ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠪᠠᠴᠢᠮ ᠪᠠᠶ᠋ᠢᠳᠠᠯ᠎ᠢ ᠠᠷᠭᠠᠴᠠᠬᠤ
ᠠᠮᠤᠷ ᠲᠦᠪᠰᠢᠨ᠎ᠤ ᠬᠥᠪᠴᠢ᠎ᠪᠠᠨ ᠴᠢᠩᠭ᠋ᠠᠯᠠᠨ 《ᠰᠡᠷᠭᠡᠶ᠋ᠢᠯᠡᠯᠲᠡ ᠵᠢᠨ ᠬᠡᠷᠡᠮ》᠎ᠢ ᠪᠠᠲᠤ ᠴᠣᠭᠴᠠᠯᠠᠪᠠ
ᠨᠡᠶ᠋ᠢᠲᠡᠯᠡᠭᠰᠡᠨ ᠴᠠᠭ᠄ 2025-04-07

    ᠤᠢ᠍ᠢ᠍ᠷ᠎ᠠ ᠵᠢᠨ ᠡᠳᠦᠷ᠎ᠤᠳ᠎ᠲᠤ᠂ ᠬᠥᠯᠥᠨ ᠪᠤᠢ᠍ᠢ᠍ᠷ ᠬᠤᠳᠠ ᠵᠢᠨ ᠠᠷᠤᠨ ᠬᠣᠰᠢᠭᠤ ᠲᠦᠢ᠍ᠮᠡᠷ᠎ᠢ ᠰᠢᠲᠠᠭ᠋ᠠᠬᠤ ᠠᠵᠢᠯᠯᠠᠭ᠎ᠠ ᠥᠷᠨᠢᠭᠦᠯᠵᠦ᠂ 《ᠲᠦᠢ᠍ᠮᠡᠷ ᠵᠶ᠋ᠠᠷ ᠭᠠᠯ ᠰᠡᠷᠭᠡᠶ᠋ᠢᠯᠡᠬᠦ》᠂ 《ᠰᠢᠨᠵᠢᠯᠡᠬᠦ ᠤᠬᠠᠭ᠋ᠠᠨᠴᠢ᠎ᠪᠠᠷ ᠭᠠᠯ ᠬᠡᠷᠡᠭᠯᠡᠬᠦ》 ᠠᠵᠢᠯᠯᠠᠭ᠎ᠠ ᠥᠷᠨᠢᠭᠦᠯᠵᠦ᠂ ᠭᠠᠵᠠᠷ᠎ᠤᠨ ᠭᠠᠳᠠᠷᠭᠤ ᠵᠢᠨ ᠳᠣᠣᠷ᠎ᠠ ᠬᠦᠴᠦᠯᠡᠴᠡ᠎ᠲᠠᠢ ᠲᠦᠢ᠍ᠮᠡᠷ ᠵᠶ᠋ᠠᠷ ᠤᠢ ᠵᠢᠨ ᠬᠣᠷᠮᠣᠶ᠂ ᠤᠢ ᠵᠢᠨ ᠵᠠᠬ᠎ᠠ᠂ ᠡᠪᠡᠰᠦᠲᠦ ᠲᠠᠯ᠎ᠠ ᠵᠢᠨ ᠰᠢᠲᠠᠮᠠᠬᠠᠢ ᠪᠣᠳᠠᠰ᠎ᠢ ᠰᠢᠲᠠᠭ᠋ᠠᠬᠤ ᠵᠢ ᠬᠢᠵᠠᠭ᠋ᠠᠷᠯᠠᠵᠤ᠂ ᠲᠦᠢ᠍ᠮᠡᠷ ᠎ᠤᠨ ᠳᠠᠯᠳᠠ ᠬᠡᠮ᠎ᠢ ᠤᠷᠢᠳᠴᠢᠯᠠᠨ ᠠᠷᠢᠯᠭ᠋ᠠᠵᠤ ᠪᠠᠶ᠋ᠢᠨ᠎ᠠ᠃

  111111111.jpg

 

    3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ᠂ ᠬᠥᠯᠥᠨ ᠪᠣᠶ᠋ᠢᠷ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ ᠎ᠢ ᠰᠡᠷᠭᠡᠶ᠋ᠢᠯᠡᠨ ᠤᠨᠲᠠᠷᠠᠭ᠋ᠠᠬᠤ ᠵᠠᠭᠪᠤᠷ᠎ᠢ ᠪᠥᠬᠥ ᠲᠠᠯ᠎ᠠ᠎ᠪᠠᠷ ᠡᠬᠢᠯᠡᠭᠦᠯᠵᠦ᠂ ᠡᠯ᠎ᠡ ᠬᠣᠰᠢᠭᠤ ᠬᠣᠲᠠ ᠲᠣᠭᠣᠷᠢᠭ 《ᠲᠦᠢ᠍ᠮᠡᠷ ᠎ᠢ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ》᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠲᠦᠢ᠍ᠮᠡᠷ᠎ᠢ ᠰᠡᠷᠭᠡᠶ᠋ᠢᠯᠡᠬᠦ ᠱᠠᠭ᠋ᠠᠷᠳᠠᠯᠭ᠎ᠠ ᠵᠢ ᠥᠨᠴᠥᠭ ᠪᠤᠯᠤᠩ ᠪᠦᠷᠢ᠎ᠳᠤ ᠳᠠᠮᠵᠢᠭᠤᠯᠬᠤ ᠵᠢ ᠦᠨᠡᠨ ᠬᠦ᠌ ᠪᠠᠲᠤᠯᠠᠵᠤ᠂ ᠣᠶ ᠵᠢᠨ ᠳᠠᠷᠤᠭ᠎ᠠ ᠵᠢᠨ ᠲᠦᠷᠢᠮ᠎ᠲᠠᠢ ᠤᠶᠠᠯᠳᠤᠭᠤᠯᠤᠨ᠂ ᠳᠥᠷᠪᠡᠨ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠪᠡᠬᠢᠵᠢᠭᠦᠯᠵᠦ᠂ ᠬᠥᠮᠦᠨ᠎ᠳᠤ ᠬᠦᠷᠲᠡᠯ᠎ᠡ ᠨᠠᠶ᠋ᠢᠳᠠᠪᠤᠷᠢᠵᠢᠭᠤᠯᠪᠠ᠃

 

  22222222222.jpg


     ᠬᠥᠯᠥᠨ ᠪᠣᠶ᠋ᠢᠷ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ 19 . 8 ᠲᠦᠮᠡ ᠭᠠᠷᠤᠶ ᠵᠤᠷᠪᠤᠰ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠣᠬᠣᠷ ᠮᠡᠳᠡᠭᠡ ᠶᠠᠪᠤᠭᠤᠯᠵᠤ᠂ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢᠨ ᠵᠤᠯᠭ᠋ᠠᠯᠴᠠᠭ᠋ᠠᠨ᠎ᠤ ᠬᠤᠷᠠᠯ ᠬᠤᠷᠠᠯᠳᠤᠭᠤᠯᠵᠤ᠂ ᠵᠣᠬᠢᠴᠠᠭᠤᠯᠤᠨ ᠬᠣᠯᠪᠣᠭ᠋ᠠᠯᠠᠨ ᠬᠥᠳᠡᠯᠦᠯᠴᠡᠬᠦ᠎ᠪᠠᠨ ᠴᠢᠩᠭ᠋ᠠᠳᠬᠠᠵᠤ᠂ ᠭᠠᠯ ᠰᠡᠷᠭᠡᠶ᠋ᠢᠯᠡᠬᠦ ᠬᠦᠴᠢᠷ ᠠᠰᠠᠭᠤᠳᠠᠯ᠎ᠢ ᠭᠠᠷ ᠬᠣᠯᠪᠣᠨ   ᠠᠷᠭ᠋ᠠᠴᠠᠭ᠋ᠠᠪᠠ᠃ ᠪᠥᠬᠥ ᠬᠣᠲᠠ ᠵᠢᠨ ᠭᠠᠯ ᠲᠦᠢ᠍ᠮᠡᠷ ᠎ᠢ ᠰᠡᠷᠭᠡᠶ᠋ᠢᠯᠡᠨ ᠤᠨᠲᠠᠷᠠᠭ᠋ᠠᠬᠤ ᠲᠤᠰᠬᠠᠶ ᠠᠩᠭᠢ᠂ ᠬᠠᠭ᠋ᠠᠰ ᠲᠤᠰᠬᠠᠶ ᠠᠩᠭᠢ ᠲᠡᠶ᠋ᠢᠨ᠎ᠤ ᠡᠮᠦᠨᠡᠬᠢ ᠪᠠᠶ᠋ᠢᠳᠠᠯ᠎ᠳᠤ ᠣᠷᠣᠵᠤ᠂ ᠤᠯᠤᠰ᠎ᠤᠨ ᠣᠶ ᠰᠢᠭᠤᠶ ᠵᠢᠨ ᠭᠠᠯ ᠲᠦᠢ᠍ᠮᠡᠷ ᠎ᠢ ᠰᠡᠷᠭᠡᠶ᠋ᠢᠯᠡᠨ ᠤᠨᠲᠠᠷᠠᠭ᠋ᠠᠬᠤ ᠠᠩᠭᠢ ᠭᠤᠷᠪᠠᠨ ᠱᠠᠲᠤᠨ᠎ᠤ ᠲᠡᠶ᠋ᠢᠨ᠎ᠤ ᠪᠡᠯᠡᠳᠬᠡᠯ᠎ᠳᠤ ᠣᠷᠣᠵᠤ᠂ 9 ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ ᠎ᠤᠨ ᠠᠶᠤᠯ ᠶᠡᠬᠡᠲᠡᠶ ᠣᠷᠣᠨ᠎ᠳᠤ 310 ᠵᠢᠯᠣᠭᠣᠳᠣᠭᠴᠢ ᠪᠠᠶ᠋ᠢᠯᠳᠤᠭᠴᠢ ᠤᠷᠢᠳᠴᠢᠯᠠᠨ ᠰᠣᠷᠢᠯᠲᠠ ᠬᠢᠵᠦ᠂ ᠭᠡᠨᠡᠳᠲᠡ ᠵᠢᠨ ᠲᠦᠢ᠍ᠮᠡᠷ ᠎ᠢ   ᠠᠷᠭ᠋ᠠᠴᠠᠭ᠋ᠠᠬᠤ᠎ᠪᠠᠷ ᠴᠠᠭ ᠢᠮᠠᠭᠲᠠ ᠪᠡᠯᠡᠬᠡᠨ ᠪᠠᠶ᠋ᠢᠨ᠎ᠠ᠃
     ᠮᠠᠯᠵᠢᠬᠤ ᠣᠷᠣᠨ᠎ᠤ ᠲᠠᠷᠠᠬᠠᠶ ᠪᠤᠲᠠᠷᠬᠠᠶ ᠰᠠᠭᠤᠷᠢᠰᠢᠵᠤ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ ᠲᠣᠰ ᠬᠣᠲᠠ 《ᠬᠣᠰᠢᠭᠤ ᠰᠤᠮᠤ ᠪᠠᠯᠭ᠋ᠠᠰᠤ ᠭᠠᠴᠠᠭ᠎ᠠ ᠮᠠᠯᠵᠢᠬᠤ ᠡᠷᠦᠬᠡ》 ᠳᠥᠷᠪᠡᠨ ᠱᠠᠲᠤᠨ᠎ᠤ ᠲᠤᠤᠷᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ᠎ᠢ ᠬᠡᠷᠡᠭᠵᠢᠭᠦᠯᠪᠡ᠃ ᠣᠳᠣᠬᠠᠨ᠎ᠳᠤ᠂ ᠬᠠᠭᠤᠴᠢᠨ ᠪᠠᠷᠭᠤ ᠬᠣᠰᠢᠭᠤᠨ᠎ᠤ 1000 ᠭᠠᠷᠤᠢ ᠲᠣᠣᠷᠵᠢᠭᠤᠯᠤᠭᠰᠠᠨ ᠬᠠᠮᠢᠶᠠᠷᠤᠯᠲᠠ ᠵᠢᠨ ᠠᠵᠢᠯᠳᠠᠨ ᠭᠠᠯ ᠰᠡᠷᠭᠡᠶ᠋ᠢᠯᠡᠬᠦ ᠡᠮᠦᠨ᠎ᠡ ᠹᠷᠣᠨᠲ᠎ᠲᠤ ᠠᠵᠢᠯᠯᠠᠵᠤ ᠪᠤᠢ᠂ ᠲᠡᠳᠡ ᠮᠠᠯᠴᠢᠳ᠎ᠤᠨ ᠬᠣᠯᠪᠣᠭ᠋ᠠᠯᠠᠨ ᠰᠡᠷᠭᠡᠶ᠋ᠢᠯᠡᠬᠦ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠤᠬᠠᠭᠤᠯᠤᠨ ᠲᠣᠭᠣᠷᠢᠨ ᠬᠠᠮᠠᠭ᠋ᠠᠯᠠᠬᠤ᠎ᠳᠤ ᠢᠳᠡᠪᠬᠢᠲᠡᠢ ᠣᠷᠣᠯᠴᠠᠵᠤ᠂ 《ᠬᠡᠮ ᠰᠣᠭᠣᠭ ᠪᠣᠯ ᠡᠨᠳᠡᠯ》 ᠭᠡᠬᠦ ᠣᠶ᠋ᠢᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠠᠢ᠃
     ᠭᠠᠯ᠎ᠢ ᠰᠡᠷᠭᠡᠶ᠋ᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠲᠤᠰ ᠬᠤᠳᠠ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠣᠷ ᠪᠠᠶ᠋ᠢᠭᠤᠯᠬᠤ ᠵᠢ ᠢᠳᠡᠪᠬᠢᠲᠡᠢ ᠠᠬᠢᠭᠤᠯᠪᠠ᠃ ᠨᠢᠭᠡ ᠲᠠᠯ᠎ᠠ᠎ᠪᠠᠷ᠂ ᠬᠢᠯᠢ ᠬᠢᠵᠠᠭ᠋ᠠᠷ᠎ᠲᠤ ᠬᠣᠯᠪᠣᠭᠳᠠᠭᠰᠠᠨ ᠬᠣᠰᠢᠭᠤ ᠬᠣᠲᠠ ᠭᠠᠳᠠᠭ᠋ᠠᠳᠤ ᠬᠠᠷᠢᠯᠴᠠᠭ᠋ᠠᠨ᠎ᠤ ᠠᠷᠭ᠎ᠠ ᠵᠠᠮ ᠵᠶ᠋ᠠᠷ ᠳᠡᠮᠵᠢᠨ ᠣᠷᠣᠰ ᠮᠣᠩᠭᠣᠯ᠎ᠯᠤᠭ᠎ᠠ ᠨᠠᠩ ᠨᠢᠭᠲᠠ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠎ᠠ ᠠᠪᠬᠤ ᠲᠣᠭᠲᠠᠴᠠ ᠪᠠᠶ᠋ᠢᠭᠤᠯᠵᠤ᠂ ᠭᠠᠷ᠎ᠤᠨ ᠥᠰᠥᠭ ᠵᠢᠷᠤᠭᠰᠠᠨ ᠣᠶ ᠰᠢᠭᠤᠶ ᠨᠤᠲᠤᠭ ᠪᠡᠯᠴᠢᠭᠡᠷ᠎ᠤᠨ   ᠲᠦᠢ᠍ᠮᠡᠷ᠎ᠢ ᠰᠡᠷᠭᠡᠶ᠋ᠢᠯᠡᠬᠦ ᠰᠠᠨᠠᠮᠵᠢ ᠵᠢᠨ ᠪᠢᠴᠢᠭ (ᠵᠥᠪᠯᠡᠯᠴᠡᠭᠡᠷ)᠎ᠢ ᠠᠰᠢᠭᠯᠠᠨ᠂ ᠮᠡᠳᠡᠭᠡ ᠵᠠᠩᠭᠢ᠎ᠪᠠᠨ ᠴᠠᠭ ᠲᠤᠬᠠᠶ᠎ᠳᠤᠨᠢ ᠨᠡᠪᠲᠡᠷᠡᠯᠴᠡᠵᠦ᠂ ᠬᠢᠯᠢ ᠵᠢᠨ ᠭᠠᠳᠠᠨᠠᠬᠢ ᠲᠦᠢ᠍ᠮᠡᠷ ᠎ᠤᠨ ᠬᠢᠯᠢ᠎ᠳᠤ ᠣᠷᠣᠵᠤ ᠢᠷᠡᠬᠦ ᠵᠢ ᠬᠠᠮᠲᠤ᠎ᠪᠠᠷ ᠰᠡᠷᠭᠡᠶ᠋ᠢᠯᠡᠪᠡ᠃ ᠨᠥᠭᠥᠭᠡ ᠲᠠᠯ᠎ᠠ᠎ᠪᠠᠷ᠂ ᠬᠢᠯᠢ ᠬᠢᠵᠠᠭ᠋ᠠᠷ ᠣᠷᠣᠨ᠂ ᠣᠶ ᠰᠢᠭᠤᠶ ᠵᠢᠨ ᠠᠵᠤ   ᠦᠢ᠍ᠯᠡᠳᠪᠦᠷᠢ ᠵᠢᠨ ᠪᠦᠯᠦᠭᠯᠡᠯ᠂ ᠪᠤᠰᠤᠳ ᠠᠶ᠋ᠢᠮᠠᠭ ᠬᠣᠲᠠ ᠵᠢᠴᠢ ᠬᠣᠰᠢᠭᠤ ᠬᠣᠲᠠ ᠲᠣᠭᠣᠷᠢᠭ᠂ ᠣᠷᠣᠨ ᠨᠤᠲᠤᠭ᠎ᠤᠨ ᠣᠶ ᠰᠢᠭᠤᠶ ᠵᠢᠨ ᠵᠢᠷᠭᠤᠳᠤᠭ᠋ᠠᠷ ᠲᠣᠪᠴᠢᠶ᠎ᠠ᠎ᠯᠤᠭ᠎ᠠ ᠵᠢᠨ ᠬᠣᠭᠣᠷᠣᠨᠳᠣᠬᠢ ᠳᠥᠷᠪᠡᠨ ᠱᠠᠲᠤᠨ᠎ᠤ ᠬᠠᠮᠲᠤᠷᠠᠨ ᠰᠡᠷᠭᠡᠶ᠋ᠢᠯᠡᠬᠦ ᠠᠵᠢᠯ᠎ᠢ ᠦᠷᠭᠦᠯᠵᠢᠯᠡᠨ ᠠᠬᠢᠭᠤᠯᠤᠨ᠎ᠠ᠃

 

  3333333333333.jpg


    《ᠭᠠᠯ᠎ᠤᠨ ᠠᠶᠤᠯ᠎ᠢ ᠰᠡᠷᠭᠡᠶ᠋ᠢᠯᠡᠵᠦ᠂ ᠠᠮᠢ ᠨᠠᠰᠤ ᠵᠢ ᠨᠠᠨᠳᠢᠩᠨᠠᠵᠤ᠂ ᠤᠮᠠᠷᠠᠲᠤ ᠬᠢᠯᠢ ᠵᠢ ᠰᠠᠬᠢᠨ ᠬᠠᠮᠠᠭ᠋ᠠᠯᠠᠬᠤ》 ᠵᠢᠴᠢ 《ᠵᠠᠭᠤᠨ ᠲᠡᠷᠭᠡ ᠮᠢᠩᠭ᠋ᠠᠨ ᠬᠥᠮᠦᠨ ᠲᠦᠮᠡᠨ ᠭᠠᠵᠠᠷ᠎ᠤᠨ ᠠᠶᠠᠨ》᠎ᠤ ᠬᠠᠮᠲᠤᠷᠠᠭᠰᠠᠨ ᠠᠵᠢᠯᠯᠠᠭ᠎ᠠ ᠶᠠᠪᠤᠭᠳᠠᠵᠤ ᠡᠬᠢᠯᠡᠪᠡ᠃ ᠣᠳᠣᠬᠠᠨ ᠪᠣᠯᠲᠠᠯ᠎ᠠ᠂ ᠡᠨᠡᠬᠦ ᠠᠵᠢᠯᠯᠠᠭ᠎ᠠ ᠨᠢᠭᠡᠨᠲᠡ ᠦᠷᠭᠦᠯᠵᠢᠯᠡᠨ 12 ᠵᠢᠯ ᠥᠷᠨᠢᠵᠦ᠂ ᠭᠠᠯ ᠰᠡᠷᠭᠡᠶ᠋ᠢᠯᠡᠬᠦ ᠣᠯᠠᠨ ᠵᠦᠢ᠍ᠯ᠎ᠤᠨ ᠦᠢ᠍ᠯᠡᠴᠢᠯᠡᠭᠡ ᠵᠢ ᠨᠢᠭᠡ ᠴᠣᠭᠴᠠ ᠪᠣᠯᠭ᠋ᠠᠵᠤ᠂ ᠠᠮᠢ ᠠᠬᠤᠶ ᠵᠢ ᠬᠠᠮᠠᠭ᠋ᠠᠯᠠᠬᠤ ᠬᠦᠴᠦᠲᠡᠶ ᠵᠡᠪᠰᠡᠭ ᠪᠣᠯᠤᠭᠰᠠᠨ ᠪᠠᠶ᠋ᠢᠨ᠎ᠠ᠃
     ᠣᠳᠣᠬᠠᠨ᠎ᠳᠤ᠂ ᠣᠶ ᠰᠢᠭᠤᠶ ᠵᠢᠨ ᠲᠦᠢ᠍ᠮᠡᠷ ᠎ᠢ ᠰᠡᠷᠭᠡᠶ᠋ᠢᠯᠡᠬᠦ ᠠᠵᠢᠯ ᠵᠠᠩᠭᠢᠯᠠᠭ᠎ᠠ ᠵᠢᠨ ᠬᠤᠭᠤᠴᠠᠭ᠎ᠠ᠂ ᠣᠨᠴᠠ ᠠᠶᠤᠯᠲᠠᠶ ᠬᠤᠭᠤᠴᠠᠭ᠋ᠠᠨ᠎ᠳᠤ ᠣᠷᠣᠵᠤ᠂ ᠬᠥᠯᠥᠨ ᠪᠣᠶ᠋ᠢᠷ ᠬᠣᠲᠠ ᠳᠡᠭᠡᠳᠦ ᠳᠤᠤᠷᠠᠳᠤ ᠱᠠᠲᠤ᠎ᠪᠠᠷ ᠵᠶ᠋ᠠᠨ ᠰᠡᠳᠬᠢᠯ ᠨᠢᠭᠡᠳᠴᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠠᠮᠤᠷ ᠲᠦᠪᠰᠢᠨ᠎ᠤ ᠬᠥᠪᠴᠢ ᠵᠢ ᠴᠢᠩᠭ᠋ᠠᠯᠠᠵᠤ᠂ 《ᠲᠦᠢ᠍ᠮᠡᠷ ᠎ᠢ ᠰᠡᠷᠭᠡᠶ᠋ᠢᠯᠡᠬᠦ ᠬᠡᠷᠡᠮ》᠎ᠢ ᠪᠠᠲᠤ ᠴᠣᠭᠴᠠᠯᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ ᠎ᠢ ᠰᠡᠷᠭᠡᠶ᠋ᠢᠯᠡᠨ ᠤᠨᠲᠠᠷᠠᠭ᠋ᠠᠬᠤ ᠡᠨᠡ ᠬᠦ᠌ ᠬᠠᠲᠠᠭᠤ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            