ᠲᠦᠷᠦᠭᠦᠬᠡᠨ ᠸᠠᠩ ᠠᠪᠠᠭ᠍ᠠᠢ ᠨᠢᠭᠡᠨ ᠠᠵᠢᠯᠲᠠᠨ ᠡᠯᠰᠡᠬᠦ ᠰᠦᠯᠵᠢᠶᠡᠨ᠎ᠤ ᠲᠠᠪᠴᠠᠩ ᠳᠡᠭᠡᠷ᠎ᠡ ᠲᠣᠪᠴᠢ ᠨᠠᠮᠲᠠᠷ ᠵᠶ᠋ᠠᠨ ᠲᠤᠰᠢᠶᠠᠭᠰᠠᠨ᠎ᠤ ᠲᠠᠷᠠᠭ᠎ᠠ᠂ ᠨᠢᠭᠡᠨ ᠺᠤᠮᠫᠠᠨᠢ ᠵᠢᠨ ᠦᠢ᠍ᠯᠡᠴᠢᠯᠡᠭᠴᠢ ᠬᠡᠮᠡᠭᠰᠡᠨ ᠬᠥᠮᠥᠨ᠎ᠤ ᠤᠲᠠᠰᠤ ᠵᠢ ᠲᠤᠰᠪᠠ᠃ ᠤᠲᠠᠰᠤᠨ ᠳᠡᠭᠡᠷ᠎ᠡ᠂ ᠦᠢ᠍ᠯᠡᠴᠢᠯᠡᠭᠴᠢ᠎ᠠᠴᠠ ᠸᠠᠩ ᠠᠪᠠᠭ᠍ᠠᠢ᠎ᠳᠤ᠂ ᠰᠦᠯᠵᠢᠶᠡᠨ᠎ᠤ ᠨᠡᠪᠲᠡᠷᠡᠭᠦᠯᠦᠭᠴᠢ᠎ᠳᠤ ᠱᠠᠩᠨᠠᠯ ᠥᠭᠪᠡᠯ ᠬᠠᠷᠢᠭᠤ ᠣᠯᠭᠤᠮᠵᠢ ᠥᠭᠭᠦᠨ᠎ᠡ ᠭᠡᠪᠡ᠃ ᠲᠤᠷᠰᠢᠵᠤ ᠦᠵᠡᠶ᠎ᠡ ᠭᠡᠰᠡᠨ ᠪᠤᠳᠤᠯ ᠵᠶ᠋ᠠᠷ ᠸᠠᠩ ᠠᠪᠠᠭ᠍ᠠᠢ ᠨᠦᠭᠦᠭᠡ ᠡᠲᠡᠭᠡᠳ᠎ᠤᠨ ᠵᠶ᠋ᠠᠨ ᠱᠠᠭ᠋ᠠᠷᠳᠠᠯᠭ᠎ᠠ᠎ᠪᠠᠷ ᠨᠢᠭᠡᠨ ᠵᠣᠭᠤᠭᠳᠠᠬᠤ ᠵᠥᠭᠡᠯᠡᠨ ᠲᠤᠨ᠎ᠤ᠎ᠬᠢ ᠪᠠᠭᠤᠯᠭ᠋ᠠᠨ ᠤᠭᠰᠠᠷᠠᠪᠠ᠃
ᠲᠠᠷᠠᠭ᠎ᠠ᠎ᠨᠢ᠂ ᠸᠠᠩ ᠠᠪᠠᠭ᠍ᠠᠢ ᠦᠢ᠍ᠯᠡᠴᠢᠯᠡᠭᠴᠢ ᠵᠢᠨ ᠵᠢᠯᠣᠭᠤᠳᠤᠯᠭ᠎ᠠ᠎ᠪᠠᠷ᠂ ᠰᠦᠯᠵᠢᠶᠡᠨ᠎ᠤ ᠨᠡᠪᠲᠡᠷᠡᠭᠦᠯᠦᠭᠴᠢ᠎ᠳᠤ ᠪᠢᠯᠧᠲ ᠥᠭᠴᠦ᠂ ᠳᠠᠷᠠᠭ᠋ᠠᠯᠠᠨ ᠬᠡᠳᠦᠨ ᠡᠭᠦᠷᠭᠡ ᠵᠢ ᠪᠡᠶᠡᠯᠡᠭᠦᠯᠦᠭᠰᠡᠨ᠎ᠤ ᠲᠠᠷᠠᠭ᠎ᠠ᠂ ᠲᠡᠷᠡ ᠬᠠᠷᠢᠭᠤ ᠣᠯᠭᠤᠮᠵᠢ ᠣᠯᠵᠠᠢ᠃ ᠶᠠᠭ ᠡᠨᠡ ᠦᠶ᠎ᠡ᠎ᠳᠤ᠂ ᠦᠢ᠍ᠯᠡᠴᠢᠯᠡᠭᠴᠢ᠎ᠠᠴᠠ ᠸᠠᠩ ᠠᠪᠠᠭ᠍ᠠᠢ᠎ᠳᠤ᠂ 《ᠣᠷᠣᠯᠠᠨ ᠥᠭᠬᠦ ᠬᠥᠷᠥᠩᠭᠡ ᠥᠭᠪᠡᠯ ᠨᠡᠩ ᠶᠡᠭᠡ ᠠᠰᠢᠭ ᠣᠯᠵᠤ ᠪᠣᠯᠣᠨ᠎ᠠ》 ᠭᠡᠪᠡ᠃ ᠸᠠᠩ ᠠᠪᠠᠭ᠍ᠠᠢ ᠤᠯᠠᠨ ᠶᠠᠭᠤᠮ᠎ᠠ ᠪᠤᠳᠤᠯ ᠦᠭᠡᠢ᠎ᠪᠠᠷ ᠨᠦᠭᠦᠭᠡ ᠡᠲᠡᠭᠡᠳ᠎ᠤᠨ ᠵᠶ᠋ᠠᠨ ᠱᠠᠭ᠋ᠠᠷᠳᠠᠯᠭ᠎ᠠ᠎ᠪᠠᠷ 10 ᠲᠦᠮᠡᠨ ᠲᠥᠭᠦᠷᠢᠭ ᠪᠡᠯᠡᠳᠬᠡᠨ ᠬᠦᠷᠭᠡᠬᠦ᠎ᠪᠠᠷ ᠪᠣᠯᠪᠠ᠃ ᠡᠨᠡ ᠦᠶ᠎ᠡ᠎ᠳᠤ ᠴᠠᠭᠳᠠᠭ᠎ᠠ ᠨᠠᠷ᠎ᠠᠴᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠰᠦᠪᠡᠭᠴᠢ ᠵᠢ ᠦᠨᠳᠦᠰᠦᠯᠡᠨ ᠸᠠᠩ ᠠᠪᠠᠭ᠍ᠠᠢ ᠵᠢᠨ ᠪᠠᠶ᠋ᠢᠳᠠᠯ᠎ᠢ ᠮᠡᠳᠡᠵᠦ᠂ ᠤᠯᠠᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠮᠵᠢᠯᠴᠠᠭ᠎ᠠ᠎ᠪᠠᠷ᠂ ᠴᠠᠭᠳᠠᠭ᠎ᠠ ᠨᠠᠷ ᠸᠠᠩ ᠠᠪᠠᠭ᠍ᠠᠢ᠎ᠲᠠᠢ ᠬᠠᠷᠢᠯᠴᠠᠵᠤ᠂ ᠨᠠᠷᠢᠨ ᠪᠠᠶ᠋ᠢᠳᠠᠯ᠎ᠢ ᠮᠡᠳᠡᠭᠦᠯᠬᠦ᠎ᠪᠠᠷ ᠳᠠᠮᠵᠢᠨ᠂ ᠸᠠᠩ ᠠᠪᠠᠭ᠍ᠠᠢ ᠥᠪᠡᠷ᠎ᠤᠨ ᠮᠡᠬᠡᠯᠡᠭᠳᠡᠭᠰᠡᠨ ᠵᠶ᠋ᠠᠨ ᠣᠯᠵᠤ ᠮᠡᠳᠡᠵᠡᠢ᠃
ᠴᠠᠭᠳᠠᠭ᠎ᠠ ᠨᠠᠷ᠎ᠤᠨ ᠬᠠᠮᠵᠢᠯᠴᠠᠭ᠎ᠠ᠎ᠪᠠᠷ ᠸᠠᠩ ᠠᠪᠠᠭ᠍ᠠᠢ ᠮᠡᠬᠡᠯᠡᠯ᠎ᠤᠨ 《ᠤᠨᠠᠭᠤᠯᠢ》᠎ᠠᠴᠠ ᠵᠠᠶ᠋ᠢᠯᠠᠪᠠ᠃ 《ᠡᠨᠡ ᠵᠣᠭᠤᠰ᠎ᠢ ᠪᠢ ᠰᠦᠯᠵᠢᠶᠡᠨ᠎ᠠᠴᠠ ᠵᠢᠭᠡᠯᠡᠭᠰᠡᠨ ᠶᠤᠮ᠂ ᠶᠡᠭᠡ ᠠᠰᠢᠭ ᠣᠯᠬᠤ ᠭᠡᠵᠦ ᠰᠢᠨᠤᠬᠠᠶ᠋ᠢᠷᠠᠭ᠋ᠠᠳ ᠡᠰᠡᠯ᠎ᠡ ᠮᠡᠬᠡᠯᠡᠭᠳᠡᠬᠦ ᠰᠢᠬᠠᠵᠠᠢ᠂ ᠴᠠᠭᠳᠠᠭ᠎ᠠ ᠨᠠᠷ᠎ᠤᠨ ᠵᠣᠭᠣᠰ ᠮᠥᠩᠭᠦ ᠵᠢ ᠡᠭᠡᠭᠦᠯᠦᠨ ᠠᠪᠴᠢᠷᠠᠵᠤ ᠥᠭᠭᠦᠭᠰᠡᠨ᠎ᠳᠤ ᠪᠠᠶᠠᠷᠯᠠᠯ᠎ᠠ》 ᠭᠡᠵᠦ ᠸᠠᠩ ᠠᠪᠠᠭ᠍ᠠᠢ ᠰᠡᠳᠬᠢᠯ ᠳᠣᠭᠳᠣᠯᠤᠨ ᠶᠠᠷᠢᠨ᠎ᠠ᠃
ᠴᠠᠭᠳᠠᠭ᠎ᠠ ᠨᠠᠷ᠎ᠠᠴᠠ᠄ 《ᠰᠦᠯᠵᠢᠶᠡᠨ ᠳᠡᠭᠡᠷ᠎ᠡ ᠠᠵᠢᠯ ᠡᠷᠢᠬᠦ᠎ᠳᠡᠭᠡᠨ ᠡᠷᠬᠡᠪᠰᠢ ᠠᠵᠢᠯᠲᠠᠨ ᠡᠯᠰᠡᠬᠦ ᠵᠢᠩᠬᠢᠨᠢ ᠰᠦᠯᠵᠢᠶ᠎ᠡ ᠵᠢᠨ ᠲᠠᠪᠴᠠᠩ ᠵᠶ᠋ᠠᠷ ᠲᠠᠮᠵᠢᠨ ᠠᠵᠢᠯ ᠡᠷᠢᠬᠦ ᠴᠢᠬᠤᠯᠠᠲᠠᠢ᠂ ᠠᠵᠢᠯᠲᠠᠨ ᠡᠯᠰᠡᠬᠦ ᠠᠵᠤ ᠠᠬᠤᠶ᠋ᠢᠯᠠᠯ᠎ᠤᠨ ᠠᠯᠪᠠᠨ᠎ᠤ ᠰᠦᠯᠵᠢᠶ᠎ᠡ᠂ ᠠᠯᠪᠠᠨ᠎ᠤ ᠲᠠᠯ᠎ᠠ ᠵᠢᠨ ᠤᠲᠠᠰᠤ ᠵᠡᠷᠭᠡ ᠵᠢ ᠬᠠᠷᠭᠤᠭᠤᠯᠬᠤ᠎ᠪᠠᠷ ᠲᠠᠮᠵᠢᠨ ᠦᠨᠡᠨ ᠪᠣᠳᠠᠲᠠᠢ ᠡᠰᠡᠬᠦ ᠵᠢ᠎ᠨᠢ ᠯᠠᠪᠯᠠᠬᠤ ᠴᠢᠬᠤᠯᠠᠲᠠᠢ᠃ ᠤᠯᠠᠨ ᠵᠶ᠋ᠠᠷ ᠵᠶ᠋ᠠᠨ ᠡᠯ᠎ᠡ ᠵᠦᠢ᠍ᠯ᠎ᠤᠨ ᠰᠦᠯᠵᠢᠶᠡᠨ᠎ᠤ ᠮᠡᠬᠡᠯᠡᠯ᠎ᠢ ᠢᠯᠭ᠋ᠠᠨ ᠲᠠᠨᠢᠬᠤ ᠮᠡᠳᠡᠯᠭᠡ ᠵᠢ ᠰᠤᠷᠤᠯᠴᠠᠨ᠂ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ ᠵᠶ᠋ᠠᠨ ᠳᠡᠭᠡᠭᠰᠢᠯᠡᠭᠦᠯᠪᠡᠯ ᠵᠣᠬᠢᠨ᠎ᠠ》 ᠭᠡᠵᠦ ᠰᠠᠨᠠᠭᠤᠯᠵᠤ ᠪᠠᠶ᠋ᠢᠨ᠎ᠠ᠃