
1 ᠰᠠᠷ᠎ᠠ ᠵᠢᠨ 21᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠬᠠᠮᠲᠤᠷᠠᠨ ᠲᠥᠪ᠎ᠤᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠠᠶᠤᠯᠭᠦᠶ ᠦᠢ᠍ᠯᠡᠳᠪᠦᠷᠢᠯᠡᠯ᠎ᠤᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠶ ᠦᠢ᠍ᠯᠡᠳᠪᠦᠷᠢᠯᠡᠯ᠎ᠤᠨ ᠵᠥᠪᠯᠡᠯ᠎ᠤᠨ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠨᠠᠩ ᠬᠦᠴᠦᠲᠡᠶ᠂ ᠨᠠᠩ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ᠎ᠪᠠᠷ ᠲᠥᠪ᠎ᠤᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠪᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠰᠠᠶ᠋ᠢᠳ ᠸᠠᠩ ᠰᠢᠶᠠᠩ ᠰᠢ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠬᠣᠷᠢᠶᠠᠨ᠎ᠤ ᠱᠦᠵᠢ᠂ ᠡᠷᠬᠢᠯᠡᠭᠴᠢ ᠵᠠᠩ ᠢᠦᠢ ᠵᠦᠸᠸ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠰᠠᠶ᠋ᠢᠳ ᠰᠦᠩ ᠶᠤᠸᠠᠨ ᠮᠢᠩ ᠬᠤᠷᠠᠯ᠎ᠳᠤ ᠣᠷᠣᠯᠴᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠷᠢᠨ ᠪᠢᠴᠢᠭ᠎ᠤᠨ ᠳᠠᠷᠤᠭ᠎ᠠ ᠵᠤ ᠵᠤᠸᠠᠩ ᠱᠤ᠌ ᠰᠢᠨ ᠬᠤᠷᠠᠯ᠎ᠢ ᠡᠷᠬᠢᠯᠡᠭᠰᠡᠨ ᠪᠥᠭᠡᠳ 2024 ᠣᠨ᠎ᠤ ᠲᠥᠪ᠎ᠤᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠪᠡ᠃
ᠵᠠᠩ ᠢᠦᠢ ᠵᠦᠸᠸ᠂ ᠥᠩᠭᠡᠷᠡᠭᠰᠡᠨ ᠨᠢᠭᠡ ᠵᠢᠯ᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠪᠣᠯᠤᠨ ᠲᠥᠪ᠎ᠤᠨ ᠠᠵᠤ ᠠᠬᠤᠶ᠋ᠢᠯᠠᠯ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠦᠴᠦᠲᠡᠢ ᠵᠢᠯᠤᠭᠤᠳᠤᠯᠭ᠎ᠠ ᠳᠣᠣᠷ᠎ᠠ᠂ ᠠᠶᠤᠯᠭᠦᠢ ᠦᠢ᠍ᠯᠡᠳᠪᠦᠷᠢᠯᠡᠯ᠎ᠢ ᠰᠠᠶ᠋ᠢᠲᠤᠷ ᠠᠳᠬᠤᠬᠤ ᠵᠢ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠪᠣᠯᠭ᠋ᠠᠵᠤ᠂ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠬᠦᠯᠵᠥ᠂ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ ᠵᠶ᠋ᠠᠷ ᠬᠢᠩᠭ᠋ᠠᠨᠢ ᠮᠠᠨᠳᠤᠭᠤᠯᠬᠤ ᠵᠢ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠠᠮᠤᠷ ᠲᠦᠪᠰᠢᠨ᠎ᠤ ᠴᠡᠭᠴᠡᠯᠡᠨ ᠵᠠᠰᠠᠯᠲᠠ ᠵᠢ ᠪᠦᠬᠦ ᠬᠦᠴᠦ᠎ᠪᠠᠷ ᠵᠶ᠋ᠠᠨ ᠠᠬᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠪᠠ᠃ 2025 ᠣᠨ᠎ᠳᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠲᠥᠪ᠎ᠤᠨ ᠠᠵᠤ ᠠᠬᠤᠶ᠋ᠢᠯᠠᠯ᠎ᠤᠨ᠎ᠬᠢᠨ ᠭᠤᠤᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠥᠷᠥ ᠵᠢᠨ ᠪᠣᠳᠣᠯᠭ᠎ᠠ ᠵᠢ ᠣᠨᠣᠪᠴᠢᠲᠠᠶ ᠬᠡᠷᠡᠭᠵᠢᠭᠦᠯᠵᠦ᠂ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠬᠤᠪᠢᠶᠠᠨ ᠳᠠᠭ᠋ᠠᠭ᠋ᠠᠴᠢᠯᠠᠬᠤ᠂ ᠠᠵᠢᠯᠲᠠᠨ᠂ ᠲᠤᠬᠠᠶ ᠵᠢᠨ ᠲᠠᠯᠠᠪᠠᠶ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠪᠥᠬᠥ ᠬᠦᠷᠢᠶᠡᠨ᠎ᠳᠠᠬᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠰᠡᠷᠭᠡᠶ᠋ᠢᠯᠡᠯᠲᠡ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠠᠭ᠋ᠠᠷ᠎ᠤᠨ ᠠᠶᠠᠯᠠᠯ᠎ᠤᠨ ᠬᠠᠷᠢᠴᠠᠯᠠᠰᠢ ᠥᠬᠡᠶ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠠᠭᠤᠷᠬᠠᠶ᠂ ᠠᠶᠤᠯᠲᠠᠶ ᠬᠢᠮᠢ ᠵᠢᠨ ᠪᠣᠳᠠᠰ᠎ᠤᠨ ᠬᠦᠷᠢᠶᠡᠨ᠎ᠳᠠᠬᠢ ᠮᠥᠨ ᠴᠢᠨᠠᠷ᠎ᠤᠨ ᠠᠮᠤᠷ ᠲᠦᠪᠰᠢᠨ᠎ᠤ ᠪᠠᠶ᠋ᠢᠭᠤᠯᠤᠯᠲᠠ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠴᠢᠩᠭ᠎ᠠ ᠪᠣᠳᠠᠲᠠᠶ ᠨᠠᠷᠢᠯᠢᠭ ᠠᠳᠬᠤᠵᠤ᠂ ᠬᠢᠮᠢ ᠵᠢᠨ ᠠᠵᠤ ᠦᠢ᠍ᠯᠡᠳᠪᠦᠷᠢ ᠵᠢᠨ ᠬᠠᠭᠤᠴᠢᠨ ᠲᠣᠨᠣᠭᠯᠠᠯ᠎ᠢ ᠰᠢᠭᠰᠢᠭᠳᠡᠭᠦᠯᠦᠨ ᠭᠠᠷᠭ᠋ᠠᠬᠤ ᠪᠠ ᠰᠢᠨᠡᠳᠬᠡᠨ ᠥᠭᠡᠷᠡᠴᠢᠯᠡᠬᠦ ᠵᠢ ᠲᠦᠷᠭᠡᠳᠬᠡᠵᠦ᠂ ᠤᠶᠤᠨᠲᠤ ᠲᠣᠭᠣᠷᠢᠨ ᠪᠠᠶ᠋ᠢᠴᠠᠭ᠋ᠠᠬᠤ ᠮᠠᠰᠢᠨ ᠬᠥᠮᠦᠨ ᠪᠠ ᠠᠵᠢᠯᠯᠠᠭᠤᠯᠬᠤ ᠮᠠᠰᠢᠨ ᠬᠥᠮᠦᠨ᠎ᠢ ᠳᠡᠯᠭᠡᠷᠡᠭᠦᠯᠦᠨ᠎ᠡ ᠣᠯᠠᠨ ᠨᠡᠶ᠋ᠢᠲᠡ ᠵᠢᠨ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠵᠢ ᠲᠣᠪᠣᠢ᠍ᠮ᠎ᠠ ᠰᠠᠶ᠋ᠢᠲᠤᠷ ᠠᠳᠬᠤᠵᠤ᠂ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ ᠵᠢᠨ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠴᠠᠬᠢᠯᠭ᠋ᠠᠨ ᠲᠤᠤᠷᠵᠢᠯ ᠵᠶ᠋ᠠᠷ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ᠎ᠤᠨ ᠵᠠᠩᠭᠢᠯᠠᠭ᠎ᠠ ᠵᠢᠨ ᠲᠥᠬᠥᠭᠡᠷᠦᠮᠵᠢ᠎ᠪᠠᠨ ᠤᠷᠢᠳᠴᠢᠯᠠᠨ ᠪᠠᠶ᠋ᠢᠴᠠᠭ᠋ᠠᠨ ᠰᠡᠯᠪᠢᠵᠦ ᠬᠠᠮᠠᠭ᠋ᠠᠯᠠᠬᠤ ᠵᠢ ᠰᠠᠶ᠋ᠢᠲᠤᠷ ᠬᠢᠵᠦ᠂ ᠰᠢᠲᠠᠮᠠᠬᠠᠶ ᠬᠡᠢ ᠵᠢᠨ ᠠᠵᠤ ᠠᠬᠤᠶ᠋ᠢᠯᠠᠯ᠎ᠤᠨ ᠰᠢᠲᠠᠮᠠᠬᠠᠶ ᠬᠡᠢ ᠵᠢᠨ ᠬᠣᠭᠣᠯᠠᠶ ᠵᠢᠨ ᠲᠤᠤᠷ᠎ᠤᠨ ᠠᠮᠤᠷ ᠲᠦᠪᠰᠢᠨ᠎ᠤ ᠪᠠᠶ᠋ᠢᠳᠠᠯ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠵᠠᠰᠠᠮᠠᠯ ᠵᠠᠮ᠎ᠤᠨ ᠲᠡᠮᠦᠷ ᠵᠠᠮ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠭᠤᠤᠯᠳᠠᠯᠭ᠎ᠠ᠎ᠲᠠᠢ ᠣᠷᠣᠨ ᠪᠠᠶ᠋ᠢᠷᠢ ᠵᠢ ᠭᠦᠨᠵᠡᠭᠡᠶ ᠵᠢᠭᠰᠠᠭ᠋ᠠᠨ ᠪᠠᠶ᠋ᠢᠴᠠᠭ᠋ᠠᠵᠤ᠂ ᠰᠣᠶᠣᠯ ᠵᠢᠭᠤᠯᠴᠢᠯᠠᠯ᠎ᠤᠨ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠣᠯᠠᠨ ᠡᠵᠡᠩᠨᠡᠯᠲᠡ ᠵᠢᠨ ᠪᠠᠢ᠍ᠳᠠᠯ᠎ᠲᠠᠢ ᠬᠣᠯᠢᠮᠠᠭ ᠦᠢ᠍ᠯᠡᠳᠪᠦᠷᠢᠯᠡᠯ ᠡᠵᠡᠩᠨᠡᠯᠲᠡ ᠵᠢᠨ ᠲᠠᠯᠠᠪᠤᠷ ᠭᠠᠵᠠᠷ ᠵᠡᠷᠭᠡ ᠭᠠᠯ᠎ᠤᠨ ᠭᠠᠮᠰᠢᠭ᠎ᠤᠨ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠴᠢᠩᠭ᠋ᠠᠳᠬᠠᠨ᠎ᠠ᠃ ᠪᠠᠶ᠋ᠢᠭ᠋ᠠᠯᠢ ᠵᠢᠨ ᠭᠠᠶ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠶ᠋ᠢᠲᠤᠷ ᠬᠢᠵᠦ᠂ ᠠᠶᠤᠯ ᠭᠠᠮᠰᠢᠭ᠎ᠠᠴᠠ ᠠᠪᠤᠷᠬᠠᠤ᠎ᠳᠤ ᠢᠳᠡᠪᠬᠢᠲᠡᠶ ᠣᠷᠣᠯᠴᠠᠨ᠎ᠠ᠃ ᠬᠢᠯᠢ ᠵᠢᠨ ᠭᠠᠳᠠᠨᠠᠬᠢ ᠲᠥᠷᠥᠯ ᠵᠦᠢ᠍ᠯ ᠪᠣᠯᠤᠨ ᠲᠤᠬᠠᠶ᠋ᠢᠯᠠᠭᠰᠠᠨ ᠠᠵᠢᠯ ᠪᠦᠬᠦᠢ ᠠᠵᠤ ᠠᠬᠤᠶ᠋ᠢᠯᠠᠯ᠎ᠤᠳ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠦᠭᠰᠢᠭᠦᠷᠢ ᠵᠢ ᠣᠯᠵᠤ ᠮᠡᠳᠡᠨ ᠰᠢᠢ᠍ᠳᠪᠦᠷᠢᠯᠡᠬᠦ ᠴᠢᠳᠠᠪᠤᠷᠢ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠦᠷᠢᠮ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠷᠠᠯᠲᠠᠲᠤ ᠬᠠᠮᠢᠶᠠᠷᠤᠯᠲᠠ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠢᠨᠠᠨ ᠰᠢᠯᠭ᠋ᠠᠯᠲᠠ ᠵᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠴᠢᠳᠠᠪᠤᠷᠢ ᠪᠠ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠭᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ 《ᠨᠢᠭᠡ ᠶᠠᠪᠤᠳᠠᠯ》᠎ᠤᠨ ᠪᠥᠬᠥ ᠬᠡᠯᠬᠢᠶ᠎ᠡ ᠵᠢ ᠴᠡᠭᠴᠡᠯᠡᠨ ᠵᠠᠰᠠᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠪᠣᠭᠣᠮᠲᠠ ᠵᠢ ᠤᠷᠤᠭᠰᠢ ᠠᠬᠢᠭᠤᠯᠬᠤ ᠬᠡᠷᠡᠭᠲᠡᠶ᠃ ᠵᠢᠯ᠎ᠤᠨ ᠡᠴᠦᠰ ᠣᠨ᠎ᠤ ᠡᠬᠢ᠎ᠪᠠᠷ᠂ ᠡᠯ᠎ᠡ ᠠᠵᠤ ᠠᠬᠤᠶ᠋ᠢᠯᠠᠯ᠎ᠤᠨ᠎ᠬᠢᠨ ᠴᠢᠩᠭ᠎ᠠ ᠬᠠᠷᠢᠭᠤᠴᠠᠯᠭ᠋ᠠᠲᠤ ᠰᠡᠳᠬᠢᠯᠭᠡ ᠪᠣᠯᠤᠨ ᠴᠢᠩᠭ᠎ᠠ ᠨᠢᠮᠪᠠᠢ ᠪᠣᠳᠠᠲᠠᠢ ᠰᠤᠷᠲᠠᠯ ᠵᠶ᠋ᠠᠷ᠂ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠠᠳᠬᠤᠵᠤ᠂ ᠨᠠᠷᠢᠨ ᠨᠢᠭᠲᠠ ᠪᠡᠯᠡᠳᠬᠡᠯ ᠲᠥᠰᠦᠯ ᠲᠣᠭᠲᠠᠭ᠋ᠠᠵᠤ᠂ ᠴᠢᠩᠭ᠎ᠠ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭᠦᠷᠯᠡᠨ ᠰᠠᠬᠢᠬᠤ᠎ᠪᠠᠨ ᠴᠢᠩᠭ᠋ᠠᠳᠬᠠᠵᠤ᠂ ᠬᠦᠨᠳᠦ ᠣᠨᠴᠠ ᠶᠡᠬᠡ ᠡᠨᠳᠡᠯ ᠭᠠᠷᠬᠤ ᠵᠢ ᠡᠷᠡᠰ ᠰᠡᠷᠭᠡᠶ᠋ᠢᠯᠡᠨ ᠬᠣᠷᠢᠭᠯᠠᠬᠤ ᠬᠡᠷᠡᠭᠲᠡᠢ᠃
ᠸᠠᠩ ᠰᠢᠶᠠᠩ ᠰᠢ᠂ 2024 ᠣᠨ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠦᠴᠦᠲᠡᠶ ᠤᠳᠤᠷᠢᠳᠤᠯᠭ᠎ᠠ ᠳᠤᠤᠷ᠎ᠠ᠂ ᠲᠥᠪ᠎ᠤᠨ ᠠᠵᠤ ᠠᠬᠤᠶ᠋ᠢᠯᠠᠯ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠬᠦ ᠵᠢ ᠪᠠᠷᠢᠮᠲᠠᠯᠠᠵᠤ᠂ ᠠᠶᠤᠯᠭᠦᠶ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ ᠠᠶᠤᠯᠭᠦᠶ ᠦᠢ᠍ᠯᠡᠳᠪᠦᠷᠢᠯᠡᠯ᠎ᠤᠨ ᠪᠠᠶ᠋ᠢᠳᠠᠯ ᠦᠷᠭᠦᠯᠵᠢᠯᠡᠨ ᠰᠠᠶ᠋ᠢᠵᠢᠷᠠᠪᠠ᠃ ᠬᠦᠨᠳᠦ ᠶᠡᠬᠡ ᠭᠠᠶ ᠭᠠᠮᠰᠢᠭ᠎ᠤᠨ ᠡᠨᠳᠡᠯ᠎ᠤᠨ ᠡᠮᠦᠨ᠎ᠡ᠂ ᠡᠮᠦᠨ᠎ᠡ᠎ᠨᠢ ᠭᠠᠪᠰᠢᠭ᠋ᠠᠶ᠋ᠢᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠳᠤᠮᠳᠠ ᠴᠢᠬᠤᠯᠠ ᠦᠢ᠍ᠯᠡᠳᠦᠯ ᠦᠵᠡᠭᠦᠯᠪᠡ᠃ ᠲᠡᠷᠡ ᠴᠢᠬᠤᠯᠠᠴᠢᠯᠠᠭᠰᠠᠨ᠎ᠨᠢ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ᠌ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠰᠠᠢ᠍ᠢ᠍ᠨ ᠡᠬᠢᠯᠡᠯᠲᠡ᠎ᠳᠤ ᠰᠠᠭᠤᠷᠢ ᠲᠠᠯᠪᠢᠬᠤ ᠵᠠᠩᠭᠢᠯᠠᠭ᠎ᠠ ᠵᠢᠨ ᠵᠢᠯ ᠮᠥᠨ᠂ ᠲᠥᠪ᠎ᠤᠨ ᠠᠵᠤ ᠠᠬᠤᠶ᠋ᠢᠯᠠᠯ᠎ᠨᠢ ᠤᠯᠤᠰ ᠠᠷᠠᠳ᠎ᠤᠨ ᠠᠵᠤ ᠠᠬᠤᠶ ᠵᠢᠨ ᠨᠡᠮᠡᠭᠳᠡᠯ᠎ᠤᠨ 《ᠲᠤᠯᠭ᠋ᠠᠭᠤᠷᠢ ᠬᠦᠴᠦᠨ》 ᠪᠣᠯᠤᠭᠰᠠᠨ᠎ᠤ ᠬᠤᠪᠢ᠎ᠳᠤ᠂ ᠠᠮᠤᠷ ᠲᠦᠪᠰᠢᠨ᠎ᠢ ᠬᠠᠮᠠᠭ᠋ᠠᠯᠠᠬᠤ 《ᠣᠩᠭᠣᠴᠠ ᠳᠠᠷᠤᠬᠤ ᠴᠢᠯᠠᠭᠤ》᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠂ ᠨᠠᠮ᠎ᠤᠨ ᠲᠥᠪ ᠬᠣᠷᠢᠶᠠᠨ᠎ᠤ ᠶᠣᠰᠣᠭ᠋ᠠᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠶᠤᠯ ᠥᠬᠡᠶ ᠦᠢ᠍ᠯᠡᠳᠪᠦᠷᠢᠯᠡᠯ᠎ᠤᠨ ᠵᠥᠪᠯᠡᠯ᠎ᠤᠨ ᠵᠢᠨ ᠬᠤᠷᠠᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠎ᠠ᠂ ᠠᠶᠤᠯᠭᠦᠶ ᠦᠢ᠍ᠯᠡᠳᠪᠦᠷᠢᠯᠡᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠎ᠡ᠂ ᠦᠨᠳᠦᠰᠦᠨ᠎ᠠᠴᠠ᠎ᠨᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠭᠤᠷᠪᠠᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠤᠨ᠎ᠠ᠂ ᠪᠦᠬᠦ ᠤᠯᠤᠰ᠎ᠤᠨ ᠠᠮᠤᠷ ᠲᠦᠪᠰᠢᠨ᠎ᠤ ᠪᠠᠶ᠋ᠢᠳᠠᠯ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠶ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠶ᠃ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠲᠠᠯ᠎ᠠ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠡᠯ᠎ᠡ ᠱᠠᠳᠤ ᠳᠠᠪᠬᠤᠷᠭ᠎ᠠ ᠵᠢ ᠪᠦᠷᠬᠦᠭᠰᠡᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠤᠳᠤᠷᠢᠳᠬᠤ ᠪᠠᠭ᠎ᠤᠨ ᠠᠮᠤᠷ ᠲᠦᠪᠰᠢᠨ᠎ᠤ ᠤᠳᠤᠷᠢᠳᠬᠤ ᠬᠦᠴᠦᠨ᠎ᠢ ᠳᠡᠭᠡᠭᠰᠢᠯᠡᠭᠦᠯᠵᠦ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ 《ᠨᠡᠪᠲᠡᠯᠬᠦ ᠬᠦᠴᠦᠨ》᠎ᠢ ᠴᠢᠩᠭ᠋ᠠᠳᠬᠠᠵᠤ᠂ ᠬᠠᠷᠢᠭᠤᠴᠠᠯᠭ᠎ᠠ ᠵᠢ ᠭᠡᠳᠡᠷᠭᠦ ᠪᠠᠶ᠋ᠢᠴᠠᠭ᠋ᠠᠬᠤ ᠵᠢ ᠴᠢᠩᠭ᠋ᠠᠳᠬᠠᠬᠤ ᠬᠡᠷᠡᠭᠲᠡᠢ᠃ ᠬᠦᠨᠳᠦ ᠶᠡᠬᠡ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠵᠢᠨ ᠲᠠᠯ᠎ᠠ᠎ᠪᠠᠷ ᠳᠡᠭᠡᠭᠰᠢᠯᠡᠭᠦᠯᠵᠦ᠂ ᠬᠦᠨᠳᠦ ᠶᠡᠬᠡ ᠡᠨᠳᠡᠯ᠎ᠤᠨ ᠬᠡᠮ ᠰᠣᠭᠣᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠤᠯᠠᠮ ᠴᠢᠨᠠᠭᠰᠢᠳᠠ ᠰᠠᠶ᠋ᠢᠲᠤᠷ ᠰᠤᠷᠤᠯᠴᠠᠨ ᠰᠠᠶ᠋ᠢᠲᠤᠷ ᠬᠡᠷᠡᠭᠯᠡᠵᠦ᠂ ᠪᠠᠷᠢᠯᠭ᠎ᠠ ᠪᠠᠷᠢᠬᠤ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠠᠭᠤᠷᠬᠠᠶ᠂ ᠠᠶᠤᠯᠲᠠᠶ ᠬᠢᠮᠢ ᠵᠢᠨ ᠪᠣᠳᠠᠰ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠤ ᠴᠡᠭᠴᠡᠯᠡᠨ ᠵᠠᠰᠠᠯᠲᠠ ᠵᠢ ᠳᠣᠪᠣᠶ᠋ᠢᠯᠭ᠋ᠠᠵᠤ᠂ ᠬᠡᠮ ᠰᠣᠭᠣᠭ᠎ᠢ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠥᠭᠡᠷᠡᠴᠢᠯᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠵᠠᠩᠭᠢᠯᠠᠭ᠎ᠠ ᠵᠢᠨ ᠭᠣᠭᠴᠣᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠡᠵᠡᠮᠳᠡᠯ᠎ᠤᠨ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠬᠤᠪᠢᠶᠠᠨ ᠳᠠᠭ᠋ᠠᠭ᠋ᠠᠴᠢᠯᠠᠵᠤ ᠬᠠᠮᠢᠶᠠᠷᠬᠤ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠭᠠᠯ ᠨᠣᠴᠣᠭ᠋ᠠᠬᠤ ᠵᠡᠷᠭᠡ ᠠᠶᠤᠯᠲᠠᠢ ᠠᠵᠢᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ᠎ᠤᠨ ᠬᠥᠮᠦᠰ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠴᠠᠭ ᠲᠤᠬᠠᠢᠳᠤᠨᠢ ᠬᠦᠴᠦᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠯᠳᠠᠰᠢ ᠭᠠᠷᠬᠤ ᠵᠢ ᠬᠣᠷᠢᠭᠯᠠᠵᠤ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠮᠥᠨ ᠴᠢᠨᠠᠷ᠎ᠤᠨ ᠠᠮᠤᠷ ᠲᠦᠪᠰᠢᠨ᠎ᠤ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ ᠲᠠᠬᠢᠨ ᠬᠦᠴᠦᠯᠡᠵᠦ᠂ ᠲᠤᠨᠤᠭ ᠲᠥᠬᠥᠭᠡᠷᠦᠮᠵᠢ᠎ᠪᠠᠨ ᠰᠢᠨᠡᠳᠬᠡᠨ ᠥᠭᠡᠷᠡᠴᠢᠯᠡᠬᠦ ᠵᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠢᠩᠭ᠋ᠠᠨ ᠠᠶ᠋ᠢᠮᠠᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠮᠤᠷ ᠲᠦᠪᠰᠢᠨ᠎ᠤ ᠬᠡᠪ ᠪᠣᠯᠪᠠᠰᠤᠷᠠᠯ ᠬᠦᠷᠦᠯᠴᠡᠬᠦ ᠦᠭᠡᠢ ᠪᠠᠶ᠋ᠢᠬᠤ 《ᠪᠠᠭᠤᠷᠠᠢ ᠲᠠᠯ᠎ᠠ》 ᠵᠢ ᠬᠦᠴᠦᠯᠡᠨ ᠰᠢᠢ᠍ᠳᠪᠦᠷᠢᠯᠡᠵᠦ᠂ ᠡᠨᠳᠡᠯ᠎ᠤᠨ ᠬᠡᠮ ᠰᠣᠭᠣᠭ᠎ᠢ ᠦᠨᠳᠦᠰᠦᠨ᠎ᠠᠴᠠ᠎ᠨᠢ ᠠᠷᠢᠯᠭ᠋ᠠᠵᠤ᠂ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠤ ᠦᠢ᠍ᠯᠡᠰ᠎ᠢ ᠬᠥᠭᠵᠢᠭᠦᠯᠬᠦ ᠪᠠ ᠠᠶᠤᠯ᠎ᠠᠴᠠ ᠠᠪᠤᠷᠠᠨ ᠲᠤᠰᠠᠯᠠᠬᠤ᠎ᠳᠤ ᠣᠷᠣᠯᠴᠠᠬᠤ ᠲᠠᠯ᠎ᠠ᠎ᠪᠠᠷ ᠰᠢᠨ᠎ᠡ ᠭᠠᠪᠢᠶ᠎ᠠ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠪᠣᠳᠠᠲᠤ ᠬᠡᠷᠡᠭᠴᠡᠭᠡ ᠪᠣᠯᠤᠨ ᠳᠤᠲᠠᠭᠤᠳᠠᠯ ᠪᠠᠭᠤᠷᠠᠢ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠪᠦᠯᠦᠭ 《ᠳᠡᠭᠡᠳᠦ ᠨᠠᠷᠢᠯᠢᠭ ᠣᠨᠴᠠᠭ᠋ᠠᠢ ᠲᠤᠰᠬᠠᠢ ᠮᠡᠷᠭᠡᠵᠢᠯ》᠎ᠤᠨ ᠲᠤᠨᠤᠭ ᠲᠥᠬᠥᠭᠡᠷᠦᠮᠵᠢ ᠵᠢ ᠰᠤᠳᠤᠯᠤᠨ ᠨᠡᠭᠡᠭᠡᠵᠦ᠂ ᠦᠨᠳᠦᠰᠦᠨ ᠱᠠᠲᠤᠨ᠎ᠳᠤ ᠨᠢᠭᠡ ᠪᠦᠯᠦᠭ 《ᠪᠠᠭ᠎ᠠ ᠲᠦᠷᠭᠡᠨ ᠬᠦᠩᠬᠡᠨ ᠤᠬᠠᠭ᠋ᠠᠨ》᠎ᠤ ᠲᠤᠨᠤᠭ ᠲᠥᠬᠥᠭᠡᠷᠦᠮᠵᠢ ᠵᠢ ᠳᠡᠯᠭᠡᠷᠡᠭᠦᠯᠵᠦ᠂ ᠲᠤᠰᠬᠠᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠲᠤᠰᠬᠠᠢ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠬᠦᠨᠳᠦ ᠣᠨᠴᠠ ᠶᠡᠬᠡ ᠭᠠᠮᠰᠢᠭ᠎ᠤᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠳᠤᠮᠳᠠ ᠦᠷᠭᠦᠯᠵᠢᠯᠡᠨ ᠬᠦᠨᠳᠦ ᠡᠭᠦᠷᠭᠡ ᠵᠢ ᠡᠭᠦᠷᠭᠡᠯᠡᠬᠦ ᠬᠡᠷᠡᠭᠲᠡᠢ᠃
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠤᠯᠤᠰ᠎ᠤᠨ ᠠᠭᠤᠷᠬᠠᠶ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠬᠣᠯᠪᠣᠭᠳᠠᠯ ᠪᠥᠬᠥᠶ ᠵᠤᠷᠭ᠋ᠠᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠪᠦᠷᠢᠯᠳᠦᠬᠦᠨ ᠲᠢᠩᠬᠢᠮ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠥᠳ ᠭᠤᠤᠯ ᠬᠤᠷᠠᠯ᠎ᠤᠨ ᠲᠠᠯᠠᠪᠠᠶ᠎ᠳᠤ᠂ ᠲᠥᠪ᠎ᠤᠨ ᠡᠯ᠎ᠡ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ ᠨᠥᠬᠥᠳ ᠪᠣᠯᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠡᠯ᠎ᠡ ᠠᠵᠤ ᠠᠬᠤᠶ᠋ᠢᠯᠠᠯ᠎ᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠶ᠃