ᠴᠤᠤᠷᠬᠠᠯ᠎ᠢ ᠨᠢᠴᠤᠭᠠᠬᠤ (ᠭᠤᠷᠪᠠ )᠄ 《ᠪᠢᠴᠢᠬᠠᠨ ᠨᠠᠷᠠ》 ᠳᠤᠯᠠᠭᠠᠯᠠᠬᠤ ᠲᠥᠬᠦᠭᠡᠷᠦᠮᠵᠢ ᠪᠠᠷ ᠳᠤᠯᠠᠭᠠᠴᠠᠬᠤ ᠦᠶᠡᠰ ᠂ ᠬᠤᠪᠴᠠᠰᠤ᠎ᠪᠠᠷ ᠪᠦᠲᠡᠭᠡᠪᠡᠯ ᠂ ᠬᠠᠯᠠᠭᠤᠯᠬᠤ ᠨᠢ ᠨᠡᠩ ᠬᠤᠷᠳᠤᠨ ᠤᠤ?
ᠦᠨᠡᠨ ᠪᠠᠢᠳᠠᠯ᠎ᠤᠨ ᠲᠠᠢᠯᠤᠮᠵᠢ ᠄
ᠡᠷᠡᠰ ᠴᠠᠭᠠᠵᠠᠯᠠᠨ᠎ᠠ! ᠬᠤᠪᠴᠠᠰᠤ ᠬᠤᠨᠠᠷ ᠨᠢ 《ᠪᠢᠴᠢᠬᠠᠨ ᠨᠠᠷᠠ》ᠳᠤᠯᠠᠭᠠᠯᠠᠬᠤ ᠲᠥᠬᠦᠭᠡᠷᠦᠮᠵᠢ᠎ᠶᠢᠨ ᠢᠯᠴᠢ᠎ᠶᠢ ᠰᠠᠷᠨᠢᠭᠤᠯᠬᠤ᠎ᠶᠢᠨ ᠠᠷᠭ᠎ᠠ ᠦᠭᠡᠢ ᠪᠣᠯᠭᠠᠵᠤ ᠂ ᠣᠬᠣᠷᠬᠠᠨ ᠬᠤᠭᠤᠴᠠᠭᠠᠨ᠎ᠳᠤ ᠳᠤᠯᠠᠭᠠᠨ᠎ᠤ ᠬᠡᠮᠵᠢᠶ᠎ᠡ ᠨᠢ ᠲᠦᠷᠭᠡᠨ ᠳᠡᠭᠡᠭᠰᠢᠯᠡᠭᠡᠳ ᠂ ᠪᠦᠷᠬᠦᠭᠦᠯ ᠪᠣᠳᠠᠰ᠎ᠢ ᠨᠣᠴᠣᠭᠠᠵᠤ ᠂ ᠭᠠᠯ᠎ᠤᠨ ᠠᠶᠤᠯ᠎ᠢ ᠡᠭᠦᠰᠬᠡᠳᠡᠭ᠃
ᠵᠥᠪ ᠠᠷᠭ᠎ᠠ ᠄
1 ᠂ ᠠᠮᠤᠷ ᠲᠦᠪᠰᠢᠨ᠎ᠤ ᠵᠠᠢ ᠶ᠋ᠢ ᠪᠠᠲᠤᠯᠠᠬᠤ ᠄ ᠳᠤᠯᠠᠭᠠᠯᠠᠭ᠎ᠠ ᠵᠢᠨ ᠲᠥᠬᠦᠭᠡᠷᠦᠮᠵᠢ ᠵᠢᠨ ᠡᠷᠭᠢᠨ ᠲᠣᠭᠣᠷᠢᠨ 1᠎ᠤᠨ ᠬᠡᠪᠴᠢᠶᠡᠨ ᠳᠣᠲᠣᠷ᠎ᠠ ᠂ ᠶᠠᠮᠠᠷᠪᠠ ᠰᠢᠲᠠᠮᠠᠬᠠᠢ ᠪᠣᠳᠠᠰ ( ᠬᠤᠪᠴᠠᠰᠤ ᠬᠤᠨᠠᠷ ᠂ ᠴᠣᠩᠬᠣᠨ ᠪᠦᠷᠬᠦᠭᠦᠯ᠂ ᠬᠥᠨᠵᠢᠯᠡ ᠳᠡᠪᠢᠰᠬᠡᠷ ) ᠲᠠᠯᠪᠢᠬᠤ ᠶ᠋ᠢ ᠴᠢᠩᠭ᠎ᠠ ᠴᠠᠭᠠᠵᠠᠯᠠᠨ᠎ᠠ᠃
2 . ᠪᠥᠬᠥ ᠶᠠᠪᠤᠴᠠ᠎ᠶᠢ ᠬᠠᠷᠠᠵᠤ ᠬᠠᠮᠢᠶᠠᠷᠬᠤ ᠄ ᠬᠡᠷᠡᠭᠯᠡᠬᠦ ᠦᠶ᠎ᠡ᠎ᠳᠦ ᠡᠷᠬᠡᠪᠰᠢ ᠬᠠᠷᠠᠵᠤ ᠬᠠᠮᠢᠶᠠᠷᠬᠤ ᠬᠥᠮᠥᠨ ᠪᠠᠢᠬᠤ ᠬᠡᠷᠡᠭᠲᠡᠢ ᠂ ᠳᠤᠯᠠᠭᠠᠯᠠᠬᠤ ᠲᠥᠬᠦᠭᠡᠷᠦᠮᠵᠢ᠎ᠶᠢᠨ ᠬᠠᠵᠠᠭᠤ᠎ᠳᠤ ᠤᠨᠲᠠᠬᠤ ᠪᠤᠶᠤ ᠣᠷᠳᠣ᠌ ᠬᠤᠭᠤᠴᠠᠭ᠎ᠠ᠎ᠪᠠᠷ ᠶᠠᠪᠤᠵᠤ ᠪᠣᠯᠬᠤ ᠦᠭᠡᠢ᠃
3 . ᠵᠥᠪ ᠣᠨᠣᠪᠴᠢᠲᠠᠶ ᠬᠡᠷᠡᠭᠯᠡᠬᠦ ᠄ ᠨᠣᠢᠲᠠᠨ ᠬᠤᠪᠴᠠᠰᠤ᠎ᠶᠢ ᠳᠤᠯᠠᠭᠠᠯᠠᠬᠤ ᠲᠥᠬᠦᠭᠡᠷᠦᠮᠵᠢ ᠳᠡᠭᠡᠷ᠎ᠡ ᠰᠢᠭᠤᠳ ᠪᠦᠷᠬᠦᠵᠦ ᠪᠣᠯᠬᠤ ᠦᠭᠡᠢ᠃