ᠦᠰᠦᠭ ᠪᠢᠴᠢᠭ ᠢᠶᠠᠷ ᠦᠭᠦᠯᠡᠬᠦᠢ᠄ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠵᠤ ᠬᠠᠮᠢᠶᠠᠷᠬᠤ ᠵᠡᠷᠭᠡ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠳᠤᠷᠤᠭᠰᠢ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/1
  ᠣᠯᠠᠨ ᠵᠢᠯ ᠤᠨ ᠲᠤᠷᠰᠢ᠂ ᠮᠠᠨ ᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠢᠷᠤᠮᠵᠢᠭᠤᠯᠤᠨ ᠨᠡᠭᠡᠭᠡᠬᠦ ᠶᠢ ᠬᠦᠴᠦᠲᠡᠶ ᠠᠬᠢᠭᠤᠯᠤᠭᠰᠠᠨ ᠪᠣᠯᠪᠠᠴᠤ ᠪᠠᠰᠠ ᠵᠠᠳᠠᠭᠠᠶ ᠨᠡᠭᠡᠭᠡᠨ ᠮᠠᠯᠲᠠᠬᠤ ᠠᠬᠤᠶ ᠪᠠᠶᠢᠳᠠᠯ ᠢ ᠲᠣᠬᠢᠷᠠᠭᠤᠯᠤᠭᠰᠠᠨ ᠨᠢ ᠵᠦᠢ ᠵᠣᠬᠢᠰ ᠦᠭᠡᠶ᠂ ᠠᠭᠤᠷᠬᠠᠶ ᠶᠢᠨ ᠡᠷᠬᠡ ᠶᠢᠨ ᠬᠡᠪᠴᠢᠶ᠎ᠡ ᠪᠠ ᠨᠡᠭᠡᠭᠡᠨ ᠮᠠᠯᠲᠠᠬᠤ ᠠᠷᠭ᠎ᠠ ᠬᠡᠯᠪᠡᠷᠢ ᠨᠢ ᠵᠣᠬᠢᠴᠠᠯᠳᠤᠬᠤ ᠦᠭᠡᠶ᠂ ᠦᠢᠯᠡᠴᠢᠯᠡᠭᠡᠨ ᠤ ᠵᠢᠯ ᠬᠤᠭᠤᠴᠠᠭ᠎ᠠ ᠪᠠ ᠡᠬᠢ ᠪᠠᠶᠠᠯᠢᠭ ᠤᠨ ᠠᠰᠢᠭᠯᠠᠯᠲᠠ ᠨᠢ ᠵᠦᠢ ᠵᠣᠬᠢᠰ ᠦᠭᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠠᠯᠠᠱᠠ ᠶᠢᠨ ︽2 · 22︾ ᠤ ᠣᠨᠴᠠ ᠬᠦᠨᠳᠦ ᠶᠡᠭᠡ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠬᠤ ᠶᠢᠨ ᠲᠥᠯᠥᠭᠡ᠂ ᠮᠠᠨ ᠤ ᠣᠷᠣᠨ ᠤ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠭᠤᠷᠬᠠᠶ ᠶᠢᠨ ᠦᠢᠯᠡᠰ ᠤᠨ ᠡᠷᠬᠡ ᠶᠢᠨ ᠭᠠᠵᠠᠷ ᠠᠴᠠ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠵᠤ ᠬᠠᠮᠢᠶᠠᠷᠬᠤ ᠵᠡᠷᠭᠡ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠤᠭᠤᠷᠪᠢᠪᠠ᠃  ᠨᠢᠭᠡᠳᠦᠭᠡᠷ ᠬᠡᠰᠡᠭ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃  ᠨᠡᠭᠡᠭᠡᠨ ᠠᠰᠢᠭᠯᠠᠬᠤ ᠲᠥᠰᠦᠯ ᠤᠨ ᠦᠢᠯᠡᠳᠦᠯ ᠢ ᠲᠣᠳᠣᠷᠬᠠᠶᠢᠯᠠᠵᠤ᠂ ᠣᠶᠢᠷ᠎ᠠ ᠶᠢᠨ ᠵᠢᠯ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠤᠨ ᠬᠠᠮᠲᠤ ᠨᠡᠭᠡᠭᠡᠨ ᠠᠰᠢᠭᠯᠠᠬᠤ ᠲᠥᠰᠦᠯ ᠤᠨ ᠵᠠᠷᠤᠳᠠᠯ ᠤᠨ ᠲᠥᠰᠦᠪ ᠤᠨ ᠪᠠᠲᠤᠯᠠᠭ᠎ᠠ ᠶᠢᠨ ᠱᠠᠭᠠᠷᠳᠠᠯᠭ᠎ᠠ ᠵᠢᠴᠢ ᠲᠤᠰᠬᠠᠶ ᠮᠡᠷᠭᠡᠵᠢᠯᠲᠡᠨ ᠤ ᠰᠣᠩᠭᠤᠨ ᠠᠪᠬᠤ ᠶᠢ ᠬᠢᠨᠠᠨ ᠪᠠᠶᠢᠴᠠᠭᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠤᠳᠤᠷᠬᠠᠶᠢᠯᠠᠪᠠ᠃  ᠬᠤᠶᠠᠳᠤᠭᠠᠷ ᠬᠡᠰᠡᠭ᠂ ᠨᠡᠭᠡᠭᠡᠨ ᠠᠰᠢᠭᠯᠠᠬᠤ ᠲᠥᠰᠦᠯ ᠤᠨ ᠬᠢᠨᠠᠨ ᠪᠠᠶᠢᠴᠠᠭᠠᠬᠤ ᠵᠠᠷᠴᠢᠮ ᠢ ᠲᠣᠳᠣᠷᠬᠠᠶᠢᠯᠠᠪᠠ   ᠨᠢᠭᠡ ᠳᠤ᠂ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠡᠷᠬᠡ ᠮᠡᠳᠡᠯ ᠪᠣᠯᠣᠨ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ ᠶᠢ ᠳᠠᠩᠰᠠᠯᠠᠬᠤ ᠡᠷᠬᠡ ᠮᠡᠳᠡᠯ ᠤᠨ ᠬᠡᠪᠴᠢᠶ᠎ᠡ ᠲᠠᠢ ᠨᠢᠭᠡᠳᠦᠯᠲᠡᠶ ᠪᠠᠶᠢᠬᠤ ᠶᠢ ᠲᠣᠳᠣᠷᠬᠠᠶᠢᠯᠠᠪᠠ᠃ ᠬᠤᠶᠠᠷ ᠲᠤ᠂ ᠨᠡᠭᠡᠭᠡᠨ ᠠᠰᠢᠭᠯᠠᠬᠤ ᠲᠥᠰᠦᠯ ᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠲᠣᠭᠲᠠᠭᠠᠯ ᠳᠤ ᠨᠡᠶᠢᠴᠡᠭᠦᠯᠵᠦ᠂ ᠵᠥᠪᠰᠢᠶᠡᠷᠡᠨ ᠣᠷᠣᠭᠤᠯᠬᠤ ᠨᠥᠬᠦᠴᠡᠯ ᠢ ᠬᠢᠨᠠᠨ ᠪᠠᠶᠢᠴᠠᠭᠠᠬᠤ ᠶᠢ ᠴᠢᠩᠳᠠᠯᠠᠵᠤ᠂ ᠠᠭᠤᠷᠬᠠᠶ ᠨᠡᠭᠡᠭᠡᠨ ᠮᠠᠯᠲᠠᠬᠤ ᠵᠢᠷᠤᠭ ᠲᠥᠯᠥᠪᠯᠡᠭᠡ᠂ ᠨᠡᠭᠡᠭᠡᠨ ᠬᠥᠭᠵᠢᠭᠦᠯᠬᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠱᠠᠭᠠᠷᠳᠠᠯᠭ᠎ᠠ ᠲᠠᠢ ᠵᠣᠯᠭᠠᠭᠤᠯᠬᠤ ᠶᠢ ᠰᠠᠶᠢᠲᠤᠷ ᠬᠢᠬᠦ ᠶᠢᠨ ᠬᠠᠮᠲᠤ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠭᠤᠯᠤᠨ ᠢᠯᠡᠭᠡᠵᠦ᠂ ᠠᠭᠤᠷᠬᠠᠶ ᠮᠠᠯᠲᠠᠬᠤ ᠡᠷᠬᠡ ᠶᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ ᠭᠡᠵᠦ ᠱᠠᠭᠠᠷᠳᠠᠪᠠ᠃  ᠭᠤᠷᠪᠠᠳᠤᠭᠠᠷ ᠬᠡᠰᠡᠭ᠂ ᠠᠭᠤᠷᠬᠠᠶ ᠶᠢᠨ ᠣᠷᠣᠨ ᠤ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠨᠡᠭᠡᠭᠡᠨ ᠠᠰᠢᠭᠯᠠᠬᠤ ᠲᠥᠰᠦᠯ ᠤᠨ ᠬᠢᠨᠠᠨ ᠪᠠᠶᠢᠴᠠᠭᠠᠬᠤ ᠠᠵᠢᠯ ᠲᠠᠢ ᠵᠣᠯᠭᠠᠭᠤᠯᠬᠤ ᠶᠢ ᠰᠠᠶᠢᠲᠤᠷ ᠬᠢᠨ᠎ᠠ᠃  ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ︽ᠨᠢᠭᠡ ᠬᠠᠭᠤᠳᠠᠰᠤ ᠵᠢᠷᠤᠭ︾ ᠤᠨ ᠰᠢᠰᠲ᠋ᠧᠮ ᠢᠶᠠᠷ ᠪᠠᠶᠢᠴᠠᠭᠠᠨ ᠯᠠᠪᠯᠠᠬᠤ ᠭᠤᠶᠤᠴᠢᠯᠠᠯ ᠤᠨ ᠬᠡᠪᠴᠢᠶ᠎ᠡ ᠶᠢ ᠡᠯ᠎ᠡ ᠲᠥᠷᠥᠯ ᠤᠨ ᠬᠢᠵᠠᠭᠠᠷᠯᠠᠯ᠂ ᠨᠡᠭᠡᠭᠡᠨ ᠮᠠᠯᠲᠠᠬᠤ ᠶᠢ ᠬᠤᠷᠢᠭᠯᠠᠬᠤ ᠣᠷᠣᠨ ᠪᠦᠰᠡ ᠶᠢᠨ ᠳᠠᠪᠬᠤᠴᠠᠭᠰᠠᠨ ᠪᠠᠶᠢᠳᠠᠯ ᠢ ᠭᠦᠢᠴᠡᠳ ᠬᠡᠷᠡᠭᠯᠡᠬᠦ ᠶᠢ ᠱᠠᠭᠠᠷᠳᠠᠵᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠨᠢ ᠬᠤᠯᠪᠣᠭᠳᠠᠯ ᠪᠥᠬᠦᠶ ᠵᠦᠢᠯᠡᠰ ᠢ ᠦᠨᠡᠬᠡᠷ ᠨᠥᠬᠦᠪᠥᠷᠢᠯᠡᠬᠦ ᠴᠢᠬᠤᠯᠠᠲᠠᠶ ᠪᠣᠯ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠳᠤ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ ᠡᠭᠦᠨ ᠤ ᠬᠠᠮᠲᠤ ᠨᠡᠭᠦᠷᠡᠰᠦᠨ ᠠᠭᠤᠷᠬᠠᠶ ᠶᠢᠨ ᠠᠭᠤᠷᠬᠠᠶ ᠮᠠᠯᠲᠠᠬᠤ ᠡᠷᠬᠡ ᠶᠢ ᠬᠤᠪᠢᠷᠠᠭᠤᠯᠤᠨ᠂ ᠮᠠᠯᠲᠠᠬᠤ ᠠᠷᠭ᠎ᠠ ᠬᠡᠯᠪᠡᠷᠢ ᠶᠢ ᠬᠤᠪᠢᠷᠠᠭᠤᠯᠬᠤ ᠬᠤᠯᠪᠣᠭᠳᠠᠯ ᠪᠥᠬᠦᠶ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃  ᠳᠥᠷᠪᠡᠳᠦᠭᠡᠷ ᠬᠡᠰᠡᠭ᠂ ᠰᠢᠨ᠎ᠡ ᠪᠠᠷ ᠪᠠᠶᠢᠭᠤᠯᠤᠭᠰᠠᠨ ᠠᠭᠤᠷᠬᠠᠢ ᠶᠢᠨ ᠣᠷᠣᠨ ᠤ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠎ᠠ᠃  ᠰᠢᠯᠵᠢᠭᠦᠯᠦᠨ ᠮᠠᠯᠲᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠰᠢᠨ᠎ᠡ ᠪᠠᠷ ᠠᠭᠤᠷᠬᠠᠶ ᠮᠠᠯᠲᠠᠬᠤ ᠡᠷᠬᠡ ᠪᠠᠶᠢᠭᠤᠯᠤᠭᠰᠠᠨ ᠳᠤ᠂ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠲᠣᠭᠲᠠᠭᠠᠭᠰᠠᠨ ᠦᠨᠳᠦᠰᠦᠯᠡᠯ ᠵᠢᠴᠢ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃  ᠲᠠᠪᠤᠳᠤᠭᠠᠷ ᠬᠡᠰᠡᠭ᠂ ᠠᠭᠤᠷᠬᠠᠶ ᠮᠠᠯᠲᠠᠬᠤ ᠡᠷᠬᠡᠲᠦ ᠬᠥᠮᠦᠨ ᠤ ᠨᠢᠭᠡᠨᠲᠡ ᠪᠠᠶᠢᠭᠤᠯᠤᠭᠰᠠᠨ ᠠᠭᠤᠷᠬᠠᠶ ᠶᠢ ᠨᠡᠭᠡᠭᠡᠨ ᠠᠰᠢᠭᠯᠠᠬᠤ ᠲᠥᠰᠦᠯ ᠢ ᠵᠦᠶ ᠵᠣᠬᠢᠰᠲᠠᠶ ᠰᠢᠯᠢᠳᠡᠭᠵᠢᠭᠦᠯᠬᠦ ᠶᠢ ᠵᠥᠪᠰᠢᠶᠡᠷᠡᠨ᠎ᠡ᠃  ᠠᠭᠤᠷᠬᠠᠶ ᠮᠠᠯᠲᠠᠬᠤ ᠡᠷᠬᠡᠲᠦ ᠬᠥᠮᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠠᠪᠤᠴᠠ ᠳᠤ ᠨᠡᠭᠡᠭᠡᠨ ᠠᠰᠢᠭᠯᠠᠬᠤ ᠲᠥᠰᠦᠯ ᠨᠢ ᠵᠦᠶ ᠵᠣᠬᠢᠰ ᠦᠭᠡᠶ ᠪᠠᠶᠢᠬᠤ ᠶᠢ ᠣᠯᠵᠤ ᠮᠡᠳᠡᠪᠡᠯ᠂ ᠠᠶᠤᠯᠭᠦᠶ ᠦᠢᠯᠡᠳᠪᠦᠷᠢᠯᠡᠯ ᠳᠤ ᠰᠠᠭᠤᠷᠢᠯᠠᠵᠤ᠂ ᠬᠠᠪᠰᠤᠷᠤᠨ ᠳᠠᠷᠤᠬᠤ ᠶᠢ ᠪᠠᠭᠠᠰᠬᠠᠵᠤ᠂ ᠡᠬᠢ ᠪᠠᠶᠠᠯᠢᠭ ᠢ ᠡᠷᠴᠢᠮᠵᠢᠭᠦᠯᠬᠦ᠂ ᠠᠷᠪᠢᠯᠠᠬᠤ᠂ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠵᠤ᠂ ᠨᠡᠭᠡᠭᠡᠨ ᠠᠰᠢᠭᠯᠠᠬᠤ ᠲᠥᠰᠦᠯ ᠳᠤ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ᠂ ᠨᠡᠭᠡᠭᠡᠨ ᠠᠰᠢᠭᠯᠠᠬᠤ ᠲᠥᠰᠦᠯ ᠢ ᠬᠢᠨᠠᠨ ᠲᠣᠭᠲᠠᠭᠠᠬᠤ ᠪᠠᠶᠢᠭᠤᠯᠤᠮᠵᠢ ᠳᠤ ᠮᠡᠳᠡᠭᠦᠯᠦᠨ ᠬᠢᠨᠠᠨ ᠲᠣᠭᠲᠠᠭᠠᠯᠭᠠᠬᠤ ᠬᠡᠷᠡᠭᠲᠡᠶ᠃ ᠡᠭᠦᠨ ᠤ ᠬᠠᠮᠲᠤ᠂ ᠵᠠᠳᠠᠭᠠᠶ ᠨᠡᠭᠡᠭᠡᠨ ᠮᠠᠯᠲᠠᠬᠤ ᠵᠥᠪᠰᠢᠶᠡᠷᠡᠯ ᠤᠨ ᠦᠨᠡᠮᠯᠡᠯ ᠤᠨ ᠬᠡᠪᠴᠢᠶ᠎ᠡ ᠠᠴᠠ ᠳᠠᠪᠠᠵᠤ᠂ ᠬᠠᠵᠠᠭᠤ ᠬᠥᠲᠥᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠬᠦᠴᠦᠨ ᠵᠦᠢᠯ ᠵᠢᠴᠢ ᠭᠠᠵᠠᠷ ᠳᠣᠤᠷᠠᠬᠢ ᠨᠡᠭᠡᠭᠡᠨ ᠮᠠᠯᠲᠠᠬᠤ ᠠᠭᠤᠷᠬᠠᠶ ᠶᠢᠨ ᠬᠤᠳᠳᠤᠭ ᠤᠨ ᠠᠮᠠᠰᠠᠷ᠂ ᠬᠤᠳᠳᠤᠭ ᠨᠦᠬᠡᠨ ᠵᠠᠮ ᠨᠡᠭᠡᠭᠡᠬᠦ ᠪᠠᠷᠢᠯᠭ᠎ᠠ ᠵᠡᠷᠭᠡ ᠲᠥᠬᠦᠭᠡᠷᠦᠮᠵᠢ ᠨᠢ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠤᠨ ᠬᠡᠪᠴᠢᠶ᠎ᠡ ᠠᠴᠠ ᠳᠠᠪᠠᠵᠤ᠂ ᠠᠭᠤᠷᠬᠠᠶ ᠶᠢᠨ ᠣᠷᠣᠨ ᠤ ᠬᠡᠪᠴᠢᠶ᠎ᠡ ᠳᠤ ᠦᠨᠡᠨ ᠬᠦ ᠵᠣᠬᠢᠰᠲᠠᠶ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠬᠤ ᠪᠠᠶᠢᠳᠠᠯ ᠳᠤ ᠭᠦᠢᠴᠡᠳᠭᠡᠬᠦ ᠲᠠᠰ ᠳᠠᠷᠠᠭᠠᠯᠠᠯ ᠵᠢᠴᠢ ᠱᠠᠭᠠᠷᠳᠠᠯᠭ᠎ᠠ ᠶᠢ ᠲᠣᠳᠣᠷᠬᠠᠶᠢᠯᠠᠪᠠ᠃  ᠵᠢᠷᠭᠤᠳᠤᠭᠠᠷ ᠬᠡᠰᠡᠭ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃  ᠠᠶᠢᠮᠠᠭ ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠠᠭᠤᠷᠬᠠᠶ ᠮᠠᠯᠲᠠᠬᠤ ᠡᠷᠬᠡᠲᠦ ᠬᠥᠮᠦᠨ ᠤ ᠨᠡᠭᠡᠭᠡᠨ ᠠᠰᠢᠭᠯᠠᠬᠤ ᠲᠥᠰᠦᠯ ᠤᠨ ᠶᠣᠰᠣᠭᠠᠷ ᠨᠡᠭᠡᠭᠡᠨ ᠮᠠᠯᠲᠠᠬᠤ ᠬᠢᠨᠠᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号