ᠲᠤᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2023/11/1
     ︽ᠳᠤᠮᠳᠠᠳᠤ ᠤᠯᠤᠰ ᠤᠨ ᠨᠠᠮ ᠤᠨ ᠳᠤᠲᠤᠭᠠᠲᠤ  ᠳᠤ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ  ᠤᠯᠤᠰ ᠤᠨ ᠡᠪ ᠬᠠᠮᠲᠤ ᠨᠠᠮ  ᠤᠨ ᠲᠣᠭᠤᠷᠢᠨ ᠪᠠᠶᠢᠴᠠᠭᠠᠬᠤ ᠠᠵᠢᠯ  ᠤᠨ ᠳᠦᠷᠢᠮ︾  ᠤᠨ ᠲᠣᠭᠲᠠᠭᠠᠯ  ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠋ ᠤ ᠨᠠᠮ  ᠤᠨ ᠬᠤᠷᠢᠶ᠎ᠠ  ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ᠋ ᠤ 9 ᠰᠠᠷ᠎ᠠ ᠶᠢᠨ 22 ᠤ ᠡᠳᠦᠷ ᠠᠴᠠ 11 ᠰᠠᠷ᠎ᠠ ᠶᠢᠨ 15  ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠋ ᠤ ᠨᠠᠮ  ᠤᠨ ᠬᠤᠷᠢᠶ᠎ᠠ  ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ  ᠳᠤᠭᠤᠶᠢᠯᠠᠩ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ  ᠤᠨ ᠨᠠᠮ  ᠤᠨ ᠬᠤᠷᠢᠶ᠎ᠠ  ᠳᠤ  ᠪᠠᠶᠢᠩᠭᠤ ᠶᠢᠨ ᠲᠣᠭᠤᠷᠢᠨ ᠪᠠᠶᠢᠴᠠᠭᠠᠯᠲᠠ ᠦᠷᠨᠢᠬᠦᠯᠦᠨ᠎ᠡ᠃     ᠲᠣᠭᠤᠷᠢᠨ  ᠪᠠᠶᠢᠴᠠᠭᠠᠬᠤ ᠬᠤᠭᠤᠴᠠᠭᠠᠨ᠋ ᠳᠤ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ  ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠪᠠᠶᠢᠳᠠᠯ᠂ ᠨᠠᠮ  ᠤᠨ ᠱᠤᠭᠤᠮ ᠴᠢᠭᠯᠡᠯᠲᠡ ᠲᠦᠷᠤ ᠶᠢᠨ ᠪᠣᠳᠣᠯᠭ᠎ᠠ ᠪᠣᠯᠣᠨ ᠨᠠᠮ  ᠤᠨ ᠲᠥᠪ  ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠲᠠᠯ᠎ᠠ ᠪᠠᠷ ᠨᠠᠮ  ᠢ ᠴᠢᠩᠭ᠎ᠠ ᠵᠠᠰᠠᠬᠤ ᠭᠤᠣᠯ  ᠴᠤᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠴᠠᠭ ᠦᠶ᠎ᠡ ᠶᠢᠨ ᠨᠠᠮ  ᠤᠨ ᠵᠣᠬᠢᠶᠠᠨ ᠪᠠᠶᠢᠭᠤᠯᠤᠯᠲᠠ ᠶᠢᠨ ᠱᠤᠭᠤᠮ  ᠢ  ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠭᠤᠷᠢᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ  ᠢ ᠠᠰᠢᠭᠯᠠᠭᠰᠠᠨ ᠪᠠᠶᠢᠳᠠᠯ  ᠤᠨ ᠲᠣᠭᠤᠷᠢᠨ᠋  ᠳᠤ ᠬᠢᠨᠠᠯᠲᠠ ᠲᠠᠯᠪᠢᠨ᠎ᠠ᠃ ᠲᠣᠭᠤᠷᠢᠨ  ᠪᠠᠶᠢᠴᠠᠭᠠᠬᠤ  ᠳᠤᠭᠤᠶᠢᠯᠠᠩ ᠤᠨ ᠬᠢᠨ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ  ᠶᠢᠨ ᠤᠳᠤᠷᠢᠳᠬᠤ ᠪᠠᠭ ᠵᠢᠴᠢ ᠲᠡᠭᠦᠨ᠋ ᠤ ᠪᠦᠷᠢᠯᠳᠦᠭᠦᠨ᠂ ᠳᠣᠣᠷ᠎ᠠ ᠨᠢᠭᠡ ᠱᠠᠲᠤᠨ᠋ ᠤ ᠨᠠᠮ  ᠤᠨ ᠵᠣᠬᠢᠶᠠᠨ ᠪᠠᠶᠢᠭᠤᠯᠤᠯᠲᠠ᠂ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ  ᠢ ᠲᠤᠰᠬᠠᠭᠰᠠᠨ ᠵᠠᠬᠢᠳᠠᠯ ᠪᠠ ᠴᠠᠬᠢᠯᠭᠠᠨ ᠮᠠᠳᠡᠭᠡ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ  ᠨᠢ ᠤᠯᠤᠰ  ᠲᠦᠷᠤ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠭᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ᠋ ᠤ ᠰᠠᠬᠢᠯᠭ᠎ᠠ ᠪᠠᠲᠤ᠂ ᠠᠵᠢᠯ  ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ᠋ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ  ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ  ᠶᠢᠨ ᠬᠢᠨ᠋  ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃     ᠲᠣᠭᠤᠷᠢᠨ ᠪᠠᠶᠢᠴᠠᠭᠠᠬᠤ ᠬᠤᠭᠤᠴᠠᠭᠠᠨ᠋ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0471-3289001᠂ ᠡᠳᠦᠷ  ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠤᠲᠠᠰᠤᠨ᠋ ᠤ ᠴᠠᠭ ᠨᠢ 8᠄ 00 ᠠᠴᠠ 18᠄ 00 ᠪᠣᠯᠣᠨ᠎ᠠ︔ ᠰᠢᠤᠳᠠᠨ᠋ ᠤ ᠵᠠᠬᠢᠳᠠᠯ  ᠤᠨ  ᠬᠠᠶᠢᠷᠴᠠᠭ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ᠋ ᠤ  ᠬᠦᠬᠡᠬᠤᠲᠡ ᠶᠢᠨ A947 ᠳ᠋ᠤᠭᠠᠷ ᠰᠢᠤᠳᠠᠨ᠋ ᠤ ᠵᠠᠬᠢᠳᠠᠯ  ᠤᠨ ᠬᠠᠶᠢᠷᠴᠠᠭ᠃ ᠢᠮᠧᠯ᠄ xslzyjt@163.com ᠡᠭᠦᠨ᠋ ᠤ ᠬᠠᠮᠲᠤ᠂  ᠬᠦᠬᠡᠬᠤᠲᠡ ᠶᠢᠨ ᠰᠠᠶᠢᠬᠠᠨ ᠲᠣᠭᠤᠷᠢᠭ ᠤᠨ ᠲᠧᠩ ᠹᠧᠢ ᠡᠮᠦᠨ᠎ᠡ ᠵᠠᠮ  ᠤᠨ 40 ᠳ᠋ᠦ᠋ᠭᠡᠷ ᠨᠣᠮᠧᠷ ︵ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ᠋ ᠤ ᠪᠠᠴᠢᠮ  ᠪᠠᠶᠢᠳᠠᠯ ᠢ ᠠᠷᠭᠠᠴᠠᠬᠤ  ᠬᠠᠮᠢᠶᠠᠷᠤᠯᠲᠠ ᠶᠢᠨ ᠲᠢᠩᠬᠢᠮ  ᠤᠨ ᠠᠯᠪᠠᠨ ᠠᠰᠠᠷ︶ ᠲᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ ᠲᠣᠭᠤᠷᠢᠨ  ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠤᠯᠵᠢᠯᠠᠭ᠎ᠠ  ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2023 ᠣᠨ᠋  ᠤ 11 ᠰᠠᠷ᠎ᠠ ᠶᠢᠨ 10  ᠤ ᠡᠳᠦᠷ ᠳᠠᠭᠤᠰᠤᠨ᠎ᠠ᠃ ᠥᠷᠭᠡᠨ ᠤᠯᠠᠨ ᠺᠠᠳ᠋ᠷ ᠤᠯᠠᠨ ᠲᠦᠮᠡᠨ᠋ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ  ᠪᠠᠶᠢᠴᠠᠭᠠᠬᠤ  ᠳᠤᠭᠤᠶᠢᠯᠠᠩ ᠦᠨᠡᠨ᠋ ᠢ ᠪᠠᠷᠢᠮᠲᠠᠯᠠᠨ ᠪᠠᠶᠢᠳᠠᠯ ᠢ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃     ᠥᠪᠡᠷᠲᠡᠭᠡᠨ ᠵᠠᠰᠠᠬᠤ ᠣᠷᠣᠨ᠋ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ                                                                                      2023 ᠣᠨ᠋ ᠤ 9 ᠰᠠᠷ᠎ᠠ  ᠶᠢᠨ 22 ᠤ ᠡᠳᠦᠷ                  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号