ᠦᠰᠦᠭ ᠪᠢᠴᠢᠭ ᠢᠶᠠᠷ ᠦᠭᠦᠯᠡᠬᠦᠢ᠄ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠨ ᠰᠠᠨᠠᠯ ᠤᠨ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ᠢ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/30
  ᠠᠭᠤᠷᠬᠠᠶ ᠶᠢᠨ ᠡᠬᠢ ᠪᠠᠶᠠᠯᠢᠭ ᠤᠨ ᠡᠷᠬᠡ ᠶᠢ ᠰᠢᠯᠵᠢᠭᠦᠯᠦᠨ ᠥᠭᠬᠦ ᠲᠦᠷᠢᠮ ᠤᠨ ᠥᠭᠡᠷᠡᠴᠢᠯᠡᠯᠲᠡ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠨᠧᠷᠭᠢ ᠠᠭᠤᠷᠬᠠᠶ ᠶᠢᠨ ᠡᠬᠢ ᠪᠠᠶᠠᠯᠢᠭ ᠤᠨ ᠤᠯᠤᠰ ᠤᠨ ᠳᠣᠲᠣᠭᠠᠳᠤ ᠶᠢᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠡᠮᠡᠵᠦ ᠬᠠᠳᠠᠭᠠᠯᠠᠵᠤ ᠭᠠᠷᠤᠯᠲᠠ ᠪᠠᠨ ᠨᠡᠮᠡᠭᠳᠡᠭᠦᠯᠬᠦ ᠵᠡᠷᠭᠡ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠳ ᠤᠨ ᠲᠤᠬᠠᠶ ᠰᠠᠨᠠᠯ︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2023﹈ 6 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 6 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠮᠠᠨ ᠤ ᠲᠢᠩᠬᠢᠮ ᠠᠴᠠ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠨ ᠲᠤᠬᠠᠶ ᠰᠠᠨᠠᠯ ᠤᠳ︾ ᠢ ᠤᠯᠠᠮᠵᠢᠯᠠᠨ ᠲᠠᠷᠬᠠᠭᠠᠵᠤ᠂ ᠨᠠᠷᠢᠯᠢᠭᠵᠢᠭᠤᠯᠬᠤ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠨᠡᠶᠢᠲᠡ 4 ᠬᠡᠰᠡᠭ ᠬᠤᠪᠢᠶᠠᠪᠠ᠃  ᠨᠢᠭᠡᠳᠦᠭᠡᠷ ᠬᠡᠰᠡᠭ᠄ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠳᠠᠩᠰᠠᠯᠠᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ  ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ ᠳᠠᠩᠰᠠᠯᠠᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠢᠩᠬᠢᠮ ᠤᠨ ᠬᠠᠷᠢᠭᠤᠴᠠᠨ ᠳᠠᠩᠰᠠᠯᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠠᠭᠤᠷᠬᠠᠶ ᠶᠢᠨ ᠡᠬᠢ ᠪᠠᠶᠠᠯᠢᠭ ᠤᠨ ᠡᠷᠬᠡ ᠶᠢ 11 ᠵᠦᠢᠯ ᠪᠠᠶᠢᠭᠰᠠᠨ ᠠᠴᠠ 23 ᠵᠦᠢᠯ ᠪᠣᠯᠭᠠᠨ ᠨᠡᠮᠡᠭᠳᠡᠭᠦᠯᠵᠦ᠂ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠲᠥᠷᠥᠯ ᠤᠨ ᠠᠭᠤᠷᠬᠠᠶ ᠶᠢᠨ ᠭᠠᠷᠤᠯᠲᠠ ᠶᠢᠨ ᠠᠭᠤᠷᠬᠠᠶ ᠶᠢᠨ ᠡᠬᠢ ᠪᠠᠶᠠᠯᠢᠭ ᠤᠨ ᠡᠷᠬᠡ ᠶᠢ ᠬᠤᠰᠢᠭᠤ ᠰᠢᠶᠠᠨ ᠳᠤ ᠪᠠᠭᠤᠯᠭᠠᠬᠤ ᠡᠰᠡᠬᠦ ᠶᠢ ᠠᠶᠢᠮᠠᠭ ᠬᠤᠲᠠ ᠠᠴᠠ ᠲᠣᠭᠲᠠᠭᠠᠵᠤ ᠪᠣᠯᠤᠨ᠎ᠠ᠃  ᠬᠤᠶᠠᠳᠤᠭᠠᠷ ᠬᠡᠰᠡᠭ᠄ ᠬᠡᠯᠡᠯᠴᠡᠭᠡᠷ ᠤᠨ ᠬᠢᠮᠳᠠ ᠦᠨ᠎ᠡ ᠪᠠᠷ ᠬᠤᠳᠠᠯᠳᠤᠬᠤ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ  ᠠᠭᠤᠷᠬᠠᠢ ᠶᠢᠨ ᠦᠢᠯᠡᠰ ᠤᠨ ᠡᠷᠬᠡ ᠶᠢ ᠴᠥᠮ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠫᠠᠶᠢᠰᠠ ᠡᠯᠭᠦᠬᠦ ᠵᠡᠷᠭᠡ ᠠᠷᠭ᠎ᠠ ᠬᠡᠯᠪᠡᠷᠢ ᠪᠠᠷ ᠥᠷᠢᠰᠥᠯᠳᠦᠭᠡᠨ ᠤ ᠴᠢᠨᠠᠷᠲᠠᠶ ᠪᠠᠷ ᠬᠢᠮᠳᠠ ᠪᠠᠷ ᠬᠤᠳᠠᠯᠳᠤᠬᠤ ᠶᠢ ᠴᠢᠬᠤᠯᠠᠴᠢᠯᠠᠭᠰᠠᠨ ᠪᠥᠭᠡᠳ ᠥᠷᠢᠰᠥᠯᠳᠦᠭᠡᠨ ᠤ ᠴᠢᠨᠠᠷᠲᠠᠶ ᠪᠠᠷ ᠬᠢᠮᠳᠠ ᠪᠠᠷ ᠬᠤᠳᠠᠯᠳᠤᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠤᠷᠠᠳᠴᠠᠶ᠃ ᠡᠭᠦᠨ ᠤ ᠬᠠᠮᠲᠤ ᠬᠡᠯᠡᠯᠴᠡᠭᠡᠷ ᠢ ᠰᠢᠯᠵᠢᠭᠦᠯᠦᠨ ᠥᠭᠬᠦ ᠪᠠᠶᠢᠳᠠᠯ ᠵᠢᠴᠢ ᠠᠶᠢᠮᠠᠭ ᠬᠤᠲᠠ ᠶᠢᠨ ᠵᠥᠪᠳᠡᠯᠴᠡᠨ ᠰᠢᠯᠵᠢᠭᠦᠯᠦᠨ ᠥᠭᠬᠦ ᠶᠢ ᠭᠦᠢᠴᠡᠳᠬᠡᠬᠦ ᠦᠶ᠎ᠡ ᠶᠢᠨ ᠬᠠᠮᠢᠶ᠎ᠠ ᠪᠥᠬᠦᠶ ᠲᠠᠰ ᠳᠠᠷᠠᠭᠠᠯᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃  ᠨᠢᠭᠡᠨᠲᠡ ᠪᠠᠶᠢᠭᠤᠯᠤᠭᠰᠠᠨ ᠠᠭᠤᠷᠬᠠᠶ ᠮᠠᠯᠲᠠᠬᠤ ᠡᠷᠬᠡ ᠶᠢᠨ ᠬᠠᠪᠲᠠᠭᠠᠶ ᠡᠭᠴᠡ ᠪᠤᠰᠤᠭ᠎ᠠ ᠭᠦᠨ ᠤ ᠬᠡᠰᠡᠭ ᠪᠤᠶᠤ ᠳᠡᠭᠡᠳᠦ ᠬᠡᠰᠡᠭ᠂ ᠡᠷᠭᠢᠨ ᠲᠣᠭᠤᠷᠢᠨ ︵ᠠᠳᠠᠯᠢ ᠨᠢᠭᠡᠨ ᠬᠦᠳᠡᠷ ᠤᠨ ᠪᠡᠶᠡᠲᠦ ᠶᠢ ᠭᠠᠳᠠᠭᠰᠢ ᠤᠷᠲᠤᠳᠬᠠᠭᠰᠠᠨ ᠪᠠᠶᠢᠳᠠᠯ︶᠂ ᠬᠡᠰᠡᠭ ᠪᠤᠰᠠᠭ ᠡᠬᠢ ᠪᠠᠶᠠᠯᠢᠭ᠂ ᠵᠢᠴᠢ ᠠᠳᠠᠯᠢ ᠨᠢᠭᠡᠨ ᠭᠤᠤᠯ ᠴᠣᠭᠴᠠ ︵ᠠᠳᠠᠯᠢ ᠨᠢᠭᠡᠨ ᠠᠭᠤᠷᠬᠠᠶ ᠶᠢᠨ ᠡᠷᠬᠡᠲᠦ ᠬᠥᠮᠦᠨ ᠪᠤᠶᠤ ᠬᠤᠪᠢᠴᠠᠭ᠎ᠠ ᠡᠵᠡᠮᠰᠢᠵᠤ ᠪᠠᠶᠢᠭ᠎ᠠ 100% ᠶᠢᠨ ᠪᠦᠬᠦ ᠡᠬᠡ ᠬᠦᠦ ᠺᠣᠮᠫᠠᠨᠢ ᠳᠤ ᠬᠠᠷᠢᠶᠠᠯᠠᠭᠳᠠᠬᠤ︶ ᠬᠥᠷᠰᠢ ᠵᠡᠷᠭᠡᠯᠡᠳᠡᠭᠡ ᠠᠭᠤᠷᠬᠠᠶ ᠶᠢᠨ ᠦᠢᠯᠡᠰ ᠤᠨ ᠡᠷᠬᠡ ᠶᠢᠨ ᠬᠤᠭᠤᠷᠣᠨᠳᠣ 300 ᠮᠧᠲᠷ ᠣᠷᠴᠢᠮ ᠤᠨ ᠵᠠᠶ ᠲᠠᠢ ᠵᠠᠪᠰᠠᠷ ᠤᠨ ᠣᠷᠣᠨ ᠳᠤ ᠬᠠᠷᠢᠶᠠᠯᠠᠭᠳᠠᠬᠤ ᠨᠢ᠂ ᠲᠤᠰᠠᠭᠠᠷ ᠠᠭᠤᠷᠬᠠᠶ ᠶᠢᠨ ᠡᠷᠬᠡ ᠲᠣᠭᠲᠠᠭᠠᠬᠤ ᠳᠤ ᠲᠣᠬᠢᠷᠠᠬᠤ ᠦᠭᠡᠶ ᠪᠣᠯ᠂ ᠰᠢᠭᠤᠳ ᠬᠡᠯᠡᠯᠴᠡᠭᠡᠷ ᠤᠨ ᠠᠷᠭ᠎ᠠ ᠬᠡᠯᠪᠡᠷᠢ ᠪᠠᠷ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠵᠦ᠂ ᠪᠠᠭ᠎ᠠ ᠪᠠᠷ ᠶᠡᠭᠡ ᠶᠢ ᠥᠷᠭᠡᠳᠭᠡᠬᠦ ᠶᠢ ᠴᠢᠩᠭ᠎ᠠ ᠬᠤᠷᠢᠭᠯᠠᠨ᠎ᠠ᠃  ᠭᠤᠷᠪᠠᠳᠤᠭᠠᠷ ᠬᠡᠰᠡᠭ᠄ ᠠᠭᠤᠷᠬᠠᠶ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠬᠠᠶᠢᠷ ᠴᠢᠯᠠᠭᠤᠨ ᠤ ᠲᠥᠷᠥᠯ ᠤᠨ ᠠᠭᠤᠷᠬᠠᠶ ᠶᠢᠨ ᠭᠠᠷᠤᠯᠲᠠ ᠶᠢᠨ ︽ᠴᠡᠪᠡᠷ ᠠᠭᠤᠷᠬᠠᠶ︾ ᠶᠢ ᠬᠢᠮᠳᠠ ᠪᠠᠷ ᠬᠤᠳᠠᠯᠳᠤᠬᠤ ᠶᠢ ᠬᠡᠷᠡᠭᠵᠢᠭᠦᠯᠦᠨ᠎ᠡ  ᠠᠭᠤᠷᠬᠠᠶ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠲᠥᠷᠥᠯ ᠵᠦᠢᠯ ᠤᠨ ᠬᠥᠮᠥᠷᠭᠡ ᠶᠢᠨ ᠳᠦᠷᠢᠮ ᠢ ᠪᠠᠶᠢᠭᠤᠯᠤᠨ ᠴᠢᠬᠤᠯᠠᠴᠢᠯᠠᠭᠰᠠᠨ ᠪᠥᠭᠡᠳ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯᠤᠨ ᠪᠦᠲᠦᠭᠡᠨ ᠪᠠᠶᠢᠭᠤᠯᠬᠤ ᠪᠠᠷᠢᠮᠵᠢᠶ᠎ᠠ ᠶᠢᠨ ᠲᠤᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠭᠦᠨ ᠤ ᠬᠠᠮᠲᠤ ᠵᠠᠷᠴᠢᠮ ᠳᠡᠭᠡᠷ᠎ᠡ ᠪᠠᠨ 2024 ᠣᠨ ᠠᠴᠠ ᠡᠬᠢᠯᠡᠨ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠲᠥᠷᠥᠯ ᠤᠨ ᠠᠭᠤᠷᠬᠠᠶ ᠶᠢᠨ ᠭᠠᠷᠤᠯᠲᠠ ᠶᠢᠨ ︽ᠴᠡᠪᠡᠷ ᠠᠭᠤᠷᠬᠠᠶ︾ ᠶᠢ ᠰᠢᠯᠵᠢᠭᠦᠯᠦᠨ ᠬᠤᠳᠠᠯᠳᠤᠬᠤ ᠶᠢ ᠲᠣᠳᠣᠷᠬᠠᠶ ᠲᠣᠭᠲᠠᠭᠠᠪᠠ᠃  ᠳᠥᠷᠪᠡᠳᠦᠭᠡᠷ ᠬᠡᠰᠡᠭ᠄ ᠡᠳ᠋ ᠤᠨ ᠵᠠᠰᠠᠭ ᠠᠴᠠ ᠪᠡᠯᠡ ᠮᠥᠩᠭᠦ ᠭᠠᠷᠭᠠᠵᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ ᠵᠢᠷᠤᠮᠵᠢᠭᠤᠯᠤᠨ᠎ᠠ  ᠡᠳ᠋ ᠤᠨ ᠵᠠᠰᠠᠭ ᠠᠴᠠ ᠪᠥᠬᠦ ᠲᠤᠭ᠎ᠠ ᠪᠠᠷ ᠪᠠᠯᠠ ᠭᠠᠷᠭᠠᠭᠰᠠᠨ ᠬᠠᠶᠢᠨ ᠪᠠᠶᠢᠴᠠᠭᠠᠬᠤ ᠲᠥᠷᠥᠯ ᠵᠦᠶ᠋ᠯ ᠨᠢ ᠠᠭᠤᠷᠬᠠᠶ ᠬᠠᠶᠢᠬᠤ ᠡᠷᠬᠡ ᠶᠢᠨ ᠳᠡᠩᠰᠡᠯᠡᠯᠲᠡ ᠬᠢᠬᠦ ᠥᠬᠡᠶ ᠪᠠᠶᠢᠬᠤ ᠶᠢ ᠲᠣᠳᠣᠷᠬᠠᠶᠢᠯᠠᠵᠤ᠂ ᠡᠳ᠋ ᠤᠨ ᠵᠠᠰᠠᠭ ᠠᠴᠠ ᠪᠠᠯᠠ ᠭᠠᠷᠭᠠᠵᠤ ᠰᠢᠲᠠᠮᠠᠬᠠᠶ ᠬᠡᠶ ᠶᠢᠨ ᠬᠠᠶᠢᠨ ᠪᠠᠶᠢᠴᠠᠭᠠᠬᠤ ᠲᠥᠷᠥᠯ ᠵᠦᠢᠯ ᠨᠢ ᠬᠡᠷᠪᠡ ᠰᠢᠲᠠᠮᠠᠬᠠᠶ ᠬᠡᠶ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠣᠯᠵᠤ ᠮᠡᠳᠡᠪᠡᠯ᠂ ᠲᠤᠷᠰᠢᠨ ᠮᠠᠯᠲᠠᠵᠤ ᠭᠠᠷᠭᠠᠭᠰᠠᠨ ᠦᠷ᠎ᠡ ᠪᠦᠲᠦᠭᠡᠯ ᠢ ᠡᠭᠦᠷᠭᠡᠯᠡᠵᠦ ᠪᠠᠶᠢᠭ᠎ᠠ ᠲᠥᠷᠥᠯ ᠵᠦᠢᠯ ᠢ ᠬᠠᠶᠢᠨ ᠪᠠᠶᠢᠴᠠᠭᠠᠬᠤ ᠨᠢᠭᠡᠴᠢ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠵᠣᠬᠢᠴᠠᠭᠤᠯᠤᠨ ᠨᠢᠭᠡᠳᠦᠯᠲᠡᠶ ᠬᠠᠮᠢᠶᠠᠷᠴᠤ᠂ ᠲᠤᠷᠰᠢᠨ ᠮᠠᠯᠲᠠᠵᠤ ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠪᠠᠷ ᠲᠣᠭᠲᠠᠭᠠᠭᠰᠠᠨ ᠪᠠᠶᠢᠪᠠᠯ᠂ ᠵᠠᠬ᠎ᠠ ᠳᠡᠯᠭᠡᠭᠦᠷᠴᠢᠯᠡᠨ ᠳᠠᠭᠠᠭᠠᠴᠢᠯᠠᠯᠲᠠ ᠵᠠᠷᠯᠠᠵᠤ ᠦᠨ᠎ᠡ ᠬᠠᠶᠠᠵᠦ ᠡᠯᠬᠦᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号