ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ ᠬᠤᠷᠡᠯ | ᠬᠤᠷᠡᠯᠳᠤᠭᠤᠯᠵᠥ ᠤᠯᠤᠰ ᠤᠨ ᠲᠤᠳᠤᠭᠠᠳᠤ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠤᠯᠤᠨ ᠠᠵᠦ ᠠᠬᠤᠢ ᠶᠢᠨ ᠡᠷᠭᠢᠯᠲᠡ ᠶᠢᠨ ᠪᠠᠶᠢᠳᠠᠯ ᠳᠤ ᠵᠠᠳᠠᠯᠤᠯᠲᠠ ᠬᠢᠵᠦ ᠪᠠᠶᠢᠩᠭᠤᠵᠢᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠪᠠ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠭᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠪᠠ | | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 8 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠡᠨ ᠤ | ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ 4 ᠰᠠᠷ᠎ᠠ ᠶᠢᠨ 8 ᠤ ᠡᠳᠤᠷ ᠬᠤᠷᠡᠯ ᠬᠤᠷᠡᠯᠳᠤᠭᠤᠯᠵᠥ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠪᠤᠯᠤᠨ ᠪᠦᠬᠦ | ᠤᠯᠤᠰ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠭᠰᠡᠡ ᠪᠠᠶᠢᠳᠠᠯ ᠤᠨ ᠪᠠᠶᠢᠴᠠᠭᠠᠨ ᠰᠤᠳᠤᠯᠤᠯᠳᠠ ᠶᠢᠨ | ᠬᠠᠷᠢᠭᠤ ᠮᠡᠳᠡᠬᠦᠯᠥᠯᠳᠡ ᠶᠢ ᠰᠤᠨᠤᠰᠴᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠪᠤᠯᠤᠨ ᠠᠵᠥ ᠠᠬᠤᠢ ᠶᠢᠨ ᠡᠷᠬᠢᠯᠲᠠ ᠶᠢᠨ ᠪᠠᠶᠢᠳᠠᠯ ᠳᠤ ᠵᠠᠳᠠᠯᠤᠯᠳᠡ ᠬᠢᠵᠥ᠂ ᠪᠠᠶᠢᠩᠭᠤᠵᠢᠭᠰᠠᠠ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠠᠵᠢᠯ ᠢᠶᠠᠨ ᠰᠡᠷᠬᠦᠬᠡᠵᠥ | ᠦᠢᠯᠡᠳᠪᠤᠷᠢᠯᠡᠯ ᠢᠶᠠᠨ ᠰᠡᠷᠬᠦᠬᠡᠬᠦ ᠠᠵᠢᠯ ᠢ ᠪᠦᠬᠦ ᠲᠡᠯ᠎ᠡ ᠪᠠᠷ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠪᠠ᠃ ᠨᠠᠮ ᠤᠨ | ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠭᠰᠡᠡ ᠪᠦᠬᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠤᠳᠤᠬᠠᠨ ᠳᠤ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ | ᠱᠠᠳᠤᠴᠢ ᠴᠢᠨᠠᠷᠳᠠᠢ ᠦᠷ᠎ᠡ ᠪᠦᠳᠦᠮᠵᠢ ᠤᠯᠠᠮ ᠴᠢᠨᠠᠬᠰᠢᠳᠠ ᠪᠠᠬᠢᠵᠢᠵᠥ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ | ᠰᠡᠷᠬᠦᠬᠡᠬᠦ ᠠᠵᠢᠯ ᠴᠢᠬᠤᠯᠠ ᠠᠬᠢᠴᠠ ᠲᠠᠢ ᠪᠤᠯᠵᠥ᠂ ᠠᠵᠥ ᠠᠬᠤᠢ ᠨᠡᠶᠢᠬᠡᠮ ᠤᠨ ᠠᠵᠢᠯᠯᠠᠭᠠᠨ ᠤ ᠡᠮᠬᠢ ᠵᠢᠷᠤᠮ ᠲᠦᠷᠬᠡᠨ | ᠰᠡᠷᠬᠦᠵᠤ ᠪᠠᠶᠢᠨ᠎ᠠ᠃ ᠡᠬᠦᠨ ᠤ ᠵᠡᠷᠬᠡ ᠪᠠᠷ᠂ ᠤᠯᠠᠨ ᠤᠯᠤᠰ ᠲᠤ ᠬᠢᠵᠢᠭ ᠤᠨ ᠪᠠᠶᠢᠳᠠᠯ ᠦᠷᠬᠦᠯᠵᠢᠯᠡᠨ ᠲᠠᠷᠬᠠᠨ ᠲᠡᠯᠬᠡᠷᠡᠵᠥ | ᠂ ᠲᠡᠯᠡᠬᠡᠢ ᠶᠢᠨ ᠠᠵᠥ ᠠᠬᠤᠢ ᠤᠷᠤᠭᠤᠳᠠᠬᠤ ᠠᠶᠤᠯ ᠰᠢᠷᠦᠬᠦᠰᠴᠦ᠂ ᠲᠤᠭᠳᠠᠭᠤᠨ ᠪᠤᠰᠤ ᠲᠤᠭᠳᠠᠭᠠᠯᠳᠦ ᠪᠤᠰᠤ ᠬᠦᠴᠦᠨ | ᠵᠦᠢᠯ ᠢᠯᠡᠳᠳᠡ ᠨᠡᠮᠡᠭᠳᠡᠪᠡ᠃ ᠮᠠᠨ ᠤ ᠤᠯᠤᠰ ᠤᠨ ᠭᠠᠲᠠᠨ᠎ᠠ ᠠᠴᠠ ᠬᠢᠵᠢᠭ ᠬᠠᠯᠳᠠᠪᠤᠷᠢᠯᠠᠨ ᠤᠷᠤᠵᠥ ᠢᠷᠡᠬᠦ ᠶᠢ | ᠰᠡᠷᠬᠡᠶᠢᠯᠡᠬᠦ ᠲᠠᠷᠤᠯᠳᠠ ᠲᠠᠰᠤᠷᠠᠯᠳᠡ ᠦᠬᠡᠢ ᠨᠡᠮᠡᠭᠳᠡᠵᠥ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ | ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠦᠴᠢᠷ ᠪᠡᠷᠬᠡᠰᠢᠶᠡᠯ ᠪᠤᠯᠤᠨ ᠦᠷᠢᠰᠦᠯᠳᠦᠬᠡᠨ ᠲᠤᠯᠭᠠᠷᠠᠵᠥ | ᠪᠠᠶᠢᠨ᠎ᠠ᠃ ᠬᠦᠨᠳᠤ ᠨᠤᠴᠢᠳᠠᠢ ᠨᠠᠷᠢᠨ ᠪᠤᠳᠤᠯᠢᠶᠠᠨᠳᠠᠢ ᠲᠡᠯᠡᠬᠡᠢ ᠶᠢᠨ ᠬᠢᠵᠢᠭ ᠤᠨ ᠪᠠᠶᠢᠳᠠᠯ ᠪᠤᠯᠤᠨ ᠲᠡᠯᠡᠬᠡᠢ ᠶᠢᠨ ᠠᠵᠥ | ᠠᠬᠤᠢ ᠶᠢᠨ ᠪᠠᠶᠢᠳᠠᠯ ᠤᠨ ᠡᠮᠤᠨ᠎ᠡ᠂ ᠪᠢᠳᠡ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠥ᠂ ᠨᠡᠯᠢᠶᠡᠳ ᠤᠷᠳᠤ | ᠬᠤᠭᠤᠴᠠᠭ᠎ᠠ ᠪᠠᠷ ᠭᠠᠳᠠᠭᠠᠳᠤ ᠤᠷᠴᠢᠨ ᠲᠤᠭᠤᠷᠢᠨ ᠤ ᠬᠤᠪᠢᠷᠡᠯᠳᠡ ᠶᠢ ᠠᠷᠭᠠᠴᠠᠭᠠᠬᠤ ᠦᠵᠡᠯ ᠰᠠᠨᠠᠭᠠᠨ ᠤ ᠪᠡᠯᠡᠳᠬᠡᠯ | ᠪᠤᠯᠤᠨ ᠠᠵᠢᠯ ᠤᠨ ᠪᠡᠯᠡᠳᠬᠡᠯ ᠢ ᠰᠠᠶᠢᠳᠤᠷ ᠬᠢᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ | ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠭᠠᠳᠠᠨ᠎ᠠ ᠠᠴᠠ | ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ᠂ ᠲᠤᠳᠤᠭᠠᠳᠤ ᠳᠠᠭᠠᠨ ᠲᠠᠬᠢᠨ ᠡᠬᠦᠰᠬᠦ ᠶᠢ ᠰᠡᠷᠬᠡᠶᠢᠯᠡᠨ ᠡᠵᠡᠮᠳᠡᠬᠦ ᠠᠵᠢᠯ ᠢ | ᠰᠤᠯᠠᠷᠠᠭᠤᠯᠤᠯ ᠦᠬᠡᠢ ᠴᠢᠩᠭ᠎ᠠ ᠠᠳᠬᠤᠵᠥ᠂ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠤᠨ ᠡᠷᠴᠢᠮ ᠢ | ᠴᠢᠩᠭᠠᠷᠠᠭᠤᠯᠬᠤ ᠬᠡᠷᠡᠭᠳᠡᠢ᠃ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ | ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢ ᠪᠦᠬᠦ ᠲᠠᠯ᠎ᠠ ᠪᠠᠷ ᠰᠡᠷᠬᠦᠭᠡᠬᠦ ᠶᠢ ᠲᠦᠷᠭᠡᠳᠭᠡᠨ ᠠᠬᠢᠭᠤᠯᠵᠤ᠂ | ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠶᠠᠪᠤᠴᠠ ᠳᠤᠮᠳᠠ ᠲᠤᠯᠭᠠᠷᠠᠵᠦ ᠪᠠᠶᠢᠭ᠎ᠠ ᠬᠦᠴᠢᠷᠳᠡᠯ ᠪᠠ | ᠠᠰᠠᠭᠤᠳᠠᠯ ᠢ ᠴᠠᠭ ᠢ ᠠᠮᠵᠢᠨ ᠰᠢᠢᠳᠪᠤᠷᠢᠯᠡᠵᠦ᠂ ᠬᠢᠵᠢᠭ ᠤᠨ ᠪᠠᠶᠢᠳᠠᠯ ᠠᠴᠠ ᠪᠤᠯᠤᠭᠰᠠᠨ ᠬᠤᠬᠢᠷᠠᠯ ᠢ ᠬᠠᠮᠤᠭ ᠤᠨ ᠲᠤᠤᠷ᠎ᠠ | ᠭᠡᠮᠵᠢᠶᠡᠨ ᠳᠤ ᠬᠦᠷᠳᠡᠯ᠎ᠠ ᠪᠠᠭᠤᠷᠠᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ | ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠬᠦ | ᠬᠠᠷᠠᠯᠳᠠ ᠡᠬᠦᠷᠭᠡ ᠪᠡᠶᠡᠯᠡᠭᠳᠡᠬᠦ ᠶᠢ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠤᠯᠠᠨ ᠤᠯᠤᠰ ᠤᠨ ᠪᠠ ᠤᠯᠤᠰ ᠤᠨ ᠳᠤᠳᠤᠭᠠᠳᠦ ᠶᠢᠨ ᠬᠢᠵᠢᠭ ᠤᠨ ᠪᠠᠶᠢᠳᠠᠯ ᠤᠨ ᠬᠠᠨᠳᠤᠰᠢ | ᠬᠤᠪᠢᠷᠠᠯᠳᠠ ᠶᠢ ᠨᠢᠬᠳᠠ ᠠᠩᠬᠠᠷᠴᠦ᠂ ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ ᠪᠠ | ᠳᠤᠳᠤᠭᠠᠳᠦ ᠳᠠᠭᠠᠨ ᠲᠠᠬᠢᠨ ᠡᠬᠦᠰᠬᠦ ᠶᠢ ᠰᠡᠷᠭᠡᠶᠢᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠡᠩ ᠬᠠᠨᠳᠤᠯᠭᠠᠳᠦ | ᠴᠢᠨᠠᠷ ᠪᠠ ᠪᠤᠳᠠᠳᠠᠢ ᠴᠢᠨᠠᠷ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠴᠠᠭ ᠲᠤᠬᠠᠢ ᠳᠤᠨᠢ ᠭᠡᠷᠡᠭᠵᠢᠬᠦᠯᠵᠦ᠂ ᠡᠯ᠎ᠠ | ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠴᠢᠩᠭ᠎ᠠ ᠠᠳᠬᠤᠵᠦ ᠪᠤᠳᠠᠳᠠᠢ ᠠᠳᠬᠤᠵᠦ ᠨᠠᠷᠢᠯᠢᠭ ᠠᠳᠬᠤᠬᠤ | ᠭᠡᠷᠡᠭᠲᠡᠢ᠃ ᠭᠤᠤᠯᠳᠠᠯᠭ᠎ᠠ ᠲᠠᠢ ᠭᠠᠵᠠᠷ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠠ ᠪᠦᠳᠦᠮᠵᠢ ᠶᠢ | ᠪᠠᠬᠢᠵᠢᠬᠦᠯᠬᠦ ᠭᠡᠷᠡᠭᠲᠡᠢ᠃ ᠬᠤᠪᠸᠢ ᠮᠤᠵᠢ ᠪᠠ ᠦᠬᠠᠨ ᠬᠤᠳᠠ ᠶᠢᠨ ᠬᠢᠨ ᠦᠷᠬᠦᠯᠵᠢᠯᠡᠨ ᠬᠦᠴᠦ ᠪᠠᠨ ᠲᠦᠪᠯᠡᠷᠡᠬᠦᠯᠵᠦ | ᠬᠦᠨᠳᠦ ᠡᠪᠡᠳᠴᠢᠳᠡᠨ ᠢ ᠰᠢᠨᠵᠢᠯᠡᠬᠦ ᠤᠬᠠᠭᠠᠨᠴᠢ ᠤᠨᠤᠴᠠᠳᠠᠢ ᠠᠪᠤᠷᠠᠨ ᠵᠠᠰᠠᠬᠤ ᠠᠵᠢᠯ ᠢ ᠰᠠᠶᠢᠳᠤᠷ ᠬᠢᠵᠦ᠂ ᠡᠮᠨᠡᠯᠭᠡ ᠠᠴᠠ | ᠭᠠᠷᠤᠭᠰᠠᠨ ᠡᠪᠡᠳᠴᠢᠳᠡᠨ ᠢ ᠮᠦᠷᠳᠡᠨ ᠪᠠᠶᠢᠴᠠᠭᠠᠬᠤ ᠪᠠ ᠲᠠᠬᠢᠨ ᠪᠠᠶᠢᠴᠠᠭᠠᠬᠤ ᠠᠵᠢᠯ ᠢ ᠴᠠᠭ ᠲᠤᠬᠠᠢ ᠳᠤᠨᠢ ᠰᠠᠶᠢᠳᠤᠷ ᠬᠢᠬᠦ | ᠭᠡᠷᠡᠭᠲᠡᠢ᠃ ᠨᠡᠶᠢᠭᠡᠮ ᠲᠤᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠠ ᠶᠢ ᠰᠢᠯᠢᠳᠡᠭᠵᠢᠬᠦᠯᠵᠦ᠂ ᠨᠡᠶᠢᠭᠡᠮ | ᠲᠤᠭᠤᠷᠢᠭ ᠤᠨ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠲᠡᠢ᠃ ᠡᠯ᠎ᠠ ᠭᠠᠵᠠᠷ | ᠢᠯᠠᠩᠭᠤᠶ᠎ᠠ ᠬᠤᠪᠸᠢ ᠶᠢᠨ ᠡᠷᠬᠢᠨ ᠲᠤᠭᠤᠷᠢᠨ ᠤ ᠮᠤᠵᠢ ᠶᠢᠨ ᠬᠢᠨ ᠮᠡᠳᠡᠭᠡ ᠵᠠᠩᠬᠢ ᠪᠠᠨ ᠨᠡᠪᠲᠡᠷᠡᠯᠴᠡᠬᠦ ᠬᠠᠮᠳᠤ ᠪᠠᠷ ᠡᠳ᠋ᠯᠡᠬᠦ | ᠪᠠ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠵᠤᠬᠢᠴᠠᠭᠤᠯᠬᠤ ᠪᠠᠨ ᠴᠢᠩᠭᠠᠳᠬᠠᠵᠦ᠂ ᠬᠦᠮᠦᠨ ᠬᠠᠷ᠎ᠠ ᠶᠢ ᠬᠠᠮᠢᠶᠠᠷᠤᠨ | ᠡᠵᠡᠮᠳᠡᠬᠦ᠂ ᠡᠷᠡᠬᠦᠯ ᠮᠡᠨᠳᠦ ᠶᠢᠨ ᠺᠤᠳ᠋ ᠢ ᠬᠠᠷᠢᠯᠴᠠᠨ ᠮᠡᠳᠡᠷᠡᠬᠦ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠨᠢᠭᠡᠳᠦᠯᠳᠠᠢ᠂ | ᠪᠠᠷᠢᠮᠵᠢᠶ᠎ᠠ ᠨᠢᠭᠡᠳᠦᠯᠳᠠᠢ ᠪᠠᠶᠢᠬᠤ ᠶᠢ ᠪᠡᠶᠡᠯᠡᠬᠦᠯᠬᠦ ᠭᠡᠷᠡᠭᠲᠡᠢ᠃ ᠨᠡᠶᠢᠰᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠦᠷᠬᠦᠯᠵᠢᠯᠡᠨ ᠰᠠᠶᠢᠳᠤᠷ ᠠᠳᠬᠤᠬᠤ ᠭᠡᠷᠡᠭᠲᠡᠢ᠃ ᠡᠯ᠎ᠠ ᠭᠠᠵᠠᠷ ᠤᠨ ᠬᠢᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠬᠰᠠᠳ ᠢ ᠤᠨᠤᠴᠠᠳᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠠᠳᠬᠤᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠤᠷ ᠢ ᠨᠡᠩ ᠨᠢᠬᠳᠠ ᠪᠠᠬᠢ ᠪᠤᠯᠭᠠᠨ᠂ ᠬᠢᠵᠢᠭ ᠤᠨ ᠪᠠᠶᠢᠳᠠᠯ ᠢ ᠲᠡᠬᠢᠨ ᠡᠬᠦᠰᠭᠡᠵᠦ ᠮᠡᠳᠡᠬᠦ ᠠᠯᠢᠪᠠ | ᠳᠤᠳᠠᠭᠤᠳᠠᠯ ᠢ ᠨᠦᠬᠦᠪᠦᠷᠢᠯᠡᠬᠦ ᠭᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠡᠭᠡ ᠬᠠᠭᠤᠷᠠᠢ ᠪᠤᠯᠤᠨ ᠲᠠᠯᠠᠢ ᠶᠢᠨ ᠪᠤᠭᠤᠮᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠬᠦ ᠪᠠᠭᠤᠷᠠᠢ ᠭᠤᠬᠴᠤᠭ᠎ᠠ ᠶᠢ | ᠲᠦᠷᠭᠡᠳᠭᠡᠨ ᠨᠦᠬᠦᠪᠤᠷᠢᠯᠡᠬᠦ ᠭᠡᠷᠡᠭᠳᠠᠢ᠃ ᠬᠢᠯᠢ ᠶᠢᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯᠳᠠᠨ ᠪᠤᠯᠤᠨ ᠡᠳ᠋ ᠪᠤᠳᠠᠰ ᠤᠨ ᠪᠠᠳᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠷᠡᠬᠦᠯ ᠬᠠᠮᠠᠭᠠᠯᠠᠯ ᠬᠢᠵᠢᠭ ᠢ | ᠪᠠᠶᠢᠴᠠᠭᠠᠬᠤ᠂ ᠬᠢᠵᠢᠭ ᠢ ᠰᠡᠷᠭᠡᠶᠢᠯᠡᠬᠦ ᠡᠳ᠋ ᠪᠤᠳᠠᠰ᠂ ᠡᠮᠴᠢᠯᠡᠭᠡᠨ ᠤ ᠬᠦᠴᠤᠨ᠂ ᠲᠤᠰᠠᠭᠠᠷᠯᠠᠬᠤ ᠨᠦᠬᠦᠴᠡᠯ ᠵᠡᠷᠭᠡ | ᠲᠠᠯ᠎ᠡ ᠶᠢᠨ ᠬᠦᠴᠢᠷᠳᠡᠯ ᠢ ᠵᠤᠬᠢᠴᠠᠭᠤᠯᠤᠨ ᠰᠠᠶᠢᠳᠤᠷ ᠰᠢᠢᠳᠪᠤᠷᠢᠯᠡᠬᠦ ᠭᠡᠷᠡᠭᠳᠠᠢ᠃ ᠬᠢᠯᠢ ᠪᠠᠷ ᠤᠷᠤᠵᠤ ᠢᠷᠠᠬᠦ ᠪᠦᠬᠦ | ᠬᠦᠮᠦᠰ ᠢ ᠴᠦᠮ 14 ᠡᠳᠦᠷ ᠲᠦᠪᠯᠡᠷᠡᠬᠦᠯᠤᠨ ᠲᠤᠰᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠢᠯᠢ ᠶᠢᠨ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠬᠦᠮᠦᠰ ᠲᠠᠢ ᠬᠤᠯᠪᠤᠭᠳᠠᠭᠰᠠᠨ ᠠᠴᠠ ᠪᠤᠯᠤᠭᠰᠠᠠ ᠲᠤᠬᠠᠢ ᠶᠢᠨ | ᠭᠠᠵᠠᠷ ᠤᠨ ᠡᠪᠡᠳᠴᠢᠨ ᠤ ᠵᠢᠱᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠭᠡᠷᠡᠭᠳᠠᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠤᠯᠠᠨ ᠤᠯᠤᠰ ᠤᠨ ᠬᠠᠮᠳᠤᠷᠠᠯᠴᠠᠭ᠎ᠠ ᠶᠢ ᠬᠦᠨᠵᠡᠭᠡᠢ ᠦᠷᠨᠢᠬᠦᠯᠵᠤ᠂ ᠤᠯᠠᠨ ᠤᠯᠤᠰ ᠤᠨ ᠬᠢᠵᠢᠭ ᠢ | ᠰᠡᠷᠭᠡᠶᠢᠯᠡᠬᠦ ᠬᠠᠮᠳᠤᠷᠠᠯᠴᠠᠭ᠎ᠠ ᠳᠤ ᠢᠳᠡᠪᠬᠢᠳᠠᠢ ᠪᠠᠷ ᠬᠦᠴᠤᠨ ᠨᠡᠮᠡᠷᠢᠯᠡᠬᠦ ᠭᠡᠷᠡᠭᠳᠠᠢ ᠭᠡᠵᠤ ᠱᠠᠭᠠᠷᠳᠠᠪᠠ᠃ | ᠬᠤᠷᠠᠯ ᠠᠴᠠ᠂ ᠤᠳᠤᠬᠠᠨ ᠳᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠲᠤᠯᠭᠠᠷᠠᠵᠤ ᠪᠠᠶᠢᠭ᠎ᠠ | ᠬᠦᠴᠢᠷᠳᠡᠯ ᠨᠡᠮᠡᠭᠳᠡᠪᠡ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠲᠤᠯᠭᠠᠮ ᠰᠡᠳᠬᠢᠯᠭᠡ ᠪᠠᠨ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠭᠠᠵᠠᠷ ᠤᠷᠤᠨ ᠤ ᠪᠠᠶᠢᠳᠠᠯ ᠳᠠᠭᠠᠨ | ᠲᠤᠬᠢᠷᠠᠭᠤᠯᠵᠤ᠂ ᠴᠠᠭ ᠤᠨ ᠪᠠᠶᠢᠳᠠᠯ ᠳᠠᠭᠠᠨ ᠲᠤᠬᠢᠷᠠᠭᠤᠯᠵᠤ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠠᠷᠭ᠎ᠠ ᠪᠦᠬᠦᠨ ᠢ | ᠰᠦᠪᠡᠭᠴᠢᠯᠡᠵᠤ ᠪᠠᠶᠢᠭᠠᠳ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠳᠤ ᠠᠰᠢᠬᠳᠠᠢ ᠨᠦᠬᠦᠴᠡᠯ | ᠡᠬᠦᠳᠴᠤ᠂ ᠴᠠᠭ ᠲᠤᠬᠢᠶᠠᠯ ᠢ ᠠᠮᠵᠢᠨ ᠠᠵᠤ ᠦᠢᠯᠡᠰ ᠤᠨ ᠡᠷᠬᠢᠯᠳᠠ᠂ ᠵᠠᠬ᠎ᠠ ᠲᠡᠯᠭᠡᠬᠦᠷ ᠤᠨ ᠡᠷᠬᠢᠯᠳᠠ᠂ ᠠᠵᠤ | ᠠᠬᠤᠢ ᠶᠢᠨ ᠡᠷᠬᠢᠯᠳᠠ ᠶᠢ ᠰᠢᠯᠤᠭᠤᠳᠬᠠᠬᠤ ᠭᠡᠷᠡᠭᠳᠠᠢ᠃ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ | ᠲᠤᠬᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠠᠵᠢᠯ | ᠲᠦᠷᠦᠯ ᠪᠤᠯᠤᠨ ᠲᠤᠮᠳᠠ ᠪᠠᠭ᠎ᠠ ᠵᠢᠵᠢᠭ ᠠᠵᠤ ᠠᠬᠤᠢᠢᠯᠠᠯ ᠢ ᠲᠡᠮᠵᠢᠬᠦ ᠡᠷᠴᠢᠮ ᠢᠶᠠᠨ ᠴᠢᠩᠭᠠᠳᠬᠠᠵᠤ᠂ ᠤᠯᠤᠰ ᠤᠨ | ᠲᠤᠳᠤᠭᠠᠳᠤ ᠶᠢᠨ ᠭᠡᠷᠡᠭᠴᠡᠭᠡ ᠶᠢ ᠬᠦᠴᠤᠯᠠᠨ ᠦᠷᠭᠡᠳᠭᠡᠵᠤ᠂ ᠡᠯ᠎ᠡ ᠲᠦᠷᠦᠯ ᠤᠨ ᠬᠤᠳᠠᠯᠳᠤᠭᠠᠨ ᠤ ᠲᠠᠯᠠᠪᠠᠢ᠂ ᠵᠠᠬ᠎ᠠ | ᠲᠡᠯᠭᠡᠬᠦᠷ ᠤᠨ ᠠᠵᠢᠯ ᠢᠶᠠᠨ ᠰᠡᠷᠭᠦᠭᠡᠵᠤ ᠵᠠᠬ᠎ᠠ ᠲᠡᠯᠭᠡᠬᠦᠷ ᠢᠶᠠᠨ ᠰᠡᠷᠬᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠡᠪ ᠤᠨ ᠡᠵᠡᠩᠨᠡᠯᠳᠠ ᠶᠢ ᠠᠬᠢᠭᠤᠯᠵᠤ᠂ ᠰᠠᠭᠤᠭᠠᠯᠢ ᠠᠷᠠᠳ ᠤᠨ | ᠭᠡᠷᠡᠭᠯᠡᠭᠡ ᠶᠢ ᠢᠳᠡᠪᠬᠢᠳᠠᠢ ᠦᠷᠭᠡᠳᠭᠡᠵᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ | ᠲᠦᠷᠭᠡᠳᠭᠡᠨ ᠠᠬᠢᠭᠤᠯᠵᠤ᠂ ᠬᠠᠨᠭ᠍ᠭᠠᠯᠭ᠎ᠠ ᠭᠡᠷᠡᠭᠴᠡᠭᠡ ᠶᠢᠨ ᠰᠠᠶᠢᠨ ᠬᠤᠷᠰᠢᠯᠴᠠᠭ᠎ᠠ ᠶᠢ ᠪᠦᠷᠢᠯᠳᠦᠬᠦᠯᠬᠦ ᠭᠡᠷᠡᠭᠳᠠᠢ ᠭᠡᠵᠤ | ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠭᠡᠷᠡᠭᠳᠠᠢ᠃ ᠮᠠᠨ ᠤ | ᠤᠯᠤᠰ ᠤᠨ ᠬᠦᠳᠡᠭᠡ ᠠᠵᠤ ᠠᠬᠤᠢ ᠵᠢᠯ ᠳᠠᠷᠠᠭᠠᠯᠠᠨ ᠡᠯᠪᠡᠭ ᠬᠤᠷᠢᠶᠠᠯᠳᠠ ᠤᠯᠵᠤ᠂ ᠠᠮᠤ ᠪᠤᠳᠠᠭᠠᠨ ᠤ ᠨᠦᠬᠡᠴᠠ ᠡᠯᠪᠡᠭ | ᠪᠠᠶᠢᠭ᠎ᠠ ᠪᠤᠯᠬᠤᠷ᠂ ᠠᠮᠤ ᠪᠤᠳᠠᠭ᠎ᠠ ᠪᠤᠯᠤᠨ ᠴᠢᠬᠤᠯᠠ ᠬᠦᠳᠡᠭᠡ ᠠᠵᠤ ᠠᠬᠤᠢ ᠶᠢᠨ ᠤᠢᠢᠯᠡᠳᠬᠦᠨ ᠤ ᠬᠠᠩᠭᠠᠯᠭ᠎ᠠ ᠶᠢ | ᠪᠦᠷᠢᠮᠤᠰᠤᠨ ᠪᠠᠳᠤᠯᠠᠬᠤ ᠴᠢᠳᠠᠪᠤᠷᠢᠳᠠᠢ ᠶᠤᠮ᠃ ᠬᠠᠪᠤᠷ ᠤᠨ ᠤᠯᠠᠷᠢᠯ ᠤᠨ ᠬᠦᠳᠡᠭᠡ ᠠᠵᠤ ᠠᠬᠤᠢ ᠶᠢᠨ ᠤᠢᠢᠯᠡᠳᠪᠤᠷᠢᠯᠡᠯ ᠢ | ᠰᠠᠶᠢᠳᠤᠷ ᠠᠳᠬᠤᠵᠤ᠂ ᠠᠮᠤ ᠪᠤᠳᠠᠭᠠᠨ ᠤ ᠵᠠᠬ᠎ᠠ ᠲᠡᠯᠬᠡᠬᠦᠷ ᠤᠨ ᠦᠨ᠎ᠠ ᠬᠠᠩᠰᠢ ᠶᠢ ᠬᠢᠨᠠᠨ ᠭᠡᠮᠵᠢᠬᠦ ᠪᠠ ᠬᠢᠨᠠᠨ | ᠬᠠᠮᠢᠶᠠᠷᠬᠤ ᠶᠢ ᠴᠢᠩᠭᠠᠳᠬᠠᠵᠤ᠂ ᠭᠠᠭ᠋ᠠᠢ ᠶᠢᠨ ᠮᠢᠬ᠎ᠠ᠂ ᠵᠢᠮᠢᠰ ᠢᠳᠡᠰᠢᠨ ᠨᠤᠭᠤᠭ᠎ᠠ ᠵᠡᠷᠬᠡ ᠬᠤᠯᠢᠰᠢᠨ ᠢᠳᠡᠬᠡᠨ ᠤ | ᠤᠢᠢᠯᠡᠳᠪᠤᠷᠢᠯᠡᠯ ᠬᠦᠢᠯᠬᠡᠬᠡᠨ ᠢ ᠵᠤᠬᠢᠶᠠᠨ ᠪᠠᠶᠢᠭᠤᠯᠬᠤ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠵᠠᠬ᠎ᠠ ᠲᠡᠯᠬᠡᠬᠦᠷ ᠤᠨ | ᠬᠠᠩᠭᠠᠯᠭ᠎ᠠ ᠪᠤᠯᠤᠨ ᠦᠨ᠎ᠠ ᠬᠠᠩᠰᠢ ᠶᠢᠨ ᠦᠨᠳᠤᠰᠤᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠬᠤ ᠭᠡᠷᠡᠭᠳᠠᠢ᠃ | ᠬᠦᠴᠢᠷᠳᠠᠯᠳᠠᠢ ᠤᠯᠠᠨ ᠲᠦᠮᠡᠨ ᠤ ᠦᠨᠳᠤᠰᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠤ᠂ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ᠂ ᠠᠰᠠᠷᠠᠮᠵᠢ ᠶᠢᠨ ᠮᠦᠩᠬᠦ ᠵᠡᠷᠬᠡ ᠪᠠᠳᠤᠯᠠᠪᠤᠷᠢ ᠶᠢᠨ ᠪᠠᠷᠢᠮᠵᠢᠶ᠎ᠠ ᠶᠢ | ᠵᠤᠬᠢᠬᠤ ᠬᠡᠮᠵᠢᠶ᠎ᠠ ᠪᠠᠷ ᠲᠡᠭᠡᠭᠰᠢᠯᠡᠬᠦᠯᠵᠤ᠂ ᠬᠢᠵᠢᠭ ᠤᠨ ᠪᠠᠶᠢᠳᠠᠯ ᠪᠤᠯᠤᠨ ᠡᠪᠡᠳᠴᠢᠨ ᠠᠴᠠ ᠪᠤᠯᠵᠤ ᠬᠦᠴᠢᠷᠳᠠᠯ ᠳᠤ | ᠲᠤᠯᠭᠠᠷᠬᠠᠰᠠᠨ ᠬᠦᠮᠤᠰ ᠢ ᠠᠪᠤᠷᠠᠨ ᠲᠤᠰᠠᠯᠠᠬᠤ ᠬᠦᠷᠢᠶᠠᠨ ᠳᠤ ᠤᠷᠤᠭᠤᠯᠵᠤ᠂ ᠬᠢᠵᠢᠭ ᠤᠨ ᠪᠠᠶᠢᠳᠠᠯ ᠤᠨ ᠨᠦᠯᠤᠬᠡ ᠬᠦᠨᠳᠤ | ᠨᠤᠴᠢᠳᠠᠢ ᠭᠠᠵᠠᠷ ᠤᠷᠤᠨ ᠳᠤ ᠲᠦᠷ ᠴᠠᠬ ᠤᠨ ᠠᠮᠢᠳᠤᠷᠠᠯ ᠤᠨ ᠨᠦᠬᠦᠪᠤᠷᠢ ᠦᠭᠴᠤ᠂ ᠬᠤᠯᠪᠤᠬᠳᠠᠯ ᠪᠦᠬᠦᠢ ᠦᠨ᠎ᠠ | ᠬᠠᠩᠰᠢ ᠶᠢᠨ ᠨᠦᠬᠦᠪᠤᠷᠢ ᠶᠢᠨ ᠬᠤᠯᠪᠤᠭᠠᠳᠦ ᠲᠤᠭᠳᠠᠴᠠ ᠶᠢ ᠴᠠᠬ ᠲᠤᠬᠠᠢ ᠳᠤᠨᠢ ᠡᠬᠢᠯᠡᠬᠦᠯᠬᠦ ᠭᠡᠷᠡᠭᠳᠠᠢ᠃ ᠠᠵᠢᠯ | ᠠᠯᠳᠠᠯᠳᠠ ᠶᠢᠨ ᠲᠠᠭᠠᠳᠬᠠᠯ ᠤᠨ ᠪᠦᠷᠬᠦᠬᠦ ᠬᠡᠪᠴᠢᠶ᠎ᠠ ᠶᠢ ᠦᠷᠬᠡᠳᠬᠡᠵᠤ᠂ ᠠᠵᠢᠯ ᠠᠯᠳᠠᠬᠰᠠᠳ ᠤᠨ ᠦᠨᠳᠤᠰᠤᠨ | ᠠᠮᠢᠳᠤᠷᠠᠯ ᠢ ᠰᠠᠶᠢᠳᠤᠷ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃ | ᠬᠤᠷᠠᠯ ᠠᠴᠠ᠂ ᠠᠮᠤᠷ ᠲᠦᠪᠰᠢᠨ ᠤ ᠠᠶᠤᠯ ᠲᠦᠭᠰᠢᠬᠦᠷᠢ ᠶᠢ ᠰᠡᠷᠬᠡᠶᠢᠯᠡᠬᠦ ᠡᠯ᠎ᠠ ᠵᠦᠢᠯ ᠤᠨ ᠠᠵᠢᠯ ᠢ ᠰᠠᠶᠢᠳᠤᠷ | ᠠᠳᠬᠤᠬᠤ ᠭᠡᠷᠡᠭᠳᠠᠢ᠃ ᠠᠮᠢ ᠨᠠᠰᠤ ᠶᠠᠭᠤᠨ ᠠᠴᠠ ᠴᠤ ᠡᠷᠬᠢᠮ᠂ ᠠᠮᠤᠷ ᠲᠦᠪᠰᠢᠨ ᠢ ᠡᠩ ᠲᠡᠷᠢᠬᠦᠨ ᠳᠤ ᠲᠠᠯᠪᠢᠬᠤ | ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠠᠶᠤᠯᠬᠦᠢ ᠤᠢᠢᠯᠡᠳᠪᠤᠷᠢᠯᠡᠯ ᠤᠨ ᠭᠤᠤᠯ | ᠴᠤᠬᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠠᠶᠤᠯᠬᠦᠢ ᠤᠢᠢᠯᠡᠳᠪᠤᠷᠢᠯᠡᠯ ᠪᠤᠯᠤᠨ ᠤᠢ ᠰᠢᠭᠤᠢ ᠨᠤᠳᠤᠭ | ᠪᠡᠯᠴᠢᠭᠡᠷ ᠤᠨ ᠲᠦᠢᠮᠠᠷ ᠢ ᠰᠡᠷᠬᠡᠶᠢᠯᠡᠬᠦ᠂ ᠦᠶᠡᠷ ᠢ ᠰᠡᠷᠬᠡᠶᠢᠯᠡᠵᠤ ᠭᠠᠩ ᠬᠠᠭᠰᠠᠷᠠᠭᠠᠨ ᠲᠠᠢ ᠲᠡᠮᠡᠴᠡᠬᠦ ᠵᠡᠷᠬᠡ ᠭᠠᠮᠰᠢᠬ ᠢ | ᠰᠡᠷᠬᠡᠶᠢᠯᠡᠨ ᠭᠠᠮᠰᠢᠬ ᠢ ᠪᠠᠭᠠᠰᠬᠠᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠭᠡᠷᠡᠭᠳᠠᠢ᠃ ᠡᠯ᠎ᠠ ᠵᠦᠢᠯ ᠤᠨ ᠠᠶᠤᠯ | ᠲᠦᠭᠰᠢᠬᠦᠷᠢ ᠶᠢᠨ ᠬᠡᠮ ᠰᠤᠭᠤᠬ ᠢ ᠬᠦᠨᠵᠡᠬᠡᠢ ᠵᠢᠬᠰᠠᠭᠠᠨ ᠪᠠᠶᠢᠴᠠᠭᠠᠵᠤ᠂ ᠡᠯ᠎ᠠ ᠵᠦᠢᠯ ᠤᠨ ᠪᠠᠴᠢᠮ ᠪᠠᠶᠢᠳᠠᠯ ᠢ | ᠠᠷᠭᠠᠴᠠᠭᠠᠬᠤ ᠲᠦᠰᠤᠯ ᠢ ᠲᠡᠬᠦᠯᠳᠡᠷᠵᠢᠬᠦᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠵᠤ᠂ | ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠤᠩᠬᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠠᠢ ᠬᠡᠵᠤ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |