ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠪᠠᠴᠢᠮ ᠪᠠᠶ᠋ᠢᠳᠠᠯ᠎ᠢ ᠠᠷᠭᠠᠴᠠᠬᠤ
ᠸᠠᠩ ᠰᠢᠶᠠᠩ ᠰᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠬᠡᠯᠲᠡᠰ᠎ᠤᠨ ᠠᠵᠢᠯ᠎ᠤᠨ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ ᠠᠵᠢᠯᠯᠠᠬᠤ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ ᠥᠨᠳᠥᠷ ᠲᠦᠪᠰᠢᠨ ᠪᠦᠬᠦᠢ ᠠᠮᠤᠷ ᠲᠦᠪᠰᠢᠨ ᠵᠶ᠋ᠠᠷ ᠴᠢᠨᠠᠷ ᠰᠠᠶ᠋ᠢᠲᠠᠢ ᠬᠥᠭᠵᠢᠯᠲᠡ᠎ᠳᠤ ᠴᠢᠷᠮᠠᠶ᠋ᠢᠨ ᠦᠢ᠍ᠯᠡᠴᠢᠯᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-02-07

    2 ᠰᠠᠷ᠎ᠠ ᠵᠢᠨ 6᠎ᠤ ᠡᠳᠦᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠱᠦᠵᠢ᠂ ᠶᠠᠮᠤᠨ᠎ᠤ ᠰᠠᠶ᠋ᠢᠳ ᠸᠠᠩ ᠰᠢᠶᠠᠩ ᠰᠢ ᠶᠠᠮᠤᠨ᠎ᠤ ᠨᠠᠮ᠎ᠤᠨ ᠬᠣᠷᠢᠶᠠᠨ᠎ᠤ ᠬᠡᠯᠲᠡᠰ᠎ᠤᠨ ᠠᠵᠢᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠣᠯᠣᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠭᠤᠤᠯᠳᠠᠯᠭ᠎ᠠ᠎ᠲᠠᠢ ᠠᠵᠢᠯ ᠪᠣᠯᠤᠨ ᠡᠬᠢᠯᠡᠯᠲᠡ ᠵᠢᠨ ᠵᠢᠯ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠰᠤᠳᠤᠯᠤᠨ ᠪᠠᠶ᠋ᠢᠷᠢᠯᠠᠭᠤᠯᠪᠠ᠃ ᠸᠠᠩ ᠰᠢᠶᠠᠩ ᠰᠢ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ   ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠴᠢᠷᠮᠠᠶ᠋ᠢᠨ ᠠᠵᠢᠯᠯᠠᠵᠤ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ᠎ᠪᠠᠷ ᠵᠶ᠋ᠠᠨ ᠰᠢᠨ᠎ᠡ ᠨᠢᠭᠡ ᠵᠢᠯ᠎ᠤᠨ ᠡᠯ᠎ᠡ ᠵᠦᠢ᠍ᠯ᠎ᠤᠨ ᠠᠵᠢᠯ᠎ᠳᠤ ᠣᠷᠣᠯᠴᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠬᠠᠮᠠᠭ᠋ᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠵᠶ᠋ᠠᠷ ᠴᠢᠨᠠᠷ ᠰᠠᠶ᠋ᠢᠲᠠᠢ ᠬᠥᠭᠵᠢᠯᠲᠡ᠎ᠳᠤ ᠦᠢ᠍ᠯᠡᠴᠢᠯᠡᠬᠦ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ᠎ᠠᠴᠠ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠲᠠ ᠬᠤᠷᠠᠯ ᠪᠣᠯᠤᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠦᠬᠦᠲᠠ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠰᠢᠰᠲ᠋ᠧᠮᠵᠢᠭᠦᠯᠦᠨ ᠪᠦᠲᠦᠭᠡᠯᠴᠢ ᠴᠢᠨᠠᠷᠲᠠᠢ ᠰᠠᠶ᠋ᠢᠲᠤᠷ ᠠᠳᠬᠤᠵᠤ᠂ ᠬᠦᠨᠳᠦ ᠣᠨᠴᠠ ᠶᠡᠬᠡ ᠡᠨᠳᠡᠯ᠎ᠢ ᠪᠦᠬᠦ ᠬᠦᠴᠦ᠎ᠪᠠᠷ ᠵᠶ᠋ᠠᠨ ᠰᠡᠷᠭᠡᠶ᠋ᠢᠯᠡᠨ ᠬᠣᠷᠢᠭᠯᠠᠵᠤ᠂ ᠡᠯ᠎ᠡ ᠲᠦᠷᠦᠯ᠎ᠤᠨ ᠬᠦᠨᠳᠦ ᠶᠡᠬᠡ ᠭᠠᠮᠰᠢᠭ᠎ᠢ ᠥᠨᠳᠥᠷ ᠪᠦᠲᠦᠮᠵᠢᠲᠡᠢ ᠠᠷᠭ᠋ᠠᠴᠠᠭ᠋ᠠᠵᠤ᠂ ᠪᠣᠳᠠᠲᠤ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ᠎ᠪᠠᠷ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ ᠵᠢ ᠬᠦᠴᠦ᠎ᠪᠠᠨ ᠬᠠᠮᠲᠤᠳᠬᠠᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠷᠭ᠎ᠠ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠳᠠᠬᠢ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠡᠭᠡᠨ ᠴᠢᠳᠠᠮᠠᠭ᠋ᠠᠢ ᠪᠠᠶ᠋ᠢᠵᠤ᠂ ᠲᠣᠭᠲᠠᠭᠰᠠᠨ ᠪᠠᠶ᠋ᠢᠷᠢᠯᠠᠭᠤᠯᠤᠯᠲᠠ ᠶᠣᠰᠣᠭ᠋ᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠬᠦᠷᠢᠶᠡᠨ᠎ᠳᠠᠬᠢ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠤᠨ ᠣᠨ᠎ᠤ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
     ᠬᠤᠷᠠᠯ᠎ᠠᠴᠠ᠂ ᠥᠴᠦᠬᠡᠨ ᠴᠦ᠍ ᠰᠤᠯᠠᠷᠠᠭᠤᠯᠤᠯ ᠦᠭᠡᠢ᠎ᠪᠠᠷ ᠵᠢᠯ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠡᠯ᠎ᠡ ᠵᠦᠢ᠍ᠯ᠎ᠤᠨ ᠠᠵᠢᠯ᠎ᠢ ᠴᠢᠩᠭ᠎ᠠ ᠪᠣᠳᠠᠲᠠᠢ ᠠᠳᠬᠤᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ 《ᠬᠣᠶᠠᠷ ᠵᠣᠴᠢᠨ ᠨᠢᠭᠡ ᠠᠶᠤᠯᠲᠠᠢ》 ᠪᠠᠶ᠋ᠢᠬᠤ᠂ ᠥᠪᠡᠷ ᠵᠶ᠋ᠠᠨ ᠵᠢᠵᠢᠭ ᠮᠠᠰᠢᠨ ᠵᠢᠯᠣᠭᠣᠳᠬᠤ᠂ ᠲᠠᠷᠢᠶᠠᠯᠠᠩ᠎ᠳᠤ ᠬᠡᠷᠡᠭᠯᠡᠬᠦ ᠮᠠᠰᠢᠨ ᠲᠡᠷᠭᠡ ᠵᠡᠷᠭᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠶᠡᠬᠡ ᠮᠠᠨᠠᠨ᠂ ᠪᠣᠷᠣᠭ᠋ᠠᠨ ᠴᠠᠰᠤ ᠵᠡᠷᠭᠡ ᠮᠠᠭᠤ ᠠᠭᠤᠷ ᠠᠮᠢᠰᠬᠤᠯ᠎ᠢ ᠨᠡᠪᠲᠡᠷᠡᠭᠦᠯᠬᠦ ᠬᠠᠮᠢᠶᠠᠷᠤᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠪᠤᠴᠠᠬᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠪᠠᠶᠠᠷ᠎ᠤᠨ ᠡᠮᠦᠨ᠎ᠡ ᠬᠣᠶ᠋ᠢᠨᠠᠬᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠭᠦᠨᠵᠡᠭᠡᠶ ᠰᠤᠳᠤᠯᠤᠨ ᠮᠠᠭ᠋ᠠᠳᠯᠠᠵᠤ᠂ ᠦᠵᠡᠮᠵᠢ ᠵᠢᠨ ᠣᠷᠣᠨ ᠦᠵᠡᠮᠵᠢ ᠵᠢᠨ ᠴᠡᠭ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠪᠣᠯᠤᠨ ᠪᠠᠷᠢᠯᠭ᠎ᠠ ᠵᠢᠨ ᠭᠠᠳᠠᠷ ᠬᠡᠷᠡᠮ᠎ᠤᠨ ᠳᠤᠯᠠᠭ᠋ᠠᠨ᠎ᠢ ᠬᠠᠮᠠᠭ᠋ᠠᠯᠠᠬᠤ ᠮᠠᠲ᠋ᠧᠷᠢᠶᠠᠯ ᠵᠡᠷᠭᠡ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠵᠠᠰᠠᠯᠲᠠ ᠵᠢ ᠴᠢᠩᠭ᠋ᠠᠳᠬᠠᠵᠤ᠂ ᠪᠠᠷᠢᠮᠵᠢᠶ᠎ᠠ᠎ᠠᠴᠠ ᠬᠡᠲᠦᠷᠡᠭᠰᠡᠨ ᠪᠠ ᠴᠠᠭ᠋ᠠᠵᠠ᠎ᠠᠴᠠ ᠵᠥᠷᠢᠴᠡᠭᠰᠡᠨ ᠬᠤᠸᠠᠷ ᠫᠤᠤᠵᠢᠩ᠎ᠢ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠮᠤᠷ ᠲᠦᠪᠰᠢᠨ᠎ᠤ ᠬᠡᠮ ᠰᠣᠭᠣᠭ᠎ᠢ ᠡᠷᠡᠰ ᠠᠷᠢᠯᠭ᠋ᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ᠎ᠢ ᠵᠢᠯᠣᠭᠣᠳᠴᠤ ᠪᠠᠶ᠋ᠢᠭ᠋ᠠᠳ ᠠᠮᠠᠷᠠᠯᠲᠠ ᠵᠢᠨ ᠳᠠᠷᠠᠭ᠋ᠠᠬᠢ ᠠᠵᠤ ᠠᠬᠤᠶ᠋ᠢᠯᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠮᠤᠷ ᠲᠦᠪᠰᠢᠨ᠎ᠢ ᠴᠢᠩᠭ᠋ᠠᠳᠬᠠᠵᠤ᠂   ᠦᠢ᠍ᠯᠡᠳᠪᠦᠷᠢᠯᠡᠯ᠎ᠤᠨ ᠲᠣᠨᠣᠭᠯᠠᠯ᠎ᠤᠨ ᠡᠪᠡᠳᠴᠢᠨ᠎ᠲᠠᠢ᠎ᠪᠠᠷ ᠠᠵᠢᠯᠯᠠᠬᠤ ᠵᠡᠷᠭᠡ ᠬᠦᠨᠳᠦ ᠶᠡᠬᠡ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠬᠤ ᠬᠡᠷᠡᠭᠲᠡᠶ᠃ ᠴᠠᠭ ᠲᠤᠬᠠᠶ᠎ᠳᠤᠨᠢ ᠰᠤᠳᠤᠯᠤᠨ ᠮᠠᠭ᠋ᠠᠳᠯᠠᠵᠤ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠭᠠᠮᠰᠢᠭ᠎ᠢ ᠬᠦᠴᠦᠲᠡᠶ ᠠᠷᠭ᠋ᠠᠴᠠᠭ᠋ᠠᠵᠤ᠂ ᠪᠠᠷᠠᠭᠤᠨ ᠡᠮᠦᠨᠡᠲᠦ ᠵᠡᠷᠭᠡ ᠣᠶ ᠰᠢᠭᠤᠶ ᠵᠢᠨ   ᠲᠦᠢ᠍ᠮᠡᠷ᠎ᠤᠨ ᠠᠶᠤᠯ ᠶᠡᠬᠡᠲᠡᠶ ᠭᠠᠵᠠᠷ ᠣᠷᠣᠨ᠎ᠢ ᠴᠢᠩᠭ᠎ᠠ ᠠᠩᠬᠠᠷᠴᠤ᠂ ᠤᠷᠢᠳᠴᠢᠯᠠᠨ ᠰᠡᠷᠭᠡᠶ᠋ᠢᠯᠡᠬᠦ ᠳᠡᠭᠡᠷ᠎ᠡ ᠨᠠᠩ ᠶᠡᠬᠡ ᠬᠦᠴᠦ ᠣᠷᠣᠭᠤᠯᠵᠤ᠂ ᠵᠣᠷᠢᠭᠤᠳᠠ ᠵᠢᠨ ᠬᠦᠴᠦᠨ   ᠵᠦᠢ᠍ᠯ᠎ᠠᠴᠠ ᠪᠣᠯᠵᠣ ᠣᠶ ᠰᠢᠭᠤᠶ ᠵᠢᠨ  ᠲᠦᠢ᠍ᠮᠡᠷ ᠭᠠᠷᠬᠤ᠎ᠠᠴᠠ ᠡᠷᠡᠰ ᠰᠡᠷᠭᠡᠶ᠋ᠢᠯᠡᠬᠦ ᠬᠡᠷᠡᠭᠲᠡᠶ᠃ ᠪᠣᠷᠣᠭ᠋ᠠᠨ ᠴᠠᠰᠤ ᠮᠥᠰᠥᠲᠦᠯ᠎ᠤᠨ ᠭᠠᠮᠰᠢᠭ᠎ᠢ ᠵᠥᠪᠳᠡᠯᠴᠡᠵᠦ ᠰᠤᠳᠤᠯᠤᠨ ᠮᠠᠭ᠋ᠠᠳᠯᠠᠬᠤ ᠪᠠ ᠭᠣᠣᠯᠳᠠᠯᠭ᠎ᠠ᠎ᠲᠠᠢ ᠭᠠᠵᠠᠷ ᠣᠷᠣᠨ᠎ᠤ ᠭᠠᠵᠠᠷ ᠬᠥᠳᠡᠯᠦᠯᠲᠡ ᠵᠢᠨ ᠪᠠᠶ᠋ᠢᠳᠠᠯ᠎ᠢ ᠬᠢᠨᠠᠨ ᠬᠡᠮᠵᠢᠬᠦ᠎ᠪᠠᠨ ᠴᠢᠩᠭ᠋ᠠᠳᠬᠠᠵᠤ᠂ ᠪᠠᠴᠢᠮ ᠪᠠᠶ᠋ᠢᠳᠠᠯ᠎ᠢ  ᠠᠷᠭ᠋ᠠᠴᠠᠭ᠋ᠠᠬᠤ ᠪᠡᠯᠡᠳᠬᠡᠯ ᠵᠶ᠋ᠠᠨ ᠴᠢᠩᠭ᠋ᠠᠳᠬᠠᠬᠤ ᠬᠡᠷᠡᠭᠲᠡᠶ᠃
     ᠬᠤᠷᠠᠯ᠎ᠠᠴᠠ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠨᠠᠮ᠎ᠤᠨ ᠠᠵᠢᠯ ᠵᠢᠴᠢ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠠᠮᠤᠨ᠎ᠤ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠡᠯ᠎ᠡ   ᠵᠦᠢ᠍ᠯ᠎ᠤᠨ ᠠᠵᠢᠯ᠎ᠢ ᠠᠬᠢᠭᠤᠯᠵᠤ᠂ ᠲᠥᠪ ᠴᠢᠩᠭ᠎ᠠ ᠦᠨᠳᠦᠰᠦᠨ ᠬᠥᠭ ᠠᠶᠠᠰ᠎ᠢ ᠪᠠᠷᠢᠮᠲᠠᠯᠠᠵᠤ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠭᠦᠨᠵᠡᠭᠡᠶ ᠠᠬᠢᠭᠤᠯᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ   ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
     ᠬᠤᠷᠠᠯ᠎ᠠᠴᠠ ᠤᠯᠤᠰ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ᠂ ᠤᠯᠤᠰ᠎ᠤᠨ ᠠᠭᠤᠷᠬᠠᠶ ᠵᠢᠨ ᠠᠶᠤᠯᠭᠦᠶ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠂ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠭᠤᠷᠪᠠᠨ ᠤᠯᠤᠰ᠎ᠤᠨ ᠲᠣᠪᠴᠢᠶ᠎ᠠ ᠵᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ᠎ᠤᠨ ᠲᠥᠪ ᠬᠣᠷᠢᠶᠠᠨ᠎ᠤ  ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠠᠷᠢᠬᠢ ᠲᠣᠯᠣᠭ᠋ᠠᠶ᠎ᠪᠠᠨ ᠢᠮᠠᠭᠲᠠ ᠰᠡᠷᠭᠡᠭ ᠪᠠᠶ᠋ᠢᠯᠭ᠋ᠠᠵᠤ᠂ ᠤᠯᠤᠰ ᠲᠥᠷᠥ ᠵᠢᠨ ᠪᠠᠶ᠋ᠢᠭᠤᠯᠤᠯᠲᠠ ᠵᠢ ᠴᠢᠩᠭ᠎ᠠ ᠠᠳᠬᠤᠬᠤ ᠵᠢ ᠰᠤᠯᠠᠷᠠᠭᠤᠯᠤᠯ ᠥᠬᠡᠶ ᠠᠳᠬᠤᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ  ᠭᠦᠢ᠍ᠴᠡᠳᠭᠡᠵᠦ ᠴᠠᠯᠠᠭ᠋ᠠᠶ᠋ᠢᠷᠠᠬᠤ ᠥᠬᠡᠶ ᠪᠠᠶ᠋ᠢᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠵᠤᠬᠰᠤᠰᠢ ᠥᠬᠡᠶ ᠪᠠᠷᠢᠮᠲᠠᠯᠠᠵᠤ᠂ ᠨᠠᠮ ᠪᠣᠯᠤᠨ ᠠᠷᠠᠳ ᠲᠦᠮᠡᠨ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠡᠷᠡᠰ ᠰᠠᠶ᠋ᠢᠲᠤᠷ  ᠭᠦᠢ᠍ᠴᠡᠳᠭᠡᠬᠦ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            