︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠠᠩᠰᠠᠯᠠᠨ ᠬᠠᠮᠢᠶᠠᠷᠬᠤ ᠲᠣᠭᠲᠠᠭᠠᠯ︾ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠳᠠᠩᠰᠠᠯᠠᠨ ᠬᠠᠮᠢᠶᠠᠷᠬᠤ ᠲᠣᠭᠲᠠᠭᠠᠯ︾ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/17
               ᠥᠪᠥᠷ ᠪᠠᠶᠢᠭᠠᠯᠢ ᠶᠢᠨ ᠡᠬᠢ ᠪᠠᠶᠠᠯᠢᠭ ᠤᠨ ᠲᠣᠭᠲᠠᠭᠠᠯ ﹇2020﹈ 4 ᠳ᠋ᠦ᠋ᠭᠡᠷ ᠲᠣᠭᠠᠲᠤᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠢᠩᠬᠢᠮ ᠳᠤ ᠬᠠᠷᠢᠶ᠎ᠠ ᠬᠤᠯᠪᠣᠭᠳᠠᠯ ᠪᠥᠬᠦᠶ ᠨᠢᠭᠡᠴᠢ ᠳᠤ᠄        ᠤᠯᠤᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠮᠠᠨ ᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠲᠢᠩᠬᠢᠮ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︵ᠲᠤᠷᠰᠢᠨ ᠬᠡᠷᠡᠭᠵᠢᠭᠦᠯᠬᠦ︶ ᠢ ᠲᠣᠭᠲᠠᠭᠠᠵᠤ᠂ ᠡᠳᠦᠭᠡ ᠳᠠᠷᠤᠮᠠᠯᠯᠠᠨ ᠶᠠᠪᠤᠭᠤᠯᠵᠤ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠤᠴᠢᠷ ᠢ ᠬᠠᠮᠲᠤ ᠳᠤ ᠨᠢ ᠳᠤᠤᠷᠠᠬᠢ ᠮᠡᠲᠦ ᠮᠡᠳᠡᠭᠳᠡᠶ᠎ᠡ᠄        ᠨᠢᠭᠡ᠂ ᠥᠪᠡᠷᠲᠡᠭᠡᠨ ᠵᠠᠰᠠᠬᠤ ᠣᠷᠣᠨ ᠤ ᠳᠠᠩᠰᠠᠯᠠᠭᠤᠯᠬᠤ ᠡᠷᠬᠡ ᠮᠡᠳᠡᠯ ᠲᠠᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠳᠠᠩᠰᠠᠯᠠᠯ ᠳᠤ ᠴᠢᠭ ᠪᠠᠶᠢᠷᠢᠯᠠᠭᠤᠯᠤᠨ ᠬᠦᠯᠢᠶᠡᠨ ᠠᠪᠴᠤ ᠬᠢᠨᠠᠨ ᠪᠠᠶᠢᠴᠠᠭᠠᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠠᠩᠰᠠᠯᠠᠨ ᠲᠡᠮᠳᠡᠭᠯᠡᠬᠦ ᠡᠷᠬᠡ ᠮᠡᠳᠡᠯ ᠤᠨ ᠠᠭᠤᠷᠬᠠᠶ ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠶᠢ ᠦᠷᠭᠦᠯᠵᠢᠯᠡᠭᠦᠯᠬᠦ᠂ ᠬᠤᠪᠢᠶᠠᠷᠢᠯᠠᠨ ᠲᠣᠭᠲᠠᠭᠠᠭᠰᠠᠨ ᠠᠭᠤᠷᠬᠠᠶ ᠶᠢᠨ ᠣᠷᠣᠨ ᠤ ᠬᠡᠪᠴᠢᠶᠡᠨ ᠤ ᠤᠷᠢᠳᠴᠢᠯᠠᠨ ᠦᠯᠡᠳᠡᠭᠡᠬᠦ ᠬᠤᠭᠤᠴᠠᠭ᠎ᠠ ᠶᠢ ᠦᠷᠭᠦᠯᠵᠢᠯᠡᠭᠦᠯᠬᠦ ᠶᠢ ᠦᠷᠭᠦᠯᠵᠢᠯᠡᠨ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠰᠢᠭᠤᠳ ᠭᠦᠢᠴᠡᠳᠬᠡᠯᠭᠡᠨ᠎ᠡ᠃        ᠬᠤᠶᠠᠷ᠂ ᠰᠢᠲᠠᠮᠠᠬᠠᠶ ᠬᠡᠶ ᠶᠢᠨ ᠪᠤᠰᠤ ᠠᠭᠤᠷᠬᠠᠶ ᠶᠢᠨ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠳᠠᠩᠰᠠᠯᠠᠯ ᠢ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︵ᠳᠠᠭᠠᠯᠳᠤᠭᠤᠯᠤᠯ 1᠂ 2 ᠲᠤ ᠦᠵᠡ︶ ᠤᠨ ᠶᠣᠰᠣᠭᠠᠷ ᠬᠡᠷᠡᠭᠵᠢᠭᠦᠯᠵᠦ᠂ ᠨᠡᠭᠦᠷᠡᠰᠦᠨ ᠳᠠᠪᠬᠤᠷᠭ᠎ᠠ ᠶᠢᠨ ᠬᠡᠶ ᠶᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃        ᠭᠤᠷᠪᠠ᠂ ᠥᠪᠡᠷᠲᠡᠭᠡᠨ ᠵᠠᠰᠠᠬᠤ ᠣᠷᠣᠨ ᠬᠢᠭᠡᠳ ᠲᠡᠭᠦᠨ ᠠᠴᠠ ᠳᠣᠷᠣᠭᠰᠢᠬᠢ ᠳᠠᠩᠰᠠᠯᠠᠭᠤᠯᠬᠤ ᠡᠷᠬᠡ ᠮᠡᠳᠡᠯ ᠲᠠᠢ ᠰᠢᠲᠠᠮᠠᠬᠠᠶ ᠬᠡᠢ ᠶᠢᠨ ᠪᠤᠰᠤ ᠠᠭᠤᠷᠬᠠᠶ ᠶᠢᠨ ᠡᠷᠬᠡ ᠶᠢ ᠭᠤᠶᠤᠴᠢᠯᠠᠭᠰᠠᠨ ᠮᠠᠲ᠋ᠧᠷᠢᠶᠠᠯ ᠢ ᠲᠤᠰ ᠮᠡᠳᠡᠭᠳᠡᠯ ᠤᠨ ᠳᠠᠭᠠᠯᠳᠤᠭᠤᠯᠤᠯ ︵ᠳᠠᠭᠠᠯᠳᠤᠭᠤᠯᠤᠯ 3᠂ ᠳᠠᠭᠠᠯᠳᠤᠭᠤᠯᠤᠯ 4︶ ᠶᠣᠰᠣᠭᠠᠷ ᠬᠡᠷᠡᠭᠵᠢᠭᠦᠯᠵᠦ᠂ ᠨᠡᠭᠦᠷᠡᠰᠦᠨ ᠳᠠᠪᠬᠤᠷᠭ᠎ᠠ ᠶᠢᠨ ᠬᠡᠢ ᠶᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠭᠤᠶᠤᠴᠢᠯᠠᠭᠰᠠᠨ ᠮᠠᠲ᠋ᠧᠷᠢᠶᠠᠯ ᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠰᠢᠷᠣᠶ ᠶᠢᠨ ᠲᠥᠷᠥᠯ ᠢ ᠵᠣᠬᠢᠰᠲᠠᠶ ᠪᠠᠷ ᠳᠥᠭᠦᠮᠴᠢᠯᠡᠵᠦ ᠪᠣᠯᠤᠨ᠎ᠠ᠃        ᠳᠥᠷᠪᠡ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠨᠢ ᠠᠭᠤᠷᠬᠠᠶ ᠶᠢᠨ ᠦᠢᠯᠡᠰ ᠤᠨ ᠡᠷᠬᠡ ᠶᠢ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠬᠤ ᠳᠤ ᠪᠠᠨ ᠳᠠᠩᠰᠠᠯᠠᠨ ᠲᠡᠮᠳᠡᠭᠯᠡᠬᠦ ᠠᠵᠢᠯ ᠢ ᠰᠠᠶᠢᠲᠤᠷ ᠬᠢᠵᠦ᠂ ᠠᠵᠢᠯ ᠤᠨ ᠡᠬᠡ ᠳᠠᠩᠰᠠ ᠪᠠᠶᠢᠭᠤᠯᠬᠤ ᠬᠡᠷᠡᠭᠲᠡᠶ᠃ ᠬᠦᠯᠢᠶᠡᠨ ᠠᠪᠴᠤ ᠰᠢᠢᠳᠪᠦᠷᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ᠂ ᠬᠦᠯᠢᠶᠡᠨ ᠠᠪᠴᠤ ᠰᠢᠢᠳᠪᠦᠷᠢᠯᠡᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠦᠯᠦ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ ᠥᠭᠬᠦ ᠬᠡᠷᠡᠭᠲᠡᠢ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠶᠢ ᠪᠢᠴᠢᠭ ᠤᠨ ᠬᠡᠯᠪᠡᠷᠢ ᠪᠠᠷ ᠲᠤᠬᠠᠢ ᠶᠢᠨ ᠲᠠᠯᠠᠪᠤᠷ ᠲᠤ ᠪᠤᠶᠤ ᠲᠠᠪᠤᠨ ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠢ᠃        ᠲᠠᠪᠤ᠂ ᠭᠤᠶᠤᠴᠢᠯᠠᠭᠴᠢ ᠨᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠡᠩᠰᠡᠯᠡᠨ ᠲᠡᠮᠳᠡᠭᠯᠡᠬᠦ ᠭᠠᠷᠳᠠᠮ ᠪᠠ ᠦᠢᠯᠡᠴᠢᠯᠡᠭᠡᠨ ᠤ ᠲᠥᠷᠥᠯ ᠤᠨ ᠵᠦᠢᠯᠡᠰ ᠢ ᠭᠦᠢᠴᠡᠳᠬᠡᠬᠦ ᠳᠤ ᠪᠠᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠭᠠᠷᠭᠠᠵᠤ᠂ ᠬᠠᠷᠭᠤᠭᠤᠯᠤᠭᠠᠳ ᠲᠠᠰᠢᠶ᠎ᠠ ᠥᠬᠡᠶ ᠪᠣᠯ ᠪᠠᠭᠤᠯᠭᠠᠪᠤᠷᠢ ᠶᠢ ᠨᠢ ᠦᠯᠡᠳᠡᠭᠡᠨ ᠬᠠᠳᠠᠭᠠᠯᠠᠬᠤ ᠬᠡᠷᠡᠭᠲᠡᠶ᠃ ᠪᠤᠰᠤᠳ ᠲᠤ ᠨᠠᠶᠢᠳᠠᠨ ᠭᠦᠢᠴᠡᠳᠬᠡᠯᠭᠡᠬᠦ ᠳᠤ᠂ ᠨᠠᠶᠢᠳᠠᠯᠭ᠎ᠠ ᠬᠦᠯᠢᠶᠡᠭᠴᠢ ᠠᠴᠠ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠢᠴᠢᠭᠯᠡᠭᠰᠡᠨ ᠨᠠᠶᠢᠳᠠᠯᠭ᠎ᠠ ᠶᠢᠨ ᠪᠢᠴᠢᠭ ᠤᠨ ᠤᠭ ᠮᠠᠲ᠋ᠧᠷᠢᠶᠠᠯ ᠪᠠ ᠲᠤᠰ ᠬᠥᠮᠦᠨ ᠤ ᠪᠡᠶ᠎ᠡ ᠶᠢᠨ ᠦᠨᠡᠮᠯᠡᠯ ᠢ ᠭᠠᠷᠭᠠᠨ ᠥᠭᠴᠦ᠂ ᠤᠭ ᠮᠠᠲ᠋ᠧᠷᠢᠶᠠᠯ ᠲᠠᠢ ᠨᠢ ᠬᠠᠷᠭᠤᠭᠤᠯᠤᠭᠠᠳ ᠲᠠᠰᠢᠶ᠎ᠠ ᠦᠭᠡᠶ ᠪᠣᠯᠤᠭᠰᠠᠨ ᠤ ᠳᠠᠷᠠᠭ᠎ᠠ᠂ ᠨᠠᠶᠢᠳᠠᠯᠭ᠎ᠠ ᠶᠢᠨ ᠪᠢᠴᠢᠭ ᠤᠨ ᠤᠭ ᠮᠠᠲ᠋ᠧᠷᠢᠶᠠᠯ ᠪᠠ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠶᠢ ᠦᠯᠡᠳᠡᠭᠡᠨ ᠬᠠᠳᠠᠭᠠᠯᠠᠬᠤ ᠬᠡᠷᠡᠭᠲᠡᠶ︔ ᠠᠵᠤ ᠠᠬᠤᠶᠢᠯᠠᠯ ᠪᠤᠶᠤ ᠠᠵᠢᠯ ᠦᠢᠯᠡᠰ ᠤᠨ ᠨᠢᠭᠡᠴᠢ ᠶᠢᠨ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠠᠴᠠ ᠲᠤᠬᠠᠶ ᠶᠢᠨ ᠲᠠᠯᠠᠪᠤᠷ ᠲᠤ ᠮᠡᠳᠡᠭᠡ ᠵᠠᠩᠭᠢ ᠶᠢ ᠪᠠᠶᠢᠴᠠᠭᠠᠨ ᠰᠢᠯᠭᠠᠨ᠎ᠠ᠃        ᠵᠢᠷᠭᠤᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠪᠠᠶᠢᠴᠠᠭᠠᠨ ᠪᠢᠲᠡᠭᠦᠮᠵᠢᠯᠡᠭᠰᠡᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠣᠯᠤᠭᠰᠠᠨ ᠤ ᠳᠠᠷᠠᠭ᠎ᠠ᠂ ᠡᠯᠧᠺᠲᠷᠣᠨ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠰᠢᠰᠲ᠋ᠧᠮ ᠳᠤ ᠪᠠᠶᠢᠴᠠᠭᠠᠨ ᠪᠢᠲᠡᠭᠦᠮᠵᠢᠯᠡᠭᠰᠡᠨ ᠮᠡᠳᠡᠭᠡ ᠵᠠᠩᠭᠢ ᠶᠢ ᠪᠢᠴᠢᠵᠦ ᠣᠷᠣᠭᠤᠯᠤᠨ᠂ ᠬᠠᠮᠵᠢᠯᠴᠠᠨ ᠭᠦᠢᠴᠡᠳᠬᠡᠬᠦ ᠡᠬᠡ ᠲᠠᠩᠰᠠ ᠪᠠᠶᠢᠭᠤᠯᠬᠤ ᠶᠢᠨ ᠬᠠᠮᠲᠤ᠂ ᠪᠠᠶᠢᠴᠠᠭᠠᠨ ᠪᠢᠲᠡᠭᠦᠮᠵᠢᠯᠡᠭᠰᠡᠨ ᠬᠡᠷᠡᠭ ᠶᠠᠪᠤᠳᠠᠯ ᠢ ᠳᠠᠩᠰᠠᠯᠠᠬᠤ ᠪᠠᠶᠢᠭᠤᠯᠭ᠎ᠠ ᠶᠢᠨ ᠰᠦᠯᠵᠢᠶᠡᠨ ᠳᠡᠭᠡᠷ᠎ᠡ ᠢᠯᠡ ᠪᠣᠯᠭᠠᠵᠤ᠂ ᠨᠡᠶᠢᠭᠡᠮ ᠨᠡᠶᠢᠲᠡ ᠶᠢᠨ ᠢᠯᠡ ᠪᠠᠷ ᠪᠠᠶᠢᠴᠠᠭᠠᠨ ᠯᠠᠪᠯᠠᠬᠤ ᠳᠤ ᠲᠥᠬᠦᠮ ᠪᠣᠯᠭᠠᠨ᠎ᠠ᠃ ᠬᠠᠪᠰᠤᠷᠤᠨ ᠭᠦᠢᠴᠡᠳᠬᠡᠬᠦ ᠶᠢᠨ ᠠᠷᠭ᠎ᠠ ᠦᠭᠡᠢ ᠪᠠᠶᠢᠪᠠᠯ᠂ ᠭᠦᠢᠴᠡᠳᠬᠡᠬᠦ ᠲᠤᠬᠠᠶ ᠣᠨᠳᠣᠣ ᠰᠠᠨᠠᠯ ᠲᠠᠢ ᠪᠠᠶᠢᠪᠠᠯ᠂ ᠭᠦᠢᠴᠡᠳᠬᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠳᠠᠩᠰᠠᠯᠠᠬᠤ ᠡᠷᠬᠡ ᠮᠡᠳᠡᠯ ᠲᠠᠢ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠵᠢᠯᠴᠠᠨ ᠭᠦᠢᠴᠡᠳᠬᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠣᠮᠢᠯᠠᠨ ᠰᠠᠭᠤᠭ᠎ᠠ ᠦᠢᠯᠡᠴᠢᠯᠡᠭᠡᠨ ᠤ ᠴᠣᠩᠬᠤᠪᠴᠢ ᠳᠤ ᠭᠦᠢᠴᠡᠳᠬᠡᠨ᠎ᠡ᠃        ᠳᠣᠯᠤᠭ᠎ᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠬᠢᠨᠠᠨ ᠵᠥᠪᠰᠢᠶᠡᠷᠡᠵᠦ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠪᠠᠶᠢᠭᠤᠯᠭ᠎ᠠ ᠨᠢ ᠠᠭᠤᠷᠬᠠᠶ ᠶᠢᠨ ᠦᠢᠯᠡᠰ ᠤᠨ ᠡᠷᠬᠡ ᠶᠢᠨ ᠭᠤᠶᠤᠴᠢᠯᠠᠯ ᠢ ᠵᠥᠪᠰᠢᠶᠡᠷᠡᠭᠰᠡᠨ ᠤ ᠳᠠᠷᠠᠭ᠎ᠠ᠂ ᠰᠦᠯᠵᠢᠶᠡᠨ ᠥᠷᠲᠡᠭᠡ ᠳᠤ ᠴᠠᠭ ᠲᠤᠬᠠᠶ ᠳᠤ ᠨᠢ ᠢᠯᠡ ᠪᠣᠯᠭᠠᠬᠤ ᠶᠢᠨ ᠬᠠᠮᠲᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ︽ᠬᠤᠶᠠᠷ ᠢ ᠢᠯᠡ ᠨᠡᠶᠢᠲᠡᠯᠡᠬᠦ︾ ᠱᠠᠭᠠᠷᠳᠠᠯᠭ᠎ᠠ ᠶᠣᠰᠣᠭᠠᠷ᠂ ᠢᠯᠡ ᠪᠣᠯᠭᠠᠭᠰᠠᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠤᠨ ᠦᠯᠡᠳᠡᠭᠰᠡᠨ ᠬᠦᠴᠦᠨ ᠪᠥᠬᠦᠶ ᠬᠤᠭᠤᠴᠠᠭ᠎ᠠ ᠨᠢ ᠭᠤᠷᠪᠠᠨ ᠰᠠᠷ᠎ᠠ ᠬᠥᠷᠬᠦ ᠥᠬᠡᠶ ᠪᠠᠶᠢᠪᠠᠯ᠂ ᠠᠭᠤᠷᠬᠠᠶ ᠶᠢᠨ ᠦᠢᠯᠡᠰ ᠤᠨ ᠡᠷᠬᠡ ᠶᠢ ᠳᠠᠩᠰᠠᠯᠠᠬᠤ ᠪᠠᠶᠢᠭᠤᠯᠭ᠎ᠠ ᠠᠴᠠ ᠲᠣᠰ ᠱᠠᠲᠤᠨ ᠤ ᠪᠤᠶᠤ ᠳᠡᠭᠡᠳᠦ ᠱᠠᠲᠤᠨ ᠤ ᠪᠠᠶᠢᠭᠤᠯᠭ᠎ᠠ ᠶᠢᠨ ᠰᠦᠯᠵᠢᠶᠡᠨ ᠳᠡᠭᠡᠷ᠎ᠡ ᠡᠷᠭᠢᠯᠳᠦᠭᠦᠯᠦᠨ ᠰᠠᠨᠠᠭᠤᠯᠵᠤ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠷᠢᠭᠵᠢᠭᠤᠯᠵᠤ ᠪᠠᠶᠢᠭᠠᠳ ᠣᠯᠠᠨ ᠠᠷᠭ᠎ᠠ ᠵᠠᠮ ᠢᠶᠠᠷ ᠬᠤᠭᠤᠴᠠᠭ᠎ᠠ ᠳᠦᠭᠦᠷᠦᠭᠰᠡᠨ ᠠᠭᠤᠷᠬᠠᠶ ᠶᠢᠨ ᠦᠢᠯᠡᠰ ᠤᠨ ᠡᠷᠬᠡ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠳᠤ ᠣᠨᠣᠪᠴᠢᠲᠠᠶ ᠪᠠᠷ ᠳᠠᠮᠵᠢᠭᠤᠯᠤᠨ ᠬᠦᠷᠭᠡᠵᠦ ᠥᠭᠭᠦᠨ᠎ᠡ᠃        ᠨᠠᠢᠮᠠ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠲᠤᠰ ᠪᠡᠶ᠎ᠡ ᠶᠢᠨ ᠰᠢᠯᠲᠠᠭᠠᠨ ᠠᠴᠠ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠳᠠᠩᠰᠠᠯᠠᠯ ᠬᠢᠯᠭᠡᠬᠦ ᠪᠠᠷ ᠭᠤᠶᠤᠴᠢᠯᠠᠭᠰᠠᠨ ᠦᠭᠡᠶ ᠪᠣᠯ ᠬᠢᠮᠳᠠ ᠪᠠᠷ ᠬᠤᠳᠠᠯᠳᠤᠬᠤ ᠳᠠᠩᠰᠠᠯᠠᠯ ᠢ ᠬᠠᠷᠢᠭᠤᠴᠠᠵᠤ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠭᠤᠷᠬᠠᠶ ᠶᠢᠨ ᠦᠢᠯᠡᠰ ᠤᠨ ᠡᠷᠬᠡ ᠶᠢ ᠨᠢᠭᠡᠨᠲᠡ ᠥᠪᠡᠷ ᠲᠤ ᠪᠠᠨ ᠬᠦᠴᠦᠨ ᠦᠭᠡᠶ ᠪᠣᠯᠭᠠᠬᠤ ᠳᠠᠩᠰᠠᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠶ᠃ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠢᠮᠳᠠ ᠪᠠᠷ ᠬᠤᠳᠠᠯᠳᠤᠬᠤ ᠶᠢ ᠬᠠᠷᠢᠭᠤᠴᠠᠵᠤ ᠳᠠᠩᠰᠠᠯᠠᠭᠤᠯᠤᠭᠰᠠᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠣᠮᠧᠷ ᠲᠣᠬᠢᠷᠠᠭᠤᠯᠬᠤ ᠰᠢᠰᠲ᠋ᠧᠮ ᠢᠶᠠᠷ ᠳᠠᠮᠵᠢᠭᠤᠯᠤᠨ ᠲᠤᠰ ᠱᠠᠲᠤᠨ ᠤ ᠬᠢᠨᠠᠨ ᠵᠥᠪᠰᠢᠶᠡᠷᠡᠵᠦ ᠳᠠᠩᠰᠠᠯᠠᠭᠰᠠᠨ ᠬᠦᠴᠦᠨ ᠪᠦᠬᠦᠢ ᠠᠭᠤᠷᠬᠠᠶ ᠶᠢᠨ ᠦᠢᠯᠡᠰ ᠤᠨ ᠡᠷᠬᠡ ᠶᠢ ᠨᠤᠲᠠᠯᠠᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠪᠠᠷ ᠳᠠᠮᠵᠢᠨ ᠨᠡᠶᠢᠭᠡᠮ ᠳᠤ ᠢᠯᠡ ᠪᠣᠯᠭᠠᠵᠤ᠂ ᠳᠠᠩᠰᠠᠯᠠᠨ ᠦᠨᠡᠮᠯᠡᠯ ᠣᠯᠭᠤᠭᠰᠠᠨ ᠬᠦᠴᠦᠨ ᠪᠦᠬᠦᠢ ᠠᠭᠤᠷᠬᠠᠶ ᠶᠢᠨ ᠦᠢᠯᠡᠰ ᠤᠨ ᠡᠷᠬᠡ ᠶᠢᠨ ᠦᠨᠳᠦᠰᠦᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠠᠶᠢᠩᠭᠤᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃        ᠶᠢᠰᠦ᠂ ᠠᠭᠤᠷᠬᠠᠶ ᠶᠢᠨ ᠦᠢᠯᠡᠰ ᠤᠨ ᠡᠷᠬᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠭᠤᠷᠬᠠᠶ ᠶᠢᠨ ᠦᠢᠯᠡᠰ ᠤᠨ ᠡᠷᠬᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠢᠨᠲ᠋ᠧᠷ ᠰᠦᠯᠵᠢᠶ᠎ᠡ ᠪᠠᠷ ᠳᠡᠮᠵᠢᠨ ᠠᠭᠤᠷᠬᠠᠶ ᠶᠢᠨ ᠦᠢᠯᠡᠰ ᠤᠨ ᠡᠷᠬᠡ ᠶᠢ ᠳᠠᠩᠰᠠᠯᠠᠬᠤ ᠭᠠᠷᠳᠠᠮ ᠢ ᠭᠤᠶᠤᠴᠢᠯᠠᠨ ᠭᠦᠢᠴᠡᠳᠬᠡᠬᠦ ᠳᠤ ᠲᠥᠬᠦᠮ ᠦᠵᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃        ᠠᠷᠪᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠡᠩᠰᠡᠯᠡᠨ ᠲᠡᠮᠳᠡᠭᠯᠡᠬᠦ ᠡᠷᠬᠡ ᠮᠡᠳᠡᠯ ᠤᠨ ᠠᠭᠤᠷᠬᠠᠶ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠮᠤᠵᠢ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠴᠢᠬᠤᠯᠠᠲᠠᠶ ᠪᠠᠶᠢᠪᠠᠯ᠂ ᠤᠷᠢᠳᠠᠪᠠᠷ ᠬᠠᠷᠢᠶ᠎ᠠ ᠬᠤᠯᠪᠣᠭᠳᠠᠯ ᠪᠥᠬᠦᠶ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠬᠤ ᠶᠢᠨ ᠬᠠᠮᠲᠤ ᠰᠠᠨᠠᠯ ᠭᠠᠷᠭᠠᠬᠤ ᠬᠡᠷᠡᠭᠲᠡᠶ᠃        ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃ ︽︿ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠳᠡᠩᠰᠡᠯᠡᠨ ᠬᠠᠮᠢᠶᠠᠷᠬᠤ ᠲᠣᠭᠲᠠᠭᠠᠯ﹀ ︿ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠳᠡᠩᠰᠡᠯᠡᠨ ᠬᠠᠮᠢᠶᠠᠷᠬᠤ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠤᠯᠤᠰ ᠤᠨ ᠭᠠᠵᠠᠷ ᠰᠢᠷᠣᠶ ᠡᠬᠢ ᠪᠠᠶᠠᠯᠢᠭ ᠲᠥᠯᠥᠪᠵᠢᠭᠦᠯᠭᠡ ᠥᠰᠥᠭ ﹇2018﹈ 7 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ ᠲᠤᠰ ᠮᠡᠳᠡᠭᠳᠡᠯ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠶ ᠪᠣᠯ ᠲᠤᠰ ᠮᠡᠳᠡᠭᠳᠡᠯ ᠤᠨ ᠶᠣᠰᠣᠭᠠᠷ ᠬᠡᠷᠡᠭᠵᠢᠭᠦᠯᠬᠦ ᠬᠡᠷᠡᠭᠲᠡᠶ᠃                2020 ᠣᠨ ᠤ 12 ᠳ᠋ᠤᠭᠠᠷ ᠰᠠᠷ᠎ᠠ ᠶᠢᠨ 29 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号