ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠪᠠᠴᠢᠮ ᠪᠠᠶ᠋ᠢᠳᠠᠯ᠎ᠢ ᠠᠷᠭᠠᠴᠠᠬᠤ
ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠬᠠᠮᠠᠭ᠋ᠠᠯᠠᠨ᠎ᠠ
ᠨᠡᠶ᠋ᠢᠲᠡᠯᠡᠭᠰᠡᠨ ᠴᠠᠭ᠄ 2025-05-30

    5 ᠰᠠᠷ᠎ᠠ ᠵᠢᠨ 28᠎ᠤ ᠡᠳᠦᠷ᠂   ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠠᠷᠢᠨ ᠨᠢᠮᠪᠠᠶ ᠪᠠᠶ᠋ᠢᠷᠢᠯᠠᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠪᠥᠬᠦ ᠬᠤᠲᠠ ᠵᠢᠨ ᠬᠡᠪᠴᠢᠶᠡᠨ᠎ᠳᠤ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠎ᠠᠴᠠ ᠡᠮᠦᠨᠡᠬᠢ ᠢᠳᠡᠭᠡᠨ᠎ᠤ ᠠᠮᠤᠷ ᠲᠦᠪᠰᠢᠨ᠎ᠤ ᠲᠤᠰᠬᠠᠶ ᠪᠠᠶ᠋ᠢᠴᠠᠭ᠋ᠠᠯᠲᠠ ᠥᠷᠨᠢᠭᠦᠯᠵᠦ᠂ ᠣᠯᠠᠨ ᠲᠦᠮᠡᠨ᠎ᠤ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠪᠥᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠪᠠ᠃

    ᠲᠣᠰ ᠤᠳᠠᠭ᠋ᠠᠨ᠎ᠤ ᠲᠤᠰᠬᠠᠶ ᠪᠠᠶ᠋ᠢᠴᠠᠭ᠋ᠠᠯᠲᠠ᠎ᠨᠢ ᠢᠳᠡᠭᠡᠨ᠎ᠤ ᠦᠢ᠍ᠯᠡᠳᠪᠣᠷᠢᠯᠡᠯ᠂ ᠬᠦᠢ᠍ᠯᠭᠡᠭᠡᠨ᠎ᠤ ᠪᠥᠬᠦ ᠬᠡᠯᠬᠢᠶ᠎ᠡ ᠵᠢ ᠬᠠᠮᠤᠷᠪᠠ᠃ ᠢᠳᠡᠭᠡᠨ᠎ᠤ ᠦᠢ᠍ᠯᠡᠳᠪᠦᠷᠢᠯᠡᠯ᠎ᠤᠨ ᠬᠦᠷᠢᠶᠡᠨ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ᠎ᠤ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠳᠤ ᠭᠦᠨᠵᠡᠭᠡᠶ᠋ᠢᠷᠡᠵᠦ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠦᠢ᠍ᠯᠡᠳᠪᠦᠷᠢᠯᠡᠯ᠎ᠤᠨ ᠶᠠᠪᠤᠴᠠ ᠵᠢ ᠡᠵᠡᠮᠳᠡᠬᠦ᠂ ᠨᠡᠮᠡᠯᠲᠡ ᠡᠳ᠋ ᠬᠡᠷᠡᠭᠯᠡᠬᠦ ᠵᠢᠴᠢ ᠦᠢ᠍ᠯᠡᠳᠪᠦᠷᠢ᠎ᠠᠴᠠ ᠭᠠᠷᠬᠤ ᠵᠢ ᠰᠢᠯᠭ᠋ᠠᠨ ᠪᠠᠶ᠋ᠢᠴᠠᠭ᠋ᠠᠬᠤ ᠵᠡᠷᠭᠡ ᠭᠤᠭᠴᠤᠭ᠎ᠠ ᠵᠢ ᠭᠤᠤᠯᠳᠠᠯᠭ᠎ᠠ᠎ᠲᠠᠢ ᠪᠠᠶ᠋ᠢᠴᠠᠭ᠋ᠠᠵᠤ᠂ ᠡᠬᠢ ᠡᠭᠦᠰᠦᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ; ᠭᠦᠢ᠍ᠯᠭᠡᠭᠡᠨ᠎ᠤ ᠭᠤᠭᠴᠤᠭ᠎ᠠ᠎ᠳᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠂ ᠬᠤᠳᠠᠯᠳᠤᠭ᠋ᠠᠨ᠎ᠤ ᠴᠢᠯᠦᠭᠡᠳᠦ ᠳᠡᠯᠭᠡᠭᠦᠷ ᠵᠶ᠋ᠠᠷ ᠭᠤᠤᠯᠳᠠᠯᠭ᠎ᠠ ᠪᠣᠯᠭ᠋ᠠᠵᠤ᠂ ᠢᠳᠡᠭᠡᠨ᠎ᠤ ᠱᠣᠰᠢᠭ᠎ᠠ ᠲᠡᠮᠳᠡᠭ᠂ ᠬᠠᠳᠠᠭ᠋ᠠᠯᠠᠬᠤ ᠨᠥᠬᠦᠴᠡᠯ᠂ ᠭᠡᠷᠡᠴᠢ ᠪᠠᠷᠢᠮᠲᠠ ᠠᠪᠬᠤ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠴᠢᠩᠭ᠎ᠠ ᠪᠠᠶ᠋ᠢᠴᠠᠭ᠋ᠠᠵᠤ᠂ ᠬᠤᠭᠤᠴᠠᠭ᠎ᠠ᠎ᠨᠢ ᠥᠩᠭᠡᠷᠡᠭᠰᠡᠨ᠂ ᠴᠢᠨᠠᠷ ᠬᠤᠪᠢᠷᠬᠠᠰᠠᠨ ᠢᠳᠡᠭᠡᠨ᠎ᠤ ᠵᠠᠬ᠎ᠠ ᠳᠡᠯᠭᠡᠭᠦᠷ᠎ᠲᠤ ᠣᠷᠣᠬᠤ ᠵᠢ ᠴᠢᠩᠭ᠎ᠠ ᠰᠡᠷᠭᠡᠶ᠋ᠢᠯᠡᠵᠦ᠂ ᠬᠡᠪ᠎ᠤᠨ ᠢᠳᠡᠭᠡᠨ᠎ᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠭᠠᠷᠭ᠋ᠠᠪᠠᠯ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠪᠠ ᠬᠡᠮᠵᠢᠯᠲᠡ ᠵᠢᠨ ᠪᠠᠶ᠋ᠢᠴᠠᠭ᠋ᠠᠯᠲᠠ ᠵᠢ ᠵᠡᠷᠭᠡ᠎ᠪᠠᠷ ᠴᠢᠩᠭ᠋ᠠᠳᠬᠠᠵᠤ᠂ ᠪᠠᠷᠠᠭ᠋ᠠᠨ᠎ᠤ ᠦᠨ᠎ᠡ ᠵᠢ ᠲᠦᠷᠭᠢᠯᠳᠦᠨ ᠥᠰᠬᠡᠬᠦ᠂ ᠦᠨ᠎ᠡ ᠬᠠᠩᠰᠢ ᠵᠢᠨ ᠮᠡᠬᠡᠯᠡᠯ ᠬᠢᠬᠦ᠂ ᠵᠢᠩ᠎ᠢ  ᠳᠤᠲᠠᠭ᠋ᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ᠎ᠤᠨ ᠲᠥᠪ ᠭᠤᠤᠯᠴᠢ ᠡᠮᠬᠢ ᠵᠢᠷᠤᠮ᠎ᠲᠠᠢ ᠪᠠᠶ᠋ᠢᠬᠤ ᠵᠢ ᠬᠠᠮᠠᠭ᠋ᠠᠯᠠᠪᠠ᠃

ᠢᠷᠡᠯᠲᠡ᠄ ᠡᠷᠢᠶᠡᠨ ᠬᠤᠳᠠ ᠵᠢᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            