ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠪᠠᠴᠢᠮ ᠪᠠᠶ᠋ᠢᠳᠠᠯ᠎ᠢ ᠠᠷᠭᠠᠴᠠᠬᠤ
ᠮᠠᠰᠢ ᠬᠤᠣᠷᠲᠠᠢ! 0.5 ᠮᠢᠯᠢᠭᠷᠡᠮ ᠠᠮᠢᠨ᠎ᠳᠤ ᠠᠶᠤᠯ ᠤᠴᠠᠷᠠᠭᠤᠯᠤᠨ᠎ᠠ! ᠬᠤᠰᠬ᠎ᠠ ᠡᠵᠡᠩᠨᠡᠬᠦ ᠨᠢᠭᠡᠴᠢ ᠠᠩᠬᠠᠷᠤᠭ᠋ᠠᠷᠠᠢ!
ᠨᠡᠶ᠋ᠢᠲᠡᠯᠡᠭᠰᠡᠨ ᠴᠠᠭ᠄ 2025-06-10

    ᠬᠤᠰᠬ᠎ᠠ (ᠭᠤᠣᠯ᠎ᠤᠨ ᠬᠤᠰᠬ᠎ᠠ) ᠵᠢᠨ ᠮᠢᠬᠠᠨ᠎ᠤ ᠴᠢᠨᠠᠷ᠎ᠨᠢ ᠰᠢᠨ᠎ᠡ ᠰᠣᠷᠭᠤᠭ ᠪᠣᠯᠪᠠᠴᠤ ᠲᠡᠭᠦᠨ᠎ᠤ ᠪᠡᠶᠡᠨ᠎ᠳᠤ ᠮᠠᠰᠢ ᠬᠤᠣᠷᠲᠠᠢ ᠪᠣᠳᠠᠰ (ᠵᠢᠱ᠌ᠢᠶᠡᠯᠡᠪᠡᠯ᠂ ᠬᠤᠰᠬ᠎ᠠ ᠵᠢᠨ ᠬᠤᠣᠷᠲᠤ ᠡᠳ᠋) ᠠᠭᠤᠯᠤᠭᠳᠠᠳᠠᠭ᠃ ᠬᠡᠷᠪᠡ ᠵᠤᠬᠢᠰᠲᠠᠢ ᠡᠳ᠋ᠰᠢᠭᠦᠯᠦᠨ ᠪᠣᠯᠪᠠᠰᠣᠷᠠᠭᠤᠯᠣᠭᠰᠠᠨ ᠦᠭᠡᠢ ᠪᠣᠯ᠂ ᠢᠳᠡᠭᠡᠨ᠎ᠳᠤ ᠬᠤᠣᠷᠳᠠᠭᠳᠠᠬᠤ ᠪᠤᠶᠤ ᠴᠢᠨᠠᠭᠰᠢᠯᠠᠪᠠᠯ ᠠᠮᠢ ᠨᠠᠰᠣᠨ᠎ᠳᠤ ᠠᠶᠣᠯ ᠤᠴᠠᠷᠠᠭᠤᠯᠵᠦ ᠮᠡᠳᠡᠨ᠎ᠡ᠃ ᠬᠡᠷᠡᠭᠯᠡᠭᠴᠢᠳ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠤᠰᠬ᠎ᠠ ᠡᠵᠡᠩᠨᠡᠬᠦ᠎ᠳᠤ ᠠᠩᠬᠠᠷᠬᠤ ᠵᠦᠢ᠍ᠯᠡᠰ᠎ᠢ ᠳᠣᠤᠷᠠᠬᠢ ᠮᠡᠲᠦ ᠰᠠᠨᠠᠭᠤᠯᠪᠠ᠄

    ᠬᠤᠤᠷᠲᠤ ᠴᠢᠨᠠᠷ᠎ᠢ ᠲᠠᠨᠢᠬᠤ᠄ ᠬᠤᠰᠬ᠎ᠠ ᠵᠢᠨ ᠪᠡᠶ᠎ᠡ᠎ᠳᠤ ᠠᠭᠤᠯᠤᠭᠳᠠᠵᠤ ᠪᠠᠶ᠋ᠢᠭ᠎ᠠ ᠬᠤᠰᠬ᠎ᠠ ᠵᠢᠨ ᠬᠤᠣᠷᠲᠤ ᠡᠳ᠋᠎ᠤᠨ ᠬᠤᠣᠷᠲᠤ ᠴᠢᠨᠠᠷ᠎ᠨᠢ ᠲᠦᠢ᠍ᠯ᠎ᠤᠨ ᠴᠢᠩᠭ᠎ᠠ ᠪᠠᠶ᠋ᠢᠵᠦ᠂ ᠪᠠᠭ᠎ᠠ ᠬᠡᠮᠵᠢᠶ᠎ᠡ᠎ᠨᠢ ᠬᠥᠮᠦᠨ᠎ᠢ ᠬᠤᠤᠷᠳᠠᠭᠤᠯᠬᠤ ᠪᠤᠶᠤ ᠴᠢᠨᠠᠭᠰᠢᠯᠠᠪᠠᠯ ᠠᠮᠢ ᠨᠠᠰᠤᠨ᠎ᠳᠤ ᠠᠶᠤᠯ ᠤᠴᠠᠷᠠᠭᠤᠯᠳᠠᠭ᠃ ᠡᠨᠡ ᠬᠤᠣᠷᠲᠤ ᠡᠳ᠋᠎ᠤᠨ ᠲᠣᠭᠲᠠᠪᠣᠷᠢᠲᠤ ᠴᠢᠨᠠᠷ᠎ᠨᠢ ᠥᠨᠳᠥᠷ᠂ ᠡᠩ᠎ᠤᠨ ᠬᠤᠭᠤᠯᠠ ᠬᠢᠬᠦ ᠠᠷᠭ᠎ᠠ᠎ᠨᠢ ᠲᠡᠭᠦᠨ᠎ᠢ ᠦᠭᠡᠶ᠋ᠢᠰᠭᠡᠬᠦ᠎ᠳᠤ ᠬᠦᠴᠢᠷ ᠪᠠᠶ᠋ᠢᠳᠠᠭ᠃

    ᠬᠠᠤᠯᠢ ᠶᠣᠰᠣᠭ᠋ᠠᠷ ᠬᠤᠳᠠᠯᠳᠤᠨ ᠠᠪᠬᠤ᠄ ᠣᠳᠣᠬᠠᠨ᠎ᠳᠤ ᠮᠠᠨ᠎ᠤ ᠤᠯᠤᠰ᠎ᠤᠨ ᠵᠥᠪᠬᠡᠨ ᠲᠡᠵᠢᠭᠡᠨ ᠦᠷᠡᠵᠢᠭᠦᠯᠵᠦ ᠪᠤᠯᠠᠬᠤ ᠤᠯᠠᠭ᠋ᠠᠨ ᠰᠡᠯᠢᠭᠦᠷᠲᠦ ᠳᠣᠷᠣᠨᠠᠳᠠᠬᠢᠨ᠎ᠤ ᠬᠤᠰᠬ᠎ᠠ ᠪᠠ ᠳᠠᠯᠳᠠ ᠠᠷ᠎ᠲᠠᠢ ᠳᠣᠷᠣᠨᠠᠳᠠᠬᠢᠨ᠎ᠤ ᠬᠤᠰᠬ᠎ᠠ ᠭᠡᠬᠦ ᠬᠤᠶᠠᠷ ᠵᠦᠢ᠍ᠯ᠎ᠤᠨ ᠬᠤᠰᠬ᠎ᠠ ᠵᠢ ᠲᠤᠰᠬᠠᠶ ᠮᠡᠷᠭᠡᠵᠢᠯ᠎ᠤᠨ ᠪᠣᠯᠪᠠᠰᠤᠷᠠᠯ ᠵᠶ᠋ᠠᠷ ᠳᠠᠮᠵᠢᠨ ᠵᠠᠬ᠎ᠠ ᠳᠡᠯᠭᠡᠭᠦᠷ᠎ᠲᠤ ᠭᠠᠷᠭ᠋ᠠᠨ ᠪᠣᠷᠣᠯᠠᠭᠤᠯᠵᠦ ᠪᠠᠶ᠋ᠢᠬᠤ ᠪᠦᠭᠡᠳ ᠡᠷᠬᠡᠪᠰᠢ ᠬᠢᠷᠢ ᠬᠡᠮ ᠪᠦᠬᠦᠢ ᠠᠵᠤ ᠠᠬᠤᠶ᠋ᠢᠯᠠᠯ᠎ᠠᠴᠠ ᠦᠢ᠍ᠯᠡᠳᠪᠦᠷᠢᠯᠡᠬᠦ ᠬᠡᠷᠡᠭᠲᠡᠶ᠃ ᠢᠳᠡᠭᠡᠨ ᠤᠮᠳᠠᠭ᠋ᠠᠨ᠎ᠤ ᠨᠢᠭᠡᠴᠢ᠎ᠨᠢ ᠬᠤᠳᠠᠯᠳᠤᠨ ᠠᠪᠬᠤ᠎ᠳᠤ᠎ᠪᠠᠨ ᠵᠢᠩᠬᠢᠨᠢ ᠠᠷᠭ᠎ᠠ ᠵᠠᠮ᠎ᠢ ᠭᠡᠷᠡᠴᠢᠯᠡᠬᠦ ᠵᠢᠨ ᠬᠠᠮᠲᠤ ᠪᠣᠭᠤᠳᠠᠯ ᠪᠠᠭᠯᠠᠭ᠎ᠠ᠎ᠳᠤ ᠳᠣᠤᠷᠠᠬᠢ ᠮᠡᠳᠡᠭᠡ ᠵᠠᠩᠭᠢ ᠵᠢ ᠲᠣᠳᠣᠷᠬᠠᠶ᠋ᠢᠯᠠᠭᠰᠠᠨ ᠡᠰᠡᠬᠦ ᠵᠢ ᠪᠠᠶ᠋ᠢᠴᠠᠭ᠋ᠠᠨ ᠦᠵᠡᠬᠦ ᠬᠡᠷᠡᠭᠲᠡᠢ᠄   

    1. ᠡᠳ᠋ᠰᠢᠭᠦᠯᠬᠦ ᠠᠵᠤ ᠠᠬᠤᠶ᠋ᠢᠯᠠᠯ᠎ᠤᠨ ᠨᠡᠷᠡᠰ᠄ ᠪᠣᠳᠠᠲᠠᠶ ᠠᠵᠤ ᠠᠬᠤᠶ᠋ᠢᠯᠠᠯ᠎ᠤᠨ ᠨᠡᠷᠡᠰ᠎ᠢ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠪᠤᠶᠤ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠤᠭ᠎ᠤᠨ ᠰᠢᠨ᠎ᠡ ᠵᠠᠷᠯᠠᠯ᠎ᠠᠴᠠ ᠪᠠᠶ᠋ᠢᠴᠠᠭ᠋ᠠᠨ ᠦᠵᠡᠵᠦ ᠪᠣᠯᠤᠨ᠎ᠠ᠃

    2. ᠦᠢ᠍ᠯᠡᠳᠬᠦᠨ᠎ᠤ ᠲᠡᠮᠳᠡᠭ᠄ ᠪᠣᠭᠤᠳᠠᠯ ᠳᠡᠭᠡᠷ᠎ᠡ᠎ᠪᠠᠨ ᠲᠦᠭᠦᠬᠡᠶ ᠮᠠᠲ᠋ᠧᠷᠢᠶᠠᠯ᠎ᠤᠨ ᠵᠢᠭ᠋ᠠᠰᠤᠨ᠎ᠤ ᠲᠦᠷᠦᠯ᠂ ᠡᠳ᠋ᠰᠢᠭᠦᠯᠵᠦ ᠪᠣᠯᠪᠠᠰᠤᠷᠠᠭᠤᠯᠤᠭᠰᠠᠨ ᠠᠵᠤ ᠠᠬᠤᠶ᠋ᠢᠯᠠᠯ᠎ᠤᠨ ᠨᠡᠷᠡᠶ᠋ᠢᠳᠦᠯ ᠵᠢᠴᠢ ᠳᠠᠩᠰᠠᠯᠠᠭᠰᠠᠨ ᠨᠣᠮᠧᠷ᠂ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠭᠡᠷᠡᠴᠢ ᠵᠡᠷᠭᠡ ᠮᠡᠳᠡᠭᠡ ᠵᠠᠩᠭᠢ ᠵᠢ ᠲᠣᠳᠣᠷᠬᠠᠶ᠋ᠢᠯᠠᠬᠤ ᠬᠡᠷᠡᠭᠲᠡᠶ᠃

    ᠬᠡᠭᠡᠷ᠎ᠡ ᠵᠢᠨ ᠬᠤᠰᠬ᠎ᠠ ᠵᠢᠴᠢ ᠬᠠᠤᠯᠢ ᠪᠤᠰᠤ᠎ᠪᠠᠷ ᠡᠳ᠋ᠰᠢᠭᠦᠯᠵᠦ ᠪᠣᠯᠪᠠᠰᠤᠷᠠᠭᠤᠯᠤᠭᠰᠠᠨ ᠦᠢ᠍ᠯᠡᠳᠬᠦᠨ᠎ᠢ ᠢᠳᠡᠬᠦ ᠵᠢ ᠴᠢᠩᠭ᠎ᠠ ᠴᠠᠭ᠋ᠠᠵᠠᠯᠠᠨ᠎ᠠ ᠬᠡᠭᠡᠷ᠎ᠡ ᠵᠢᠨ ᠬᠤᠰᠬ᠎ᠠ ᠵᠢᠨ ᠬᠤᠤᠷᠲᠣ ᠴᠢᠨᠠᠷ᠎ᠨᠢ ᠲᠦᠢ᠍ᠯ᠎ᠤᠨ ᠴᠢᠩᠭ᠎ᠠ ᠪᠠᠶ᠋ᠢᠵᠦ᠂ ᠤᠯᠤᠰ᠎ᠠᠴᠠ ᠡᠳ᠋ᠰᠢᠭᠦᠯᠵᠦ ᠪᠣᠯᠪᠠᠰᠣᠷᠠᠭᠤᠯᠣᠨ ᠡᠵᠡᠩᠨᠡᠬᠦ ᠵᠢ ᠲᠣᠳᠣᠷᠬᠠᠢ ᠵᠠᠷᠯᠢᠭᠳᠠᠨ ᠴᠠᠭ᠋ᠠᠵᠠᠯᠠᠭᠰᠠᠨ ᠪᠠᠶ᠋ᠢᠨ᠎ᠠ᠃ ᠥᠪᠡᠷᠲᠡᠭᠡᠨ ᠠᠩᠨᠠᠵᠤ ᠱᠦᠭᠦᠭᠰᠡᠨ ᠬᠡᠭᠡᠷ᠎ᠡ ᠵᠢᠨ ᠬᠤᠰᠬ᠎ᠠ ᠵᠢ ᠢᠳᠡᠵᠦ ᠪᠣᠯᠬᠤ ᠦᠭᠡᠢ᠂ ᠣᠨᠴᠠ ᠵᠤᠷ᠎ᠢ ᠠᠮᠠᠷᠬᠠᠨ ᠢᠲᠡᠭᠡᠬᠦ ᠪᠤᠶᠤ ᠦᠪᠡᠷ ᠵᠶ᠋ᠠᠨ ᠡᠳ᠋ᠰᠢᠭᠦᠯᠦᠨ ᠪᠣᠯᠪᠠᠰᠣᠷᠠᠭᠤᠯᠵᠦ ᠰᠢᠢ᠍ᠳᠪᠦᠷᠢᠯᠡᠵᠦ ᠪᠣᠯᠬᠤ ᠦᠭᠡᠢ᠃ ᠬᠢᠷᠢ ᠬᠡᠮ ᠤᠯᠤᠭ᠋ᠠᠳᠣᠢ ᠢᠳᠡᠭᠡᠨ ᠤᠮᠳᠠᠭ᠋ᠠᠨ᠎ᠤ ᠨᠢᠭᠡᠴᠢ᠎ᠨᠦᠭᠦᠳ ᠬᠤᠰᠬ᠎ᠠ ᠵᠢᠨ ᠨᠣᠭᠤᠭ᠎ᠠ ᠬᠠᠩᠭ᠋ᠠᠵᠤ ᠪᠣᠯᠬᠤ ᠦᠭᠡᠶ᠂ ᠵᠢᠩᠬᠢᠨᠢ ᠪᠤᠰᠤ ᠠᠷᠭ᠎ᠠ ᠵᠠᠮ ᠵᠶ᠋ᠠᠷ ᠳᠠᠮᠵᠢᠨ ᠬᠤᠰᠬ᠎ᠠ ᠵᠢ ᠬᠤᠳᠠᠯᠳᠤᠨ ᠠᠪᠬᠤ᠂ ᠡᠳ᠋ᠰᠢᠭᠦᠯᠦᠨ ᠦᠢ᠍ᠯᠡᠳᠬᠦ ᠵᠢᠨ ᠬᠠᠮᠲᠤ ᠬᠤᠳᠠᠯᠳᠤᠵᠤ ᠪᠣᠯᠬᠤ ᠦᠭᠡᠶ᠃ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠬᠦ ᠲᠣᠭᠲᠠᠭ᠋ᠠᠯ ᠬᠡᠭᠡᠷ᠎ᠡ ᠵᠢᠨ ᠬᠤᠰᠬ᠎ᠠ ᠵᠢ ᠡᠵᠡᠩᠨᠡᠬᠦ᠄ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠵᠠᠭᠤ ᠬᠤᠷᠢᠨ ᠭᠤᠷᠪᠠᠳᠤᠭ᠋ᠠᠷ ᠵᠣᠷᠪᠣᠰ᠎ᠤᠨ ᠲᠣᠭᠲᠠᠭ᠋ᠠᠯ᠎ᠢ ᠦᠨᠳᠦᠰᠦᠯᠡᠪᠡᠯ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠴᠢ ᠪᠦᠲᠦᠭᠡᠭᠳᠡᠬᠦᠨ᠎ᠢ᠎ᠨᠢ ᠬᠤᠷᠢᠶᠠᠨ ᠠᠪᠬᠤ ᠵᠢᠨ ᠬᠠᠮᠲᠤ᠂ ᠬᠠᠮᠤᠭ ᠥᠨᠳᠥᠷ᠎ᠲᠤ᠎ᠪᠠᠨ ᠪᠠᠷᠠᠭ᠋ᠠᠨ᠎ᠤ ᠥᠷᠲᠡᠭ᠎ᠤᠨ ᠵᠣᠭᠤᠰ᠎ᠤᠨ ᠲᠣᠭ᠋ᠠᠨ᠎ᠤ 30 ᠳᠠᠬᠢᠨ ᠵᠣᠭᠤᠰ ᠵᠶ᠋ᠠᠷ ᠲᠣᠷᠭ᠋ᠠᠵᠤ᠂ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠵᠤ᠂ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠬᠢᠷᠢ ᠭᠡᠮ ᠦᠭᠡᠶ ᠡᠳ᠋ᠰᠢᠭᠦᠯᠦᠨ ᠪᠣᠯᠪᠠᠰᠣᠷᠠᠭᠤᠯᠵᠦ ᠪᠣᠷᠣᠯᠠᠭᠤᠯᠬᠤ᠄ 《ᠪᠦᠭᠦᠳᠡ ᠨᠠᠶ᠋ᠢᠷᠠᠮᠳᠠᠬᠤ ᠳᠣᠮᠳᠠᠳᠣ ᠠᠷᠠᠳ ᠣᠯᠣᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠵᠠᠭᠤ ᠬᠤᠷᠢᠨ ᠳᠥᠷᠪᠡᠳᠦᠭᠡᠷ ᠵᠣᠷᠪᠣᠰ᠎ᠤᠨ ᠲᠣᠭᠲᠠᠭ᠋ᠠᠯ᠎ᠢ ᠦᠨᠳᠦᠰᠦᠯᠡᠨ᠂ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢᠴᠢ ᠦᠢ᠍ᠯᠡᠳᠬᠦᠨ᠎ᠢ᠎ᠨᠢ ᠬᠤᠷᠢᠶᠠᠨ ᠠᠪᠴᠤ᠂ 10 ᠲᠦᠮᠡᠨ ᠲᠥᠭᠦᠷᠢᠭ᠎ᠠᠴᠠ ᠳᠡᠭᠡᠭᠰᠢ ᠵᠣᠭᠤᠰ ᠵᠶ᠋ᠠᠷ ᠲᠣᠷᠭ᠋ᠠᠨ᠎ᠠ᠂ ᠬᠥᠮᠦᠨ᠎ᠤ ᠪᠡᠶ᠎ᠡ ᠮᠠᠬᠠᠪᠣᠳ᠎ᠢ ᠭᠡᠮᠲᠦᠭᠡᠭᠰᠡᠨ ᠪᠣᠯ ᠢᠷᠭᠡᠨ᠎ᠤ ᠬᠡᠷᠡᠭ᠎ᠤᠨ ᠲᠥᠯᠥᠪᠦᠷᠢ ᠵᠢᠴᠢ ᠡᠷᠡᠭᠦᠦ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃

    ᠬᠤᠰᠬ᠎ᠠ ᠠᠮᠳᠠᠳᠠᠢ ᠭᠡᠬᠦ᠎ᠳᠤ᠎ᠪᠠᠨ ᠠᠮᠢ ᠨᠠᠰᠤ ᠨᠡᠩ ᠦᠨᠡᠳᠠᠢ ᠪᠠᠶ᠋ᠢᠳᠠᠭ! ᠥᠷᠭᠡᠨ ᠣᠯᠠᠨ ᠢᠳᠡᠭᠡᠨ ᠤᠮᠳᠠᠭ᠋ᠠᠨ᠎ᠤ ᠨᠢᠭᠡᠴᠢ᠎ᠨᠦᠭᠦᠳ ᠣᠯᠠᠨ ᠨᠡᠶ᠋ᠢᠲᠡ ᠵᠢᠨ ᠠᠮᠢ ᠨᠠᠰᠤᠨ᠎ᠤ ᠠᠮᠤᠷ ᠲᠦᠪᠰᠢᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ᠂ ᠢᠳᠡᠭᠡᠨ᠎ᠤ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠬᠤᠰᠬ᠎ᠠ ᠵᠢ ᠬᠤᠳᠠᠯᠳᠣᠨ ᠠᠪᠬᠤ ᠦᠭᠡᠢ᠂ ᠡᠳ᠋ᠰᠢᠭᠦᠯᠦᠨ ᠪᠣᠯᠪᠠᠰᠣᠷᠠᠭᠤᠯᠵᠦ ᠦᠢ᠍ᠯᠡᠳᠬᠦ ᠦᠭᠡᠢ ᠪᠠᠶ᠋ᠢᠬᠤ ᠵᠢ ᠤᠬᠠᠮᠰᠠᠷ᠎ᠠᠴᠠ᠎ᠪᠠᠨ ᠪᠡᠶᠡᠯᠡᠭᠦᠯᠬᠦ ᠬᠡᠷᠡᠭᠲᠡᠶ᠃ ᠡᠭᠦᠨ᠎ᠤ ᠬᠠᠮᠲᠤ ᠪᠠᠰᠠ ᠥᠷᠭᠡᠨ ᠣᠯᠠᠨ ᠬᠡᠷᠡᠭᠯᠡᠭᠴᠢᠳ᠎ᠤᠨ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ ᠵᠶ᠋ᠠᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ᠂ ᠬᠡᠷᠪᠡ ᠲᠣᠭᠲᠠᠭ᠋ᠠᠯ᠎ᠠᠴᠠ ᠵᠥᠷᠢᠴᠡᠨ ᠬᠤᠰᠬ᠎ᠠ ᠪᠣᠷᠣᠯᠠᠭᠤᠯᠬᠤ᠂ ᠡᠳ᠋ᠰᠢᠭᠦᠯᠬᠦ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ᠎ᠳᠤ᠎ᠨᠢ 12315 ᠬᠠᠯᠠᠮᠰᠢᠯ ᠤᠲᠠᠰᠤ᠎ᠳᠤ ᠤᠲᠠᠰᠤᠳᠠᠵᠤ ᠲᠤᠬᠠᠶ ᠵᠢᠨ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠵᠠᠭ᠋ᠠᠯᠳᠤᠵᠤ ᠢᠯᠡᠴᠢᠯᠡᠨ ᠮᠡᠳᠡᠭᠦᠯᠦᠭᠡᠷᠡᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            