4 ᠰᠠᠷ᠎ᠠ᠎ᠳᠤ ᠶᠠᠪᠤᠭᠳᠠᠭᠰᠠᠨ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠲᠤᠮᠳᠠᠳᠤ ᠪᠠᠭ᠎ᠠ ᠰᠤᠷᠭ᠋ᠠᠭᠤᠯᠢ ᠵᠢᠨ ᠤᠷᠠᠯᠢᠭ᠎ᠤᠨ ᠦᠵᠡᠭᠦᠯᠭᠡ ᠵᠢᠨ ᠲᠤᠭᠯᠠᠯᠲᠠ᠎ᠳᠤ ᠪᠠᠷᠠᠭᠤᠨ ᠦᠵᠦᠮᠦᠴᠢᠨ ᠬᠤᠰᠢᠭᠤᠨ᠎ᠤ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ 《ᠲᠤᠯᠤᠭ᠎ᠠ》 ᠨᠠᠶ᠋ᠢᠷᠠᠯ ᠲᠠᠭᠤᠨ᠎ᠤ ᠪᠦᠯᠬᠦᠮ᠎ᠨᠢ 《ᠠᠮᠢᠨ ᠨᠤᠲᠤᠭ》 ᠬᠡᠬᠦ ᠨᠠᠶ᠋ᠢᠷᠠᠯ ᠲᠠᠭᠤᠤ᠎ᠪᠠᠷ ᠵᠶ᠋ᠠᠨ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠤᠨ ᠨᠢᠭᠡᠳᠦᠭᠡᠷ ᠲᠡᠰ᠎ᠤᠨ ᠱᠠᠩᠨᠠᠯ᠎ᠢ ᠬᠦᠷᠲᠡᠵᠦ᠂ ᠢᠷᠠᠭᠤ ᠴᠡᠭᠡᠯᠬᠡᠨ ᠲᠠᠭᠤᠤ ᠬᠤᠭᠤᠯᠠᠢ᠎ᠪᠠᠷ ᠵᠶ᠋ᠠᠨ ᠦᠵᠡᠭᠴᠢ ᠤᠯᠠᠨ᠎ᠤ ᠰᠤᠨᠤᠷ᠎ᠢ ᠪᠠᠶᠠᠰᠬᠠᠵᠤ᠂ ᠤᠮᠠᠷᠠᠲᠤ ᠬᠢᠯᠢ ᠵᠢᠨ ᠰᠤᠶᠤᠯ᠎ᠤᠨ ᠷᠢᠳᠢ ᠰᠢᠳᠢ ᠵᠢ ᠤᠯᠤᠰ ᠲᠠᠶᠠᠭ᠋ᠠᠷ ᠭᠠᠶ᠋ᠢᠬᠠᠭᠤᠯᠤᠭᠰᠠᠨ ᠪᠠᠶ᠋ᠢᠨ᠎ᠠ᠃ ᠨᠡᠩ ᠲᠤᠷᠠᠳᠤᠭᠤᠰᠢᠲᠠᠢ᠎ᠨᠢ ᠲᠡᠳᠠ ᠤᠷᠴᠢᠮᠬᠠᠨ ᠲᠤᠯᠤᠳᠤᠭ᠋ᠠᠷ ᠬᠤᠭᠤᠴᠠᠭ᠋ᠠᠨ᠎ᠤ ᠸᠢᠶᠧᠨᠠ ᠵᠢᠨ ᠤᠯᠠᠨ ᠤᠯᠤᠰ᠎ᠤᠨ ᠰᠤᠷᠤᠬ᠍ᠴᠢᠳ᠎ᠤᠨ ᠤᠷᠠᠯᠢᠭ᠎ᠤᠨ ᠨᠠᠶ᠋ᠢᠷ᠎ᠤᠨ ᠤᠷᠢᠯᠭ᠎ᠠ ᠵᠢᠨ ᠪᠢᠴᠢᠭ᠎ᠢ ᠲᠤᠰᠴᠤ ᠰᠤᠨᠤᠰᠤᠭᠰᠠᠨ ᠪᠤᠯᠭ᠋ᠠᠨ᠎ᠤ ᠰᠡᠳᠬᠢᠯ᠎ᠢ ᠲᠤᠭᠳᠤᠯᠤᠭᠤᠯᠤᠯᠠ᠃

《ᠲᠤᠯᠤᠭ᠎ᠠ》 ᠨᠠᠶ᠋ᠢᠷᠠᠯ ᠲᠠᠭᠤᠨ᠎ᠤ ᠪᠦᠯᠬᠦᠮ᠎ᠨᠢ 2021 ᠤᠨ᠎ᠤ 9 ᠰᠠᠷ᠎ᠠ᠎ᠳᠤ ᠪᠠᠶ᠋ᠢᠭᠤᠯᠤᠭᠳᠠᠵᠤ᠂ 2023 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠬᠢᠷᠢ ᠲᠦᠪᠰᠢᠨ ᠪᠥᠬᠦᠶ ᠨᠠᠶ᠋ᠢᠷᠠᠯ ᠲᠠᠭᠤᠨ᠎ᠤ ᠪᠦᠯᠬᠦᠮ ᠵᠶ᠋ᠠᠷ ᠰᠣᠩᠭᠤᠭᠳᠠᠪᠠ᠃ ᠭᠡᠰᠢᠭᠦᠳ᠎ᠨᠢ ᠲᠤᠰ ᠰᠤᠷᠭ᠋ᠠᠭᠤᠯᠢ ᠵᠢᠨ ᠵᠶ᠋ᠠᠨ ᠲᠠᠭᠤᠤ ᠤᠷᠠᠯᠢᠭ᠎ᠲᠤ ᠠᠪᠢᠶᠠᠰᠤᠲᠠᠢ 16 ᠰᠤᠷᠤᠭᠴᠢ᠎ᠪᠠᠷ ᠪᠦᠷᠢᠯᠳᠦᠵᠦ᠂ 《ᠠᠮᠢᠨ ᠨᠤᠲᠤᠭ》 《ᠬᠦᠬᠦᠭᠡ ᠰᠢᠪᠠᠭᠤ》 ᠵᠡᠷᠭᠡ ᠲᠠᠭᠤᠤ᠎ᠪᠠᠷ ᠵᠶ᠋ᠠᠨ ᠤᠯᠠᠨ ᠰᠠᠶ᠋ᠢᠬᠠᠨ ᠤᠷᠤᠯᠳᠤᠭ᠋ᠠᠨ᠎ᠳᠤ ᠤᠷᠤᠯᠴᠠᠨ᠂ ᠴᠤᠭᠯᠢᠭ ᠪᠠᠶᠠᠰᠬᠤᠯᠠᠨᠩᠳᠤ ᠬᠦᠭ ᠠᠶᠠᠰ ᠬᠢᠭᠡᠳ ᠲᠡᠭᠵᠢᠨ ᠴᠤᠪᠤᠭᠤᠯᠢᠭ ᠬᠦᠳᠡᠯᠦᠯ ᠪᠠᠷᠢᠯ ᠵᠶ᠋ᠠᠷ ᠤᠷ᠎ᠠ ᠠᠪᠢᠶᠠᠰ ᠵᠶ᠋ᠠᠨ ᠬᠠᠷᠠᠭᠤᠯᠵᠠᠢ᠃

ᠲᠤᠰ ᠪᠦᠯᠬᠦᠮ ᠤᠯᠠᠨ ᠤᠳᠠᠭ᠎ᠠ ᠱᠠᠩᠨᠠᠯ ᠬᠦᠬᠢᠭᠦᠯᠦᠯ ᠵᠶ᠋ᠠᠷ ᠡᠩᠭᠡᠷ ᠵᠶ᠋ᠠᠨ ᠮᠢᠯᠢᠶᠠᠯᠭ᠋ᠠᠵᠤ ᠶᠠᠪᠤᠵᠠᠢ᠃ ᠪᠦᠯᠬᠦᠮ ᠤᠨ ᠵᠢᠯᠤᠭᠤᠳᠤᠭᠴᠢ᠂ ᠪᠠᠷᠠᠭᠤᠨ ᠦᠵᠦᠮᠦᠴᠢᠨ ᠬᠤᠰᠢᠭᠤᠨ᠎ᠤ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ ᠲᠠᠭᠤᠤ ᠬᠦᠭᠵᠢᠮ᠎ᠤᠨ ᠪᠠᠭᠰᠢ ᠪᠠᠶᠠᠷᠲᠤ ᠵᠢᠨ ᠨᠠᠶ᠋ᠢᠷᠠᠭᠤᠯᠤᠨ ᠵᠢᠯᠤᠭᠤᠳᠤᠭᠰᠠᠨ ᠨᠠᠶ᠋ᠢᠷᠠᠯ ᠲᠠᠭᠤᠤ 《ᠠᠮᠢᠨ ᠨᠤᠲᠤᠭ》᠎ᠨᠢ 2024 ᠣᠨ᠎ᠳᠤ ᠪᠠᠷᠠᠭᠤᠨ ᠦᠵᠦᠮᠦᠴᠢᠨ ᠬᠤᠰᠢᠭᠤᠨ᠎ᠤ ᠠᠩᠬᠠᠳᠤᠭ᠋ᠠᠷ ᠬᠤᠭᠤᠴᠠᠭ᠋ᠠᠨ᠎ᠤ ᠲᠤᠮᠳᠠᠳᠤ ᠪᠠᠭ᠎ᠠ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠥᠬᠦᠶ ᠨᠠᠶ᠋ᠢᠷᠠᠯ ᠲᠠᠭᠤᠨ᠎ᠤ ᠤᠷᠤᠯᠳᠤᠭ᠋ᠠᠨ ᠪᠠ ᠰᠢᠯᠢ ᠵᠢᠨ ᠭᠤᠤᠯ ᠠᠶ᠋ᠢᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠲᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠥᠨᠳᠥᠷ ᠬᠢᠷᠢ ᠲᠦᠪᠰᠢᠨ ᠪᠥᠬᠦᠶ ᠨᠠᠶ᠋ᠢᠷᠠᠯ ᠲᠠᠭᠤᠨ᠎ᠤ ᠤᠷᠤᠯᠳᠤᠭ᠋ᠠᠨ᠎ᠳᠤ ᠴᠦᠮ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠬᠦᠷᠲᠡᠵᠦ᠂ ᠲᠤᠰ ᠵᠢᠯ᠎ᠤᠨ ᠬᠢᠨᠢ 10 ᠰᠠᠷ᠎ᠠ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠳᠤ ᠨᠢᠭᠡᠳᠦᠭᠡᠷ ᠳᠡᠰ᠎ᠤᠨ ᠱᠠᠩᠨᠠᠯ ᠬᠦᠷᠳᠡᠪᠡ᠃

《ᠬᠤᠶ᠋ᠢᠰᠢᠳᠠ ᠨᠠᠶ᠋ᠢᠷᠠᠯ ᠲᠠᠭᠤᠨ᠎ᠤ ᠪᠦᠯᠬᠦᠮ᠎ᠤᠨ ᠬᠡᠦᠬᠡᠳ᠎ᠤᠳ ᠵᠶ᠋ᠠᠨ ᠲᠠᠭ᠋ᠠᠭᠤᠯᠤᠨ ᠨᠡᠩ ᠤᠯᠠᠨ ᠰᠢᠯᠢᠳᠡᠭ ᠰᠠᠶ᠋ᠢᠬᠠᠨ ᠲᠠᠭᠤᠤ ᠵᠢ ᠨᠠᠶ᠋ᠢᠷᠠᠭᠤᠯᠤᠨ ᠪᠦᠳᠦᠭᠡᠵᠦ᠂ ᠪᠦᠬᠦ ᠤᠯᠤᠰ ᠴᠢᠨᠠᠭᠰᠢᠯᠠᠨ ᠤᠯᠤᠰ᠎ᠤᠨ ᠭᠠᠳᠠᠭ᠋ᠠᠳᠤ ᠵᠢᠨ ᠤᠷᠠᠯᠢᠭ᠎ᠤᠨ ᠦᠵᠡᠭᠦᠯᠭᠡ ᠪᠠ ᠤᠷᠤᠯᠳᠤᠭ᠋ᠠᠨ ᠲᠡᠮᠡᠴᠡᠭᠡᠨ᠎ᠳᠤ ᠤᠷᠤᠯᠴᠠᠨ᠂ ᠨᠠᠶ᠋ᠢᠷᠠᠯ ᠲᠠᠭᠤᠨ᠎ᠤ ᠪᠦᠯᠬᠦᠮ ᠵᠶ᠋ᠠᠨ ᠪᠠᠷᠠᠭᠤᠨ ᠦᠵᠦᠮᠦᠴᠢᠨ ᠬᠤᠰᠢᠭᠤᠨ᠎ᠤ᠎ᠪᠠᠨ ᠤᠳᠬ᠎ᠠ ᠤᠷᠠᠯᠢᠭ᠎ᠤᠨ ᠰᠢᠨ᠎ᠡ ᠨᠡᠷ᠎ᠡ ᠵᠢᠨ ᠬᠠᠭᠤᠳᠠᠰᠤ ᠪᠤᠯᠭ᠋ᠠᠬᠤ᠎ᠪᠠᠷ ᠴᠢᠷᠮᠠᠶ᠋ᠢᠵᠤ᠂ ᠨᠡᠩ ᠤᠯᠠᠨ ᠬᠦᠮᠦᠰ᠎ᠲᠤ ᠲᠠᠯ᠎ᠠ ᠨᠤᠲᠤᠭ᠎ᠤᠨ ᠰᠤᠶᠤᠯ ᠤᠷᠠᠯᠢᠭ ᠵᠶ᠋ᠠᠨ ᠲᠠᠨᠢᠵᠤ ᠤᠶ᠋ᠢᠯᠠᠭ᠋ᠠᠭᠤᠯᠬᠤ ᠵᠢ ᠬᠦᠰᠡᠵᠦ ᠪᠠᠶ᠋ᠢᠨ᠎ᠠ》 ᠭᠡᠵᠦ ᠵᠢᠯᠤᠭᠤᠳᠤᠭᠴᠢ ᠪᠠᠭᠰᠢ ᠤᠷᠠᠨᠳᠤᠭᠤᠰ ᠰᠡᠳᠬᠢᠯ ᠲᠤᠭᠳᠤᠯᠤᠨ ᠶᠠᠷᠢᠵᠤ ᠪᠠᠶ᠋ᠢᠯ᠎ᠠ᠃