ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠵᠦᠢᠯ ᠤᠳ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/11/17

           ᠥᠪᠥᠷ ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2020﹈ 5 ᠳ᠋ᠤᠭᠠᠷ ᠲᠣᠭᠠᠲᠤ

ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ

ᠲᠣᠪᠴᠢᠶ᠎ᠠ᠂ ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ ᠳᠤ᠄

       ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ

ᠵᠦᠢᠯ ᠤᠳ ᠢ ᠠᠬᠢᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︵ᠲᠤᠷᠰᠢᠨ ᠬᠡᠷᠡᠭᠵᠢᠭᠦᠯᠬᠦ︶

︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2019﹈ 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ

ᠴᠢᠩᠭᠠᠳᠬᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠮᠠᠨ ᠤ ᠣᠷᠣᠨ ᠤ ᠠᠮᠢ

ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠳᠤᠤᠷᠠᠬᠢ

ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠄

       ᠨᠢᠭᠡ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠶᠢᠨ ᠳᠠᠩᠰᠠᠯᠠᠭᠤᠯᠬᠤ ᠡᠷᠬᠡ

ᠮᠡᠳᠡᠯ ᠳᠤ ᠲᠣᠬᠢᠷᠠᠭᠤᠯᠤᠯᠲᠠ ᠬᠢᠪᠡ

       ︵ᠨᠢᠭᠡ︶ ᠠᠳᠠᠯᠢ ᠨᠢᠭᠡᠨ ᠠᠭᠤᠷᠬᠠᠶ ᠶᠢᠨ ᠲᠥᠷᠥᠯ ᠤᠨ ᠠᠭᠤᠷᠬᠠᠶ ᠶᠢᠨ ᠦᠢᠯᠡᠰ ᠤᠨ ᠡᠷᠬᠡ ᠶᠢ

ᠬᠢᠮᠳᠠ ᠪᠠᠷ ᠬᠤᠳᠠᠯᠳᠤᠬᠤ ᠶᠢᠨ ᠳᠠᠩᠰᠠᠯᠠᠭᠤᠯᠬᠤ ᠠᠳᠠᠯᠢ ᠱᠠᠲᠤᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ

ᠪᠡᠶᠡᠯᠡᠭᠦᠯᠦᠨ᠎ᠡ ︵ᠬᠢᠮᠳᠠ ᠪᠠᠷ ᠬᠤᠳᠠᠯᠳᠤᠬᠤ ᠶᠢᠨ ᠳᠠᠩᠰᠠᠯᠠᠭᠤᠯᠬᠤ ᠡᠷᠬᠡ ᠮᠡᠳᠡᠯ ᠤᠨ ᠬᠡᠪᠴᠢᠶ᠎ᠡ ᠶᠢ

ᠳᠠᠭᠠᠯᠳᠤᠭᠤᠯᠤᠯ ᠳᠤ ᠨᠠᠷᠢᠨ ᠦᠵᠡ︶ ᠥᠪᠡᠷᠲᠡᠭᠡᠨ ᠵᠠᠰᠠᠬᠤ ᠣᠷᠣᠨ ᠠᠴᠠ ᠨᠡᠭᠦᠷᠡᠰᠦ᠂ ᠨᠡᠭᠦᠷᠡᠰᠦᠨ

ᠳᠠᠪᠬᠤᠷᠭ᠎ᠠ ᠶᠢᠨ ᠬᠡᠢ᠂ ᠲᠡᠮᠦᠷ᠂ ᠾᠷᠣᠮ᠂ ᠵᠡᠰ᠂ ᠬᠥᠩᠭᠡᠨᠴᠠᠭᠠᠨ᠂ ᠠᠯᠲᠠ᠂ ᠨᠢᠺᠧᠯ᠂ ᠼᠢᠷᠺ᠂ ᠹᠣᠰᠹᠣᠷ᠂

ᠬᠠᠶᠢᠯᠤᠭᠤᠷ ᠵᠣᠩᠰᠢ 11 ᠵᠦᠢᠯ ᠤᠨ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ᠂

ᠳᠠᠩᠰᠠᠯᠠᠭᠤᠯᠬᠤ ᠶᠢ ᠬᠠᠷᠢᠭᠤᠴᠠᠨ᠎ᠠ᠃

       ︵ᠬᠤᠶᠠᠷ︶ ᠠᠶᠢᠮᠠᠭ ᠬᠤᠲᠠ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠥᠪᠡᠷᠲᠡᠭᠡᠨ ᠵᠠᠰᠠᠬᠤ

ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠮᠳᠠ ᠪᠠᠷ ᠬᠤᠳᠠᠯᠳᠤᠬᠤ ᠶᠢ ᠳᠠᠩᠰᠠᠯᠠᠨ

ᠲᠡᠮᠳᠡᠭᠯᠡᠬᠦ ᠠᠴᠠ ᠪᠤᠰᠤᠳ ᠠᠭᠤᠷᠬᠠᠶ ᠶᠢᠨ ᠭᠠᠷᠤᠯᠲᠠ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ

ᠬᠤᠳᠠᠯᠳᠤᠬᠤ᠂ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠪᠠᠶᠢᠭᠠᠯᠢ ᠶᠢᠨ ᠡᠬᠢ

ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ

ᠦᠨᠳᠦᠰᠦᠯᠡᠨ᠂ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ ᠰᠢᠷᠣᠶ ᠶᠢᠨ ᠲᠥᠷᠥᠯ ᠤᠨ ᠠᠭᠤᠷᠬᠠᠶ ᠶᠢᠨ

ᠭᠠᠷᠤᠯᠲᠠ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ᠂ ᠳᠠᠩᠰᠠᠯᠠᠬᠤ ᠡᠷᠬᠡ ᠮᠡᠳᠡᠯ ᠢ

ᠳᠣᠷᠣᠭᠰᠢ ᠪᠠᠭᠤᠯᠭᠠᠬᠤ ᠡᠰᠡᠬᠦ ᠪᠠᠨ ᠥᠪᠡᠰᠦᠪᠡᠨ ᠲᠣᠭᠲᠠᠭᠠᠨ᠎ᠠ᠃

       ︵ᠭᠤᠷᠪᠠ︶ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠠᠭᠤᠷᠬᠠᠶ ᠶᠢᠨ ᠦᠢᠯᠡᠰ ᠤᠨ ᠡᠷᠬᠡ ᠶᠢ

ᠬᠢᠮᠳᠠ ᠪᠠᠷ ᠬᠤᠳᠠᠯᠳᠤᠬᠤ ᠳᠠᠩᠰᠠᠯᠠᠯ ᠢ ᠳᠡᠭᠡᠷ᠎ᠡ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠠᠴᠠ ᠵᠢᠭᠠᠨ ᠲᠣᠭᠲᠠᠭᠠᠨ᠎ᠠ᠃

       ︵ᠳᠥᠷᠪᠡ︶ ᠭᠤᠤᠯ ᠬᠦᠳᠡᠷ ᠤᠨ ᠵᠦᠢᠯ ︵ᠨᠡᠮᠡᠵᠦ ᠵᠢᠭᠰᠠᠭᠠᠭᠰᠠᠨ ᠪᠠᠭᠲᠠᠨ᠎ᠠ︶ ᠢ

ᠬᠤᠪᠢᠷᠠᠭᠤᠯᠤᠭᠰᠠᠨ ᠤ ᠳᠠᠷᠠᠭ᠎ᠠ ᠭᠤᠤᠯ ᠬᠦᠳᠡᠷ ᠤᠨ ᠵᠦᠢᠯ ᠨᠢ ᠬᠤᠪᠢᠷᠠᠯᠲᠠ ᠭᠠᠷᠤᠭᠰᠠᠨ ᠪᠣᠯ ᠬᠤᠪᠢᠷᠠᠭᠤᠯᠤᠭᠰᠠᠨ

︵ᠨᠡᠮᠡᠵᠦ ᠵᠢᠭᠰᠠᠭᠠᠭᠰᠠᠨ ᠪᠠᠭᠲᠠᠨ᠎ᠠ︶ ᠢ ᠪᠠᠭᠲᠠᠭᠠᠭᠰᠠᠨ ᠤ ᠳᠠᠷᠠᠭᠠᠬᠢ ᠭᠤᠤᠯ ᠬᠦᠳᠡᠷ ᠤᠨ ᠵᠦᠢᠯ ᠢ ᠬᠢᠮᠳᠠ ᠪᠠᠷ

ᠬᠤᠳᠠᠯᠳᠤᠬᠤ ᠶᠢᠨ ᠳᠠᠩᠰᠠᠯᠠᠭᠤᠯᠬᠤ ᠡᠷᠬᠡ ᠮᠡᠳᠡᠯ ᠤᠨ ᠶᠣᠰᠣᠭᠠᠷ ᠬᠠᠮᠢᠶᠠᠷᠤᠨ᠎ᠠ᠃ ᠬᠠᠮᠲᠤ ᠣᠷᠣᠰᠢᠬᠤ ᠪᠠ

ᠳᠠᠭᠠᠯᠳᠤᠨ ᠣᠷᠣᠰᠢᠬᠤ ᠠᠭᠤᠷᠬᠠᠢ ᠶᠢ ᠨᠡᠮᠡᠵᠦ ᠵᠢᠭᠰᠠᠭᠠᠬᠤ ᠳᠤ ᠬᠠᠮᠠᠭᠠᠯᠠᠯᠲᠠ ᠶᠢᠨ ᠴᠢᠨᠠᠷᠲᠠᠢ ᠣᠨᠴᠠ ᠲᠣᠭᠲᠠᠭᠰᠠᠨ

ᠠᠭᠤᠷᠬᠠᠢ ᠶᠢᠨ ᠲᠥᠷᠥᠯ ᠢ ᠨᠡᠭᠡᠭᠡᠨ ᠮᠠᠯᠲᠠᠬᠤ ᠳᠤ ᠬᠤᠯᠪᠣᠭᠳᠠᠪᠠᠯ᠂ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ

ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠢ ᠶᠢᠨ ᠲᠥᠷᠥᠯ ᠤᠨ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ

ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

       ︵ᠲᠠᠪᠤ︶ ᠲᠤᠰ ᠰᠠᠨᠠᠯ ᠢ ᠳᠠᠷᠤᠮᠠᠯᠯᠠᠨ ᠶᠠᠪᠤᠭᠤᠯᠬᠤ ᠠᠴᠠ ᠡᠮᠦᠨ᠎ᠡ᠂ ᠠᠭᠤᠷᠬᠠᠶ ᠶᠢᠨ ᠣᠷᠣᠨ ᠤ

ᠬᠡᠪᠴᠢᠶ᠎ᠡ ᠶᠢ ᠨᠢᠭᠡᠨᠲᠡ ᠬᠤᠪᠢᠶᠠᠷᠢᠯᠠᠨ ᠲᠣᠭᠲᠠᠭᠠᠭᠰᠠᠨ ᠪᠤᠶᠤ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂

ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠠᠭᠤᠷᠬᠠᠶ ᠶᠢᠨ ᠦᠢᠯᠡᠰ ᠤᠨ ᠡᠷᠬᠡ ᠳᠤ ᠪᠣᠯ

ᠲᠣᠬᠢᠷᠠᠭᠤᠯᠤᠯᠲᠠ ᠬᠢᠭᠰᠡᠨ ᠤ ᠳᠠᠷᠠᠭᠠᠬᠢ ᠳᠠᠩᠰᠠᠯᠠᠭᠤᠯᠬᠤ ᠡᠷᠬᠡ ᠮᠡᠳᠡᠯ ᠤᠨ ᠶᠣᠰᠣᠭᠠᠷ ᠵᠠᠯᠭᠠᠮᠵᠢ ᠬᠠᠮᠢᠶ᠎ᠠ ᠪᠦᠬᠦᠢ

ᠭᠠᠷᠳᠠᠮ ᠢ ᠭᠦᠢᠴᠡᠳᠬᠡᠨ᠎ᠡ᠃ ᠡᠭᠦᠨ ᠳᠤ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠤ

ᠠᠰᠢᠭ ᠣᠯᠵᠠᠪᠤᠷᠢ ︵ᠦᠨ᠎ᠡ ᠶᠢᠨ ᠵᠣᠭᠤᠰ︶ ᠶᠢ ᠬᠢᠮᠳᠠ ᠪᠠᠷ ᠬᠤᠳᠠᠯᠳᠤᠭᠰᠠᠨ ᠭᠡᠷ᠎ᠡ ︵ᠬᠤᠭᠤᠴᠠᠭ᠎ᠠ ᠬᠤᠪᠢᠶᠠᠨ

ᠲᠤᠰᠢᠶᠠᠬᠤ ᠠᠮᠠᠯᠠᠯᠲᠠ ᠶᠢᠨ ᠪᠢᠴᠢᠭ︶ ᠶᠢᠨ ᠶᠣᠰᠣᠭᠠᠷ ᠭᠦᠢᠴᠡᠳᠬᠡᠵᠦ ᠳᠠᠭᠤᠰᠬᠠᠭᠰᠠᠨ ᠦᠭᠡᠶ ᠪᠣᠯ ᠦᠯᠡᠳᠡᠭᠰᠡᠨ

ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ︵ᠦᠨ᠎ᠡ ᠶᠢᠨ ᠵᠣᠭᠤᠰ

︶ ᠶᠢ ᠲᠤᠰᠢᠶᠠᠬᠤ ᠳᠤ ᠤᠤᠯ ᠤᠨ ᠬᠢᠮᠳᠠ ᠪᠠᠷ ᠬᠤᠳᠠᠯᠳᠤᠭᠰᠠᠨ ᠭᠡᠷ᠎ᠡ ︵ᠬᠤᠭᠤᠴᠠᠭ᠎ᠠ ᠬᠤᠪᠢᠶᠠᠨ ᠲᠤᠰᠢᠶᠠᠬᠤ

ᠠᠮᠠᠯᠠᠯᠲᠠ ᠶᠢᠨ ᠪᠢᠴᠢᠭ︶ ᠶᠢᠨ ᠶᠣᠰᠣᠭᠠᠷ ᠬᠡᠷᠡᠭᠵᠢᠭᠦᠯᠦᠨ᠎ᠡ᠃

       ᠬᠤᠶᠠᠷ᠂ ᠠᠭᠤᠷᠬᠠᠶ ᠶᠢᠨ ᠦᠢᠯᠡᠰ ᠤᠨ ᠡᠷᠬᠡ ᠶᠢᠨ ᠥᠷᠢᠰᠥᠯᠳᠦᠭᠡᠨ ᠤ ᠴᠢᠨᠠᠷᠲᠠᠶ ᠬᠢᠮᠳᠠ ᠪᠠᠷ

ᠬᠤᠳᠠᠯᠳᠤᠬᠤ ᠶᠢ ᠲᠦᠯᠬᠢᠨ ᠠᠬᠢᠭᠤᠯᠪᠠ

       ︵ᠵᠢᠷᠭᠤᠭ᠎ᠠ︶ ᠠᠭᠤᠷᠬᠠᠶ ᠶᠢᠨ ᠦᠢᠯᠡᠰ ᠤᠨ ᠡᠷᠬᠡ ᠶᠢ ᠳᠠᠭᠠᠭᠠᠴᠢᠯᠠᠯᠲᠠ ᠵᠠᠷᠯᠠᠬᠤ᠂ ᠦᠨ᠎ᠡ

ᠬᠠᠶᠠᠯᠴᠠᠭᠤᠯᠤᠨ ᠬᠤᠳᠠᠯᠳᠤᠬᠤ᠂ ᠦᠨ᠎ᠡ ᠬᠠᠳᠠᠬᠤ ᠠᠷᠭ᠎ᠠ ᠮᠠᠶ᠋ᠢᠭ ᠢᠶᠠᠷ ︵ᠳᠣᠷᠣᠭᠰᠢ ᠵᠠᠬ᠎ᠠ ᠳᠡᠯᠭᠡᠭᠦᠷ ᠢᠶᠠᠷ

ᠬᠢᠮᠳᠠ ᠪᠠᠷ ᠬᠤᠳᠠᠯᠳᠤᠬᠤ ᠭᠡᠵᠦ ᠲᠣᠪᠴᠢᠯᠠᠨ᠎ᠠ︶ ᠢᠯᠡ ᠪᠠᠷ ᠥᠷᠢᠰᠥᠯᠳᠦᠭᠦᠯᠦᠨ ᠬᠢᠮᠳᠠ ᠪᠠᠷ ᠬᠤᠳᠠᠯᠳᠤᠬᠤ

ᠬᠡᠷᠡᠭᠲᠡᠶ᠂ ᠤᠯᠤᠰ ᠠᠴᠠ ᠲᠣᠭᠲᠠᠭᠠᠭᠰᠠᠨ ᠵᠥᠪᠳᠡᠯᠴᠡᠬᠡᠷ ᠢᠶᠠᠷ ᠬᠢᠮᠳᠠ ᠪᠠᠷ ᠬᠤᠳᠠᠯᠳᠤᠬᠤ ᠪᠠᠶᠢᠳᠠᠯ ᠡᠭᠦᠨ ᠳᠤ

ᠪᠠᠭᠲᠠᠬᠤ ᠦᠭᠡᠶ᠃ ᠵᠠᠬ᠎ᠠ ᠳᠡᠯᠭᠡᠭᠦᠷ ᠢᠶᠠᠷ ᠬᠢᠮᠳᠠ ᠦᠨ᠎ᠡ ᠪᠠᠷ ᠬᠤᠳᠠᠯᠳᠤᠬᠤ ᠠᠭᠤᠷᠬᠠᠶ ᠶᠢᠨ ᠦᠢᠯᠡᠰ ᠤᠨ ᠡᠷᠬᠡ᠂

ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠷᠬᠡᠪᠰᠢ ᠠᠭᠤᠷᠬᠠᠶ ᠶᠢᠨ

ᠦᠢᠯᠡᠰ ᠤᠨ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠵᠠᠰᠠᠭ ᠤᠨ

ᠣᠷᠳᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠨᠠᠶᠢᠳᠠᠨ ᠬᠢᠮᠳᠠ ᠦᠨ᠎ᠡ ᠪᠠᠷ

ᠬᠤᠳᠠᠯᠳᠤᠬᠤ ᠬᠡᠷᠡᠭᠲᠡᠶ᠃ ᠬᠤᠳᠠᠯᠳᠤᠬᠤ ᠠᠴᠠ ᠡᠮᠦᠨ᠎ᠡ ᠬᠠᠮᠲᠤ ᠳᠤ ᠨᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ

ᠮᠥᠴᠢᠷ ᠤᠨ ᠠᠯᠪᠠᠨ ᠰᠦᠯᠵᠢᠶ᠎ᠡ᠂ ᠠᠳᠠᠯᠢ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ

ᠰᠠᠯᠠᠭ᠎ᠠ ᠮᠥᠴᠢᠷ ᠤᠨ ᠠᠯᠪᠠᠨ ᠰᠦᠯᠵᠢᠶ᠎ᠡ ︵ᠪᠤᠶᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ︶ ᠪᠣᠯᠤᠨ

ᠵᠠᠰᠠᠭ ᠤᠨ ᠣᠷᠳᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ 20 ᠠᠵᠢᠯᠯᠠᠬᠤ

ᠡᠳᠦᠷ ᠠᠴᠠ ᠳᠤᠲᠠᠭᠤ ᠥᠬᠡᠶ ᠠᠯᠪᠠᠨ ᠵᠠᠷ ᠨᠡᠶᠢᠲᠡᠯᠡᠬᠦ ᠬᠡᠷᠡᠭᠲᠡᠶ᠃ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ

ᠰᠢᠯᠵᠢᠭᠦᠯᠦᠨ ᠥᠭᠭᠦᠭᠰᠡᠨ ᠪᠠᠶᠢᠪᠠᠯ᠂ ᠳᠠᠭᠠᠭᠠᠴᠢᠯᠠᠯᠲᠠ ᠵᠠᠷᠯᠠᠬᠤ ᠨᠥᠬᠦᠴᠡᠯ ᠢ ᠦᠨᠳᠦᠰᠦᠯᠡᠨ᠂ ᠰᠢᠯᠢᠳᠡᠭ ᠢ ᠨᠢ

ᠶᠡᠷᠦᠩᠬᠡᠶᠢᠯᠡᠨ ᠰᠣᠩᠭᠤᠵᠤ ᠳᠠᠭᠠᠭᠠᠴᠢᠯᠠᠯᠲᠠ ᠣᠯᠤᠭᠴᠢ ᠶᠢ ᠲᠣᠭᠲᠠᠭᠠᠨ᠎ᠠ︔ ᠦᠨ᠎ᠡ ᠬᠠᠶᠠᠵᠤ ᠬᠤᠳᠠᠯᠳᠤᠬᠤ

ᠠᠷᠭ᠎ᠠ ᠮᠠᠶ᠋ᠢᠭ ᠢᠶᠠᠷ ᠰᠢᠯᠵᠢᠭᠦᠯᠦᠨ ᠥᠭᠭᠦᠭᠰᠡᠨ ᠪᠠᠶᠢᠪᠠᠯ᠂ ᠬᠠᠮᠤᠭ ᠤᠨ ᠥᠨᠳᠥᠷ ᠦᠨ᠎ᠡ ᠳᠠᠭᠤᠳᠠᠭᠰᠠᠨ ᠮᠥᠷᠲᠡᠭᠡᠨ

ᠤᠯᠠ ᠦᠨ᠎ᠡ ᠠᠴᠠ ᠳᠣᠣᠷ᠎ᠠ ᠦᠭᠡᠢ ᠦᠨ᠎ᠡ ᠬᠠᠶᠠᠯᠴᠠᠬᠤ ᠬᠥᠮᠦᠨ ᠨᠢ ᠦᠷᠢᠰᠦᠯᠳᠦᠨ ᠣᠯᠤᠭᠴᠢ ᠪᠣᠯᠤᠨ᠎ᠠ︔

ᠦᠨ᠎ᠡ ᠭ᠋ᠠᠳᠡᠵᠦ ᠬᠤᠳᠠᠯᠳᠤᠬᠤ ᠠᠷᠭ᠎ᠠ ᠮᠠᠶᠢᠭ ᠢᠶᠠᠷ ᠬᠤᠳᠠᠯᠳᠤᠬᠤ ᠳᠤ᠂ ᠮᠡᠳᠡᠭᠦᠯᠦᠭᠰᠡᠨ ᠦᠨ᠎ᠡ ᠨᠢ ᠬᠠᠮᠤᠭ ᠤᠨ

ᠥᠨᠳᠥᠷ ᠮᠥᠷᠲᠡᠭᠡᠨ ᠡᠬᠢᠯᠡᠯᠲᠡ ᠶᠢᠨ ᠦᠨ᠎ᠡ ᠠᠴᠠ ᠳᠣᠣᠷ᠎ᠠ ᠦᠭᠡᠶ ᠪᠠᠶᠢᠪᠠᠯ ᠥᠷᠢᠰᠥᠯᠳᠦᠨ ᠣᠯᠤᠭᠴᠢ ᠪᠣᠯᠭᠠᠵᠤ᠂

ᠵᠥᠪᠬᠡᠨ ᠨᠢᠭᠡ ᠥᠷᠢᠰᠥᠯᠳᠦᠨ ᠬᠤᠳᠠᠯᠳᠤᠨ ᠠᠪᠤᠭᠴᠢ ᠦᠨ᠎ᠡ ᠮᠡᠳᠡᠭᠦᠯᠦᠭᠰᠡᠨ ᠪᠥᠭᠡᠳ ᠡᠬᠢᠯᠡᠯᠲᠡ ᠶᠢᠨ

ᠦᠨ᠎ᠡ ᠠᠴᠠ ᠳᠣᠣᠷ᠎ᠠ ᠦᠭᠡᠶ ᠪᠠᠶᠢᠪᠠᠯ᠂ ᠦᠨ᠎ᠡ ᠭ᠋ᠠᠳᠡᠵᠦ ᠠᠷᠠᠯᠵᠢᠶ᠎ᠠ ᠪᠦᠲᠦᠵᠦ ᠪᠣᠯᠤᠨ᠎ᠠ᠃

       ︵ᠳᠣᠯᠤᠭ᠎ᠠ︶ ᠠᠭᠤᠷᠬᠠᠶ ᠶᠢᠨ ᠦᠢᠯᠡᠰ ᠤᠨ ᠡᠷᠬᠡ ᠶᠢᠨ ᠣᠷᠣᠨ ᠬᠤᠪᠢᠶᠠᠷᠢᠯᠠᠬᠤ ᠲᠣᠬᠢᠷᠠᠭᠤᠯᠭ᠎ᠠ ᠶᠢᠨ

ᠱᠠᠭᠠᠷᠳᠠᠯᠭ᠎ᠠ ᠳᠤ ᠨᠡᠶᠢᠴᠡᠵᠦ᠂ ᠰᠢᠲᠠᠮᠠᠬᠠᠶ ᠬᠡᠢ ᠶᠢᠨ ᠪᠤᠰᠤ ᠠᠭᠤᠷᠬᠠᠶ ᠶᠢᠨ ᠦᠢᠯᠡᠰ ᠤᠨ ᠡᠷᠬᠡ ᠶᠢᠨ ᠡᠷᠭᠢᠨ

ᠲᠣᠭᠤᠷᠢᠨ ᠳᠤ ᠲᠤᠰᠠᠭᠠᠷ ᠠᠭᠤᠷᠬᠠᠶ ᠶᠢᠨ ᠦᠢᠯᠡᠰ ᠤᠨ ᠡᠷᠬᠡ ᠲᠣᠬᠢᠷᠠᠭᠤᠯᠬᠤ ᠳᠤ ᠲᠣᠬᠢᠷᠠᠬᠤ ᠦᠭᠡᠶ ᠥᠨᠴᠥᠭ

ᠪᠤᠯᠤᠩ ᠳᠠᠬᠢ ᠡᠬᠢ ᠪᠠᠶᠠᠯᠢᠭ ᠢ ᠵᠠᠬ᠎ᠠ ᠳᠡᠯᠭᠡᠭᠦᠷ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠮᠳᠠ ᠪᠠᠷ ᠬᠤᠳᠠᠯᠳᠤᠨ᠎ᠠ

᠃ ᠬᠥᠷᠰᠢ ᠵᠡᠷᠭᠡᠯᠡᠳᠡᠭᠡ ᠠᠭᠤᠷᠬᠠᠶ ᠶᠢᠨ ᠦᠢᠯᠡᠰ ᠤᠨ ᠡᠷᠬᠡ ᠠᠴᠠ ᠪᠤᠰᠤᠳ ᠠᠵᠤ ᠠᠬᠤᠶᠢᠯᠠᠯ ᠥᠷᠢᠰᠥᠯᠳᠦᠨ

ᠣᠯᠤᠭᠰᠠᠨ ᠪᠣᠯ ᠡᠷᠭᠢᠨ ᠲᠣᠭᠤᠷᠢᠨ ᠤ ᠬᠥᠷᠰᠢ ᠵᠡᠷᠭᠡᠯᠡᠳᠡᠭᠡ ᠠᠭᠤᠷᠬᠠᠶ ᠶᠢᠨ ᠦᠢᠯᠡᠰ ᠤᠨ ᠡᠷᠬᠡ ᠪᠤᠶᠤ

ᠠᠭᠤᠷᠬᠠᠶ ᠶᠢᠨ ᠦᠢᠯᠡᠰ ᠤᠨ ᠡᠷᠬᠡ ᠲᠣᠬᠢᠷᠠᠭᠤᠯᠬᠤ ᠣᠷᠣᠨ ᠳᠤ ᠲᠣᠭᠲᠠᠭᠠᠭᠰᠠᠨ ᠬᠥᠷᠰᠢ ᠵᠡᠷᠭᠡᠯᠡᠳᠡᠭᠡ ᠠᠵᠤ

ᠠᠬᠤᠶᠢᠯᠠᠯ ᠯᠤᠭ᠎ᠠ ᠡᠮᠬᠢᠯᠡᠨ ᠨᠡᠶᠢᠯᠡᠭᠦᠯᠵᠦ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠬᠡᠷᠡᠭᠲᠡᠶ᠃

       ᠭᠤᠷᠪᠠ᠂ ᠠᠭᠤᠷᠬᠠᠶ ᠶᠢᠨ ᠦᠢᠯᠡᠰ ᠤᠨ ᠡᠷᠬᠡ ᠶᠢ ᠵᠥᠪᠯᠡᠯᠴᠡᠭᠡᠷ ᠢᠶᠠᠷ ᠬᠢᠮᠳᠠ ᠪᠠᠷ ᠬᠤᠳᠠᠯᠳᠤᠬᠤ ᠶᠢ

ᠴᠢᠩᠭ᠎ᠠ ᠬᠢᠵᠠᠭᠠᠷᠯᠠᠬᠤ ᠬᠡᠷᠡᠭᠲᠡᠶ

       ︵ᠨᠠᠢᠮᠠ︶ ᠵᠥᠪᠯᠡᠯᠴᠡᠭᠡᠷ ᠢᠶᠠᠷ ᠬᠢᠮᠳᠠ ᠪᠠᠷ ᠬᠤᠳᠠᠯᠳᠤᠬᠤ ᠠᠭᠤᠷᠬᠠᠶ ᠶᠢᠨ ᠦᠢᠯᠡᠰ ᠤᠨ ᠡᠷᠬᠡ ᠶᠢᠨ

ᠬᠡᠪᠴᠢᠶ᠎ᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠭᠤᠣᠯᠳᠠᠯᠭ᠎ᠠ ᠲᠠᠢ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠨᠢ ᠵᠥᠪᠯᠡᠯᠴᠡᠭᠡᠷ ᠤᠨ ᠠᠷᠭ᠎ᠠ ᠮᠠᠶ᠋ᠢᠭ ᠢᠶᠠᠷ ᠣᠨᠴᠠ ᠲᠣᠭᠲᠠᠭᠰᠠᠨ ᠭᠤᠣᠯ

ᠴᠣᠭᠴᠠ ᠳᠤ ᠠᠭᠤᠷᠬᠠᠶ ᠶᠢᠨ ᠦᠢᠯᠡᠰ ᠤᠨ ᠡᠷᠬᠡ ᠪᠠᠨ ᠬᠢᠮᠳᠠ ᠪᠠᠷ ᠬᠤᠳᠠᠯᠳᠤᠵᠤ ᠪᠣᠯᠤᠨ᠎ᠠ᠃ ᠠᠭᠤᠷᠬᠠᠶ ᠶᠢᠨ

ᠠᠶᠤᠯ ᠦᠭᠡᠶ ᠦᠢᠯᠡᠳᠪᠦᠷᠢᠯᠡᠯ ᠪᠣᠯᠤᠨ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠵᠡᠷᠭᠡ

ᠪᠣᠳᠣᠯᠬᠢᠯᠠᠯ ᠳᠤ ᠰᠠᠭᠤᠷᠢᠯᠠᠨ᠂ ᠨᠢᠭᠡᠨᠲᠡ ᠲᠣᠬᠢᠷᠠᠭᠤᠯᠤᠭᠰᠠᠨ ᠠᠭᠤᠷᠬᠠᠶ ᠮᠠᠯᠲᠠᠬᠤ ᠡᠷᠬᠡ ᠶᠢᠨ ᠡᠭᠴᠡ ᠲᠤᠰᠬᠠᠬᠤ

ᠬᠡᠪᠴᠢᠶ᠎ᠡ ᠶᠢᠨ ᠭᠦᠨ ᠬᠡᠰᠡᠭ ᠪᠤᠶᠤ ᠳᠡᠭᠡᠳᠦ ᠬᠡᠰᠡᠭ ᠤᠨ ᠠᠳᠠᠯᠢ ᠲᠥᠷᠥᠯ ᠤᠨ ᠠᠭᠤᠷᠬᠠᠶ ᠶᠢᠨ ᠭᠠᠷᠤᠯᠲᠠ ᠶᠢᠨ

ᠡᠬᠢ ᠪᠠᠶᠠᠯᠢᠭ ︵︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥᠯ ᠬᠤᠪᠢᠶᠠᠭᠰᠠᠨ ᠨᠠᠷᠢᠨ ᠭᠠᠷᠴᠠᠭ︾

 ᠤᠨ ᠲᠥᠷᠥᠯ ᠢᠯᠭᠠᠯ᠂ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ ᠰᠢᠷᠣᠶ ᠶᠢᠨ ᠲᠥᠷᠥᠯ ᠤᠨ

ᠠᠭᠤᠷᠬᠠᠶ ᠶᠢᠨ ᠭᠠᠷᠤᠯᠲᠠ ᠡᠭᠦᠨ ᠳᠤ ᠪᠠᠭᠲᠠᠬᠤ ᠦᠭᠡᠶ︶ ᠤᠨ ᠤᠤᠯ ᠤᠨ ᠦᠢᠯᠡᠳᠪᠦᠷᠢᠯᠡᠯ ᠤᠨ ᠰᠢᠰᠲ᠋ᠧᠮ ᠢ

ᠠᠰᠢᠭᠯᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠬᠠᠶᠢᠨ ᠪᠠᠶᠢᠴᠠᠭᠠᠵᠤ ᠨᠡᠭᠡᠭᠡᠨ

ᠮᠠᠯᠲᠠᠬᠤ ᠴᠢᠬᠤᠯᠠ ᠲᠠᠢ ᠪᠣᠯ ᠵᠥᠪᠯᠡᠯᠴᠡᠭᠡᠷ ᠲᠣᠭᠲᠠᠬᠤ ᠠᠷᠭ᠎ᠠ ᠮᠠᠶ᠋ᠢᠭ ᠢᠶᠠᠷ ᠠᠳᠠᠯᠢ ᠨᠢᠭᠡᠨ ᠭᠤᠣᠯ ᠴᠣᠭᠴᠠ ᠳᠤ

ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠵᠤ ᠪᠣᠯᠤᠨ᠎ᠠ᠃

       ᠵᠥᠪᠯᠡᠯᠴᠡᠭᠡᠷ ᠢᠶᠠᠷ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠳᠤ ᠠᠳᠠᠯᠢ

ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ ︵ᠨᠢᠭᠡᠨᠲᠡ ᠲᠣᠬᠢᠷᠠᠭᠤᠯᠤᠭᠰᠠᠨ

ᠠᠭᠤᠷᠬᠠᠶ ᠮᠠᠯᠲᠠᠬᠤ ᠡᠷᠬᠡ ᠶᠢᠨ ᠡᠭᠴᠡ ᠲᠤᠰᠬᠠᠬᠤ ᠬᠡᠪᠴᠢᠶᠡᠨ ᠤ ᠭᠦᠨ ᠬᠡᠰᠡᠭ ᠪᠤᠶᠤ ᠳᠡᠭᠡᠳᠦ ᠬᠡᠰᠡᠭ ᠤᠨ

ᠵᠥᠪᠯᠡᠯᠴᠡᠭᠡᠷ ᠢᠶᠠᠷ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠨᠢ ᠡᠭᠦᠨ ᠳᠤ ᠪᠠᠭᠲᠠᠬᠤ

ᠦᠭᠡᠶ︶᠂ ᠬᠢᠮᠳᠠ ᠪᠠᠷ ᠬᠤᠳᠠᠯᠳᠤᠬᠤ ᠦᠨ᠎ᠡ ᠬᠠᠩᠰᠢ ᠶᠢ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠠᠴᠠ ᠦᠨᠡᠯᠡᠨ ᠵᠢᠱᠢᠭᠰᠡᠨ ᠥᠷᠲᠡᠭ᠂ ᠵᠠᠬ᠎ᠠ ᠳᠡᠯᠭᠡᠭᠦᠷ ᠤᠨ ᠪᠠᠷᠢᠮᠵᠢᠶᠠᠲᠤ ᠦᠨ᠎ᠡ ᠶᠢ

ᠦᠨᠳᠦᠰᠦᠯᠡᠨ ᠲᠣᠭᠲᠠᠭᠠᠨ᠎ᠠ᠃ ᠵᠥᠪᠯᠡᠯᠴᠡᠭᠡᠷ ᠢᠶᠠᠷ ᠬᠢᠮᠳᠠ ᠪᠠᠷ ᠬᠤᠳᠠᠯᠳᠤᠭᠰᠠᠨ ᠦᠷ᠎ᠡ ᠳ᠋ᠦᠩ ᠢ ᠠᠭᠤᠷᠬᠠᠶ ᠶᠢᠨ

ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠭᠡᠷ᠎ᠡ ᠲᠣᠭᠲᠠᠬᠤ ᠠᠴᠠ ᠡᠮᠦᠨ᠎ᠡ ᠬᠠᠮᠲᠤ ᠳᠤ ᠨᠢ ᠪᠠᠶᠢᠭᠠᠯᠢ ᠶᠢᠨ

ᠡᠬᠢ ᠪᠠᠶᠠᠯᠢᠭ ᠤᠨ ᠰᠠᠯᠠᠭ᠎ᠠ ᠮᠥᠴᠢᠷ ᠤᠨ ᠡᠷᠦᠬᠡ ᠶᠢᠨ ᠠᠯᠪᠠᠨ ᠰᠦᠯᠵᠢᠶᠡᠨ ᠥᠷᠲᠡᠭᠡ᠂ ᠠᠳᠠᠯᠢ ᠱᠠᠲᠤᠨ ᠤ

ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠯᠪᠠᠨ ᠰᠦᠯᠵᠢᠶᠡᠨ ᠥᠷᠲᠡᠭᠡ

︵ᠪᠤᠶᠤ ᠵᠠᠰᠠᠭ ᠤᠨ ᠣᠷᠳᠣᠨ ᠤ ᠠᠯᠪᠠᠨ ᠰᠦᠯᠵᠢᠶᠡᠨ ᠥᠷᠲᠡᠭᠡ︶ ᠳᠤ 20 ᠠᠵᠢᠯᠯᠠᠬᠤ ᠡᠳᠦᠷ ᠠᠴᠠ ᠳᠤᠲᠠᠭᠤ

ᠦᠭᠡᠶ ᠠᠯᠪᠠᠨ ᠵᠠᠷ ᠨᠡᠶᠢᠲᠡᠯᠡᠬᠦ ᠬᠡᠷᠡᠭᠲᠡᠶ᠃ ᠨᠢᠭᠡᠨᠲᠡ ᠪᠠᠶᠢᠭᠤᠯᠤᠭᠰᠠᠨ ᠠᠭᠤᠷᠬᠠᠶ ᠮᠠᠯᠲᠠᠬᠤ ᠡᠷᠬᠡ ᠶᠢᠨ ᠡᠭᠴᠡ

ᠲᠤᠰᠬᠠᠬᠤ ᠬᠡᠪᠴᠢᠶᠡᠨ ᠤ ᠭᠦᠨ ᠬᠡᠰᠡᠭ ᠪᠤᠶᠤ ᠳᠡᠭᠡᠳᠦ ᠬᠡᠰᠡᠭ ᠨᠢ ᠠᠭᠤᠷᠬᠠᠶ ᠶᠢᠨ ᠡᠷᠬᠡ ᠶᠢ ᠵᠥᠪᠯᠡᠯᠴᠡᠭᠡᠷ ᠢᠶᠠᠷ

ᠬᠢᠮᠳᠠ ᠪᠠᠷ ᠬᠤᠳᠠᠯᠳᠤᠭᠰᠠᠨ ᠪᠠᠶᠢᠪᠠᠯ᠂ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠢ ᠤᠯᠬᠤ ᠠᠴᠠ ᠡᠮᠦᠨ᠎ᠡ

ᠲᠣᠭᠲᠠᠭᠠᠯ ᠶᠣᠰᠣᠭᠠᠷ ᠠᠭᠤᠷᠬᠠᠶ ᠮᠠᠯᠲᠠᠬᠤ ᠡᠷᠬᠡ ᠶᠢ ᠬᠢᠮᠳᠠ ᠪᠠᠷ ᠬᠤᠳᠠᠯᠳᠤᠭᠰᠠᠨ ᠠᠰᠢᠭ ᠣᠯᠵᠠᠪᠤᠷᠢ ᠪᠠᠨ

ᠲᠤᠰᠢᠶᠠᠬᠤ ᠬᠡᠷᠡᠭᠲᠡᠶ᠃

       ᠳᠥᠷᠪᠡ᠂ ︽ᠴᠡᠪᠡᠷ ᠠᠭᠤᠷᠬᠠᠶ︾ ᠶᠢ ᠬᠢᠮᠳᠠ ᠪᠠᠷ ᠬᠤᠳᠠᠯᠳᠤᠬᠤ ᠶᠢ ᠰᠦᠪᠡᠭᠴᠢᠯᠡᠨ ᠥᠷᠨᠢᠭᠦᠯᠬᠦ

ᠬᠡᠷᠡᠭᠲᠡᠢ

       ︵ᠶᠢᠰᠦ︶ ᠬᠠᠶᠢᠷ ᠴᠢᠯᠠᠭᠤ ᠰᠢᠷᠣᠶ ᠵᠡᠷᠭᠡ ᠠᠭᠤᠷᠬᠠᠶ ᠮᠠᠯᠲᠠᠬᠤ ᠡᠷᠬᠡ ᠶᠢ ᠰᠢᠭᠤᠳ ᠬᠢᠮᠳᠠ ᠪᠠᠷ

ᠬᠤᠳᠠᠯᠳᠤᠬᠤ ︽ᠴᠡᠪᠡᠷ ᠠᠭᠤᠷᠬᠠᠶ︾ ᠶᠢ ᠰᠦᠪᠡᠭᠴᠢᠯᠡᠨ ᠥᠷᠨᠢᠭᠦᠯᠵᠦ᠂ ᠪᠤᠰᠤᠳ ᠠᠭᠤᠷᠬᠠᠶ ᠶᠢᠨ ᠲᠥᠷᠥᠯ ᠤᠨ ︽

ᠴᠡᠪᠡᠷ ᠠᠭᠤᠷᠬᠠᠶ︾ ᠶᠢ ᠬᠢᠮᠳᠠ ᠪᠠᠷ ᠬᠤᠳᠠᠯᠳᠤᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠭᠤᠷᠬᠠᠶ ᠶᠢᠨ

ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠴᠢᠩᠭᠠᠳᠬᠠᠵᠤ᠂

ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠴᠤᠪᠤᠷᠠᠯ ᠢ ᠰᠢᠯᠢᠳᠡᠭᠵᠢᠭᠦᠯᠵᠦ᠂

ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠭᠠᠵᠠᠷ ᠰᠢᠨᠵᠢᠯᠡᠭᠡᠨ ᠤ ᠠᠵᠢᠯ ᠤᠨ ᠦᠷ᠎ᠡ ᠪᠦᠲᠦᠭᠡᠯ ᠪᠠ

ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ︽ᠴᠡᠪᠡᠷ ᠠᠭᠤᠷᠬᠠᠶ︾

 ᠶᠢᠨ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠲᠥᠷᠥᠯ ᠵᠦᠢᠯ ᠤᠨ ᠬᠥᠮᠥᠷᠭᠡ ᠶᠢ

ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ

ᠱᠤᠭᠤᠮ ᠵᠡᠷᠭᠡ ᠶᠢᠨ ᠴᠠᠭᠠᠵᠠᠯᠠᠯ ᠠᠴᠠ ᠬᠠᠤᠯᠢ ᠶᠣᠰᠣᠭᠠᠷ ᠵᠠᠶᠢᠯᠠᠨ᠂ ᠨᠡᠭᠡᠭᠡᠨ ᠮᠠᠯᠲᠠᠬᠤ ᠶᠢ ᠬᠢᠵᠠᠭᠠᠷᠯᠠᠬᠤ ᠣᠷᠣᠨ᠂

ᠬᠤᠳᠠᠯᠳᠤᠬᠤ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠬᠤ᠂ ᠲᠡᠭᠡᠬᠦ ᠮᠥᠷᠲᠡᠭᠡᠨ ᠬᠡᠷᠡᠭᠯᠡᠬᠦ ᠭᠠᠵᠠᠷ᠂ ᠰᠢᠭᠤᠢ᠂

ᠡᠪᠡᠰᠦ ᠬᠡᠷᠡᠭᠯᠡᠬᠦ ᠵᠡᠷᠭᠡ ᠬᠢᠨᠠᠨ ᠵᠥᠪᠰᠢᠶᠡᠷᠡᠬᠦ ᠵᠦᠢᠯᠡᠰ ᠢ ᠵᠣᠯᠭᠠᠭᠤᠯᠬᠤ᠂ ᠣᠷᠣᠨ ᠵᠠᠶ ᠳᠤ ᠵᠠᠶᠢᠯᠠᠬᠤ ᠠᠰᠠᠭᠤᠳᠠᠯ ᠢ

ᠤᠷᠢᠳᠴᠢᠯᠠᠨ ᠰᠠᠶᠢᠲᠤᠷ ᠰᠢᠢᠳᠪᠦᠷᠢᠯᠡᠬᠦ ᠬᠡᠷᠡᠭᠲᠡᠶ᠃

       ᠠᠭᠤᠷᠬᠠᠶ ᠮᠠᠯᠲᠠᠬᠤ ᠡᠷᠬᠡ ᠶᠢ ᠬᠢᠮᠳᠠ ᠪᠠᠷ ᠬᠤᠳᠠᠯᠳᠤᠬᠤ ᠶᠢᠨ ᠡᠮᠦᠨᠡᠬᠢ ᠬᠤᠭᠤᠴᠠᠭᠠᠨ ᠤ ᠠᠵᠢᠯ ᠤᠨ

ᠰᠢᠯᠲᠠᠭᠠᠨ ᠠᠴᠠ ᠪᠣᠯᠣᠭᠠᠳ ᠠᠭᠤᠷᠬᠠᠶ ᠮᠠᠯᠲᠠᠬᠤ ᠡᠷᠬᠡᠲᠦ ᠬᠥᠮᠦᠨ ᠢ ᠬᠤᠭᠤᠴᠠᠭ᠎ᠠ ᠶᠣᠰᠣᠭᠠᠷ ᠨᠡᠭᠡᠭᠡᠨ ᠮᠠᠯᠲᠠᠬᠤ

ᠠᠵᠢᠯ ᠢᠶᠠᠨ ᠬᠡᠪ ᠤᠨ ᠶᠣᠰᠣᠭᠠᠷ ᠥᠷᠨᠢᠭᠦᠯᠬᠦ ᠶᠢᠨ ᠠᠷᠭ᠎ᠠ ᠦᠭᠡᠶ ᠪᠣᠯᠭᠠᠭᠰᠠᠨ ᠪᠣᠯ ᠪᠠᠶᠢᠭᠠᠯᠢ ᠶᠢᠨ ᠡᠬᠢ

ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠭᠤᠷᠬᠠᠶ ᠮᠠᠯᠲᠠᠬᠤ ᠡᠷᠬᠡ ᠪᠠᠨ ᠪᠤᠴᠠᠭᠠᠵᠤ

ᠪᠣᠯᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠶ ᠮᠠᠯᠲᠠᠬᠤ ᠡᠷᠬᠡ ᠶᠢ ᠬᠢᠮᠳᠠ ᠪᠠᠷ

ᠬᠤᠳᠠᠯᠳᠤᠭᠰᠠᠨ ᠤ ᠠᠰᠢᠭ ᠣᠯᠵᠠᠪᠤᠷᠢ ᠵᠡᠷᠭᠡ ᠨᠢᠭᠡᠨᠲᠡ ᠲᠠᠲᠠᠪᠤᠷᠢᠯᠠᠭᠰᠠᠨ ᠵᠠᠷᠤᠳᠠᠯ ᠢ ᠪᠤᠴᠠᠭᠠᠵᠤ ᠪᠣᠯᠤᠨ᠎ᠠ᠃

       ᠲᠠᠪᠤ᠂ ᠨᠡᠭᠦᠷᠡᠰᠦᠨ ᠳᠠᠪᠬᠤᠷᠭ᠎ᠠ ᠶᠢᠨ ᠬᠡᠢ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠶᠢ

ᠠᠬᠢᠭᠤᠯᠪᠠ

       ︵ᠠᠷᠪᠠ︶ ᠨᠡᠭᠦᠷᠡᠰᠦᠨ ᠳᠠᠪᠬᠤᠷᠭ᠎ᠠ ᠶᠢᠨ ᠬᠡᠶ ᠶᠢᠨ ᠠᠭᠤᠷᠬᠠᠶ ᠬᠠᠶᠢᠬᠤ ᠡᠷᠬᠡ ᠶᠢ ᠭᠤᠶᠤᠴᠢᠯᠠᠭᠴᠢ ᠨᠢ

ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠣᠲᠣᠷ᠎ᠠ ᠳᠠᠩᠰᠠᠯᠠᠭᠤᠯᠵᠤ᠂ ᠴᠡᠪᠡᠷ ᠡᠳ᠋

ᠬᠥᠷᠥᠩᠭᠡ ᠨᠢ 3 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠠᠴᠠ ᠳᠤᠤᠷ᠎ᠠ ᠥᠬᠡᠶ ᠭᠠᠳᠠᠭᠠᠳᠤ ᠪᠠᠯᠠ ᠶᠢᠨ

ᠺᠣᠮᠫᠠᠨᠢ ᠳᠤ ᠨᠡᠭᠦᠷᠡᠰᠦᠨ ᠳᠠᠪᠬᠤᠷᠭ᠎ᠠ ᠶᠢᠨ ᠬᠡᠶ ᠶᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠠᠵᠢᠯ ᠬᠢᠬᠦ ᠳᠤ ᠠᠮᠤᠷ

ᠲᠦᠪᠰᠢᠨ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠢᠷᠢ ᠬᠡᠮ ᠤᠨ ᠱᠠᠭᠠᠷᠳᠠᠯᠭ᠎ᠠ ᠪᠠ ᠲᠣᠭᠲᠠᠭᠠᠯ ᠳᠤ

ᠨᠡᠶᠢᠴᠡᠭᠰᠡᠨ ᠪᠠᠶᠢᠬᠤ ᠶᠢᠨ ᠬᠠᠮᠲᠤ᠂ ᠵᠣᠬᠢᠬᠤ ᠨᠡᠭᠦᠷᠡᠰᠦᠨ ᠳᠠᠪᠬᠤᠷᠭ᠎ᠠ ᠶᠢᠨ ᠬᠡᠶ ᠶᠢ ᠬᠠᠶᠢᠨ ᠪᠠᠶᠢᠴᠠᠭᠠᠵᠤ ᠨᠡᠭᠡᠭᠡᠨ

ᠮᠠᠯᠲᠠᠬᠤ ᠮᠡᠷᠭᠡᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠶ᠃

       ︵ᠠᠷᠪᠠᠨ ᠨᠢᠭᠡ︶ ᠠᠭᠤᠷᠬᠠᠶ ᠬᠠᠶᠢᠬᠤ ᠡᠷᠬᠡᠲᠦ ᠬᠥᠮᠦᠨ ᠨᠢ ᠨᠡᠭᠦᠷᠡᠰᠦᠨ ᠳᠠᠪᠬᠤᠷᠭ᠎ᠠ ᠶᠢᠨ ᠬᠡᠢ ᠶᠢᠨ

ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠬᠠᠩᠭᠠᠵᠤ ᠪᠣᠯᠬᠤ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ

ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠭᠰᠡᠨ ᠤ ᠳᠠᠷᠠᠭ᠎ᠠ

ᠳᠠᠷᠤᠶ ᠨᠡᠭᠡᠭᠡᠨ ᠮᠠᠯᠲᠠᠵᠤ ᠪᠣᠯᠤᠨ᠎ᠠ᠂ ᠨᠡᠭᠡᠭᠡᠨ ᠮᠠᠯᠲᠠᠭᠰᠠᠨ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠠᠭᠤᠷᠬᠠᠶ

ᠬᠠᠶᠢᠬᠤ ᠡᠷᠬᠡᠲᠦ ᠬᠥᠮᠦᠨ ᠨᠢ 5 ᠵᠢᠯ ᠤᠨ ᠳᠣᠲᠣᠷ᠎ᠠ ᠠᠭᠤᠷᠬᠠᠶ ᠮᠠᠯᠲᠠᠬᠤ ᠡᠷᠬᠡ ᠶᠢ ᠬᠢᠮᠳᠠ ᠪᠠᠷ ᠬᠤᠳᠠᠯᠳᠤᠬᠤ

ᠭᠡᠷ᠎ᠡ ᠲᠣᠭᠲᠠᠵᠤ᠂ ᠠᠭᠤᠷᠬᠠᠶ ᠮᠠᠯᠲᠠᠬᠤ ᠡᠷᠬᠡ ᠶᠢᠨ ᠳᠠᠩᠰᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃

ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠨᠡᠭᠦᠷᠡᠰᠦᠨ ᠳᠠᠪᠬᠤᠷᠭ᠎ᠠ ᠶᠢᠨ ᠬᠡᠢ ᠶᠢᠨ

ᠠᠭᠤᠷᠬᠠᠶ ᠶᠢᠨ ᠲᠥᠷᠥᠯ ᠢᠶᠠᠷ ᠨᠡᠮᠡᠵᠦ ᠵᠢᠭᠰᠠᠭᠠᠭᠰᠠᠨ ᠪᠠᠶᠢᠪᠠᠯ᠂ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ

ᠳᠠᠩᠰᠠᠯᠠᠨ ᠲᠡᠮᠳᠡᠭᠯᠡᠬᠦ ᠶᠢ ᠬᠤᠪᠢᠷᠠᠭᠤᠯᠬᠤ ᠭᠠᠷᠳᠠᠮ ᠭᠦᠢᠴᠡᠳᠬᠡᠬᠦ ᠴᠢᠬᠤᠯᠠᠲᠠᠶ ᠪᠣᠯ ᠵᠥᠪᠰᠢᠶᠡᠷᠡᠨ ᠣᠷᠣᠭᠤᠯᠬᠤ

ᠪᠡᠯᠡ ᠮᠥᠩᠭᠦ ᠶᠢᠨ ᠬᠤᠷᠢᠭ᠎ᠠ ᠳᠤ ᠬᠢᠵᠠᠭᠠᠷᠯᠠᠭᠳᠠᠬᠤ ᠦᠭᠡᠶ᠃

       ᠵᠢᠷᠭᠤᠭ᠎ᠠ᠂ ᠠᠭᠤᠷᠬᠠᠶ ᠬᠠᠶᠢᠬᠤ ᠡᠷᠬᠡ ᠶᠢᠨ ᠬᠤᠭᠤᠴᠠᠭ᠎ᠠ ᠶᠢ ᠲᠣᠬᠢᠷᠠᠭᠤᠯᠪᠠ

       ︵ᠠᠷᠪᠠᠨ ᠬᠤᠶᠠᠷ︶ ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠬᠤ ᠠᠵᠢᠯ ᠤᠨ ᠮᠡᠷᠭᠡᠵᠢᠯ ᠤᠨ

ᠵᠢᠮ᠎ᠡ ᠶᠣᠰᠣ ᠶᠢ ᠦᠨᠳᠦᠰᠦᠯᠡᠨ᠂ ᠬᠢᠮᠳᠠ ᠪᠠᠷ ᠬᠤᠳᠠᠯᠳᠤᠬᠤ ᠠᠷᠭ᠎ᠠ ᠮᠠᠶ᠋ᠢᠭ ᠢᠶᠠᠷ ᠪᠠᠶᠢᠭᠤᠯᠤᠭᠰᠠᠨ ᠠᠭᠤᠷᠬᠠᠶ

ᠬᠠᠶᠢᠬᠤ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠬᠤᠭᠤᠴᠠᠭ᠎ᠠ ᠶᠢ 5 ᠵᠢᠯ ᠪᠣᠯᠲᠠᠯ᠎ᠠ ᠤᠷᠲᠤᠳᠬᠠᠵᠤ᠂

ᠤᠳᠠᠭ᠎ᠠ ᠪᠦᠷᠢ ᠶᠢᠨ ᠦᠷᠭᠦᠯᠵᠢᠯᠡᠭᠦᠯᠬᠦ ᠬᠤᠭᠤᠴᠠᠭ᠎ᠠ ᠶᠢ 5 ᠵᠢᠯ ᠪᠣᠯᠭᠠᠨ᠎ᠠ᠃ ᠠᠭᠤᠷᠬᠠᠶ ᠬᠠᠶᠢᠬᠤ ᠡᠷᠬᠡ ᠶᠢ

ᠦᠷᠭᠦᠯᠵᠢᠯᠡᠭᠦᠯᠬᠦ ᠪᠠᠷ ᠭᠤᠶᠤᠴᠢᠯᠠᠨ ᠳᠠᠩᠰᠠᠯᠠᠭᠤᠯᠬᠤ ᠳᠤ ᠪᠠᠨ ᠠᠩᠬ᠎ᠠ ᠪᠠᠶᠢᠭᠤᠯᠤᠭᠰᠠᠨ ᠬᠠᠶᠢᠨ ᠪᠠᠶᠢᠴᠠᠭᠠᠬᠤ

ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶᠢᠯᠠᠭᠰᠠᠨ ᠲᠠᠯᠠᠪᠠᠶ ᠶᠢᠨ 25 % ︵ᠰᠢᠲᠠᠮᠠᠬᠠᠶ ᠬᠡᠶ ᠪᠤᠰᠤ ᠵᠦᠢᠯ ᠢ

ᠨᠢᠭᠡᠨᠲᠡ ᠬᠢᠨᠠᠨ ᠲᠣᠭᠲᠠᠭᠠᠵᠤ ᠳᠠᠩᠰᠠᠯᠠᠭᠤᠯᠤᠭᠰᠠᠨ ᠡᠬᠢ ᠪᠠᠶᠠᠯᠢᠭ ᠤᠨ ᠬᠡᠮᠵᠢᠶ᠎ᠡ ᠶᠢᠨ ᠬᠡᠪᠴᠢᠶ᠎ᠡ ᠶᠢ ᠬᠠᠰᠤᠵᠤ᠂

ᠠᠭᠤᠷᠬᠠᠶ ᠮᠠᠯᠲᠠᠬᠤ ᠡᠷᠬᠡ ᠶᠢᠨ ᠡᠭᠴᠡ ᠲᠤᠰᠬᠠᠯᠲᠠ ᠬᠢᠬᠦ ᠬᠡᠪᠴᠢᠶ᠎ᠡ ᠶᠢᠨ ᠭᠦᠨ ᠬᠡᠰᠡᠭ ᠪᠤᠶᠤ ᠳᠡᠭᠡᠳᠦ ᠬᠡᠰᠡᠭ ᠤᠨ

ᠠᠭᠤᠷᠬᠠᠶ ᠬᠠᠶᠢᠬᠤ ᠡᠷᠬᠡ ᠪᠠᠭᠲᠠᠬᠤ ᠥᠬᠡᠶ︶᠃ ᠬᠠᠶᠢᠨ ᠪᠠᠶᠢᠴᠠᠭᠠᠬᠤ ᠬᠡᠪᠴᠢᠶ᠎ᠡ ᠶᠢ ᠥᠷᠭᠡᠳᠬᠡᠭᠰᠡᠨ ᠠᠭᠤᠷᠬᠠᠶ

ᠬᠠᠶᠢᠬᠤ ᠡᠷᠬᠡ ᠶᠢ ᠨᠡᠶᠢᠯᠡᠭᠦᠯᠵᠦ᠂ ᠳᠠᠩᠰᠠᠯᠠᠭᠤᠯᠤᠭᠰᠠᠨ ᠤ ᠳᠠᠷᠠᠭᠠᠬᠢ ᠬᠡᠪᠴᠢᠶ᠎ᠡ ᠶᠢ ᠨᠢ ᠦᠷᠭᠦᠯᠵᠢᠯᠡᠭᠦᠯᠬᠦ

ᠦᠶ᠎ᠡ ᠶᠢᠨ ᠪᠠᠭᠠᠰᠬᠠᠬᠤ ᠠᠩᠬ᠎ᠠ ᠪᠠᠶᠢᠭᠤᠯᠬᠤ ᠲᠠᠯᠠᠪᠠᠶ ᠪᠣᠯᠭᠠᠨ᠎ᠠ᠃

       ᠲᠤᠰ ᠰᠠᠨᠠᠯ ᠢ ᠪᠠᠭᠤᠯᠭᠠᠬᠤ ᠠᠴᠠ ᠡᠮᠦᠨ᠎ᠡ ᠪᠠᠶᠢᠭ᠎ᠠ ᠠᠭᠤᠷᠬᠠᠶ ᠬᠠᠶᠢᠬᠤ ᠡᠷᠬᠡ ᠶᠢᠨ ᠬᠤᠭᠤᠴᠠᠭ᠎ᠠ ᠨᠢ

ᠲᠤᠯᠤᠭᠠᠳ ᠦᠷᠭᠦᠯᠵᠢᠯᠡᠭᠦᠯᠬᠦ ᠳᠤ ᠬᠢᠮᠳᠠ ᠪᠠᠷ ᠬᠤᠳᠠᠯᠳᠤᠬᠤ ᠭᠡᠷ᠎ᠡ ᠲᠣᠭᠲᠠᠵᠤ᠂ ᠦᠨᠡᠮᠯᠡᠯ ᠳᠤ ᠲᠡᠮᠳᠡᠭᠯᠡᠭᠰᠡᠨ

ᠲᠠᠯᠠᠪᠠᠶ ᠶᠢ ᠠᠩᠬ᠎ᠠ ᠪᠠᠶᠢᠭᠤᠯᠤᠭᠰᠠᠨ ᠲᠠᠯᠠᠪᠠᠶ ᠪᠠᠷ ᠦᠵᠡᠵᠦ᠂ ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ

ᠬᠡᠷᠡᠭᠵᠢᠭᠦᠯᠬᠦ ᠬᠡᠷᠡᠭᠲᠡᠶ᠃

       ᠠᠭᠤᠷᠬᠠᠶ ᠬᠠᠶᠢᠬᠤ ᠡᠷᠬᠡ ᠶᠢ ᠬᠢᠮᠳᠠ ᠪᠠᠷ ᠬᠤᠳᠠᠯᠳᠤᠬᠤ ᠭᠡᠷ᠎ᠡ ᠳᠤ ᠪᠣᠯᠵᠣᠨ ᠲᠣᠭᠲᠠᠭᠰᠠᠨ ᠪᠠᠶᠢᠪᠠᠯ

ᠭᠡᠷ᠎ᠡ ᠶᠢᠨ ᠶᠣᠰᠣᠭᠠᠷ ᠬᠡᠷᠡᠭᠵᠢᠭᠦᠯᠦᠨ᠎ᠡ᠃

       ᠳᠣᠯᠤᠭ᠎ᠠ᠂ ᠡᠳ᠋ ᠤᠨ ᠵᠠᠰᠠᠭ ᠠᠴᠠ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ

ᠠᠵᠢᠯ ᠢ ᠵᠢᠷᠤᠮᠵᠢᠭᠤᠯᠪᠠ

       ︵ᠠᠷᠪᠠᠨ ᠭᠤᠷᠪᠠ︶ ᠲᠥᠪ ᠤᠨ ᠪᠤᠶᠤ ᠣᠷᠣᠨ ᠨᠤᠲᠤᠭ ᠤᠨ ᠡᠳ᠋ ᠤᠨ ᠵᠠᠰᠠᠭ ᠠᠴᠠ ᠪᠦᠬᠦ ᠲᠤᠭ᠎ᠠ ᠪᠠᠷ

ᠪᠡᠯᠡ ᠭᠠᠷᠭᠠᠭᠰᠠᠨ ᠬᠠᠶᠢᠨ ᠪᠠᠶᠢᠴᠠᠭᠠᠬᠤ ᠲᠥᠷᠥᠯ ᠵᠦᠢᠯ ᠳᠤ ᠠᠭᠤᠷᠬᠠᠶ ᠬᠠᠶᠢᠬᠤ ᠡᠷᠬᠡ ᠲᠣᠬᠢᠷᠠᠭᠤᠯᠬᠤ ᠦᠭᠡᠶ᠂

ᠲᠥᠷᠥᠯ ᠵᠦᠢᠯ ᠤᠨ ᠡᠭᠦᠷᠭᠡ ᠶᠢᠨ ᠪᠢᠴᠢᠭ ᠢᠶᠠᠷ ᠢᠶᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ

ᠥᠷᠨᠢᠭᠦᠯᠦᠨ᠎ᠡ᠃ ᠲᠤᠰ ᠮᠡᠳᠡᠭᠳᠡᠯ ᠢ ᠳᠠᠷᠤᠮᠠᠯᠯᠠᠨ ᠶᠠᠪᠤᠭᠤᠯᠬᠤ ᠠᠴᠠ ᠡᠮᠦᠨ᠎ᠡ ᠨᠢᠭᠡᠨᠲᠡ ᠡᠳ᠋ ᠤᠨ ᠵᠠᠰᠠᠭ ᠠᠴᠠ

ᠪᠡᠯᠡ ᠭᠠᠷᠭᠠᠨ ᠠᠭᠤᠷᠬᠠᠶ ᠬᠠᠶᠢᠬᠤ ᠡᠷᠬᠡ ᠲᠣᠭᠲᠠᠭᠠᠭᠰᠠᠨ ᠬᠤᠭᠤᠴᠠᠭ᠎ᠠ ᠨᠢ ᠲᠤᠯᠪᠠᠯ ᠠᠭᠤᠷᠬᠠᠶ ᠬᠠᠶᠢᠬᠤ

ᠡᠷᠬᠡ ᠪᠠᠨ ᠦᠷᠭᠦᠯᠵᠢᠯᠡᠭᠦᠯᠬᠦ ᠶᠢ ᠦᠷᠭᠦᠯᠵᠢᠯᠡᠨ ᠭᠦᠢᠴᠡᠳᠬᠡᠵᠦ ᠪᠣᠯᠤᠨ᠎ᠠ᠂ ᠲᠣᠭᠲᠠᠭᠠᠭᠰᠠᠨ ᠬᠠᠶᠢᠨ ᠪᠠᠶᠢᠴᠠᠭᠠᠬᠤ

ᠠᠵᠢᠯ ᠢᠶᠠᠨ ᠪᠡᠶᠡᠯᠡᠭᠦᠯᠵᠦ ᠭᠠᠵᠠᠷ ᠰᠢᠨᠵᠢᠯᠡᠭᠡᠨ ᠤ ᠮᠠᠲ᠋ᠧᠷᠢᠶᠠᠯ ᠢᠶᠠᠨ ᠬᠠᠤᠯᠢ ᠶᠣᠰᠣᠭᠠᠷ ᠬᠤᠷᠢᠶᠠᠩᠭᠤᠶᠢᠯᠠᠨ

ᠲᠤᠰᠢᠶᠠᠭᠰᠠᠨ ᠤ ᠳᠠᠷᠠᠭ᠎ᠠ᠂ ᠠᠭᠤᠷᠬᠠᠶ ᠬᠠᠶᠢᠬᠤ ᠡᠷᠬᠡ ᠪᠠᠨ ᠬᠦᠴᠦᠨ ᠦᠭᠡᠶ ᠪᠣᠯᠭᠠᠨ᠎ᠠ᠃ ᠪᠤᠶ ᠪᠣᠯᠤᠭᠰᠠᠨ

ᠠᠭᠤᠷᠬᠠᠶ ᠶᠢᠨ ᠭᠠᠷᠤᠯᠲᠠ ᠶᠢᠨ ᠭᠠᠵᠠᠷ ᠢ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ

ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠵᠤ᠂ ᠬᠡᠷᠡᠭᠴᠡᠭᠡ ᠶᠣᠰᠣᠭᠠᠷ ᠴᠠᠭ ᠲᠤ ᠨᠢ

ᠲᠣᠬᠢᠷᠠᠭᠤᠯᠤᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠭᠤᠯᠤᠨ ᠠᠭᠤᠷᠬᠠᠶ ᠶᠢᠨ

ᠦᠢᠯᠡᠰ ᠤᠨ ᠡᠷᠬᠡ ᠶᠢ ᠢᠯᠡ ᠪᠠᠷ ᠥᠷᠢᠰᠥᠯᠳᠦᠭᠦᠯᠦᠨ ᠬᠢᠮᠳᠠ ᠪᠠᠷ ᠬᠤᠳᠠᠯᠳᠤᠬᠤ ᠬᠡᠷᠡᠭᠲᠡᠶ᠃

       ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ

ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃ ᠲᠤᠰ ᠰᠠᠨᠠᠯ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠳᠠᠷᠤᠮᠠᠯᠯᠠᠨ

ᠶᠠᠪᠤᠭᠤᠯᠤᠭᠰᠠᠨ ᠪᠢᠴᠢᠭ ᠮᠠᠲ᠋ᠧᠷᠢᠶᠠᠯ ᠨᠢ ᠲᠤᠰ ᠰᠠᠨᠠᠯ ᠯᠤᠭ᠎ᠠ ᠨᠢᠭᠡᠳᠦᠯ ᠥᠬᠡᠶ ᠪᠠᠶᠢᠪᠠᠯ᠂ ᠲᠤᠰ ᠰᠠᠨᠠᠯ ᠤᠨ

ᠶᠣᠰᠣᠭᠠᠷ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠲᠠ ᠲᠤᠰ ᠰᠠᠨᠠᠯ ᠢ ᠦᠨᠳᠦᠰᠦᠯᠡᠨ ᠲᠤᠰ ᠭᠠᠵᠠᠷ ᠣᠷᠣᠨ ᠤ ᠪᠠᠨ

ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠥᠰᠦᠯ ᠢᠶᠠᠨ

ᠲᠣᠭᠲᠠᠭᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ

ᠵᠦᠢᠯ ᠤᠳ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂

ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠴᠠᠭ ᠲᠤᠬᠠᠶ ᠳᠤ ᠨᠢ ᠮᠡᠳᠡᠭᠦᠯᠬᠦ

ᠬᠡᠷᠡᠭᠲᠡᠶ᠃

                   2020 ᠣᠨ ᠤ 12 ᠳ᠋ᠤᠭᠠᠷ ᠰᠠᠷ᠎ᠠ ᠶᠢᠨ 29 ᠤ ᠡᠳᠦᠷ

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号