᠦᠵᠡᠭᠦᠯᠵᠦ᠂ ᠬᠥᠬᠡᠬᠣᠲᠠ ᠵᠢᠨ ᠠᠷᠠᠳ ᠪᠠ ᠵᠤᠭ᠋ᠠᠴᠠᠭᠰᠠᠳ᠎ᠲᠤ ᠬᠠᠷᠠᠭ᠋ᠠᠨ ᠰᠡᠷᠡᠯ ᠪᠠ ᠦᠵᠡᠯ ᠰᠠᠨᠠᠭ᠋ᠠᠨ᠎ᠤ ᠠᠭᠤᠰᠤᠯᠴᠠᠯ᠎ᠤᠨ ᠵᠢᠭᠤᠯᠴᠢᠯᠠᠯ ᠬᠠᠩᠭ᠋ᠠᠵᠤ᠂ ᠦᠵᠡᠰᠬᠦᠯᠡᠩ᠎ᠨᠢ 7 ᠰᠠᠷ᠎ᠠ ᠵᠢᠨ 27᠎ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃