ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠲᠡᠮᠳᠡᠭ ᠢ ᠬᠠᠮᠠᠭᠠᠯᠠᠵᠤ ᠬᠠᠮᠢᠶᠠᠷᠬᠤ ᠶᠢᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2023/11/14
    ᠬᠡᠮᠵᠢᠯᠲᠡ ᠶᠢᠨ ᠲᠡᠮᠳᠡᠭ ᠪᠣᠯ ᠤᠯᠤᠰ ᠤᠨ ᠴᠢᠬᠤᠯᠠ ᠰᠠᠭᠤᠷᠢ ᠲᠥᠬᠦᠭᠡᠷᠦᠮᠵᠢ ᠪᠠ ᠡᠷᠬᠢᠮ ᠨᠠᠨᠳᠢᠨ ᠡᠳ᠋ ᠪᠠᠶᠠᠯᠢᠭ ᠮᠥᠨ᠂ ᠲᠡᠷᠡ ᠨᠢ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠪᠠ ᠰᠢᠨᠵᠢᠯᠡᠬᠦ ᠤᠬᠠᠭᠠᠨ ᠤ ᠰᠤᠳᠤᠯᠭᠠᠨ ᠳᠤ ᠴᠢᠬᠤᠯᠠ ᠦᠢᠯᠡᠳᠦᠯ ᠲᠠᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠬᠤ ᠬᠠᠤᠯᠢ︾ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠲᠡᠮᠳᠡᠭ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ ᠢ ᠲᠣᠭᠲᠠᠭᠠᠪᠠ᠄     ᠨᠢᠭᠡ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠠᠳᠠᠷᠠᠭᠤᠯᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠷᠠᠳ ᠨᠡᠶᠢᠲᠡ ᠶᠢᠨ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠠᠮᠠᠭᠠᠯᠠᠵᠤ ᠬᠠᠮᠢᠶᠠᠷᠬᠤ ᠠᠵᠢᠯ ᠳᠠᠬᠢ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠬᠤ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠪᠠᠨ ᠠᠷᠠᠳ ᠤᠯᠠᠨ ᠳᠤ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢᠨ ᠠᠴᠢ ᠬᠤᠯᠪᠣᠭᠳᠠᠯ ᠪᠣᠯᠤᠨ ᠬᠤᠯᠪᠣᠭᠳᠠᠯ ᠪᠥᠬᠦᠢ ᠮᠡᠳᠡᠯᠭᠡ ᠶᠢ ᠤᠢᠢᠯᠠᠭᠠᠭᠤᠯᠵᠤ᠂ ᠨᠠᠶᠢᠳᠠᠵᠤ ᠬᠠᠳᠠᠭᠠᠯᠠᠭᠤᠯᠤᠨ ᠬᠠᠮᠢᠶᠠᠷᠤᠭᠤᠯᠬᠤ ᠪᠢᠴᠢᠭ ᠢ ᠳᠠᠩᠰᠠᠯᠠᠭᠤᠯᠵᠤ᠂ ᠬᠠᠳᠠᠭᠠᠯᠠᠨ ᠬᠠᠮᠢᠶᠠᠷᠬᠤ ᠬᠠᠷᠢᠭᠤᠴᠠᠯᠭ᠎ᠠ ᠶᠢ ᠬᠠᠪᠰᠤᠷᠤᠨ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠲᠡᠮᠳᠡᠭ ᠤᠨ ᠡᠪᠳᠡᠭᠳᠡᠭᠰᠡᠨ ᠪᠠᠶᠢᠳᠠᠯ ᠢ ᠣᠯᠵᠤ ᠮᠡᠳᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠦᠯᠵᠦ ᠪᠠᠶᠢᠴᠠᠭᠠᠨ ᠰᠢᠢᠳᠪᠦᠷᠢᠯᠡᠭᠦᠯᠬᠦ ᠶᠢᠨ ᠬᠠᠮᠲᠤ ᠬᠡᠷᠡᠭ ᠢ ᠬᠠᠪᠰᠤᠷᠤᠨ ᠪᠠᠶᠢᠴᠠᠭᠠᠨ ᠰᠢᠢᠳᠪᠦᠷᠢᠯᠡᠵᠦ᠂ ᠬᠤᠬᠢᠷᠠᠭᠰᠠᠨ ᠲᠡᠮᠳᠡᠭ ᠤᠨ ᠥᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠬᠡᠮᠵᠢᠯᠲᠡ ᠶᠢᠨ ᠲᠡᠮᠳᠡᠭ ᠪᠥᠳᠥᠭᠡᠨ ᠪᠠᠶᠢᠭᠤᠯᠬᠤ  ᠳᠤ ᠲᠥᠬᠦᠮ ᠦᠵᠡᠭᠦᠯᠬᠦ ᠬᠡᠷᠡᠭᠲᠡᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠳᠡᠪᠬᠢᠲᠡᠢ ᠰᠠᠨᠠᠭᠠᠴᠢᠯᠠᠭ᠎ᠠ ᠠᠴᠠ ᠪᠠᠨ᠂ ᠬᠠᠤᠯᠢ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠬᠠᠮᠵᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃      ᠬᠤᠶᠠᠷ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠪᠠᠶᠢᠭᠤᠯᠬᠤ᠃ ᠲᠣᠭᠲᠠᠮᠠᠯ ᠬᠤᠭᠤᠴᠠᠭ᠎ᠠ ᠲᠠᠢ ᠪᠠᠷ ᠬᠡᠮᠵᠢᠯᠲᠡ ᠶᠢᠨ ᠳᠡᠮᠳᠡᠭ ᠲᠤ ᠨᠡᠶᠢᠳᠡᠮ ᠪᠠᠶᠢᠴᠠᠭᠠᠯᠲᠠ ᠬᠢᠵᠦ᠂ ᠳᠠᠩᠰᠠ ᠡᠪᠬᠡᠮᠡᠯ ᠪᠠᠶᠢᠭᠤᠯᠤᠨ᠂ ᠬᠡᠮᠵᠢᠯᠲᠡ ᠶᠢᠨ ᠳᠡᠮᠳᠡᠭ ᠤᠨ ᠪᠦᠷᠢᠨ ᠪᠦᠲᠦᠨ ᠪᠠᠶᠢᠳᠠᠯ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠬᠡᠮᠵᠢᠯᠲᠡ ᠶᠢᠨ ᠲᠡᠮᠳᠡᠭ ᠢ ᠬᠠᠮᠠᠭᠠᠯᠠᠵᠤ᠂ ᠬᠡᠮᠵᠢᠯᠲᠡ ᠶᠢᠨ ᠲᠡᠮᠳᠡᠭ ᠤᠨ ᠪᠦᠷᠢᠨ ᠪᠦᠲᠦᠨ ᠪᠠᠶᠢᠳᠠᠯ ᠢ ᠪᠠᠲᠤᠯᠠᠬᠤ ᠬᠡᠷᠡᠭᠲᠡᠢ᠃ ᠡᠪᠳᠡᠷᠡᠭᠰᠡᠨ ᠬᠡᠮᠵᠢᠯᠲᠡ ᠶᠢᠨ ᠲᠡᠮᠳᠡᠭ ᠢ ᠰᠡᠯᠪᠢᠨ ᠵᠠᠰᠠᠵᠤ᠂ ᠬᠡᠷᠡᠭᠯᠡᠭᠡᠨ ᠤ ᠴᠢᠳᠠᠪᠤᠷᠢ ᠶᠢ ᠨᠢ ᠰᠡᠷᠭᠦᠭᠡᠬᠦ ᠬᠡᠷᠡᠭᠲᠡᠶ᠃ ᠬᠡᠮᠵᠢᠯᠲᠡ ᠶᠢᠨ ᠳᠡᠮᠳᠡᠭ ᠢ ᠬᠠᠮᠠᠭᠠᠯᠠᠬᠤ ᠤᠬᠠᠭᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠬᠡᠮᠵᠢᠯᠲᠡ ᠶᠢᠨ ᠳᠡᠮᠳᠡᠭ ᠬᠠᠮᠢᠶᠠᠷᠤᠭᠴᠢ ᠶᠢᠨ ᠬᠠᠳᠠᠭᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠬᠡᠷᠡᠭᠲᠡᠢ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠡᠮᠵᠢᠯᠲᠡ ᠶᠢᠨ ᠲᠡᠮᠳᠡᠭ ᠢ ᠰᠢᠯᠵᠢᠭᠦᠯᠦᠨ ᠪᠠᠶᠢᠭᠤᠯᠬᠤ ᠶᠢ ᠬᠢᠨᠠᠨ ᠬᠠᠷᠭᠤᠭᠤᠯᠵᠤ᠂ ᠬᠢᠨᠠᠨ ᠵᠥᠪᠰᠢᠶᠡᠷᠡᠵᠦ᠂ ᠬᠡᠮᠵᠢᠯᠲᠡ ᠶᠢᠨ ᠲᠡᠮᠳᠡᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠡᠮᠵᠢᠯᠲᠡ ᠶᠢᠨ ᠲᠡᠮᠳᠡᠭ ᠤᠨ ᠣᠳᠣᠬᠢ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠨ᠎ᠡ᠃     ᠭᠤᠷᠪᠠ᠂ ᠬᠡᠮᠵᠢᠯᠲᠡ ᠶᠢᠨ ᠲᠡᠮᠳᠡᠭ ᠢ ᠱᠠᠲᠤ ᠬᠤᠪᠢᠶᠠᠨ ᠬᠠᠮᠢᠶᠠᠷᠬᠤ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠨᠢ ᠤᠯᠤᠰ ᠤᠨ ᠬᠤᠶᠠᠳᠤᠭᠠᠷ ᠳᠡᠰ ᠠᠴᠠ ᠳᠡᠭᠡᠭᠰᠢᠬᠢ ᠲᠣᠮᠣ ᠭᠠᠵᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠤᠰᠤᠳ ᠲᠡᠰ ᠤᠨ ᠬᠡᠮᠵᠢᠯᠲᠡ ᠶᠢᠨ ᠲᠡᠮᠳᠡᠭ ᠤᠨ ᠬᠠᠮᠢᠶᠠᠷᠤᠯᠲᠠ ᠶᠢ ᠬᠡᠮᠵᠢᠯᠲᠡ ᠶᠢᠨ ᠲᠡᠮᠳᠡᠭ ᠤᠨ ᠪᠠᠶᠢᠭ᠎ᠠ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃     ᠳᠥᠷᠪᠡ᠂ ᠬᠡᠮᠵᠢᠯᠲᠡ ᠶᠢᠨ ᠲᠡᠮᠳᠡᠭ ᠢ ᠲᠥᠷᠥᠯ ᠬᠤᠪᠢᠶᠠᠨ ᠬᠠᠮᠠᠭᠠᠯᠠᠬᠤ ᠬᠡᠷᠡᠭᠲᠡᠶ᠃ ᠣᠳᠣᠬᠠᠨ ᠤ ᠮᠡᠷᠭᠡᠵᠢᠯ ᠤᠨ ᠨᠥᠬᠦᠴᠡᠯ ᠢ ᠦᠨᠳᠦᠰᠦᠯᠡᠨ᠂ ᠭᠦᠢᠴᠡᠳ ᠨᠤᠲᠠᠯᠠᠬᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ ᠬᠠᠮᠠᠭᠠᠯᠠᠬᠤ ᠪᠠ ᠡᠩ ᠤᠨ ᠬᠠᠮᠠᠭᠠᠯᠠᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠭᠤᠤᠯᠳᠠᠯᠭ᠎ᠠ ᠲᠠᠢ ᠬᠠᠮᠠᠭᠠᠯᠠᠬᠤ ᠬᠡᠮᠵᠢᠯᠲᠡ ᠶᠢᠨ ᠲᠡᠮᠳᠡᠭ ᠲᠤ ᠨᠡᠶᠢᠳᠡᠮ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠭᠠᠵᠠᠷ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ᠂ ᠬᠠᠮᠠᠭᠠᠯᠠᠯᠲᠠ ᠶᠢ ᠴᠢᠩᠭᠠᠳᠬᠠᠬᠤ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠠᠪᠴᠤ᠂ ᠡᠩ ᠤᠨ ᠬᠠᠮᠠᠭᠠᠯᠠᠯᠲᠠ ᠶᠢᠨ ᠲᠡᠮᠳᠡᠭ ᠲᠤ ᠬᠡᠪ ᠤᠨ ᠬᠠᠮᠠᠭᠠᠯᠠᠯᠲᠠ ᠶᠢ ᠬᠡᠷᠡᠭᠵᠢᠭᠦᠯᠬᠦ ᠬᠡᠷᠡᠭᠲᠡᠶ᠃ ᠨᠢᠭᠡᠨᠲᠡ ᠬᠡᠷᠡᠭᠯᠡᠬᠦ ᠦᠨ᠎ᠡ ᠥᠷᠲᠡᠭ ᠢᠶᠠᠨ ᠠᠯᠳᠠᠭᠰᠠᠨ᠂ ᠨᠤᠷᠠᠬᠤ ᠰᠢᠬᠠᠭᠠᠳ ᠪᠠᠶᠢᠭ᠎ᠠ ᠭᠠᠵᠠᠷ ᠤᠨ ᠭᠠᠳᠠᠷᠭᠤ ᠶᠢᠨ ᠬᠠᠶᠢᠭᠤᠷ ᠢ ᠨᠤᠷᠠᠭᠠᠵᠤ᠂ ᠭᠠᠵᠠᠷ ᠳᠣᠣᠷᠠᠬᠢ ᠲᠡᠮᠳᠡᠭ ᠴᠢᠯᠠᠭᠤ ᠶᠢ ᠭᠤᠣᠯᠳᠠᠯᠭ᠎ᠠ ᠲᠠᠢ ᠬᠠᠮᠠᠭᠠᠯᠠᠵᠤ᠂ ᠬᠠᠶᠢᠭᠤᠷ ᠨᠤᠷᠠᠭᠰᠠᠨ ᠠᠴᠠ ᠪᠣᠯᠵᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠦᠷᠳᠡᠭᠦᠯᠦᠯ ᠪᠣᠯᠬᠤ ᠶᠢ ᠪᠠᠭᠠᠰᠬᠠᠬᠤ ᠬᠡᠷᠡᠭᠲᠡᠶ᠃     ᠲᠠᠪᠤ᠂ ᠬᠡᠮᠵᠢᠯᠲᠡ ᠶᠢᠨ ᠲᠡᠮᠳᠡᠭ ᠤᠨ ᠰᠢᠨᠵᠢᠯᠡᠬᠦ ᠤᠬᠠᠭᠠᠨᠴᠢ ᠪᠠᠷ ᠬᠠᠮᠢᠶᠠᠷᠤᠯᠲᠠ ᠬᠢᠬᠦ ᠬᠡᠷᠡᠭᠲᠡᠢ᠃ ᠬᠡᠮᠵᠢᠯᠲᠡ ᠶᠢᠨ ᠳᠡᠮᠳᠡᠭ ᠢ ᠨᠡᠶᠢᠳᠡᠮ ᠪᠠᠶᠢᠴᠠᠭᠠᠵᠤ ᠬᠠᠮᠠᠭᠠᠯᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠬᠡᠮᠵᠢᠯᠲᠡ ᠶᠢᠨ ᠳᠡᠮᠳᠡᠭ ᠢ ᠬᠠᠮᠠᠭᠠᠯᠠᠵᠤ ᠬᠠᠮᠢᠶᠠᠷᠬᠤ ᠳ᠋ᠠᠶᠢᠲ᠋ᠠ ᠬᠥᠮᠥᠷᠭᠡ ᠪᠠᠶᠢᠭᠤᠯᠵᠤ᠂ ᠬᠡᠮᠵᠢᠯᠲᠡ ᠶᠢᠨ ᠳᠡᠮᠳᠡᠭ ᠢ ᠪᠠᠶᠢᠭᠤᠯᠬᠤ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂ ᠬᠠᠮᠠᠭᠠᠯᠠᠵᠤ ᠰᠡᠯᠪᠢᠨ ᠵᠠᠰᠠᠬᠤ᠂ ᠡᠳᠦᠷ ᠳᠤᠳᠤᠮ ᠤᠨ ᠪᠠᠶᠢᠴᠠᠭᠠᠯᠲᠠ ᠬᠢᠬᠦ᠂ ᠨᠤᠷᠠᠭᠠᠵᠤ ᠨᠡᠭᠦᠯᠭᠡᠬᠦ ᠶᠢ ᠬᠢᠨᠠᠨ ᠵᠥᠪᠰᠢᠶᠡᠷᠡᠬᠦ᠂ ᠡᠷᠬᠡ ᠶᠢ ᠨᠤᠲᠠᠯᠠᠨ ᠦᠨᠡᠮᠯᠡᠯ ᠣᠯᠭᠤᠬᠤ᠂ ᠡᠳᠦᠷ ᠳᠤᠳᠤᠮ ᠤᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠡᠯ᠎ᠡ ᠵᠦᠢᠯ ᠤᠨ ᠬᠡᠷᠡᠭᠯᠡᠬᠦ ᠭᠠᠵᠠᠷ᠂ ᠠᠭᠤᠷᠬᠠᠶ ᠶᠢᠨ ᠭᠠᠷᠤᠯᠲᠠ ᠶᠢ ᠨᠡᠭᠡᠭᠡᠬᠦ ᠵᠡᠷᠭᠡ ᠭᠠᠵᠠᠷ ᠤᠨ ᠭᠠᠳᠠᠷᠭᠤ ᠶᠢᠨ ᠬᠡᠷᠡᠭᠴᠡᠭᠡ ᠶᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠳᠡᠭᠡᠨ᠂ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ ᠡᠵᠡᠯᠡᠨ ᠬᠡᠷᠡᠭᠯᠡᠭᠰᠡᠨ ᠪᠠᠶᠢᠬᠤ ᠡᠰᠡᠬᠦ ᠶᠢ ᠬᠢᠨᠠᠨ ᠪᠠᠶᠢᠴᠠᠭᠠᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠨᠢ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠤᠨ ᠭᠠᠵᠠᠷ ᠰᠢᠷᠣᠶ ᠡᠵᠡᠯᠡᠬᠦ ᠡᠷᠬᠡ ᠶᠢ ᠨᠤᠲᠠᠯᠠᠨ ᠦᠨᠡᠮᠯᠡᠯ ᠣᠯᠭᠤᠬᠤ ᠠᠵᠢᠯ ᠢ ᠥᠷᠨᠢᠭᠦᠯᠵᠦ ᠪᠣᠯᠤᠨ᠎ᠠ᠃     ᠵᠢᠷᠭᠤᠭ᠎ᠠ᠂ ᠥᠨᠢᠳᠡ ᠶᠢᠨ ᠴᠢᠨᠠᠷᠲᠠᠢ ᠬᠡᠮᠵᠢᠯᠲᠡ ᠶᠢᠨ ᠲᠡᠮᠳᠡᠭ ᠢ ᠨᠤᠷᠠᠭᠠᠵᠤ ᠨᠡᠭᠦᠯᠭᠡᠬᠦ ᠶᠢ ᠬᠢᠨᠠᠨ ᠵᠥᠪᠰᠢᠶᠡᠷᠡᠬᠦ᠃ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ ᠡᠵᠡᠯᠡᠨ ᠬᠡᠷᠡᠭᠯᠡᠬᠦ ᠳᠤ᠂ ᠡᠵᠡᠯᠡᠨ ᠬᠡᠷᠡᠭᠯᠡᠭᠰᠡᠨ ᠨᠢᠭᠡᠴᠢ ᠠᠴᠠ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠵᠡᠯᠡᠨ ᠬᠡᠷᠡᠭᠯᠡᠬᠦ ᠭᠤᠶᠤᠴᠢᠯᠠᠯ ᠳᠤᠷᠠᠳᠴᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠶᠢᠮᠠᠭ ᠬᠤᠲᠠ ᠳᠤ ᠬᠠᠮᠢᠶᠠᠷᠤᠭᠳᠠᠬᠤ ᠶᠢ ᠨᠢ ᠠᠶᠢᠮᠠᠭ ᠬᠤᠲᠠ ᠰᠢᠭᠤᠳ ᠬᠢᠨᠠᠨ ᠵᠥᠪᠰᠢᠶᠡᠷᠡᠨ᠎ᠡ᠂ ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠳᠤ ᠬᠠᠷᠢᠶᠠᠯᠠᠭᠳᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠮᠡᠳᠡᠭᠦᠯᠦᠨ᠎ᠡ᠃ ᠥᠨᠢᠳᠡ ᠶᠢᠨ ᠴᠢᠨᠠᠷᠲᠠᠢ ᠬᠡᠮᠵᠢᠯᠲᠡ ᠶᠢᠨ ᠳᠡᠮᠳᠡᠭ ᠢ ᠡᠵᠡᠯᠡᠨ ᠬᠡᠷᠡᠭᠯᠡᠭᠰᠡᠨ ᠨᠢᠭᠡᠴᠢ ᠡᠷᠬᠡᠪᠰᠢ ᠬᠠᠤᠯᠢ ᠶᠣᠰᠣᠭᠠᠷ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠪᠠᠶᠢᠭᠤᠯᠬᠤ ᠵᠠᠷᠤᠳᠠᠯ ᠥᠭᠴᠦ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠰᠢᠯᠵᠢᠭᠦᠯᠦᠨ ᠪᠠᠶᠢᠭᠤᠯᠬᠤ ᠬᠡᠷᠡᠭᠲᠡᠢ᠃ ᠨᠡᠭᠦᠯᠭᠡᠨ ᠪᠠᠶᠢᠭᠤᠯᠬᠤ ᠵᠠᠷᠤᠳᠠᠯ ᠤᠨ ᠲᠥᠰᠦᠪ ᠢ ᠤᠤᠯ ᠤᠨ ᠤᠯᠤᠰ ᠤᠨ ᠬᠡᠮᠵᠢᠨ ᠵᠢᠷᠤᠬᠤ ᠲᠤᠪᠴᠢᠶ᠎ᠠ ᠪᠣᠯᠤᠨ ᠡᠳ᠋ ᠤᠨ ᠵᠠᠰᠠᠭ ᠤᠨ ᠶᠠᠮᠤᠨ ᠤ ᠲᠣᠭᠲᠠᠭᠠᠭᠰᠠᠨ ︽ᠬᠡᠮᠵᠢᠨ ᠵᠢᠷᠤᠬᠤ ᠥᠪᠡᠷ ᠤᠨ ᠦᠷᠳᠡᠭ ᠤᠨ ᠵᠠᠷᠤᠳᠠᠯ ᠤᠨ ᠲᠣᠭᠲᠠᠭᠰᠠᠨ ᠲᠤᠭ᠎ᠠ︾ ᠶᠢᠨ ᠪᠠᠷᠢᠮᠵᠢᠶ᠎ᠠ ᠶᠢ ᠦᠨᠳᠦᠰᠦᠯᠡᠨ ᠬᠡᠷᠡᠭᠵᠢᠭᠦᠯᠦᠨ᠎ᠡ᠃ ᠨᠡᠭᠦᠯᠭᠡᠨ ᠪᠠᠶᠢᠭᠤᠯᠬᠤ ᠵᠠᠷᠤᠳᠠᠯ ᠤᠨ ᠲᠤᠰᠬᠠᠶ ᠵᠣᠭᠤᠰ ᠢ ᠲᠤᠰᠬᠠᠶ ᠵᠦᠢᠯ ᠳᠤ ᠨᠢ ᠬᠡᠷᠡᠭᠯᠡᠬᠦ ᠬᠡᠷᠡᠭᠲᠡᠶ᠂ ᠵᠢᠱᠢᠶᠡᠯᠡᠪᠡᠯ ᠨᠡᠭᠦᠯᠭᠡᠨ ᠪᠠᠶᠢᠭᠤᠯᠬᠤ ᠭᠠᠵᠠᠷ ᠣᠷᠣᠨ ᠢ ᠪᠤᠰᠤᠳ ᠳᠡᠭᠡᠳᠦ ᠲᠠᠰ ᠤᠨ ᠬᠡᠮᠵᠢᠯᠲᠡ ᠶᠢᠨ ᠲᠡᠮᠳᠡᠭ ᠢᠶᠠᠷ ᠣᠷᠣᠯᠠᠭᠤᠯᠵᠤ ᠪᠣᠯᠤᠨ᠎ᠠ᠂ ᠳᠠᠪᠬᠤᠷᠳᠠᠭᠤᠯᠤᠨ ᠪᠠᠶᠢᠭᠤᠯᠬᠤ ᠦᠭᠡᠶ ᠪᠠᠶᠢᠵᠤ ᠪᠣᠯᠤᠨ᠎ᠠ᠂ ᠨᠡᠭᠦᠯᠭᠡᠨ ᠪᠠᠶᠢᠭᠤᠯᠬᠤ ᠵᠠᠷᠤᠳᠠᠯ ᠢ ᠲᠤᠬᠠᠶ ᠶᠢᠨ ᠭᠠᠵᠠᠷ ᠤᠨ ᠬᠡᠮᠵᠢᠯᠲᠡ ᠶᠢᠨ ᠲᠡᠮᠳᠡᠭ ᠢ ᠲᠣᠭᠤᠷᠢᠨ ᠪᠠᠶᠢᠴᠠᠭᠠᠬᠤ᠂ ᠨᠡᠶᠢᠳᠡᠮ ᠪᠠᠶᠢᠴᠠᠭᠠᠬᠤ᠂ ᠬᠠᠮᠠᠭᠠᠯᠠᠬᠤ᠂ ᠬᠠᠳᠠᠭᠠᠯᠠᠬᠤ᠂ ᠳᠠᠩᠰᠠ ᠡᠪᠬᠡᠮᠡᠯ ᠪᠠᠶᠢᠭᠤᠯᠬᠤ ᠵᠡᠷᠭᠡ ᠠᠵᠢᠯ ᠳᠤ ᠬᠡᠷᠡᠭᠯᠡᠵᠦ ᠪᠣᠯᠤᠨ᠎ᠠ᠃ ᠨᠡᠭᠦᠯᠭᠡᠨ ᠪᠠᠶᠢᠭᠤᠯᠬᠤ ᠨᠢᠭᠡᠴᠢ ᠨᠢ ᠵᠣᠬᠢᠴᠠᠩᠭᠤᠶ ᠬᠢᠷᠢ ᠬᠡᠮ ᠲᠠᠢ ᠬᠡᠮᠵᠢᠨ ᠵᠢᠷᠤᠬᠤ ᠨᠢᠭᠡᠴᠢ ᠶᠢ ᠰᠣᠩᠭᠤᠬᠤ ᠬᠡᠷᠡᠭᠲᠡᠶ᠃     ᠳᠣᠯᠤᠭ᠎ᠠ᠂ ᠲᠣᠭᠲᠠᠭᠤᠨ ᠪᠦᠬᠦᠢ ᠬᠡᠮᠵᠢᠯᠲᠡ ᠶᠢᠨ ᠲᠡᠮᠳᠡᠭ ᠢ ᠬᠠᠮᠠᠭᠠᠯᠠᠵᠤ ᠬᠠᠮᠢᠶᠠᠷᠬᠤ ᠠᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠬᠠᠤᠯᠢ ᠶᠣᠰᠣᠭᠠᠷ ᠪᠠᠶᠢᠭᠤᠯᠬᠤ ᠬᠡᠷᠡᠭᠲᠡᠶ᠃ ᠰᠠᠭᠤᠷᠢ ᠴᠢᠨᠠᠷᠲᠠᠢ ᠬᠡᠮᠵᠢᠯᠲᠡ ᠶᠢᠨ ᠳᠡᠮᠳᠡᠭ ᠢ ᠪᠠᠶᠢᠭᠤᠯᠬᠤ᠂ ᠬᠠᠳᠠᠭᠠᠯᠠᠨ ᠬᠠᠮᠢᠶᠠᠷᠬᠤ᠂ ᠨᠡᠶᠢᠳᠡᠮ ᠪᠠᠶᠢᠴᠠᠭᠠᠬᠤ᠂ ᠬᠠᠮᠠᠭᠠᠯᠠᠨ ᠰᠡᠯᠪᠢᠨ ᠵᠠᠰᠠᠬᠤ᠂ ᠡᠳᠦᠷ ᠳᠤᠳᠤᠮ ᠤᠨ ᠪᠠᠶᠢᠴᠠᠭᠠᠯᠲᠠ ᠬᠢᠬᠦ ᠵᠡᠷᠭᠡ ᠳᠤ ᠬᠡᠷᠡᠭᠰᠡᠬᠦ ᠵᠠᠷᠤᠳᠠᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠠᠳᠠᠯᠢ ᠱᠠᠲᠤᠨ ᠤ ᠰᠠᠭᠤᠷᠢ ᠬᠡᠮᠵᠢᠨ ᠵᠢᠷᠤᠬᠤ ᠣᠨ ᠤ ᠲᠥᠯᠥᠪᠯᠡᠭᠡ ᠵᠢᠴᠢ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠲᠤᠰᠬᠠᠢ ᠵᠣᠭᠤᠰ ᠢ ᠲᠤᠰᠬᠠᠢ ᠬᠡᠷᠡᠭᠯᠡᠨ᠎ᠡ᠃     ᠨᠠᠢᠮᠠ᠂ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠬᠡᠮᠵᠢᠯᠲᠡ ᠶᠢᠨ ᠲᠡᠮᠳᠡᠭ ᠤᠨ ᠠᠶᠤᠯ ᠦᠭᠡᠶ ᠪᠠ ᠬᠡᠷᠡᠭᠯᠡᠬᠦ ᠬᠦᠴᠦᠨ ᠴᠢᠳᠠᠪᠤᠷᠢ ᠳᠤ ᠬᠥᠨᠥᠭᠡᠯ ᠲᠠᠢ᠂ ᠵᠥᠪᠰᠢᠶᠡᠷᠡᠭᠦᠯᠦᠭᠡᠳᠦᠶ ᠪᠠᠷ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ ᠳᠤᠷ᠎ᠠ ᠪᠠᠷ ᠢᠶᠠᠨ ᠨᠤᠷᠠᠭᠠᠵᠤ ᠨᠡᠭᠦᠯᠭᠡᠭᠰᠡᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠭᠦᠯᠭᠡᠨ ᠪᠠᠶᠢᠭᠤᠯᠬᠤ ᠵᠠᠷᠤᠳᠠᠯ ᠥᠭᠬᠦ ᠶᠢ ᠲᠡᠪᠴᠢᠭᠰᠡᠨ᠂ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ ᠲᠣᠭᠲᠠᠭᠠᠯ ᠠᠴᠠ ᠵᠥᠷᠢᠴᠡᠭᠰᠡᠨ ᠪᠤᠶᠤ ᠬᠠᠤᠯᠢ ᠪᠤᠰᠤ ᠪᠠᠷ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠡᠮᠵᠢᠯᠲᠡ ᠶᠢᠨ ᠲᠡᠮᠳᠡᠭ ᠢ ᠵᠣᠷᠢᠭᠤᠳᠠ ᠡᠪᠳᠡᠵᠦ᠂ ᠬᠡᠷᠡᠭᠯᠡᠬᠦ ᠬᠦᠴᠦᠨ ᠴᠢᠳᠠᠪᠤᠷᠢ ᠶᠢ ᠨᠢ ᠠᠯᠳᠠᠭᠤᠯᠤᠭᠰᠠᠨ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠬᠦ ᠬᠡᠷᠡᠭᠲᠡᠢ ᠪᠠᠶᠢᠪᠠᠯ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠬᠦ ᠬᠡᠷᠡᠭᠲᠡᠶ᠃     ᠶᠢᠰᠦ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠡᠮᠵᠢᠯᠲᠡ ᠶᠢᠨ ᠲᠡᠮᠳᠡᠭ ᠤᠨ ᠴᠢᠬᠤᠯᠠ ᠦᠢᠯᠡᠳᠦᠯ᠂ ᠬᠠᠮᠢᠶ᠎ᠠ ᠪᠦᠬᠦᠢ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠵᠢᠴᠢ ᠬᠠᠮᠠᠭᠠᠯᠠᠯᠲᠠ ᠬᠠᠮᠢᠶᠠᠷᠤᠯᠲᠠ ᠶᠢᠨ ᠠᠮᠵᠢᠯᠲᠠ ᠲᠠᠢ ᠲᠤᠷᠰᠢᠯᠭ᠎ᠠ᠂ ᠲᠡᠷᠢᠭᠦᠨ ᠤ ᠬᠥᠮᠦᠰ ᠤᠨ ᠦᠢᠯᠡ ᠠᠵᠢᠯᠯᠠᠭ᠎ᠠ ᠵᠡᠷᠭᠡ ᠶᠢ ᠶᠡᠬᠡᠪᠡᠷ ᠤᠬᠠᠭᠤᠯᠬᠤ ᠬᠡᠷᠡᠭᠲᠡᠶ︔ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠪᠠ ᠬᠠᠮᠢᠶᠠᠷᠬᠤ ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号