ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠤᠮᠠᠷᠠᠲᠤ᠎ᠶᠢᠨ ᠰᠣᠶᠣᠯ
ᠪᠠᠷᠠᠭᠤᠨ ᠦᠵᠦᠮᠦᠴᠢᠨ ᠬᠤᠰᠢᠭᠤᠨ᠎ᠤ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠪᠠᠯᠭ᠋ᠠᠰᠤᠨ᠎ᠤ ᠲᠠᠰ᠎ᠤᠨ ᠤᠷᠤᠯᠳᠤᠭ᠋ᠠᠨ᠎ᠤ ᠭᠤᠷᠣᠬᠠᠨ ᠪᠠᠯᠭ᠋ᠠᠰᠤᠨ᠎ᠤ ᠥᠷᠲᠡᠭᠡ ᠤᠷᠤᠯᠳᠤᠭ᠋ᠠᠨ ᠶᠠᠪᠤᠭᠳᠠᠪᠠ
ᠨᠡᠶ᠋ᠢᠲᠡᠯᠡᠭᠰᠡᠨ ᠴᠠᠭ᠄ 2025-06-09

    6 ᠰᠠᠷ᠎ᠠ ᠵᠢᠨ 5᠎ᠤ ᠡᠳᠦᠷ᠂ 《99  ᠨᠤᠮᠸᠷᠲᠤ ᠵᠠᠰᠠᠮᠠᠯ ᠵᠠᠮ᠎ᠢ ᠰᠢᠪᠲᠤᠯᠵᠤ᠂ ᠠᠯᠤᠰ ᠬᠢᠵᠠᠭ᠋ᠠᠷ᠎ᠤᠨ ᠭᠤᠷᠣᠬᠠᠨ ᠪᠠᠯᠭ᠋ᠠᠰᠤ ᠵᠢ ᠬᠠᠶ᠋ᠢᠰᠤᠭ᠋ᠠᠢ》 ᠭᠤᠣᠯ ᠰᠡᠳᠦᠪᠲᠦ ᠰᠢᠷᠢᠰ ᠠᠵᠢᠯᠯᠠᠭ᠎ᠠ ᠭᠤᠷᠤᠬᠠᠨ ᠪᠠᠯᠭ᠋ᠠᠰᠤᠨ᠎ᠤ 《ᠣᠩᠭᠤᠨ》 ᠮᠣᠷᠢᠨ ᠤᠷᠤᠯᠳᠤᠭ᠋ᠠᠨ᠎ᠤ ᠲᠠᠯᠠᠪᠠᠶ᠎ᠳᠤ ᠡᠬᠢᠯᠡᠵᠦ᠂ 2025 ᠣᠨ᠎ᠤ ᠪᠠᠷᠠᠭᠤᠨ ᠦᠵᠦᠮᠦᠴᠢᠨ ᠬᠤᠰᠢᠭᠤᠨ᠎ᠤ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠭᠤᠷᠣᠬᠠᠨ ᠪᠠᠯᠭ᠋ᠠᠰᠤᠨ᠎ᠤ ᠥᠷᠲᠡᠭᠡ ᠤᠷᠤᠯᠳᠤᠭ᠋ᠠᠨ᠎ᠨᠢ ᠴᠦ᠍ ᠠᠮᠵᠢᠯᠲᠠ᠎ᠲᠠᠢ ᠶᠠᠪᠤᠭᠳᠠᠯ᠎ᠠ᠃

1111111111111.png


    ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠠᠬᠤᠢ ᠲᠠᠯᠠᠪᠠᠢ᠎ᠳᠤ᠂ ᠮᠣᠩᠭᠤᠯ ᠮᠣᠷᠢᠨ᠎ᠤ ᠰᠢᠨᠳᠠᠰᠤ ᠰᠢᠯᠭ᠋ᠠᠭᠰᠠᠨ 30   ᠺᠢᠯᠣᠮᠧᠲᠷ᠎ᠤᠨ ᠠᠯᠤᠰ᠎ᠤᠨ ᠮᠣᠷᠢᠨ᠎ᠤ ᠤᠷᠤᠯᠳᠤᠭ᠋ᠠᠨ ᠪᠠ 15   ᠺᠢᠯᠣᠮᠧᠲᠷ᠎ᠤᠨ ᠬᠦᠴᠦᠨ ᠵᠠᠯᠭ᠋ᠠᠬᠤ ᠤᠷᠤᠯᠳᠤᠭ᠋ᠠᠨ ᠶᠠᠪᠤᠭᠳᠠᠵᠤ᠂ ᠬᠥᠯᠦᠭ᠎ᠤᠨ ᠬᠤᠷᠳᠤ ᠵᠢ ᠭᠠᠶ᠋ᠢᠬᠠᠭᠤᠯᠤᠨ ᠦᠵᠡᠭᠴᠢᠳ ᠣᠯᠠᠨ ᠵᠶ᠋ᠠᠨ ᠪᠠᠶᠠᠰᠬᠠᠵᠠᠢ᠃

2222222222.png


    ᠲᠤᠰ ᠤᠳᠠᠭ᠋ᠠᠨ᠎ᠤ ᠤᠷᠤᠯᠳᠤᠭ᠋ᠠᠨ᠎ᠳᠤ ᠭᠤᠷᠣᠬᠠᠨ ᠪᠠᠯᠭ᠋ᠠᠰᠤᠨ᠎ᠤ 9 ᠭᠠᠴᠠᠭ᠋ᠠᠨ᠎ᠤ 38 ᠤᠶᠠᠭ᠋ᠠᠴᠢᠳ ᠬᠦᠷᠦᠯᠴᠡᠨ ᠢᠷᠡᠵᠦ᠂ ᠬᠤᠷᠳᠤᠨ ᠭᠦᠯᠦᠭ᠎ᠤᠨ ᠵᠶ᠋ᠠᠨ ᠰᠢᠨᠳᠠᠰᠤ ᠵᠢ ᠰᠢᠯᠭ᠋ᠠᠵᠤ᠂ ᠠᠯᠤᠰ᠎ᠤᠨ ᠮᠣᠷᠢᠨ᠎ᠤ ᠡᠮᠦᠨ᠎ᠡ ᠠᠷᠪᠠᠨ ᠮᠣᠷᠢ᠂ ᠬᠦᠴᠦᠨ ᠵᠠᠯᠭ᠋ᠠᠬᠤ ᠤᠷᠤᠯᠳᠤᠭ᠋ᠠᠨ᠎ᠤ ᠡᠮᠦᠨ᠎ᠡ ᠶᠢᠰᠦᠨ ᠮᠣᠷᠢ ᠬᠤᠰᠢᠭᠤ ᠳᠡᠰ᠎ᠤᠨ ᠬᠤᠯᠪᠣᠭ᠋ᠠᠲᠤ ᠤᠷᠤᠯᠳᠤᠭ᠋ᠠᠨ᠎ᠳᠤ ᠣᠷᠤᠯᠴᠠᠬᠤ ᠡᠷᠬᠡ ᠵᠢ ᠤᠯᠪᠠ᠃ ᠲᠣᠰ ᠤᠳᠠᠭ᠋ᠠᠨ᠎ᠤ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠢ ᠠᠮᠵᠢᠯᠲᠠ᠎ᠲᠠᠢ ᠶᠠᠪᠤᠭᠳᠠᠭᠤᠯᠤᠭᠰᠠ ᠎ᠨᠢ ᠤᠶᠠᠭ᠋ᠠᠴᠢᠳ ᠵᠶ᠋ᠠᠨ ᠵᠣᠷᠢᠭᠵᠢᠭᠤᠯᠵᠤ᠂ ᠮᠠᠯᠴᠢᠨ ᠲᠦᠮᠡᠨ ᠵᠶ᠋ᠠᠨ ᠪᠠᠶᠠᠰᠬᠠᠭᠰᠠᠨ ᠵᠶ᠋ᠠᠷ ᠪᠠᠷᠠᠬᠤ ᠦᠭᠡᠢ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠵᠡᠢ᠃ ᠪᠠᠰᠠ 128 ᠪᠥᠬᠡ ᠵᠢᠨ ᠪᠠᠷᠢᠯᠳᠤᠭ᠋ᠠᠨ᠂ ᠬᠦᠴᠦᠨ ᠵᠠᠯᠭ᠋ᠠᠵᠤ ᠭᠦᠶᠦᠬᠦ ᠤᠷᠤᠯᠳᠤᠭ᠋ᠠᠨ ᠪᠣᠯᠣᠨ ᠳᠡᠭᠡᠰᠦ ᠲᠠᠲᠠᠬᠤ ᠤᠷᠤᠯᠳᠤᠭ᠋ᠠᠨ᠎ᠢ ᠲᠤᠬᠢᠷᠠᠭᠤᠯᠵᠤ᠂ ᠮᠤᠷᠢᠨ ᠤᠷᠤᠯᠳᠤᠭ᠋ᠠᠨ᠎ᠳᠤ ᠬᠦᠭᠵᠢᠶᠡᠨ ᠨᠡᠮᠡᠷᠢᠯᠡᠬᠦ ᠵᠢᠨ ᠬᠠᠮᠲᠤ ᠮᠠᠯᠴᠢᠳ᠎ᠤᠨ ᠪᠡᠶ᠎ᠡ ᠲᠠᠮᠢᠷ᠎ᠤᠨ ᠬᠥᠳᠡᠯᠭᠡᠭᠡᠨ᠎ᠳᠤ ᠢᠳᠡᠪᠬᠢᠯᠡᠨ ᠣᠷᠤᠯᠴᠠᠬᠤ ᠤᠷᠮ᠎ᠠ ᠵᠢ᠎ᠨᠢ ᠰᠡᠷᠭᠦᠭᠡᠵᠦ᠂ ᠰᠢᠷᠢᠰ ᠠᠵᠢᠯᠯᠠᠭ᠎ᠠ᠎ᠪᠠᠨ ᠤᠳᠬ᠎ᠠ ᠲᠡᠭᠦᠯᠳᠡᠷ ᠪᠣᠯᠭ᠋ᠠᠭᠰᠠᠨ ᠪᠠᠶ᠋ᠢᠨ᠎ᠠ᠃

ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            