ᠰᠢᠨᠬᠤᠸᠠ ᠬᠤᠷᠢᠶᠠᠨ ᠤ ᠪᠡᠬᠡᠵᠢᠩ ᠤᠨ 4 ᠰᠠᠷ᠎ᠠ ᠶᠢᠨ 10 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ | ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ | ᠰᠢ ᠶᠢᠨ ᠫᠢᠩ ᠤᠢᠢᠷ᠎ᠠ ᠳᠤ ᠠᠶᠤᠯᠬᠦᠢ ᠤᠢᠢᠯᠡᠳᠪᠤᠷᠢᠯᠡᠯ ᠤᠨ ᠠᠵᠢᠯ ᠳᠤ ᠴᠢᠬᠤᠯᠠ ᠵᠢᠭᠠᠪᠤᠷᠢ ᠦᠭᠬᠦ ᠳᠡᠭᠡᠨ᠂ | ᠤᠳᠤᠬᠠᠨ ᠳᠤ ᠪᠦᠬᠦ ᠤᠯᠤᠰ ᠢᠶᠠᠷ ᠢᠶᠠᠨ ᠠᠵᠢᠯ ᠢᠶᠠᠨ ᠰᠡᠷᠬᠦᠬᠡᠵᠤ ᠤᠢᠢᠯᠡᠳᠪᠤᠷᠢᠯᠡᠯ ᠢᠶᠠᠨ ᠰᠡᠷᠬᠦᠬᠡᠵᠤ ᠪᠠᠶᠢᠨ᠎ᠠ᠂ ᠠᠶᠤᠯᠬᠦᠢ | ᠤᠢᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠤᠷᠤᠨ ᠬᠤᠪᠢᠶᠠᠵᠦ ᠲᠦᠷᠤᠯ ᠬᠤᠪᠢᠶᠠᠨ ᠠᠮᠤᠷ | ᠲᠦᠪᠰᠢᠨ ᠤ ᠬᠢᠨᠠᠯᠳᠠ ᠬᠠᠮᠢᠶᠠᠷᠤᠯᠳᠠ ᠪᠠ ᠬᠠᠤᠯᠢ ᠭᠡᠷᠡᠭᠵᠢᠬᠦᠯᠤᠯᠳᠠ ᠶᠢ ᠴᠢᠩᠭᠠᠳᠬᠠᠵᠤ᠂ ᠠᠵᠤ ᠠᠬᠤᠢᠢᠯᠠᠯ ᠤᠨ ᠭᠤᠤᠯ | ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠠᠶᠤᠯᠬᠦᠢ ᠤᠢᠢᠯᠡᠳᠪᠤᠷᠢᠯᠡᠯ ᠤᠨ ᠬᠤᠷᠢᠭ᠎ᠠ | ᠱᠤᠭᠤᠮ ᠢ ᠪᠠᠳᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠦᠨᠡᠨ ᠬᠦ | ᠬᠠᠮᠠᠭᠠᠯᠠᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ 2019 ᠤᠨ ᠤ ᠪᠠᠶᠢᠳᠠᠯ ᠠᠴᠠ ᠦᠵᠡᠬᠦ ᠳᠤ᠂ ᠪᠦᠬᠦ ᠤᠯᠤᠰ ᠤᠨ ᠠᠶᠤᠯᠬᠦᠢ | ᠤᠢᠢᠯᠡᠳᠪᠤᠷᠢᠯᠡᠯ ᠤᠨ ᠠᠳᠡᠯ ᠤᠨ ᠶᠠᠷᠤᠩᠬᠡᠢ ᠬᠡᠮᠵᠢᠶ᠎ᠠ᠂ ᠨᠡᠯᠢᠶᠡᠳ ᠶᠡᠭᠡ ᠠᠳᠡᠯ ᠪᠤᠯᠤᠨ ᠤᠨᠴᠠ ᠶᠡᠭᠡ ᠠᠳᠡᠯ ᠵᠡᠷᠭᠡ ︽ | ᠭᠤᠷᠪᠠᠨ ᠠᠳᠡᠯ ᠦᠷᠬᠦᠯᠵᠢᠯᠠᠨ ᠪᠠᠭᠤᠷᠠᠵᠤ︾᠂ ᠠᠶᠤᠯᠬᠦᠢ ᠤᠢᠢᠯᠡᠳᠪᠤᠷᠢᠯᠡᠯ ᠤᠨ ᠪᠠᠶᠢᠳᠠᠯ ᠴᠢᠨᠠᠬᠰᠢᠳᠠ ᠰᠠᠶᠢᠵᠢᠷᠠᠪᠠ᠂ | ᠬᠡᠪᠡᠴᠤ ᠠᠶᠤᠯ ᠲᠦᠭᠰᠢᠬᠦᠷᠢ ᠶᠢᠨ ᠬᠡᠮ ᠰᠤᠭᠤᠬ ᠮᠦᠨ ᠬᠦ ᠮᠠᠰᠢ ᠤᠯᠠᠨ ᠪᠠᠶᠢᠵᠤ᠂ ᠡᠨᠡ ᠲᠠᠯ᠎ᠠ ᠪᠠᠷ ᠶᠡᠭᠡ ᠬᠡᠮᠵᠢᠶᠠᠨ ᠤ | ᠠᠵᠢᠯ ᠬᠢᠬᠦ ᠴᠢᠬᠤᠯᠠᠳᠠᠢ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠮᠢ ᠨᠠᠰᠤ ᠲᠠᠶᠢᠱᠠᠨ ᠠᠭᠤᠯᠠ ᠠᠴᠠ ᠬᠦᠨᠳᠤ ᠶᠤᠮ᠃ ᠡᠯ᠎ᠠ ᠱᠠᠳᠤᠨ ᠤ ᠨᠠᠮ ᠤᠨ ᠬᠤᠷᠢᠶ᠎ᠠ | ᠪᠤᠯᠤᠨ ᠵᠠᠰᠠᠬ ᠤᠨ ᠤᠷᠳᠤᠨ ᠤ ᠬᠢᠨ ᠠᠶᠤᠯᠬᠦᠢ ᠤᠢᠢᠯᠡᠳᠪᠤᠷᠢᠯᠡᠯ ᠢ ᠴᠢᠬᠤᠯᠠ ᠪᠠᠶᠢᠷᠢᠨ ᠳᠤ ᠲᠠᠯᠪᠢᠵᠤ᠂ ᠠᠮᠤᠷ ᠲᠦᠪᠰᠢᠨ | ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠬᠤ ᠬᠡᠷᠡᠭᠲᠡᠢ᠂ ᠶᠠᠭᠠᠬᠢᠬᠰᠠᠨ ᠴᠤ ᠵᠦᠪᠭᠡᠨ ᠬᠦᠭᠵᠢᠯᠳᠠ ᠶᠢ | ᠴᠢᠬᠤᠯᠠᠴᠢᠯᠠᠭᠠᠳ ᠠᠮᠤᠷ ᠲᠦᠪᠰᠢᠨ ᠢ ᠬᠠᠶᠢᠬᠤᠷᠬᠤ ᠦᠬᠡᠢ ᠪᠠᠶᠢᠵᠤ ᠪᠤᠯᠬᠤ ᠦᠬᠡᠢ᠂ ᠨᠡᠩ ᠴᠤ ᠠᠮᠤᠷ ᠲᠦᠪᠰᠢᠨ ᠢ | ᠬᠠᠮᠢᠶ᠎ᠠ ᠦᠬᠡᠢ ᠶᠠᠪᠤᠳᠠᠯ ᠢᠶᠠᠷ ᠦᠵᠡᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠭᠠᠷᠭᠠᠵᠦ ᠪᠤᠯᠬᠤ ᠦᠬᠡᠢ᠃ | ᠠᠶᠤᠯᠬᠦᠢ ᠤᠢᠢᠯᠡᠳᠪᠤᠷᠢᠯᠡᠯ ᠤᠨ ᠠᠳᠡᠯ ᠤᠨ ᠭᠤᠤᠯ ᠤᠨᠴᠠᠯᠢᠬ ᠪᠤᠯᠤᠨ ᠲᠤᠪᠤᠶᠢᠮ᠎ᠠ ᠠᠰᠠᠭᠤᠳᠠᠯ ᠳᠤ ᠴᠢᠭᠯᠡᠬᠦᠯᠤᠨ᠂ ᠱᠠᠳᠤ | ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠴᠢᠩᠭ᠎ᠠ | ᠠᠳᠬᠤᠵᠤ᠂ ᠠᠶᠤᠯ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠨ᠂ ᠠᠳᠡᠯ ᠤᠨ ᠬᠡᠮ ᠰᠤᠭᠤᠬ ᠢ | ᠦᠨᠳᠤᠰᠤᠨ ᠠᠴᠠ ᠨᠢ ᠠᠷᠢᠯᠭᠠᠵᠤ᠂ ᠬᠦᠨᠳᠤ ᠤᠨᠴᠠ ᠶᠡᠭᠡ ᠠᠳᠡᠯ ᠭᠠᠷᠬᠤ ᠶᠢ ᠪᠦᠳᠤᠮᠵᠢᠳᠠᠢ ᠬᠤᠷᠢᠬᠯᠠᠬᠤ ᠭᠡᠷᠡᠭᠳᠠᠢ ᠬᠡᠵᠤ | ᠴᠢᠬᠤᠯᠠᠴᠢᠯᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠤ ᠶᠢᠨ | ᠶᠠᠪᠤᠳᠠᠯ ᠤᠨ ᠬᠤᠷᠢᠶᠠᠨ ᠤ ᠶᠠᠷᠤᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠤ᠂ ᠤᠳᠤᠬᠠᠨ ᠳᠤ ᠪᠦᠬᠦ | ᠤᠯᠤᠰ ᠢᠶᠠᠷ ᠢᠶᠠᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ | ᠠᠵᠢᠯ ᠢᠶᠠᠨ ᠰᠡᠷᠬᠦᠬᠡᠵᠤ ᠤᠢᠢᠯᠡᠳᠪᠤᠷᠢᠯᠡᠯ ᠢᠶᠠᠨ ᠰᠡᠷᠬᠦᠬᠡᠬᠦ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ | ᠵᠠᠩᠬᠢᠯᠠᠭ᠎ᠠ ᠶᠢᠨ ᠬᠤᠭᠤᠴᠠᠭᠠᠨ ᠳᠤ ᠤᠷᠤᠭᠠᠳ ᠪᠠᠶᠢᠨ᠎ᠠ᠃ ᠠᠶᠤᠯᠬᠦᠢ ᠤᠢᠢᠯᠡᠳᠪᠤᠷᠢᠯᠡᠯ ᠤᠨ ᠤᠬᠠᠮᠰᠠᠷ ᠪᠤᠯᠤᠨ | ᠠᠵᠢᠯ ᠢᠶᠠᠨ ᠦᠴᠤᠬᠡᠨ ᠴᠤ ᠰᠤᠯᠠᠷᠠᠭᠤᠯᠵᠤ ᠪᠤᠯᠬᠤ ᠦᠬᠡᠢ᠃ ᠡᠯ᠎ᠠ ᠭᠠᠵᠠᠷ ᠤᠷᠤᠨ᠂ ᠡᠯ᠎ᠠ ᠬᠤᠯᠪᠤᠭᠳᠠᠯ ᠪᠦᠬᠦᠢ ᠰᠠᠯᠠᠭ᠎ᠠ | ᠮᠦᠴᠢᠷ ᠪᠠ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠠ᠂ | ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠵᠤ | ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠡᠯ᠎ᠠ ᠬᠦᠷᠢᠶ᠎ᠠ ᠡᠯ᠎ᠠ ᠭᠤᠬᠴᠤᠭ᠎ᠠ ᠶᠢᠨ ᠠᠶᠤᠯᠬᠦᠢ | ᠤᠢᠢᠯᠡᠳᠪᠤᠷᠢᠯᠡᠯ ᠤᠨ ᠬᠡᠮ ᠰᠤᠭᠤᠬ ᠢ ᠬᠦᠨᠵᠡᠬᠡᠢ ᠵᠢᠬᠰᠠᠭᠠᠨ ᠪᠠᠶᠢᠴᠠᠭᠠᠵᠦ᠂ ᠠᠶᠤᠯᠬᠦᠢ ᠦᠢᠯᠡᠳᠪᠤᠷᠢᠯᠡᠯ ᠤᠨ ᠲᠤᠰᠬᠠᠢ | ᠲᠦᠷᠦᠯ ᠤᠨ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠪᠦᠬᠦ ᠲᠠᠯ᠎ᠡ ᠪᠠᠷ ᠦᠷᠨᠢᠬᠦᠯᠵᠤ᠂ ᠰᠢᠰᠲ᠋ᠧᠮ ᠲᠠᠢ ᠪᠠᠷ | ᠵᠠᠰᠠᠬᠤ᠂ ᠤᠨᠤᠴᠠᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠬᠦ ᠶᠢ ᠪᠠᠷᠢᠮᠳᠠᠯᠠᠵᠤ᠂ ᠠᠶᠤᠯᠳᠠᠢ ᠬᠢᠮᠢ ᠶᠢᠨ ᠪᠤᠳᠠᠰ᠂ ᠠᠭᠤᠷᠬᠠᠢ | ᠂ ᠵᠠᠮ ᠬᠠᠷᠢᠯᠴᠠᠭ᠎ᠠ ᠲᠡᠭᠡᠭᠡᠪᠤᠷᠢ᠂ ᠠᠵᠤ ᠦᠢᠯᠡᠳᠪᠤᠷᠢ ᠶᠢᠨ ᠬᠦᠷᠢᠶᠠᠯᠠᠩ᠂ ᠬᠤᠳᠠ ᠶᠢᠨ ᠪᠦᠳᠦᠭᠡᠨ ᠪᠠᠶᠢᠭᠤᠯᠤᠯᠳᠠ᠂ | ᠠᠶᠤᠯᠳᠠᠢ ᠬᠠᠶᠠᠬᠳᠠᠮᠠᠯ ᠪᠤᠳᠠᠰ ᠵᠡᠷᠭᠡ ᠭᠤᠤᠯᠳᠠᠯᠭ᠎ᠠ ᠲᠠᠢ ᠬᠦᠷᠢᠶᠠᠨ ᠳᠠᠬᠢ ᠠᠮᠤᠷ ᠲᠦᠪᠰᠢᠨ ᠤ ᠴᠡᠭᠴᠡᠯᠡᠨ ᠵᠠᠰᠠᠯᠳᠠ ᠶᠢ | ᠯᠠᠪᠳᠠᠭᠤᠨ ᠪᠠᠳᠤᠳᠠᠢ ᠠᠬᠢᠭᠤᠯᠵᠤ᠂ ᠪᠤᠳᠠᠳᠤ ᠦᠷ᠎ᠡ ᠪᠦᠳᠦᠮᠵᠢ ᠭᠠᠷᠭᠠᠬᠤ ᠶᠢ ᠪᠠᠳᠤᠯᠠᠬᠤ ᠭᠡᠷᠡᠭᠳᠠᠢ︔ ᠠᠶᠤᠯᠬᠦᠢ | ᠦᠢᠯᠡᠳᠪᠤᠷᠢᠯᠡᠯ ᠤᠨ ᠬᠠᠷᠢᠭᠤᠴᠠᠯᠭ᠎ᠠ ᠪᠤᠯᠤᠨ ᠬᠠᠮᠢᠶᠡᠷᠤᠯᠳᠠ ᠶᠢᠨ ᠲᠦᠷᠢᠮ ᠤᠨ ᠰᠢᠰᠲ᠋ᠧᠮ᠂ ᠭᠡᠮ ᠰᠤᠭᠤᠭ ᠢ ᠵᠢᠬᠰᠠᠭᠠᠨ | ᠪᠠᠶᠢᠴᠠᠭᠠᠵᠤ ᠵᠠᠰᠠᠬᠤ ᠪᠠ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠳᠭᠡᠨ ᠪᠠᠶᠢᠭᠤᠯᠤᠨ | ᠪᠦᠷᠢᠨᠰᠢᠬᠦᠯᠵᠤ᠂ ᠬᠢᠨᠠᠯᠳᠠ ᠬᠠᠮᠢᠶᠠᠷᠤᠯᠳᠠ ᠬᠠᠤᠯᠢ ᠭᠡᠷᠡᠭᠵᠢᠬᠦᠯᠦᠯᠲᠠ ᠪᠤᠯᠤᠨ ᠠᠮᠤᠷ ᠲᠦᠪᠰᠢᠨ ᠤ ᠦᠢᠯᠡᠴᠢᠯᠡᠭᠡ ᠶᠢ | ᠴᠢᠩᠭᠠᠳᠬᠠᠵᠤ᠂ ᠬᠦᠨᠳᠤ ᠤᠨᠴᠠ ᠶᠡᠭᠡ ᠠᠳᠠᠯ ᠡᠬᠦᠰᠬᠦ ᠶᠢ ᠡᠷᠡᠰ ᠬᠤᠷᠢᠬᠯᠠᠵᠤ᠂ ᠠᠷᠠᠳ ᠤᠯᠠᠨ ᠤ ᠠᠮᠢ ᠨᠠᠰᠤ ᠡᠳ᠋ | ᠬᠦᠷᠤᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠪᠦᠬᠦ ᠤᠯᠤᠰ ᠤᠨ ᠠᠶᠤᠯᠬᠦᠢ ᠦᠢᠯᠡᠳᠪᠤᠷᠢᠯᠡᠯ ᠤᠨ ᠲᠧᠯᠸᠢᠰ ᠤᠳᠠᠰᠤ ᠬᠤᠷᠠᠯ 10 ᠤ ᠡᠳᠦᠷ ᠪᠡᠭᠡᠵᠢᠩ ᠳᠤ | ᠬᠤᠷᠠᠯᠳᠤᠵᠤ᠂ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠯᠢ ᠺᠧ ᠴᠢᠶᠠᠩ ᠤᠨ ᠴᠤᠬᠤᠯᠠᠪᠤᠷᠢ ᠶᠢ | ᠤᠯᠠᠮᠵᠢᠯᠠᠨ ᠰᠤᠷᠤᠯᠴᠠᠪᠠ᠃ ᠬᠤᠷᠠᠯ ᠠᠴᠠ ᠨᠢᠳᠤᠨᠤᠨ ᠠᠴᠠ ᠨᠠᠭᠠᠰᠢᠬᠢ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠢ ᠵᠠᠷᠯᠡᠨ | ᠮᠡᠳᠡᠭᠳᠡᠭᠰᠡᠨ ᠪᠦᠭᠡᠳ ᠤᠳᠤᠬᠠᠨ ᠤ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠭᠦ ᠠᠮᠤᠷ ᠲᠦᠪᠰᠢᠨ ᠤ | ᠰᠡᠷᠭᠡᠶᠢᠯᠡᠬᠦ ᠠᠵᠢᠯ ᠢ ᠨᠢᠭᠡᠳᠦᠯᠳᠠᠢ ᠲᠦᠯᠦᠪᠵᠢᠬᠦᠯᠤᠨ ᠰᠠᠶᠢᠳᠤᠷ ᠬᠢᠬᠦ᠂ ᠪᠦᠬᠦ ᠤᠯᠤᠰ ᠤᠨ ᠠᠶᠤᠯᠬᠦᠢ | ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ | ᠦᠷᠨᠢᠬᠦᠯᠬᠦ ᠲᠤᠬᠠᠢ ᠪᠠᠶᠢᠷᠢᠯᠠᠭᠤᠯᠤᠯᠳᠠ ᠬᠢᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ | ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠤᠷᠢᠯᠡᠯ ᠤᠨ ᠵᠦᠪᠯᠡᠯ ᠤᠨ ᠡᠷᠬᠢᠯᠡᠭᠴᠢ ᠯᠢᠤ ᠾᠧ᠂ | ᠲᠦᠷᠦ ᠶᠢᠨ ᠶᠠᠪᠤᠳᠠᠯ ᠤᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠤᠷᠢᠯᠡᠯ ᠤᠨ | ᠵᠦᠪᠯᠡᠯ ᠤᠨ ᠲᠡᠳ᠋ ᠡᠷᠬᠢᠯᠡᠭᠴᠢ ᠸᠠᠩ ᠶᠦᠩ᠂ ᠵᠤᠤ ᠺᠧ ᡁᠢ ᠬᠤᠷᠠᠯ ᠳᠤ ᠤᠷᠤᠯᠴᠠᠵᠠᠢ᠃ | ᠬᠤᠷᠠᠯ ᠠᠴᠠ᠂ ᠶᠡᠷᠤᠩᠭᠡᠢ ᠱᠦᠵᠢ ᠰᠢ ᠶᠢᠨ ᠫᠢᠩ ᠤᠨ ᠠᠶᠤᠯᠬᠦᠢ ᠦᠢᠯᠡᠳᠪᠤᠷᠢᠯᠡᠯ ᠤᠨ ᠲᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠢ ᠺᠧ ᠴᠢᠶᠠᠩ ᠤᠨ | ᠴᠤᠬᠤᠯᠠᠪᠤᠷᠢ ᠶᠢᠨ ᠱᠠᠭᠠᠷᠳᠠᠯᠭ᠎ᠠ ᠶᠤᠰᠤᠭᠠᠷ᠂ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠠᠮᠤᠷ ᠲᠦᠪᠰᠢᠨ ᠤ ᠰᠡᠷᠭᠡᠶᠢᠯᠡᠬᠦ | ᠠᠵᠢᠯ ᠢ ᠪᠤᠳᠠᠳᠠᠢ ᠠᠳᠬᠤᠨ ᠨᠠᠷᠢᠯᠢᠭ ᠠᠳᠬᠤᠬᠤ ᠭᠡᠷᠡᠭᠳᠠᠢ᠃ ᠠᠳᠡᠯ ᠡᠭᠦᠰᠬᠦ ᠭᠡᠮ ᠰᠤᠭᠤᠭ ᠢ ᠦᠨᠳᠤᠰᠤᠨ ᠠᠴᠠ ᠨᠢ | ᠠᠷᠢᠯᠭᠠᠬᠤ ᠶᠢᠨ ᠲᠤᠭᠤᠷᠢᠨ ᠳᠤ᠂ ᠪᠦᠬᠦ ᠤᠯᠤᠰ ᠲᠤ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠨ | ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠬᠦ ᠭᠡᠷᠡᠭᠳᠠᠢ᠃ ᠵᠤᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠵᠤ᠂ ᠠᠰᠠᠭᠤᠳᠠᠯ ᠢ ᠰᠢᠢᠳᠪᠤᠷᠢᠯᠡᠬᠦ᠂ ᠠᠵᠤ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠴᠡᠭᠴᠡᠯᠡᠨ ᠵᠠᠰᠠᠬᠤ ᠶᠢᠨ ᠵᠠᠩᠭᠢᠯᠠᠭ᠎ᠠ ᠪᠤᠯᠭᠠᠵᠤ᠂ ᠠᠶᠤᠯᠬᠦᠢ ᠦᠢᠯᠡᠳᠪᠤᠷᠢᠯᠡᠯ ᠤᠨ | ᠬᠠᠤᠯᠢ ᠭᠡᠷᠡᠭᠵᠢᠬᠦᠯᠬᠦ ᠰᠢᠰᠲ᠋ᠧᠮ ᠢ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠰᠠᠭᠤᠷᠢ ᠪᠠᠳᠤᠯᠠᠭ᠎ᠠ ᠶᠢᠨ ᠴᠢᠳᠠᠪᠤᠷᠢ ᠪᠠᠨ | ᠲᠡᠭᠡᠭᠰᠢᠯᠡᠬᠦᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠪᠠᠨ ᠴᠢᠩᠭᠠᠳᠬᠠᠵᠤ᠂ ᠠᠶᠤᠯᠬᠦᠢ ᠦᠢᠯᠡᠳᠪᠤᠷᠢᠯᠡᠯ ᠤᠨ | ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ | ᠴᠢᠨᠡᠭᠡᠯᠢᠭ ᠨᠠᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠳᠤ ᠲᠤᠬᠳᠠᠭᠤᠨ ᠠᠶᠤᠯᠬᠦᠢ ᠦᠢᠯᠡᠳᠪᠤᠷᠢᠯᠡᠯ ᠤᠨ ᠤᠷᠴᠢᠨ ᠢ ᠪᠤᠢ | ᠪᠤᠯᠭᠠᠬᠤ ᠭᠡᠷᠡᠭᠳᠠᠢ ᠭᠡᠵᠤ ᠱᠠᠭᠠᠷᠳᠠᠪᠠ᠃ | ᠤᠷᠤᠨ ᠰᠠᠭᠤᠴᠠ ᠪᠡ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠵᠠᠮ ᠬᠠᠷᠢᠯᠴᠠᠭ᠎ᠠ | ᠲᠡᠭᠡᠭᠡᠪᠤᠷᠢ ᠶᠢᠨ ᠶᠠᠮᠤᠨ ᠪᠤᠯᠤᠨ ᠲᠢᠶᠠᠨᠵᠢᠨ᠂ ᠠᠨᠾᠦ᠋ᠢ᠂ ᠭᠤᠸᠠᠩᠳᠦ᠋ᠩ ᠮᠤᠵᠢ ᠶᠢᠨ ᠬᠠᠷᠢᠭᠤᠴᠠᠯᠭᠠᠳᠠᠨ ᠬᠤᠷᠠᠯ ᠲᠡᠭᠡᠷ᠎ᠡ | ᠰᠠᠨᠠᠯ ᠢᠶᠠᠨ ᠰᠤᠯᠢᠯᠴᠠᠬᠤ ᠦᠭᠡ ᠬᠡᠯᠡᠪᠡ᠃ ᠡᠬᠦᠨ ᠠᠴᠠ ᠡᠮᠤᠨ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ | ᠦᠢᠯᠡᠳᠪᠤᠷᠢᠯᠡᠯ ᠤᠨ ᠵᠦᠪᠯᠡᠯ ᠪᠦᠬᠦᠳᠠ ᠬᠤᠷᠠᠯ ᠬᠤᠷᠠᠯᠳᠤᠭᠤᠯᠵᠤ᠂ ᠬᠤᠯᠪᠤᠬᠳᠠᠯ ᠪᠦᠬᠦᠢ ᠠᠵᠢᠯ ᠢ ᠰᠤᠳᠤᠯᠵᠠᠢ᠃ |