ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠪᠠᠴᠢᠮ ᠪᠠᠶ᠋ᠢᠳᠠᠯ᠎ᠢ ᠠᠷᠭᠠᠴᠠᠬᠤ
ᠰᠦᠩ ᠰᠢᠨ ᠴᠦᠨ ᠤᠮᠠᠷᠠᠲᠤ ᠣᠷᠣᠨ᠂ ᠡᠮᠦᠨᠡᠲᠦ ᠵᠢᠨ ᠠᠭ᠋ᠠᠷ ᠠᠶᠠᠯᠠᠯ᠎ᠤᠨ ᠤᠢ ᠰᠢᠭᠤᠢ ᠵᠢ ᠬᠠᠮᠠᠭ᠋ᠠᠯᠠᠬᠤ ᠶᠡᠷᠦᠩᠬᠡᠢ ᠦᠷᠳᠡᠭᠡ ᠪᠣᠯᠤᠨ ᠶᠦᠨᠨᠠᠨ᠎ᠤ ᠭᠣᠣᠯᠳᠠᠯᠭ᠎ᠠ᠎ᠲᠠᠢ ᠲᠦᠢ᠍ᠮᠡᠷ᠎ᠢ ᠰᠡᠷᠭᠡᠶ᠋ᠢᠯᠡᠬᠦ ᠣᠷᠣᠨ᠎ᠳᠤ ᠬᠦᠷᠴᠦ ᠠᠭ᠋ᠠᠷ ᠠᠶᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠵᠢᠴᠢ ᠡᠪᠦᠯ᠎ᠤᠨ ᠤᠯᠠᠷᠢᠯ᠎ᠤᠨ ᠤᠢ ᠰᠢᠭᠤᠢ ᠵᠢᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-12-31

    ᠣᠶ᠋ᠢᠷ᠎ᠠ᠎ᠳᠤ᠂ ᠤᠯᠤᠰ᠎ᠤᠨ ᠣᠶ ᠰᠢᠭᠤᠶ ᠵᠢᠨ ᠰᠡᠷᠭᠡᠶ᠋ᠢᠯᠡᠯᠲᠡ ᠵᠢᠨ ᠵᠢᠯᠣᠭᠣᠳᠬᠤ ᠠᠯᠪᠠᠨ ᠬᠡᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤᠷᠠᠭᠰᠠᠨ ᠠᠵᠢᠯᠯᠠᠬᠤ ᠳᠤᠭᠤᠶ᠋ᠢᠯᠠᠩ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ ᠪᠥᠭᠡᠳ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶᠠᠨ᠎ᠤ ᠳᠡᠳ᠋ ᠳᠠᠷᠤᠭ᠎ᠠ ᠰᠥᠩ ᠰᠢᠨ ᠴᠦᠨ ᠪᠦᠯᠬᠦᠮ ᠳᠠᠭ᠋ᠠᠭᠤᠯᠤᠨ ᠬᠠᠷᠠᠮᠥ᠋ᠷᠡᠨ᠂ ᠶᠦᠨᠨᠠᠨ᠎ᠳᠤ ᠬᠦᠷᠴᠦ ᠤᠮᠠᠷᠠᠲᠤ ᠣᠷᠣᠨ᠂ ᠡᠮᠦᠨᠡᠲᠦ ᠣᠷᠣᠨ᠎ᠤ ᠠᠭ᠋ᠠᠷ᠎ᠤᠨ ᠠᠶᠠᠯᠠᠯ᠎ᠤᠨ ᠣᠶ ᠰᠢᠭᠤᠶ ᠵᠢ ᠬᠠᠮᠠᠭ᠋ᠠᠯᠠᠬᠤ ᠶᠡᠷᠦᠩᠬᠡᠶ ᠥᠷᠲᠡᠭᠡ ᠵᠢᠨ ᠪᠥᠬᠥ ᠲᠠᠯ᠎ᠠ ᠵᠢᠨ ᠪᠥᠲᠥᠭᠡᠨ ᠪᠠᠶ᠋ᠢᠭᠤᠯᠤᠯᠲᠠ ᠪᠠ ᠳ᠋ᠠᠯᠢ᠂ ᠢᠦᠶ ᠰᠢ᠂ ᠯᠢ ᠵᠢᠶᠠᠩ ᠵᠡᠷᠭᠡ ᠭᠠᠵᠠᠷ᠎ᠤᠨ ᠣᠶ ᠰᠢᠭᠤᠶ ᠵᠢᠨ   ᠲᠦᠢ᠍ᠮᠡᠷ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠠᠵᠢᠯ᠎ᠢ ᠲᠤᠰᠬᠠᠶ ᠰᠡᠳᠦᠪ ᠵᠶ᠋ᠠᠷ ᠪᠠᠶ᠋ᠢᠴᠠᠭ᠋ᠠᠨ ᠰᠤᠳᠤᠯᠪᠠ᠃
     ᠰᠦᠩ ᠰᠢᠨ ᠴᠦᠨ ᠤᠮᠠᠷᠠᠲᠤ ᠣᠷᠣᠨ᠂ ᠡᠮᠦᠨᠡᠲᠦ ᠵᠢᠨ ᠠᠭ᠋ᠠᠷ᠎ᠤᠨ ᠠᠶᠠᠯᠠᠯ᠎ᠤᠨ ᠤᠢ ᠰᠢᠭᠤᠢ ᠵᠢ ᠬᠠᠮᠠᠭ᠋ᠠᠯᠠᠬᠤ ᠶᠡᠷᠦᠩᠬᠡᠢ ᠦᠷᠳᠡᠭᠡ ᠶᠡᠷᠦᠩᠬᠡᠢ ᠱᠦᠵᠢ ᠰᠢ ᠵᠢᠨ ᠫᠢᠩ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠪᠠ ᠠᠭ᠋ᠠᠷ᠎ᠤᠨ ᠠᠶᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠠᠪᠤᠷᠠᠨ ᠲᠤᠰᠠᠯᠠᠬᠤ ᠬᠦᠴᠦᠨ᠎ᠤ ᠪᠠᠶ᠋ᠢᠭᠤᠯᠤᠯᠲᠠ ᠵᠢᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠶᠠᠮᠤᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭ᠋ᠠᠷ᠎ᠤᠨ ᠠᠶᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠠᠪᠤᠷᠠᠨ ᠲᠤᠰᠠᠯᠠᠬᠤ  ᠰᠢᠰᠲ᠋ᠧᠮ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠶᠡᠷᠦᠩᠬᠡᠶ᠋ᠢᠯᠡᠭᠰᠡᠨ ᠴᠢᠨᠠᠷᠲᠠᠢ ᠠᠪᠤᠷᠠᠨ ᠲᠤᠰᠠᠯᠠᠬᠤ᠂ ᠢᠯᠠᠩᠭᠤᠶ᠎ᠠ ᠤᠢ ᠰᠢᠭᠤᠢ ᠵᠢᠨ ᠠᠭ᠋ᠠᠷ᠎ᠤᠨ ᠠᠶᠠᠯᠠᠯ᠎ᠤᠨ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠡᠭᠦᠷᠭᠡ ᠵᠢ ᠥᠨᠳᠥᠷ ᠪᠦᠲᠦᠮᠵᠢᠲᠡᠢ ᠪᠡᠶᠡᠯᠡᠭᠦᠯᠵᠦ᠂ ᠠᠷᠠᠳ ᠤᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠲᠠᠯ᠎ᠠ᠎ᠪᠠᠷ ᠴᠢᠬᠤᠯᠠ ᠬᠤᠪᠢ ᠨᠡᠮᠡᠷᠢ ᠦᠵᠡᠭᠦᠯᠪᠡ᠃
     ᠰᠦᠩ ᠰᠢᠨ ᠴᠦᠨ  ᠣᠳᠣᠬᠠᠨ᠎ᠳᠤ ᠪᠣᠯ ᠠᠭ᠋ᠠᠷ᠎ᠤᠨ ᠠᠶᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠡᠩᠨᠡᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠬᠤᠯᠠ ᠲᠡᠦᠬᠡᠨ ᠭᠣᠭᠴᠣᠭ᠎ᠠ ᠪᠣᠯᠤᠨ᠎ᠠ᠂ ᠤᠯᠤᠰ ᠲᠦᠷᠦ ᠵᠢᠨ ᠲᠠᠯ᠎ᠠ᠎ᠪᠠᠷ ᠵᠣᠭᠰᠣᠴᠠ᠎ᠪᠠᠨ ᠳᠡᠭᠡᠭᠰᠢᠯᠡᠭᠦᠯᠵᠦ᠂ ᠠᠭ᠋ᠠᠷ᠎ᠤᠨ ᠠᠶᠠᠯᠠᠯ᠎ᠤᠨ ᠠᠪᠤᠷᠠᠨ ᠲᠤᠰᠠᠯᠠᠬᠤ ᠰᠢᠰᠲ᠋ᠧᠮ ᠪᠣᠯᠤᠨ ᠴᠢᠳᠠᠪᠤᠷᠢ ᠵᠢᠨ ᠪᠠᠶ᠋ᠢᠭᠤᠯᠤᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠠᠴᠠ ᠪᠣᠳᠣᠯᠬᠢᠯᠠᠬᠤ ᠬᠡᠷᠡᠭᠲᠡᠢ᠃ ᠴᠢᠳᠠᠪᠤᠷᠢ ᠵᠢᠨ ᠲᠠᠯ᠎ᠠ᠎ᠪᠠᠷ ᠲᠡᠰ ᠳᠡᠪᠰᠢᠭᠦᠯᠵᠦ᠂ ᠳᠤᠲᠠᠭᠤᠳᠠᠯ ᠵᠶ᠋ᠠᠨ ᠲᠦᠷᠭᠡᠨ ᠨᠥᠬᠥᠪᠥᠷᠢᠯᠡᠵᠦ᠂ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠢᠳᠡᠪᠬᠢᠲᠡᠢ ᠠᠬᠢᠭᠤᠯᠵᠤ᠂ ᠵᠢᠩᠬᠢᠨᠢ ᠪᠠᠶ᠋ᠢᠯᠳᠤᠭ᠋ᠠᠨ᠎ᠤ ᠪᠡᠯᠡᠳᠬᠡᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠢᠰᠦᠯᠲᠡ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠳᠣᠬᠢᠴᠢᠯᠠᠭᠰᠠᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠰᠤᠷᠲᠠᠯ᠎ᠤᠨ ᠲᠠᠯ᠎ᠠ᠎ᠪᠠᠷ ᠡᠴᠦᠰ᠎ᠲᠤᠨᠢ ᠲᠤᠯᠲᠠᠯ᠎ᠠ ᠴᠢᠩᠳᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠰᠤᠯᠠᠷᠠᠭᠤᠯᠤᠯ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠬᠠᠮᠠᠭ᠋ᠠᠯᠠᠵᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠰᠠᠬᠢᠯᠭ᠎ᠠ ᠪᠠᠲᠤ ᠵᠢᠨ ᠤᠬᠠᠮᠰᠠᠷ ᠪᠣᠯᠤᠨ ᠶᠣᠰᠣ ᠳᠦᠷᠢᠮ᠎ᠤᠨ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠠᠵᠢᠯ ᠬᠢᠵᠦ ᠦᠢ᠍ᠯᠡᠰ ᠪᠤᠰᠬᠠᠬᠤ ᠬᠠᠯᠠᠭᠤᠨ ᠰᠡᠳᠬᠢᠯᠭᠡ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠢ᠃
     ᠰᠥᠩ ᠰᠢᠨ ᠴᠦᠨ ᠴᠢᠬᠤᠯᠠᠴᠢᠯᠠᠭᠰᠠᠨ᠎ᠨᠢ᠂ ᠡᠪᠦᠯ᠎ᠤᠨ ᠤᠯᠠᠷᠢᠯ᠎ᠳᠤ ᠡᠮᠦᠨᠡᠲᠦ ᠣᠷᠣᠨ᠎ᠤ ᠣᠯᠠᠩᠬᠢ ᠮᠤᠵᠢ ᠣᠷᠣᠨ ᠵᠠᠯᠭ᠋ᠠᠭ᠎ᠠ᠎ᠪᠠᠷ ᠭᠠᠯ᠎ᠢ ᠰᠡᠷᠭᠡᠶ᠋ᠢᠯᠡᠬᠦ ᠬᠤᠭᠤᠴᠠᠭ᠋ᠠᠨ᠎ᠳᠤ ᠣᠷᠣᠵᠤ᠂ ᠬᠡᠰᠡᠭ ᠭᠠᠵᠠᠷ ᠣᠷᠣᠨ᠎ᠤ ᠭᠠᠯ᠎ᠤᠨ ᠠᠶᠤᠯ᠎ᠤᠨ ᠵᠡᠷᠭᠡ ᠳᠡᠰ ᠨᠡᠯᠢᠶᠡᠳ ᠥᠨᠳᠥᠷ ᠪᠠᠶ᠋ᠢᠨ᠎ᠠ᠂ ᠣᠶ᠋ᠢᠷ᠎ᠠ᠎ᠳᠤ ᠤᠯᠤᠰ᠎ᠤᠨ ᠣᠶ ᠰᠢᠭᠤᠶ ᠵᠢᠨ ᠰᠡᠷᠭᠡᠶ᠋ᠢᠯᠡᠯᠲᠡ ᠵᠢᠨ ᠵᠢᠯᠣᠭᠣᠳᠬᠤ ᠭᠠᠵᠠᠷ᠎ᠠᠴᠠ ᠵᠢᠶᠠᠩᠰᠢ᠂ ᠬᠤᠨᠠᠨ᠂ ᠭᠤᠸᠠᠩᠳᠦ᠋ᠩ᠂ ᠭᠤᠸᠠᠩᠰᠢ ᠵᠡᠷᠭᠡ ᠮᠤᠵᠢ ᠣᠷᠣᠨ᠎ᠤ ᠭᠠᠯ᠎ᠤᠨ ᠠᠶᠤᠯ ᠶᠡᠬᠡᠲᠡᠶ ᠴᠠᠭ ᠠᠭᠤᠷ᠎ᠤᠨ ᠪᠠᠶ᠋ᠢᠳᠠᠯ᠎ᠳᠤ ᠴᠢᠭᠯᠡᠭᠦᠯᠦᠨ ᠤᠯᠠᠪᠤᠷ ᠥᠩᠭᠡ ᠵᠢᠨ ᠰᠡᠷᠡᠮᠵᠢ ᠵᠢᠨ ᠳᠣᠬᠢᠶ᠎ᠠ ᠨᠡᠶ᠋ᠢᠲᠡᠯᠡᠵᠡᠶ᠃ ᠰᠢᠨ᠎ᠡ ᠵᠢᠯ᠂ ᠴᠠᠭ᠋ᠠᠨ ᠰᠠᠷ᠎ᠠ ᠣᠶ᠋ᠢᠷᠠᠳᠴᠤ ᠪᠠᠶ᠋ᠢᠭ᠎ᠠ ᠦᠶ᠎ᠡ᠎ᠳᠤ᠂ ᠶᠦᠨᠨᠠᠨ ᠮᠤᠵᠢ ᠵᠢᠨ᠎ᠬᠢᠨ ᠣᠳᠣᠬᠠᠨ᠎ᠤ ᠬᠦᠨᠳᠦ ᠨᠣᠴᠢᠲᠠᠶ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠪᠠᠶ᠋ᠢᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠠᠬᠢᠯᠭ᠎ᠠ᠎ᠳᠤ ᠬᠡᠷᠡᠭᠯᠡᠬᠦ ᠭᠠᠯ ᠪᠣᠯᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠴᠠᠬᠢᠯᠭ᠋ᠠᠨ ᠬᠡᠷᠡᠭᠯᠡᠬᠦ ᠵᠡᠷᠭᠡ ᠲᠣᠪᠣᠶ᠋ᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠤᠷᠢᠳᠴᠢᠯᠠᠨ ᠰᠡᠷᠭᠡᠶ᠋ᠢᠯᠡᠬᠦ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠬᠡᠮ ᠰᠣᠭᠣᠭ᠎ᠢ ᠭᠦᠨᠵᠡᠭᠡᠶ ᠵᠢᠭᠰᠠᠭ᠋ᠠᠨ ᠪᠠᠶ᠋ᠢᠴᠠᠭ᠋ᠠᠵᠤ᠂ ᠭᠠᠯ ᠰᠡᠷᠭᠡᠶ᠋ᠢᠯᠡᠬᠦ ᠤᠬᠠᠭᠤᠯᠭ᠎ᠠ ᠵᠢ ᠴᠢᠩᠭ᠋ᠠᠳᠬᠠᠵᠤ᠂ ᠬᠥᠮᠦᠨ᠎ᠤ ᠬᠦᠴᠦᠨ᠎ᠳᠤ ᠬᠡᠷᠡᠭᠯᠡᠬᠦ ᠭᠠᠯ᠎ᠤᠨ ᠡᠬᠢ ᠰᠤᠷᠪᠤᠯᠵᠢ ᠵᠢ ᠴᠢᠩᠭ᠎ᠠ ᠬᠠᠮᠢᠶᠠᠷᠴᠤ᠂ ᠠᠷᠠᠳ ᠲᠦᠮᠡᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠥᠬᠥ ᠬᠦᠴᠦᠨ ᠵᠶ᠋ᠠᠷ ᠵᠶ᠋ᠠᠨ ᠪᠡᠬᠢᠵᠢᠭᠦᠯᠬᠦ ᠬᠡᠷᠡᠭᠲᠡᠶ᠃ ᠲᠥᠰᠦᠯ᠎ᠤᠨ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠭᠠᠯ ᠤᠨᠲᠠᠷᠠᠭ᠋ᠠᠬᠤ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ ᠰᠣᠷᠢᠯᠲᠠ ᠵᠢ ᠴᠢᠩᠭ᠋ᠠᠳᠬᠠᠵᠤ᠂ ᠭᠠᠯ ᠤᠨᠲᠠᠷᠠᠭ᠋ᠠᠬᠤ ᠡᠭᠦᠷᠭᠡ ᠵᠢᠨ ᠬᠡᠷᠡᠭᠵᠢᠭᠦᠯᠦᠯᠲᠡ᠎ᠳᠤ ᠠᠮᠤᠷ ᠲᠦᠪᠰᠢᠨ᠎ᠤ ᠲᠦᠷᠢᠮ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠶ᠋ᠢᠭᠤᠯᠵᠤ᠂ ᠠᠮᠤᠷ ᠲᠦᠪᠰᠢᠨ ᠵᠶ᠋ᠠᠷ ᠭᠠᠯ ᠤᠨᠲᠠᠷᠠᠭ᠋ᠠᠬᠤ ᠬᠡᠷᠡᠭᠲᠡᠶ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            