ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠪᠠᠴᠢᠮ ᠪᠠᠶ᠋ᠢᠳᠠᠯ᠎ᠢ ᠠᠷᠭᠠᠴᠠᠬᠤ
ᠪᠥᠬᠥ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠬᠤᠷᠠᠯ᠎ᠠᠴᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠣᠳᠣᠬᠢᠴᠢᠯᠠᠯᠲᠠ ᠵᠢ ᠬᠦᠴᠦᠯᠡᠨ ᠠᠬᠢᠭᠤᠯᠵᠤ ᠥᠨᠳᠥᠷ ᠲᠦᠪᠰᠢᠨ ᠪᠥᠬᠥᠶ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠦᠢ᠍ᠯᠡᠴᠢᠯᠡᠭᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶ᠋ᠢᠲᠡᠯᠡᠭᠰᠡᠨ ᠴᠠᠭ᠄ 2025-01-15

    1 ᠰᠠᠷ᠎ᠠ ᠵᠢᠨ 13᠎ᠤ ᠡᠳᠦᠷ᠂ ᠪᠥᠬᠥ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠱᠦᠵᠢ᠂ ᠶᠠᠮᠤᠨ᠎ᠤ ᠰᠠᠶ᠋ᠢᠳ᠂ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶᠠᠨ᠎ᠤ ᠨᠢᠭᠡᠳᠦᠭᠡᠷ ᠺᠣᠮᠢᠰᠰᠠᠷ ᠸᠠᠩ ᠰᠢᠶᠠᠩ ᠰᠢ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠦᠨᠡᠨᠴᠢ᠎ᠪᠠᠷ ᠦᠢ᠍ᠯᠡᠳᠦᠯᠭᠡᠵᠢᠭᠦᠯᠵᠦ᠂ ᠬᠠᠷᠠᠯᠲᠠ᠎ᠪᠠᠨ ᠲᠣᠭᠲᠠᠭ᠋ᠠᠵᠤ᠂ ᠠᠵᠢᠯ ᠵᠶ᠋ᠠᠨ ᠰᠠᠶ᠋ᠢᠲᠤᠷ ᠬᠢᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠣᠳᠣᠬᠢᠴᠢᠯᠠᠯᠲᠠ ᠵᠢ ᠬᠦᠴᠦᠯᠡᠨ ᠠᠬᠢᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠡᠯ᠎ᠡ ᠲᠦᠷᠦᠯ᠎ᠤᠨ ᠭᠠᠢ ᠭᠠᠮᠰᠢᠭ ᠡᠨᠳᠡᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢᠨ ᠲᠦᠪᠰᠢᠨ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠳᠤ ᠦᠢ᠍ᠯᠡᠴᠢᠯᠡᠨ ᠪᠠᠲᠤᠯᠠᠬᠤ ᠳᠤᠮᠳᠠ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠡᠭᠦᠷᠭᠡᠯᠡᠯ ᠵᠶ᠋ᠠᠨ ᠢᠯᠡᠷᠡᠭᠦᠯᠵᠦ᠂ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠫᠦ᠌ ᠢᠦᠢ ᠹᠸᠢ ᠬᠤᠷᠠᠯ᠎ᠳᠤ ᠣᠷᠣᠯᠴᠠᠪᠠ᠃ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠰᠠᠶ᠋ᠢᠳ᠂ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶᠠᠨ᠎ᠤ ᠳᠠᠷᠤᠭ᠎ᠠ᠂ ᠨᠠᠮ᠎ᠤᠨ ᠬᠣᠷᠢᠶᠠᠨ᠎ᠤ ᠳᠡᠳ᠋ ᠱᠦᠵᠢ ᠵᠧᠤ ᠲᠢᠶᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠦᠷᠦ ᠵᠢᠨ ᠬᠡᠯᠲᠡᠰ᠎ᠤᠨ ᠡᠷᠬᠢᠯᠡᠭᠴᠢ᠂ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶᠠᠨ᠎ᠤ ᠨᠠᠮ᠎ᠤᠨ ᠬᠣᠷᠢᠶᠠᠨ᠎ᠤ ᠱᠦᠵᠢ᠂ ᠺᠣᠮᠢᠰᠰᠠᠷ ᠬᠤᠤ ᠵᠢᠶᠦ᠋ᠨ  ᠾᠦᠢ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
     ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2024 ᠣᠨ ᠪᠣᠯ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠪᠥᠬᠥ ᠲᠠᠯ᠎ᠠ᠎ᠪᠠᠷ ᠭᠦᠢ᠍ᠴᠡᠳᠭᠡᠭᠰᠡᠨ ᠠᠩᠬᠠᠨ᠎ᠤ ᠵᠢᠯ ᠪᠣᠯᠤᠨ᠎ᠠ᠂ ᠡᠩᠨᠡᠭᠡ ᠵᠢᠨ ᠡᠯ᠎ᠡ ᠱᠠᠲᠤᠨ᠎ᠤ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠂ ᠨᠠᠮ᠎ᠤᠨ ᠲᠥᠪ ᠬᠣᠷᠢᠶ᠎ᠠ ᠵᠢ ᠡᠷᠡᠰ ᠲᠤᠭᠤᠰᠢᠯᠠᠭᠤᠯᠤᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ  ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠪᠠᠴᠢᠮ ᠪᠠᠶ᠋ᠢᠳᠠᠯ᠎ᠢ  ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠂ ᠬᠦᠴᠢᠷ᠎ᠢ ᠰᠦᠷᠦᠨ ᠤᠷᠤᠭᠰᠢᠯᠠᠬᠤ᠂ ᠲᠤᠰᠢᠶᠠᠯ ᠵᠶ᠋ᠠᠨ ᠭᠦᠢ᠍ᠴᠡᠳᠬᠡᠵᠦ ᠬᠠᠷᠢᠭᠤᠴᠠᠯᠭ᠎ᠠ ᠡᠭᠦᠷᠭᠡᠯᠡᠬᠦ᠂ ᠡᠩᠨᠡᠭᠡᠨ᠎ᠤ ᠥᠭᠡᠷᠡᠴᠢᠯᠡᠯᠲᠡ ᠪᠦᠲᠦᠭᠡᠨ ᠪᠠᠶ᠋ᠢᠭᠤᠯᠤᠯᠲᠠ ᠬᠥᠭᠵᠢᠯᠲᠡ ᠵᠢᠨ ᠪᠡᠷᠬᠡ ᠰᠡᠳᠦᠪ᠎ᠢ  ᠰᠢᠢ᠍ᠳᠪᠦᠷᠢᠯᠡᠬᠦ ᠬᠤᠷᠳᠤᠴᠠ ᠲᠦᠷᠭᠡᠳᠪᠡ᠂ ᠭᠠᠯ ᠤᠨᠲᠠᠷᠠᠭ᠋ᠠᠬᠤ ᠵᠠᠰᠠᠯᠲᠠ᠎ᠨᠢ ᠤᠷᠢᠳᠴᠢᠯᠠᠨ ᠰᠡᠷᠭᠡᠶ᠋ᠢᠯᠡᠬᠦ ᠲᠡᠶ᠋ᠢᠰᠢ ᠢᠯᠡᠳᠲᠡ ᠦᠷ᠎ᠡ ᠪᠦᠲᠦᠮᠵᠢ ᠤᠯᠪᠠ᠂ ᠪᠠᠴᠢᠮ ᠪᠠᠶ᠋ᠢᠳᠠᠯ᠎ᠢ  ᠠᠷᠭ᠋ᠠᠴᠠᠭ᠋ᠠᠵᠤ ᠠᠪᠤᠷᠠᠨ ᠲᠤᠰᠠᠯᠠᠬᠤ ᠭᠤᠤᠯ ᠬᠦᠴᠦᠨ ᠴᠡᠷᠢᠭ ᠠᠩᠭᠢ ᠵᠢᠨ   ᠦᠢ᠍ᠯᠡᠳᠦᠯ᠎ᠢ  ᠭᠦᠢ᠍ᠴᠡᠳ ᠢᠯᠡᠷᠡᠭᠦᠯᠪᠡ᠂ ᠡᠩᠨᠡᠭᠡ ᠵᠢᠨ ᠤᠯᠤᠰ ᠲᠥᠷᠥ ᠵᠢᠨ ᠠᠮᠢ ᠠᠬᠤᠶ ᠨᠠᠩ ᠭᠡᠭᠡᠨ ᠰᠠᠷᠠᠭᠤᠯ ᠪᠣᠯᠪᠠ᠂ ᠬᠦᠨᠳᠦ ᠶᠡᠬᠡ ᠠᠶᠤᠯ ᠲᠦᠭᠰᠢᠭᠦᠷᠢ ᠵᠢ ᠠᠷᠢᠯᠭ᠋ᠠᠪᠠ᠂ ᠨᠢᠭᠡ ᠤᠳᠠᠭ᠋ᠠᠨ᠎ᠤ ᠶᠡᠬᠡ ᠳᠠᠶ᠋ᠢᠨ ᠬᠠᠲᠠᠭᠤ ᠳᠠᠶ᠋ᠢᠨ᠎ᠢ ᠢᠯᠠᠪᠠ᠂   ᠦᠢ᠍ᠯᠡᠴᠢᠯᠡᠭᠡ᠎ᠪᠠᠷ ᠠᠷᠠᠳ᠎ᠤᠨ ᠠᠮᠢᠳᠤᠷᠠᠯ ᠠᠷᠠᠳ᠎ᠤᠨ ᠠᠮᠤᠷ ᠲᠦᠪᠰᠢᠨ᠎ᠢ ᠪᠠᠲᠤᠯᠠᠨ᠎ᠠ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠣᠳᠠᠲᠤ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ᠎ᠨᠢ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠨ᠎ᠡ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ᠃
     ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠶ᠋ᠢᠨ ᠰᠠᠶ᠋ᠢᠬᠠᠨ ᠡᠬᠢᠯᠡᠯᠲᠡ᠎ᠳᠤ ᠰᠠᠭᠤᠷᠢ ᠲᠠᠯᠪᠢᠬᠤ ᠵᠠᠩᠭᠢᠯᠠᠭ᠎ᠠ ᠵᠢᠨ ᠵᠢᠯ ᠪᠣᠯᠤᠨ᠎ᠠ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠪᠠᠶ᠋ᠢᠨ᠎ᠠ᠃ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ ᠴᠢᠩᠭ᠋ᠠᠳᠬᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠴᠢᠩᠭ᠋ᠠᠳᠬᠠᠵᠤ᠂ ᠤᠯᠤᠰ ᠲᠦᠷᠦ ᠵᠢᠨ ᠤᠳᠤᠷᠢᠳᠤᠯᠭ᠎ᠠ᠂ ᠦᠵᠡᠯ ᠰᠠᠨᠠᠭ᠋ᠠᠨ᠎ᠤ ᠤᠳᠤᠷᠢᠳᠤᠯᠭ᠎ᠠ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠡᠩᠨᠡᠭᠡ ᠶᠠᠮᠠᠷᠪᠠ ᠴᠠᠭ ᠦᠶ᠎ᠡ ᠶᠠᠮᠠᠷᠪᠠ ᠪᠠᠶ᠋ᠢᠳᠠᠯ ᠳᠣᠣᠷ᠎ᠠ ᠴᠥᠮ ᠨᠠᠮ᠎ᠤᠨ ᠵᠢᠯᠤᠭᠤᠳᠤᠯᠭ᠎ᠠ ᠵᠢ ᠡᠷᠡᠰ ᠳᠠᠭ᠋ᠠᠬᠤ ᠵᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠣᠳᠣᠬᠢᠴᠢᠯᠠᠯᠲᠠ ᠵᠢ ᠭᠦᠨᠵᠡᠭᠡᠶ ᠠᠬᠢᠭᠤᠯᠵᠤ᠂ ᠭᠤᠤᠯ ᠰᠢᠪᠲᠤᠯᠬᠤ ᠴᠢᠭᠯᠡᠯ᠎ᠢ ᠣᠨᠢᠯᠠᠵᠤ᠂ ᠳᠡᠭᠡᠷ᠎ᠡ ᠳᠤᠤᠷ᠎ᠠ ᠱᠠᠲᠤ᠎ᠪᠠᠷ ᠵᠶ᠋ᠠᠨ ᠬᠠᠮᠲᠤ᠎ᠪᠠᠷ ᠰᠡᠳᠦᠪᠯᠡᠵᠦ ᠬᠠᠮᠲᠤ᠎ᠪᠠᠷ ᠬᠠᠷᠢᠭᠤᠯᠵᠤ᠂ ᠰᠢᠨ᠎ᠡ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ᠂ ᠪᠣᠳᠠᠲᠤ ᠴᠣᠭᠴᠠ ᠵᠢᠨ ᠪᠠᠶ᠋ᠢᠯᠳᠤᠭ᠋ᠠᠨᠴᠢᠯᠠᠭᠰᠠᠨ ᠣᠨᠴᠠᠯᠢᠭ᠎ᠲᠠᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠢᠰᠲ᠋ᠧᠮ᠎ᠢ ᠲᠦᠷᠭᠡᠳᠬᠡᠨ ᠪᠠᠶ᠋ᠢᠭᠤᠯᠤᠨ᠎ᠠ᠃ ᠴᠢᠬᠤᠯᠠ ᠶᠡᠬᠡ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠥᠭᠡᠷᠡᠴᠢᠯᠡᠯᠲᠡ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠡᠩᠨᠡᠭᠡ ᠵᠢ ᠨᠡᠶ᠋ᠢᠳᠬᠡᠨ ᠠᠭᠤᠰᠤᠯᠴᠠᠭᠤᠯᠬᠤ ᠥᠭᠡᠷᠡᠴᠢᠯᠡᠯᠲᠡ ᠵᠢ ᠲᠦᠷᠭᠡᠳᠬᠡᠵᠦ᠂ ᠲᠦᠷᠢᠮ ᠲᠣᠭᠲᠠᠴᠠ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠭᠣᠮᠢ ᠵᠢᠨ ᠴᠢᠨᠠᠷᠲᠠᠢ ᠬᠦᠴᠢᠷ ᠠᠰᠠᠭᠤᠳᠠᠯ᠎ᠢ ᠬᠦᠴᠦ᠎ᠪᠠᠨ ᠲᠥᠪᠯᠡᠷᠡᠭᠦᠯᠦᠨ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠶᠠᠰᠤ ᠴᠢᠨᠠᠷ᠎ᠢ ᠨᠡᠩ ᠭᠦᠢ᠍ᠴᠡᠳ ᠪᠣᠯᠭ᠋ᠠᠵᠤ᠂ ᠦᠨᠳᠦᠰᠦᠨ ᠱᠠᠲᠤᠨ᠎ᠤ ᠵᠢᠯᠤᠭᠤᠳᠤᠬ᠍ᠴᠢ ᠪᠠᠶ᠋ᠢᠯᠳᠤᠭᠴᠢᠳ᠎ᠤᠨ ᠬᠦᠰᠡᠯ ᠡᠷᠡᠮᠡᠯᠵᠡᠯ᠎ᠳᠤ ᠬᠠᠷᠢᠭᠤᠯᠲᠠ ᠥᠭᠴᠦ᠂ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃ 《ᠨᠢᠭᠡ ᠶᠠᠪᠤᠳᠠᠯ》᠎ᠤᠨ ᠪᠥᠬᠥ ᠬᠡᠯᠬᠢᠶᠡᠰᠦ ᠵᠢ ᠳᠣᠪᠣᠶ᠋ᠢᠯᠭ᠋ᠠᠨ ᠭᠠᠯ ᠰᠡᠷᠭᠡᠶ᠋ᠢᠯᠡᠯᠲᠡ ᠵᠢᠨ ᠠᠮᠤᠷ ᠲᠦᠪᠰᠢᠨ᠎ᠤ ᠵᠠᠰᠠᠯᠲᠠ ᠵᠢ ᠪᠣᠳᠠᠲᠠᠶ ᠠᠳᠬᠤᠵᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠠᠮᠤᠷ ᠲᠦᠪᠰᠢᠨ᠎ᠤ ᠴᠡᠭᠴᠡᠯᠡᠨ ᠵᠠᠰᠠᠯᠲᠠ᠂ ᠭᠠᠯ ᠬᠥᠳᠡᠯᠭᠡᠬᠦ ᠠᠵᠢᠯᠯᠠᠭ᠋ᠠᠨ᠎ᠤ ᠬᠠᠮᠢᠶᠠᠷᠤᠯᠲᠠ᠂ ᠦᠨᠳᠦᠰᠦᠨ ᠱᠠᠲᠤᠨ᠎ᠤ ᠭᠠᠯ ᠰᠡᠷᠭᠡᠶ᠋ᠢᠯᠡᠯᠲᠡ ᠵᠢᠨ ᠵᠠᠰᠠᠯᠲᠠ ᠵᠡᠷᠭᠡ ᠲᠤᠰᠬᠠᠶ ᠠᠵᠢᠯ᠎ᠢ ᠭᠦᠨᠵᠡᠭᠡᠶ ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢᠨ ᠰᠢᠨ᠎ᠡ ᠵᠢ ᠡᠭᠦᠳᠴᠦ᠂ ᠠᠷᠠᠳ᠎ᠲᠤ ᠲᠥᠬᠥᠮ ᠦᠵᠡᠭᠦᠯᠦᠨ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠵᠢᠷᠤᠮᠵᠢᠭᠤᠯᠵᠤ᠂ ᠭᠠᠯ ᠰᠡᠷᠭᠡᠶ᠋ᠢᠯᠡᠯᠲᠡ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠢᠯᠠᠯᠲᠠ ᠣᠯᠵᠤ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠰᠢᠨ᠎ᠡ ᠴᠢᠨᠠᠷ ᠴᠢᠨᠰᠠᠭ᠎ᠠ ᠲᠠᠢ᠍ᠢ᠍ᠴᠢᠨ ᠬᠦᠴᠦᠨ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠦᠷᠦᠯ ᠬᠤᠪᠢᠶᠠᠨ ᠲᠤᠰᠬᠠᠢ ᠪᠣᠯᠪᠠᠰᠤᠷᠠᠭᠤᠯᠬᠤ ᠵᠢ ᠴᠢᠩᠭ᠎ᠠ ᠠᠳᠬᠤᠵᠤ᠂ ᠬᠦᠴᠢᠷ ᠠᠰᠠᠭᠤᠳᠠᠯ ᠪᠣᠯᠤᠨ ᠲᠤᠰᠬᠠᠢ ᠮᠡᠷᠭᠡᠵᠢᠯ ᠵᠶ᠋ᠠᠷ ᠠᠪᠤᠷᠠᠨ ᠲᠤᠰᠠᠯᠠᠬᠤ ᠵᠢ ᠰᠢᠢ᠍ᠳᠪᠦᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠴᠢᠳᠠᠪᠤᠷᠢ ᠣᠯᠭᠣᠬᠤ ᠵᠢ ᠴᠢᠩᠭ᠋ᠠᠳᠬᠠᠵᠤ᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠵᠦ᠂ ᠡᠯ᠎ᠡ ᠲᠦᠷᠦᠯ᠎ᠤᠨ ᠭᠠᠮᠰᠢᠭ ᠡᠨᠳᠡᠯ᠎ᠢ ᠬᠦᠴᠦᠲᠡᠢ ᠠᠷᠭ᠋ᠠᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠪᠦᠬᠦ ᠲᠠᠯ᠎ᠠ᠎ᠪᠠᠷ ᠴᠢᠩᠭ᠎ᠠ ᠠᠳᠬᠤᠬᠤ ᠵᠢ ᠪᠠᠷᠢᠮᠲᠠᠯᠠᠵᠤ ᠡᠩᠨᠡᠭᠡ᠎ᠪᠠᠨ ᠨᠡᠩ ᠪᠠᠲᠤ ᠴᠢᠩᠭ᠎ᠠ ᠪᠣᠯᠭ᠋ᠠᠨ ᠳᠠᠪᠲᠠᠨ ᠪᠣᠯᠪᠠᠰᠤᠷᠠᠭᠤᠯᠵᠤ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠪᠡᠶ᠎ᠡ᠎ᠪᠠᠷ ᠵᠶ᠋ᠠᠨ ᠬᠡᠪ ᠳᠦᠷᠢᠮ ᠪᠤᠯᠵᠤ᠂ ᠭᠣᠣᠯᠳᠠᠯᠭ᠎ᠠ᠎ᠲᠠᠢ  ᠬᠦᠷᠢᠶ᠎ᠡ ᠪᠣᠯᠤᠨ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠩᠨᠡᠭᠡ ᠵᠢ ᠴᠢᠩᠭ᠎ᠠ ᠬᠠᠮᠢᠶᠠᠷᠬᠤ ᠪᠠ ᠦᠨᠳᠦᠰᠦᠨ ᠱᠠᠳᠤ ᠵᠢ ᠬᠠᠶ᠋ᠢᠷᠠᠯᠠᠨ ᠬᠠᠯᠠᠮᠵᠢᠯᠠᠬᠤ ᠵᠢ ᠣᠷᠭ᠋ᠠᠨᠢᠭ ᠵᠶ᠋ᠠᠷ ᠨᠢᠭᠡᠳᠬᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠡᠷᠡᠰ ᠭᠤᠶ᠋ᠢᠪᠢᠰᠢ ᠦᠭᠡᠢ᠎ᠪᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠵᠦ᠂ ᠮᠠᠭᠤ ᠰᠤᠷᠲᠠᠯ᠎ᠢ ᠡᠷᠡᠰ ᠵᠠᠯᠠᠷᠠᠭᠤᠯᠤᠨ ᠵᠠᠰᠠᠵᠤ᠂ ᠭᠣᠣᠯ ᠮᠥᠷᠡᠨ᠎ᠢ ᠵᠠᠰᠠᠵᠤ᠂ ᠠᠵᠢᠯ ᠬᠢᠵᠦ ᠦᠢ᠍ᠯᠡᠰ ᠪᠤᠰᠬᠠᠬᠤ ᠰᠠᠢ᠍ᠢ᠍ᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ᠃
     ᠬᠤᠷᠠᠯ᠎ᠠᠴᠠ᠂ ᠣᠳᠣᠬᠠᠨ᠎ᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠡᠭᠦᠷᠭᠡ ᠵᠢ ᠭᠦᠢ᠍ᠴᠡᠳ ᠲᠠᠨᠢᠵᠤ᠂ ᠠᠶᠤᠯ ᠲᠦᠭᠰᠢᠭᠦᠷᠢ ᠵᠢ ᠲᠣᠳᠣᠷᠬᠠᠢ ᠲᠠᠨᠢᠵᠤ᠂ ᠠᠰᠠᠭᠤᠳᠠᠯ᠎ᠢ ᠣᠨᠣᠪᠴᠢᠲᠠᠢ ᠣᠯᠵᠤ᠂ ᠨᠡᠩ ᠴᠤ᠌ ᠠᠵᠠ ᠲᠣᠬᠢᠶᠠᠯ᠎ᠢ ᠡᠵᠡᠮᠳᠡᠵᠦ᠂ ᠢᠲᠡᠭᠡᠯ ᠵᠣᠷᠢᠭ ᠵᠶ᠋ᠠᠨ ᠪᠠᠲᠤᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠠᠴᠠ᠎ᠪᠠᠨ ᠶᠡᠬᠡ ᠲᠠᠯ᠎ᠠ ᠪᠦᠬᠦ ᠲᠠᠯ᠎ᠠ᠎ᠳᠤ ᠵᠣᠭᠰᠣᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠣᠳᠣᠬᠢᠴᠢᠯᠠᠯᠲᠠ ᠵᠢ ᠲᠥᠯᠥᠪᠵᠢᠭᠦᠯᠦᠨ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠤᠬᠠᠶ᠋ᠢᠯᠠᠭᠰᠠᠨ ᠠᠵᠢᠯ ᠪᠣᠯᠤᠨ ᠡᠩᠨᠡᠭᠡᠨ᠎ᠤ ᠪᠠᠶ᠋ᠢᠭᠤᠯᠤᠯᠲᠠ ᠵᠢᠨ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ᠃ 《ᠪᠦᠬᠦ ᠬᠡᠯᠬᠢᠶ᠎ᠡ》 ᠵᠢᠨ ᠵᠠᠰᠠᠯᠲᠠ ᠵᠢᠨ ᠵᠠᠭᠪᠤᠷ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠬᠦᠨᠳᠦ ᠣᠨᠴᠠ ᠶᠡᠬᠡ ᠭᠠᠯ᠎ᠤᠨ ᠭᠠᠮᠰᠢᠭ᠎ᠤᠨ ᠡᠨᠳᠡᠯ᠎ᠢ ᠡᠷᠡᠰ ᠰᠡᠷᠭᠡᠶ᠋ᠢᠯᠡᠨ ᠬᠣᠷᠢᠭᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠦᠢ᠍ᠯᠡᠴᠢᠯᠡᠭᠡ ᠪᠠ ᠴᠢᠩᠭ᠎ᠠ ᠬᠢᠨᠠᠯᠲᠠ ᠬᠠᠮᠢᠶᠠᠷᠤᠯᠲᠠ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠬᠥᠭᠵᠢᠯᠲᠡ ᠵᠢᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠩᠨᠡᠭᠡᠨ᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠢᠨ᠎ᠡ ᠴᠢᠨᠠᠷ ᠪᠦᠬᠦᠢ ᠲᠠᠢ᠍ᠢ᠍ᠴᠢᠨ ᠬᠦᠴᠦᠨ᠎ᠢ ᠲᠦᠷᠭᠡᠳᠬᠡᠨ ᠪᠤᠢ ᠪᠣᠯᠭ᠋ᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠭᠠᠯ ᠰᠡᠷᠭᠡᠶ᠋ᠢᠯᠡᠬᠦ ᠠᠵᠢᠯ᠎ᠤᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠢᠳᠡᠪᠬᠢᠲᠡᠢ ᠪᠣᠶ᠋ᠢᠵᠢᠭᠤᠯᠤᠨ᠎ᠠ᠃ ᠦᠨᠳᠦᠰᠦᠨ ᠱᠠᠲᠤ ᠵᠢ ᠴᠥᠬᠥᠷᠡᠰᠢ ᠥᠬᠡᠶ ᠠᠳᠬᠤᠨ ᠰᠠᠭᠤᠷᠢ ᠲᠠᠯᠪᠢᠵᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ   ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠬᠦ ᠬᠡᠷᠡᠭᠲᠡᠶ᠃
     ᠬᠤᠷᠠᠯ᠎ᠠᠴᠠ᠂ ᠡᠩᠨᠡᠭᠡ ᠵᠢᠨ ᠡᠯ᠎ᠡ ᠱᠠᠲᠤᠨ᠎ᠤ᠎ᠬᠢᠨ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠠᠵᠢᠯ᠎ᠤᠨ ᠱᠠᠭ᠋ᠠᠷᠳᠠᠯᠭ᠎ᠠ ᠵᠢ ᠠᠬᠢᠭᠤᠯᠵᠤ᠂ ᠦᠵᠡᠯ ᠰᠠᠨᠠᠭ᠎ᠠ ᠨᠠᠮᠴᠢ ᠴᠢᠨᠠᠷ᠎ᠢ ᠴᠢᠩᠭ᠋ᠠᠳᠬᠠᠬᠤ᠂ ᠤᠳᠤᠷᠢᠳᠬᠤ ᠪᠠᠭ᠎ᠢ ᠠᠳᠬᠤᠬᠤ ᠬᠠᠷᠢᠭᠤᠴᠠᠯᠭ᠎ᠠ ᠵᠢ ᠴᠢᠩᠭ᠋ᠠᠳᠬᠠᠬᠤ᠂ ᠥᠭᠡᠷᠡᠴᠢᠯᠡᠯᠲᠡ ᠵᠢ ᠠᠳᠬᠤᠬᠤ ᠬᠥᠭᠵᠢᠯᠲᠡ ᠵᠢ ᠴᠢᠩᠭ᠋ᠠᠳᠬᠠᠬᠤ᠂ ᠦᠨᠳᠦᠰᠦᠨ ᠱᠠᠳᠤ ᠵᠢ ᠠᠳᠬᠤᠬᠤ ᠰᠠᠭᠤᠷᠢ ᠵᠢ ᠪᠡᠬᠢᠵᠢᠭᠦᠯᠬᠦ ᠵᠢ ᠬᠦᠴᠦᠯᠡᠨ ᠠᠳᠬᠤᠵᠤ᠂ ᠬᠦᠨᠳᠦ ᠡᠭᠦᠷᠭᠡ ᠵᠢ ᠡᠭᠦᠷᠭᠡᠯᠡᠵᠦ ᠳᠡᠶ᠋ᠢᠯᠬᠦ ᠰᠢᠯᠭ᠋ᠠᠷᠠᠭᠰᠠᠨ ᠡᠩᠨᠡᠭᠡ ᠵᠢ ᠪᠦᠬᠦ ᠲᠠᠯ᠎ᠠ᠎ᠪᠠᠷ ᠪᠠᠶ᠋ᠢᠭᠤᠯᠵᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠵᠢᠯ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃ ᠦᠨᠳᠦᠰᠦ ᠵᠢ ᠪᠣᠶ᠋ᠢᠵᠢᠭᠤᠯᠵᠤ ᠰᠦᠭ ᠰᠦᠨᠡᠰᠦ ᠵᠢ ᠱᠤᠭᠤᠬᠤ ᠵᠢ ᠨᠡᠩ ᠴᠢᠬᠤᠯᠠᠴᠢᠯᠠᠵᠤ᠂ ᠬᠦᠴᠦᠨ ᠵᠶ᠋ᠠᠨ ᠲᠥᠪᠯᠡᠷᠡᠭᠦᠯᠦᠨ ᠤᠯᠤᠰ ᠲᠦᠷᠦ ᠵᠢᠨ ᠪᠠᠶ᠋ᠢᠭᠤᠯᠤᠯᠲᠠ ᠵᠢ ᠪᠣᠳᠠᠲᠠᠢ ᠠᠳᠬᠤᠬᠤ ᠬᠡᠷᠡᠭᠲᠡᠢ᠃ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠵᠢ ᠨᠠᠩ ᠴᠢᠬᠤᠯᠠᠴᠢᠯᠠᠵᠤ᠂ ᠪᠠᠭ᠎ᠤᠨ ᠪᠠᠶ᠋ᠢᠭᠤᠯᠤᠯᠲᠠ ᠵᠢ ᠬᠦᠴᠦ᠎ᠪᠠᠨ ᠲᠥᠪᠯᠡᠷᠡᠭᠦᠯᠦᠨ ᠪᠣᠳᠠᠲᠠᠶ ᠠᠳᠬᠤᠬᠤ ᠬᠡᠷᠡᠭᠲᠡᠶ᠃ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠨᠡᠩ ᠴᠢᠬᠤᠯᠠᠴᠢᠯᠠᠵᠤ᠂ ᠬᠦᠴᠦᠨ ᠵᠶ᠋ᠠᠨ ᠲᠥᠪᠯᠡᠷᠡᠭᠦᠯᠦᠨ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ ᠠᠳᠬᠤᠬᠤ ᠬᠡᠷᠡᠭᠲᠡᠢ᠃ ᠦᠨᠡᠨ ᠰᠡᠳᠬᠢᠯ᠎ᠠᠴᠠ᠎ᠪᠠᠨ᠂ ᠬᠦᠴᠦ᠎ᠪᠠᠨ ᠲᠥᠪᠯᠡᠷᠡᠭᠦᠯᠦᠨ ᠦᠨᠳᠦᠰᠦᠨ ᠱᠠᠲᠤᠨ᠎ᠤ ᠰᠠᠭᠤᠷᠢ ᠵᠢ ᠪᠣᠳᠠᠲᠠᠢ ᠠᠳᠬᠤᠬᠤ ᠵᠢ ᠨᠡᠩ ᠴᠢᠬᠤᠯᠠᠴᠢᠯᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ  ᠬᠣᠷᠢᠶ᠎ᠠ ᠨᠠᠮ᠎ᠢ ᠬᠠᠮᠢᠶᠠᠷᠬᠤ ᠠᠩᠭᠢ ᠵᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂   ᠰᠢᠰᠲ᠋ᠧᠮ᠎ᠲᠠᠢ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠦᠨ᠂ ᠡᠷᠡᠰ ᠪᠠᠲᠤ᠎ᠪᠠᠷ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢ ᠪᠠᠷᠢᠮᠲᠠᠯᠠᠵᠤ᠂ ᠡᠩᠨᠡᠭᠡ ᠵᠢ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠠᠷᠢᠭᠤᠨ ᠴᠡᠪᠡᠷ᠂ ᠨᠡᠩ ᠬᠠᠲᠠᠭᠤ ᠴᠢᠩᠭ᠎ᠠ ᠪᠣᠯᠭ᠋ᠠᠬᠤ ᠬᠡᠷᠡᠭᠲᠡᠢ᠃
     ᠬᠤᠷᠠᠯ᠎ᠨᠢ ᠸᠢᠳᠢᠣ᠋ ᠬᠡᠯᠪᠡᠷᠢ᠎ᠪᠠᠷ ᠬᠤᠷᠠᠯᠳᠤᠵᠤ᠂ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠪᠣᠯᠤᠨ ᠡᠯ᠎ᠡ ᠬᠠᠤᠯᠢ ᠴᠠᠭ᠋ᠠᠵᠠ ᠵᠢᠨ ᠵᠥᠪᠯᠡᠯ ᠠᠯᠪᠠᠨ ᠬᠡᠷ᠎ᠤᠨ ᠲᠦᠷ ᠴᠠᠭ᠎ᠤᠨ ᠬᠠᠷᠢᠭᠤᠴᠠᠯᠭ᠋ᠠᠲᠠᠨ ᠨᠥᠬᠥᠳ᠂ ᠶᠠᠮᠤᠨ᠎ᠤ ᠬᠠᠮᠢᠶ᠎ᠠ ᠪᠥᠬᠥᠶ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠥᠬᠥᠶ ᠨᠥᠬᠥᠳ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠣᠶ ᠰᠢᠭᠤᠶ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠶᠡᠷᠦᠩᠬᠡᠶ ᠠᠩᠭᠢ᠂ ᠪᠣᠯᠪᠠᠰᠤᠷᠠᠯ᠎ᠤᠨ ᠶᠡᠷᠦᠩᠬᠡᠶ ᠠᠩᠭᠢ᠂ ᠪᠡᠯᠡᠳᠬᠡᠯ ᠰᠠᠯᠪᠤᠷᠢ ᠠᠩᠭᠢ᠂ ᠤᠯᠤᠰ᠎ᠤᠨ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠥᠪ᠎ᠤᠨ ᠪᠡᠯᠡᠳᠬᠡᠯ ᠠᠵᠢᠯ᠎ᠤᠨ ᠳᠤᠭᠤᠶ᠋ᠢᠯᠠᠩ᠂ ᠳᠤᠮᠳᠠᠳᠤ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠳᠡᠭᠡᠳᠦ ᠰᠤᠷᠭ᠋ᠠᠭᠤᠯᠢ ᠪᠣᠯᠤᠨ ᠡᠯ᠎ᠡ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠰᠤᠳᠤᠯᠭ᠋ᠠᠨ᠎ᠤ ᠭᠠᠵᠠᠷ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ   ᠦᠢ᠍ᠯᠡᠳᠭᠦᠨ᠎ᠤ ᠬᠢᠷᠢ ᠲᠡᠩᠴᠡᠭᠰᠡᠨ᠎ᠢ ᠦᠨᠡᠯᠡᠨ ᠲᠣᠭᠲᠠᠭ᠋ᠠᠬᠤ ᠲᠥᠪ᠎ᠤᠨ ᠭᠤᠤᠯ ᠬᠠᠷᠢᠭᠤᠴᠠᠯᠭ᠋ᠠᠲᠠᠨ ᠨᠥᠬᠥᠳ ᠥᠪᠡᠷ ᠥᠪᠡᠷ᠎ᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            