ᠰᠢ ᠶᠢᠨ ᠫᠢᠩ ᠦᠬᠠᠨ ᠤ ᠳ᠋ᠦᠩ ᠬᠤ᠋ ᠰᠢᠨ ᠴᠧᠩ ᠨᠡᠶᠢᠬᠡᠮ ᠲᠤᠭᠤᠷᠢᠬ ᠤᠨ ᠪᠦᠬᠦ ᠠᠵᠢᠯᠳᠠᠳ ᠲᠤ ᠬᠠᠷᠢᠭᠤ ᠵᠠᠬᠢᠳᠠᠯ ᠢᠯᠡᠬᠡᠵᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠠ ᠵᠦᠢᠯ ᠤᠨ ᠠᠵᠢᠯ ᠢ ᠨᠠᠷᠢᠯᠢᠬ ᠪᠤᠳᠠᠳᠠᠢ ᠠᠳᠬᠤᠵᠤ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠤᠯᠠᠨ ᠲᠦᠮᠡᠨ ᠳᠤ ᠦᠢᠯᠡᠴᠢᠯᠡᠭᠡᠷᠡᠢ ᠭᠡᠵᠦ ᠵᠣᠷᠢᠭᠵᠢᠭᠤᠯᠪᠠ
ᠨᠡᠶᠢᠲᠡᠯᠡᠭᠰᠡᠨ ᠴᠠᠭ᠄
2020/4/10
     ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 4 ᠰᠠᠷ᠎ᠠ ᠶᠢᠨ 8 ᠤ ᠡᠳᠤᠷ ᠦᠬᠠᠨ ᠤ ᠳ᠋ᠦᠩ ᠬᠤ᠋ ᠰᠢᠨ ᠴᠧᠩ ᠨᠡᠶᠢᠬᠡᠮ ᠲᠤᠭᠤᠷᠢᠬ ᠤᠨ ᠪᠦᠬᠦ ᠨᠡᠶᠢᠬᠡᠮ ᠲᠤᠭᠤᠷᠢᠬ ᠤᠨ ᠠᠵᠢᠯᠳᠠᠨ ᠳᠤ ᠬᠠᠷᠢᠭᠤ ᠵᠠᠬᠢᠳᠠᠯ ᠢᠯᠡᠬᠡᠵᠤ᠂ ᠬᠤᠳᠠ ᠬᠦᠳᠡᠭᠡ ᠶᠢᠨ ᠦᠷᠬᠡᠨ ᠤᠯᠠᠨ ᠨᠡᠶᠢᠬᠡᠮ ᠲᠤᠭᠤᠷᠢᠬ ᠤᠨ ᠠᠵᠢᠯᠳᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠮᠡᠴᠡᠯ ᠳᠤ ᠪᠠᠳᠠᠷᠠᠭᠤᠯᠤᠬᠰᠠᠨ ᠴᠢᠬᠤᠯᠠ ᠤᠢᠢᠯᠡᠳᠤᠯ ᠢ ᠲᠠᠬᠢᠨᠳᠠ ᠨᠤᠳᠠᠯᠠᠵᠤ᠂ ᠲᠡᠳᠡᠨ ᠢ ᠴᠢᠩ ᠰᠡᠳᠬᠢᠯ ᠠᠴᠠ ᠪᠠᠨ ᠲᠤᠬᠤᠨᠢᠭᠤᠯᠬᠤ ᠶᠢᠨ ᠬᠠᠮᠳᠦ ᠲᠡᠳᠡᠨ ᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠤ ᠪᠦᠷᠢᠨ ᠢᠯᠠᠯᠳᠠ ᠶᠢ ᠤᠯᠬᠤ ᠳᠤ ᠲᠠᠬᠢᠨ ᠰᠢᠨ᠎ᠠ ᠬᠤᠪᠢ ᠨᠡᠮᠡᠷᠢ ᠦᠵᠡᠭᠦᠯᠦᠭᠡᠷᠡᠢ ᠭᠡᠵᠦ ᠵᠤᠷᠢᠭᠵᠢᠭᠤᠯᠪᠠ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠪᠢ ᠦᠬᠠᠨ ᠠᠴᠠ ᠪᠤᠴᠠᠵᠤ ᠢᠷᠡᠭᠰᠡᠨ ᠤ ᠲᠠᠷᠠᠭ᠎ᠠ᠂ ᠦᠬᠠᠨ ᠤ ᠦᠷᠬᠡᠨ ᠤᠯᠠᠨ ᠺᠠᠳ᠋ᠷ ᠤᠯᠠᠨ ᠲᠦᠮᠡᠨ ᠤ ᠲᠦᠯᠦᠭᠡ ᠰᠠᠨᠠᠭᠠᠰᠢᠷᠠᠭᠰᠠᠭᠠᠷ ᠪᠠᠶᠢᠨ᠎ᠠ᠂ ᠲᠠᠨ ᠤ ᠨᠡᠶᠢᠬᠡᠮ ᠲᠤᠭᠤᠷᠢᠬ ᠢ ᠪᠠᠭᠳᠠᠭᠠᠬᠰᠠᠨ ᠦᠬᠠᠨ ᠤ ᠡᠯ᠎ᠠ ᠨᠡᠶᠢᠬᠡᠮ ᠲᠤᠭᠤᠷᠢᠬ ᠤᠨ ᠠᠮᠢᠳᠤᠷᠠᠯ ᠠᠭᠠᠵᠢᠮ ᠢᠶᠠᠷ ᠬᠡᠪ ᠤᠨ ᠪᠠᠶᠢᠳᠠᠯ ᠢᠶᠠᠨ ᠰᠡᠷᠬᠦᠭᠡᠵᠦ ᠪᠠᠶᠢᠬᠤ ᠳᠤ ᠪᠢ ᠮᠠᠰᠢ ᠪᠠᠶᠠᠷᠯᠠᠵᠤ ᠪᠠᠶᠢᠨ᠎ᠠ ᠬᠡᠵᠤ ᠬᠡᠯᠡᠪᠡ᠃      ᠰᠢ ᠶᠢᠨ ᠫᠢᠩ᠂ ᠡᠨᠡ ᠤᠳᠠᠭ᠎ᠠ ᠶᠢᠨ ᠤᠷᠢᠳ ᠡᠮᠤᠨ᠎ᠠ ᠭᠠᠷᠤᠭ᠎ᠠ ᠥᠬᠡᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠮᠡᠴᠡᠯ ᠳᠤ᠂ ᠬᠤᠳᠠ ᠬᠦᠳᠡᠭᠡ ᠶᠢᠨ ᠦᠷᠭᠡᠨ ᠤᠯᠠᠨ ᠨᠡᠶᠢᠬᠡᠮ ᠲᠤᠭᠤᠷᠢᠬ ᠤᠨ ᠠᠵᠢᠯᠳᠠᠨ ᠨᠡᠶᠢᠬᠡᠮ ᠲᠤᠭᠤᠷᠢᠬ ᠤᠨ ᠰᠡᠷᠬᠡᠶᠢᠯᠡᠨ ᠡᠵᠡᠮᠳᠡᠬᠦ ᠠᠵᠢᠯ ᠳᠤ ᠤᠷᠤᠯᠴᠠᠭᠰᠠᠨ ᠡᠯ᠎ᠠ ᠲᠠᠯ᠎ᠠ ᠶᠢᠨ ᠬᠦᠮᠤᠰ ᠲᠠᠢ ᠬᠠᠮᠳᠤ ᠪᠠᠷ ᠠᠶᠤᠯ ᠲᠦᠭᠰᠢᠬᠦᠷᠢ ᠠᠴᠠ ᠠᠶᠤᠬᠤ ᠦᠬᠡᠢ᠂ ᠪᠦᠯᠬᠦᠮᠳᠡᠨ ᠲᠡᠮᠡᠴᠡᠵᠤ᠂ ᠢᠯᠠᠩᠭᠤᠶ᠎ᠠ ᠦᠷᠬᠡᠨ ᠤᠯᠠᠨ ᠨᠠᠮ ᠤᠨ ᠬᠡᠰᠢᠬᠦᠨ᠂ ᠺᠠᠳ᠋ᠷ ᠪᠠᠶ᠎ᠠ ᠪᠠᠷ ᠢᠶᠠᠨ ᠬᠡᠪ ᠲᠠᠭᠤᠷᠢᠶᠠᠯ ᠪᠤᠯᠵᠤ᠂ ᠬᠤᠰᠢᠭᠤᠴᠢᠯᠠᠨ ᠤᠷᠤᠵᠤ᠂ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠬᠡᠶᠢᠯᠡᠵᠤ ᠤᠯᠠᠨ ᠢᠶᠠᠷ ᠢᠶᠠᠨ ᠡᠵᠡᠮᠳᠡᠬᠦ ᠬᠦᠴᠦᠷᠭᠡᠭ ᠬᠦᠴᠤᠨ ᠢ ᠪᠦᠷᠢᠯᠳᠤᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ ᠤ ᠢᠯᠠᠯᠳᠠ ᠶᠢ ᠤᠯᠬᠤ ᠠᠤᠭ᠎ᠠ ᠬᠦᠴᠤᠨ ᠢ ᠬᠦᠢᠴᠡᠳ ᠭᠠᠶᠢᠬᠠᠭᠤᠯᠤᠬᠰᠠᠨ ᠪᠠᠶᠢᠨ᠎ᠠ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠤᠳᠤ ᠦᠬᠠᠨ ᠠᠴᠠ ᠭᠠᠷᠬᠤ ᠬᠤᠪᠸᠢ ᠠᠴᠠ ᠭᠠᠷᠬᠤ ᠵᠠᠮ ᠢ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠠ ᠶᠢ ᠬᠦᠴᠤᠨ ᠦᠬᠡᠢ ᠪᠤᠯᠭᠠᠪᠠ᠂ ᠬᠡᠪᠡᠴᠤ ᠰᠡᠷᠬᠡᠶᠢᠯᠡᠨ ᠡᠵᠡᠮᠳᠡᠬᠦ ᠡᠬᠦᠷᠬᠡ ᠶᠢ ᠰᠤᠯᠠᠷᠠᠭᠤᠯᠵᠤ ᠪᠤᠯᠬᠤ ᠦᠬᠡᠢ᠃ ᠨᠡᠶᠢᠬᠡᠮ ᠲᠤᠭᠤᠷᠢᠬ ᠨᠢ ᠮᠦᠨ ᠯᠠ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠵᠦ᠂ ᠳᠤᠳᠤᠭᠠᠳᠤ ᠳᠠᠭᠠᠨ ᠲᠠᠬᠢᠨ ᠬᠠᠯᠳᠠᠪᠤᠷᠢᠯᠠᠬᠤ ᠶᠢ ᠰᠡᠷᠬᠡᠶᠢᠯᠡᠬᠦ ᠴᠢᠬᠤᠯᠠ ᠰᠡᠷᠭᠡᠶᠢᠯᠡᠯᠳᠠ ᠶᠢᠨ ᠱᠤᠭᠤᠮ ᠪᠤᠯᠵᠤ ᠪᠠᠶᠢᠨ᠎ᠠ᠂ ᠵᠠᠩᠬᠢᠯᠠᠭ᠎ᠠ ᠨᠢ ᠰᠢᠨ᠎ᠠ ᠪᠠᠶᠢᠳᠠᠯ ᠲᠤᠤᠷᠠᠬᠢ ᠰᠡᠷᠬᠡᠶᠢᠯᠡᠨ ᠡᠵᠡᠮᠳᠡᠬᠦ ᠪᠠᠶᠢᠩᠭᠤᠵᠢᠯᠳᠠ ᠶᠢᠨ ᠠᠵᠢᠯ ᠢ ᠰᠠᠶᠢᠳᠤᠷ ᠠᠳᠬᠤᠬᠤ ᠭᠡᠷᠡᠭᠳᠠᠢ᠃ ᠲᠠᠨᠠᠷ ᠦᠷᠬᠦᠯᠵᠢᠯᠡᠨ ᠲᠠᠶᠢᠯᠠᠯᠳᠤᠬᠤ ᠰᠤᠷᠳᠠᠯ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠨᠠᠷᠢᠯᠢᠬ ᠠᠳᠬᠤᠵᠤ ᠪᠤᠳᠠᠳᠠᠢ ᠠᠳᠬᠤᠵᠤ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠤᠯᠠᠨ ᠲᠦᠮᠡᠨ ᠳᠤ ᠤᠢᠢᠯᠡᠴᠢᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠤ ᠪᠦᠷᠢᠨ ᠢᠯᠠᠯᠳᠠ ᠶᠢ ᠤᠯᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ ᠬᠡᠵᠤ ᠴᠢᠬᠤᠯᠠᠴᠢᠯᠠᠪᠠ᠃      ᠨᠡᠶᠢᠬᠡᠮ ᠲᠤᠭᠤᠷᠢᠬ ᠪᠤᠯ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠮᠤᠬ ᠤᠨ ᠡᠮᠤᠨ᠎ᠠ ᠹᠷᠤᠨᠲ ᠪᠤᠯᠤᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠪᠦᠬᠦ ᠤᠯᠤᠰ ᠤᠨ 400 ᠭᠠᠷᠤᠢ ᠲᠦᠮᠡᠨ ᠨᠡᠶᠢᠬᠡᠮ ᠲᠤᠭᠤᠷᠢᠬ ᠤᠨ ᠠᠵᠢᠯᠳᠠᠨ ᠡᠮᠤᠨ᠎ᠠ ᠹᠷᠤᠨᠲ ᠢ ᠪᠠᠳᠤ ᠰᠠᠬᠢᠵᠤ᠂ 65 ᠲᠦᠮᠡᠨ ᠬᠤᠳᠠ ᠬᠦᠳᠡᠭᠡ ᠶᠢᠨ ᠨᠡᠶᠢᠬᠡᠮ ᠲᠤᠭᠤᠷᠢᠬ ᠲᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠤᠷᠤᠵᠤ ᠭᠠᠷᠬᠤ ᠶᠢ ᠬᠠᠮᠢᠶᠠᠷᠬᠤ᠂ ᠤᠬᠠᠭᠤᠯᠵᠤ ᠬᠦᠮᠤᠵᠢᠬᠦᠯᠬᠦ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠬᠦᠴᠢᠷᠳᠠᠯᠳᠠᠢ ᠤᠯᠠᠨ ᠲᠦᠮᠡᠨ ᠢ ᠬᠠᠪᠰᠤᠷᠬᠤ ᠵᠡᠷᠬᠡ ᠠᠵᠢᠯ ᠢ ᠬᠢᠵᠤ᠂ ᠬᠢᠵᠢᠭ ᠤᠨ ᠪᠠᠶᠢᠳᠠᠯ ᠤᠨ ᠲᠠᠷᠬᠠᠨ ᠲᠡᠯᠬᠡᠷᠡᠬᠦ ᠶᠢ ᠬᠤᠷᠢᠬᠯᠠᠬᠤ᠂ ᠤᠯᠠᠨ ᠲᠦᠮᠡᠨ ᠤ ᠠᠮᠢᠳᠤᠷᠠᠯ ᠢ ᠪᠠᠳᠤᠯᠠᠬᠤ ᠳᠤ ᠴᠢᠬᠤᠯᠠ ᠬᠤᠪᠢ ᠨᠡᠮᠡᠷᠢ ᠦᠵᠡᠬᠦᠯᠪᠠ᠃ ᠶᠠᠷᠤᠩᠬᠡᠢ ᠱᠦᠵᠢ ᠰᠢ ᠶᠢᠨ ᠫᠢᠩ ᠨᠡᠶᠢᠬᠡᠮ ᠲᠤᠭᠤᠷᠢᠬ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠦᠭᠴᠤ᠂ ᠨᠡᠶᠢᠬᠡᠮ ᠲᠤᠭᠤᠷᠢᠬ ᠤᠨ ᠠᠵᠢᠯᠳᠠᠨ ᠤ ᠠᠵᠢᠯ ᠢ ᠬᠦᠢᠴᠡᠳ ᠨᠤᠳᠠᠯᠠᠵᠤ᠂ ᠤᠷᠢᠳ ᠬᠤᠵᠢᠳ ᠪᠡᠬᠡᠵᠢᠩ ᠬᠤᠳᠠ ᠶᠢᠨ ᠠᠨ ᠬᠤᠸᠠ ᠯᠢ ᠨᠡᠶᠢᠬᠡᠮ ᠲᠤᠭᠤᠷᠢᠬ᠂ ᠦᠬᠠᠨ ᠬᠤᠳᠠ ᠶᠢᠨ ᠳ᠋ᠦᠩ ᠬᠤ᠋ ᠰᠢᠨ ᠴᠧᠩ ᠨᠡᠶᠢᠬᠡᠮ ᠲᠤᠭᠤᠷᠢᠬ ᠢᠶᠠᠷ ᠰᠢᠨᠵᠢᠯᠠᠨ ᠪᠠᠶᠢᠴᠠᠭᠠᠵᠤ ᠲᠤᠬᠤᠨᠢᠭᠤᠯᠪᠠ᠃ ᠤᠢᠢᠷ᠎ᠠ ᠶᠢᠨ ᠡᠳᠤᠷ᠂ ᠦᠬᠠᠨ ᠬᠤᠳᠠ ᠶᠢᠨ ᠳ᠋ᠦᠩ ᠬᠤ᠋ ᠰᠢᠨ ᠴᠧᠩ ᠨᠡᠶᠢᠬᠡᠮ ᠲᠤᠭᠤᠷᠢᠬ ᠤᠨ ᠪᠦᠬᠦ ᠨᠡᠶᠢᠬᠡᠮ ᠲᠤᠭᠤᠷᠢᠬ ᠤᠨ ᠠᠵᠢᠯᠳᠠᠨ ᠶᠠᠷᠤᠩᠬᠡᠢ ᠱᠦᠵᠢ ᠰᠢ ᠶᠢᠨ ᠫᠢᠩ ᠳᠤ ᠵᠠᠬᠢᠳᠠᠯ ᠢᠯᠡᠬᠡᠵᠤ᠂ ᠶᠠᠷᠤᠩᠬᠡᠢ ᠱᠦᠵᠢ ᠪᠤᠯᠤᠨ ᠨᠠᠮ ᠤᠨ ᠲᠦᠪ ᠬᠤᠷᠢᠶ᠎ᠠ ᠳᠤ ᠲᠠᠯᠠᠷᠬᠠᠵᠤ ᠪᠠᠶᠢᠬᠤ ᠰᠡᠳᠬᠢᠯ ᠢᠶᠠᠨ ᠢᠯᠡᠳᠬᠡᠵᠤ᠂ ᠵᠢᠭᠰᠠᠭᠠᠯ ᠤᠨ ᠭᠠᠵᠠᠷ ᠢᠶᠠᠨ ᠦᠷᠬᠦᠯᠵᠢᠯᠠᠨ ᠪᠠᠳᠤ ᠰᠠᠬᠢᠵᠤ᠂ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠬᠦ ᠡᠷᠡᠰ ᠪᠠᠳᠤ ᠵᠤᠷᠢᠬ ᠢᠶᠠᠨ ᠢᠯᠡᠳᠬᠡᠭᠰᠡᠨ ᠪᠠᠶᠢᠨ᠎ᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号