ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 250 ᠳ᠋ᠤᠭᠠᠷ ᠲᠤᠭᠠᠲᠤ
ᠨᠡᠶᠢᠲᠡᠯᠡᠭᠰᠡᠨ ᠴᠠᠭ᠄
2023/11/17
                ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ                  ᠤᠨ ᠵᠠᠰᠠᠭ ᠤᠨ ᠤᠷᠳᠤᠨ ᠤ ᠵᠠᠷᠯᠢᠭ 250 ᠳ᠋ᠤᠭᠠᠷ ᠲᠤᠭᠠᠲᠤ     ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ  2021 ᠣᠨ ᠤ 8 ᠳ᠋ᠤᠭᠠᠷ ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 15 ᠳ᠋ᠤᠭᠠᠷ ᠤᠳᠠᠭ᠎ᠠ ᠶᠢᠨ  ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ  ᠬᠡᠷᠡᠭᠵᠢᠭᠦᠯᠦᠨ᠎ᠡ᠃               ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ  ᠸᠠᠩ ᠯᠢ ᠰᠢᠶᠠ                                   2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ     ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ     ᠨᠢᠭᠡᠳᠦᠭᠡᠷ ᠪᠦᠯᠦᠭ  ᠶᠡᠷᠦᠩᠬᠡᠢ ᠳᠦᠷᠢᠮ     ᠨᠢᠭᠡᠳᠦᠭᠡᠷ ᠵᠦᠢᠯ  ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠶ  ᠬᠠᠤᠯᠢ ᠴᠠᠭᠠᠵᠠ᠂ ᠬᠠᠤᠯᠢ ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ  ᠲᠠᠯᠪᠢᠬᠤ ᠲᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠳᠤ ᠲᠤᠰ ᠲᠣᠭᠲᠠᠭᠠᠯ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ  ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃     ᠭᠤᠷᠪᠠᠳᠤᠭᠠᠷ ᠵᠦᠢᠯ  ᠲᠤᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠭᠡᠳᠡᠭ ᠨᠢ  ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠵᠦ᠂ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠵᠦᠪᠳᠡᠯᠴᠡᠨ ᠲᠣᠭᠲᠠᠭᠠᠵᠤ ᠰᠢᠯᠭᠠᠨ  ᠬᠢᠨᠠᠬᠤ ᠠᠵᠢᠯ ᠢ ᠥᠷᠨᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠬᠤ ᠳᠦᠷᠢᠮ ᠢ ᠵᠢᠭᠠᠵᠤ ᠪᠤᠶ᠃     ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠳᠤ ᠨᠠᠮ ᠤᠨ ᠤᠳᠤᠷᠢᠳᠤᠯᠭ᠎ᠠ ᠶᠢ  ᠪᠠᠷᠢᠮᠲᠠᠯᠠᠵᠤ᠂ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠬᠢᠵᠠᠭᠠᠷᠯᠠᠬᠤ ᠪᠠ ᠤᠷᠮᠠᠰᠢᠭᠤᠯᠬᠤ ᠶᠢ  ᠵᠡᠷᠭᠡ ᠳᠤ ᠨᠢ ᠴᠢᠬᠤᠯᠠᠴᠢᠯᠠᠬᠤ᠂ ᠵᠠᠯᠬᠠᠭᠠᠨ ᠴᠡᠭᠡᠷᠯᠡᠭᠦᠯᠬᠦ ᠪᠠ ᠰᠤᠷᠭᠠᠨ ᠬᠥᠮᠦᠵᠢᠭᠦᠯᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃     ᠲᠠᠪᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ ᠠᠬᠢᠭᠤᠯᠬᠤ ᠬᠡᠷᠡᠭᠲᠡᠶ᠃     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠤᠨ ᠬᠡᠷᠡᠭᠵᠢᠭᠦᠯᠦᠯᠲᠡ ᠶᠢ ᠬᠠᠷᠢᠭᠤᠴᠠᠵᠤ ᠵᠢᠭᠠᠨ ᠵᠢᠯᠣᠭᠤᠳᠬᠤ ᠪᠠ ᠬᠢᠨᠠᠯᠲᠠ  ᠲᠠᠯᠪᠢᠬᠤ ᠬᠡᠷᠡᠭᠲᠡᠢ᠃     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠰᠠᠯᠠᠭ᠎ᠠ ᠮᠥᠴᠢᠷ ᠨᠢ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠬᠠᠷᠢᠭᠤᠴᠠᠯᠭ᠎ᠠ ᠶᠢᠨ ᠳᠦᠷᠢᠮ ᠤᠨ ᠬᠡᠷᠩᠵᠢᠭᠦᠯᠣᠯᠳᠡ ᠳᠤ ᠬᠠᠤᠯᠢ ᠶᠣᠰᠣᠭᠠᠷ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠬᠡᠷᠡᠭᠲᠡᠢ᠃     ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ ᠲᠦᠷᠦ ᠪᠠ  ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃     ᠳᠤᠯᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ  ᠲᠤᠰ ᠭᠠᠵᠠᠷ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ︔  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠢᠯ ᠪᠦᠷᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠨᠢᠭᠡ ᠱᠠᠲᠤᠨ ᠤ  ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ  ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃     ᠨᠠᠢᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠬᠤᠯᠪᠣᠭᠳᠠᠯ ᠪᠦᠬᠦᠶ ᠲᠣᠭᠲᠠᠭᠠᠯ ᠶᠣᠰᠣᠭᠠᠷ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠦᠷ᠎ᠡ ᠪᠦᠲᠦᠮᠵᠢ ᠪᠠᠷ ᠲᠤᠪᠤᠶᠢᠮ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠥᠬᠢᠭᠦᠯᠵᠦ  ᠱᠠᠩᠨᠠᠬᠤ ᠬᠡᠷᠡᠭᠲᠡᠶ᠃     ᠬᠤᠶᠠᠳᠤᠭᠠᠷ ᠪᠦᠯᠦᠭ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠷᠢᠭᠤᠴᠠᠯᠭ᠎ᠠ     ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠬᠡᠪᠴᠢᠶᠡᠨ ᠳᠤ ᠪᠠᠨ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠡᠷᠬᠡ ᠲᠤᠰᠢᠶᠠᠯ ᠢᠶᠠᠨ  ᠬᠡᠷᠡᠭᠵᠢᠭᠦᠯᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠶ᠃     ᠠᠷᠪᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ  ᠪᠠᠶᠢᠭᠤᠯᠵᠤ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠢᠬᠦ ᠠᠵᠢᠯ ᠥᠷᠨᠢᠭᠦᠯᠬᠦ ᠶᠢᠨ ᠬᠠᠮᠲᠤ᠂ ᠬᠠᠤᠯᠢ ᠴᠠᠭᠠᠵᠠ᠂ ᠬᠠᠤᠯᠢ  ᠲᠣᠭᠲᠠᠭᠠᠯ ᠪᠠ ᠲᠣᠭᠲᠠᠭᠠᠯ ᠳᠦᠷᠢᠮ ᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃     ᠠᠷᠪᠠᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ  ᠦᠨᠳᠦᠰᠦᠯᠡᠨ᠂ ᠲᠤᠰ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠲᠠᠢ ᠪᠠᠨ  ᠤᠶᠠᠯᠳᠤᠭᠤᠯᠵᠤ᠂ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢᠶᠠᠨ ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ  ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠬᠤᠪᠢᠶᠠᠷᠢᠯᠠᠬᠤ ᠬᠡᠷᠡᠭᠲᠡᠶ᠃     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠬᠤ ᠳᠤ ᠰᠢᠨᠵᠢᠯᠡᠬᠦ ᠤᠬᠠᠭᠠᠨᠴᠢ ᠪᠦᠭᠡᠳ ᠵᠦᠶ ᠵᠣᠬᠢᠰᠲᠠᠶ ᠪᠠᠶᠢᠯᠭᠠᠵᠤ᠂ ᠠᠳᠠᠯᠢ  ᠪᠤᠰᠤ ᠱᠠᠲᠤ ᠳᠡᠰ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠡᠷᠬᠡ ᠲᠤᠰᠢᠶᠠᠯ ᠢ ᠪᠣᠳᠠᠲᠠᠶ ᠪᠦᠭᠡᠳ ᠲᠤᠳᠤᠷᠬᠠᠢ  ᠲᠣᠭᠲᠠᠭᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠡᠷᠬᠡ ᠲᠤᠰᠢᠶᠠᠯ ᠢ ᠳᠤᠷ᠎ᠠ ᠪᠠᠷ ᠢᠶᠠᠨ ᠨᠡᠮᠡᠬᠦ ᠪᠤᠶᠤ ᠬᠠᠰᠤᠵᠤ ᠪᠣᠯᠬᠤ ᠦᠭᠡᠶ᠃     ᠠᠷᠪᠠᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ  ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ ᠲᠤᠰ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠨ ᠳᠠᠬᠢ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠳᠠᠢ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠬᠡᠷᠩᠳᠠᠢ᠃     ᠠᠷᠪᠠᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠠᠳᠠᠯᠢ ᠪᠤᠰᠤ ᠲᠦᠷᠦᠯ ᠬᠡᠯᠪᠡᠷᠢ ᠶᠢᠨ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠵᠦᠢᠯᠡᠰ ᠶᠣᠰᠣᠭᠠᠷ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠡᠵᠦ᠂ ᠡᠷᠬᠡ  ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠵᠣᠬᠢᠬᠤ ᠬᠡᠯᠪᠡᠷᠢ ᠪᠠᠷ ᠨᠡᠶᠢᠭᠡᠮ ᠳᠤ ᠢᠯᠡ ᠪᠣᠯᠭᠠᠬᠤ ᠶᠢᠨ ᠬᠠᠮᠲᠤ᠂ ᠬᠠᠤᠯᠢ ᠴᠠᠭᠠᠵᠠ᠂  ᠬᠠᠤᠯᠢ ᠲᠣᠭᠲᠠᠭᠠᠯ᠂ ᠲᠣᠭᠲᠠᠭᠠᠯ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ  ᠬᠡᠷᠡᠭᠲᠡᠢ᠃ ᠠᠳᠠᠯᠢ ᠪᠤᠰᠤ ᠡᠷᠬᠡ ᠶᠢᠨ ᠲᠥᠷᠥᠯ ᠬᠡᠯᠪᠡᠷᠢ ᠶᠢ ᠦᠨᠳᠦᠰᠦᠯᠡᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠪᠠ ᠠᠵᠢᠯᠯᠠᠭᠠᠨ ᠤ ᠴᠤᠪᠤᠷᠠᠯ ᠵᠢᠷᠤᠭ ᠢ  ᠲᠣᠭᠲᠠᠭᠠᠵᠤ᠂ ᠬᠠᠤᠯᠢ ᠶᠣᠰᠣᠭᠠᠷ ᠴᠠᠭ ᠲᠤᠬᠠᠶ ᠳᠤ ᠨᠢ ᠬᠥᠳᠡᠯᠦᠩᠭᠦᠶ ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠶ᠃     ᠠᠷᠪᠠᠨ ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ  ᠨᠡᠶᠢᠲᠡ ᠳᠤ ᠵᠠᠷᠯᠠᠬᠤ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ  ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠦᠨ᠂ ᠬᠠᠤᠯᠢ  ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠳᠠᠯᠠᠵᠤ᠂ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ᠃     ᠠᠷᠪᠠᠨ ᠲᠠᠪᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠣᠭᠠᠨ  ᠲᠣᠭᠲᠠᠭᠠᠯᠲᠠ ᠶᠢᠨ ᠡᠷᠬᠡ ᠶᠢᠨ ᠲᠦᠷᠢᠮ ᠢ ᠪᠦᠷᠢᠨᠰᠢᠬᠦᠯᠵᠦ ᠂ ᠣᠨᠣᠭᠠᠨ ᠲᠣᠭᠲᠠᠭᠠᠯᠲᠠ ᠶᠢᠨ ᠬᠡᠪᠴᠢᠶ᠎ᠡ᠂ ᠲᠦᠷᠦᠯ ᠪᠠ ᠬᠡᠮᠵᠢᠶᠡᠯᠡᠯ ᠢ ᠵᠦᠶ ᠵᠣᠬᠢᠰᠲᠠᠶ ᠲᠣᠭᠲᠠᠭᠠᠵᠤ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠯᠦᠭᠡᠲᠦ ᠣᠨᠣᠭᠠᠨ ᠲᠣᠭᠲᠠᠭᠠᠯᠲᠠ ᠶᠢᠨ ᠡᠷᠬᠡ ᠶᠢᠨ ᠬᠡᠷᠡᠭᠯᠡᠯᠲᠡ ᠶᠢ ᠵᠢᠷᠣᠮᠵᠢᠭᠤᠯᠬᠤ ᠬᠡᠷᠡᠭᠲᠡᠢ᠃     ᠠᠷᠪᠠᠨ ᠵᠢᠷᠭᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠦᠨᠳᠦ ᠶᠡᠭᠡ ᠰᠢᠢᠳᠭᠡᠯ  ᠲᠣᠷᠭᠠᠭᠤᠯᠢ ᠶᠢᠨ ᠪᠦᠷᠢᠳᠬᠡᠨ ᠳᠠᠩᠰᠠᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃     ᠦᠢᠯᠡ ᠪᠠᠶᠢᠳᠠᠯ ᠨᠢ ᠪᠤᠳᠤᠯᠢᠶᠠᠨᠲᠠᠶ ᠪᠤᠶᠤ ᠬᠠᠤᠯᠢ ᠠᠴᠠ ᠵᠥᠷᠢᠴᠡᠭᠰᠡᠨ ᠬᠦᠨᠳᠦ ᠰᠦᠷᠡᠬᠡᠢ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ  ᠲᠣᠷᠭᠠᠭᠤᠯᠢ ᠥᠭᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠢ᠃     ᠠᠷᠪᠠᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠪᠠᠨ ᠰᠠᠶᠢᠵᠢᠷᠠᠭᠤᠯᠤᠨ  ᠰᠢᠨᠡᠴᠢᠯᠡᠵᠦ᠂ ᠵᠠᠰᠠᠭ ᠵᠠᠬᠢᠷᠭᠠᠨ ᠤ ᠵᠢᠭᠠᠨ ᠵᠢᠯᠣᠭᠤᠳᠬᠤ᠂ ᠵᠠᠰᠠᠭ ᠵᠠᠬᠢᠷᠭᠠᠨ ᠤ ᠱᠠᠩᠨᠠᠵᠤ ᠬᠥᠬᠢᠭᠦᠯᠬᠦ᠂ ᠵᠠᠰᠠᠭ ᠵᠠᠬᠢᠷᠭᠠᠨ ᠢᠶᠠᠷ ᠡᠶᠡᠳᠡᠭᠦᠯᠬᠦ᠂ ᠰᠠᠨᠠᠭᠤᠯᠵᠣ  ᠣᠬᠠᠭᠤᠯᠣᠨ ᠭᠦᠮᠣᠵᠢᠭᠦᠯᠭᠦ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ ᠵᠡᠷᠭᠡ ᠠᠯᠪᠠᠳᠠᠯᠭ᠎ᠠ ᠶᠢᠨ ᠪᠤᠰᠤ ᠵᠠᠰᠠᠭ ᠵᠠᠬᠢᠷᠭᠠᠨ ᠤ ᠠᠷᠭ᠎ᠠ ᠪᠠᠷᠢᠯ ᠢ ᠳᠡᠯᠭᠡᠷᠡᠭᠦᠯᠦᠨ  ᠬᠡᠷᠡᠭᠯᠡᠬᠦ ᠬᠡᠷᠡᠭᠲᠡᠢ᠃     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠵᠢᠭᠠᠨ  ᠵᠢᠯᠣᠭᠤᠳᠬᠤ ᠲᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠭᠰᠢᠭᠦᠷᠢ ᠶᠢ ᠨᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ  ᠪᠦᠷᠢᠨᠰᠢᠭᠦᠯᠬᠦ ᠬᠡᠷᠡᠭᠲᠡᠢ᠃     ᠠᠷᠪᠠᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ  ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠂  ᠬᠡᠷᠡᠭ ᠢᠶᠠᠷ ᠵᠢᠱᠢᠶ᠎ᠡ ᠪᠤᠯᠭᠠᠵᠦ ᠬᠠᠤᠯᠢ ᠶᠢ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠲᠣᠰ ᠰᠠᠯᠠᠭ᠎ᠠ ᠮᠥᠴᠢᠷ ᠤᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂  ᠬᠠᠤᠯᠢ ᠲᠣᠭᠲᠠᠭᠠᠯ ᠪᠠ ᠲᠣᠭᠲᠠᠭᠠᠯ ᠲᠦᠷᠢᠮ ᠢ ᠥᠷᠭᠡᠨ ᠢᠶᠠᠷ ᠤᠬᠠᠭᠤᠯᠬᠤ ᠬᠡᠷᠡᠭᠲᠡᠢ      ᠠᠷᠪᠠ ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ  ᠨᠢᠭᠡᠳᠦᠯᠲᠡᠶ ᠬᠠᠷᠭᠤᠭᠤᠯᠤᠨ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠢ᠃ ᠬᠠᠤᠯᠢ ᠴᠠᠭᠠᠵᠠ᠂ ᠬᠠᠤᠯᠢ  ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ᠃      ᠬᠤᠷᠢᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠲᠤᠰ ᠠᠵᠢᠯ ᠤᠨ ᠪᠠᠶᠢᠷᠢ ᠶᠢᠨ ᠬᠡᠷᠡᠭᠵᠢᠭᠦᠯᠵᠦ ᠪᠠᠢᠭ᠎ᠠ ᠬᠠᠤᠯᠢ ᠴᠠᠭᠠᠵᠠ᠂  ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠠᠶᠢᠳᠤᠷ ᠤᠶᠢᠯᠠᠭᠠᠵᠦ᠂ ᠲᠤᠬᠠᠶᠢᠯᠠᠭᠰᠠᠨ  ᠠᠵᠢᠯ ᠤᠨ ᠬᠠᠮᠢᠶ᠎ᠠ ᠪᠦᠬᠦᠢ ᠮᠡᠳᠡᠯᠭᠡ ᠶᠢ ᠡᠵᠡᠮᠰᠢᠨ᠂ ᠲᠤᠰ ᠰᠠᠯᠠᠭ᠎ᠠ ᠮᠥᠴᠢᠷ ᠪᠠ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ  ᠮᠥᠴᠢᠷ ᠤᠨ ᠵᠣᠬᠢᠶᠠᠨ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠳᠤ ᠣᠷᠣᠯᠴᠠᠬᠤ ᠬᠡᠷᠩᠳᠠᠢ᠃     ᠬᠤᠷᠢᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠠᠵᠢᠯ ᠤᠨ ᠲᠣᠮᠳᠡ ᠪᠠᠨ ᠣᠯᠵᠣ ᠮᠡᠳᠡᠭᠰᠡᠨ ᠵᠠᠰᠠᠭ ᠵᠠᠬᠢᠷᠭᠠᠨ ᠤ  ᠬᠠᠷᠢᠴᠠᠩᠭᠤᠶ ᠬᠥᠮᠦᠨ ᠤ ᠮᠠᠲ᠋ᠧᠷᠢᠶᠠᠯ ᠪᠤᠶᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠴᠠ ᠪᠤᠰᠤᠳ ᠵᠣᠷᠢᠯᠭ᠎ᠠ ᠪᠠᠷ ᠬᠡᠷᠡᠭᠯᠡᠵᠦ ᠪᠣᠯᠬᠤ  ᠦᠭᠡᠶ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠤᠪᠢ ᠶᠢᠨ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠬᠤ᠂ ᠬᠤᠪᠢᠷᠠᠭᠤᠯᠬᠤ ᠪᠠ  ᠬᠠᠤᠯᠢ ᠪᠤᠰᠤ ᠪᠠᠷ ᠪᠤᠰᠤᠳ ᠲᠤ ᠬᠠᠩᠭᠠᠵᠤ ᠪᠣᠯᠬᠤ ᠦᠭᠡᠶ᠃     ᠭᠤᠷᠪᠠᠳᠤᠭᠠᠷ ᠪᠦᠯᠦᠭ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ     ᠬᠤᠷᠢᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠳᠤ ᠢᠯᠡ ᠲᠣᠳᠤ᠂ ᠡᠷᠬᠡ  ᠲᠡᠭᠰᠢ᠂ ᠲᠦᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ ᠃ ᠵᠦᠪᠳᠡᠯᠴᠡᠨ ᠲᠣᠭᠲᠠᠭᠠᠵᠤ ᠰᠢᠯᠭᠠᠨ ᠬᠢᠨᠠᠭᠰᠠᠨ ᠪᠠᠶᠢᠳᠠᠯ ᠢ ᠵᠣᠬᠢᠰᠲᠠᠶ ᠠᠷᠭ᠎ᠠ ᠬᠡᠯᠪᠡᠷᠢ ᠪᠠᠷ  ᠢᠯᠡ ᠪᠣᠯᠭᠠᠬᠤ ᠬᠡᠷᠡᠭᠲᠡᠢ᠃     ᠬᠤᠷᠢᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠪᠣᠯᠬᠤ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠳᠣᠣᠷᠠᠳᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ  ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠠᠵᠢᠯ ᠢ ᠬᠠᠷᠢᠭᠤᠴᠠᠬᠤ ᠬᠡᠷᠩᠳᠡᠢ᠃     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠷᠢᠶ᠎ᠠ ᠪᠣᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠬᠡᠷᠡᠭᠲᠡᠢ᠃     ᠬᠤᠷᠢᠨ ᠳᠥᠷᠪᠡᠳᠦᠭᠡᠷ ᠵᠦᠢᠯ  ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠭᠤᠤᠯ ᠠᠭᠤᠯᠭ᠎ᠠ ᠳᠤ ᠳᠣᠣᠷᠠᠬᠢ ᠵᠦᠢᠯ ᠢ ᠪᠠᠭᠲᠠᠭᠠᠪᠠᠯ ᠵᠣᠬᠢᠨ᠎ᠠ᠄     ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠨᠢ ᠬᠠᠤᠯᠢ ᠳᠤ ᠨᠡᠶᠢᠴᠡᠬᠦ ᠡᠰᠡᠬᠦ︔     ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔     ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠬᠠᠤᠯᠢ ᠳᠤ ᠨᠡᠶᠢᠴᠡᠬᠦ ᠪᠠ ᠵᠣᠬᠢᠰᠲᠠᠶ ᠪᠠᠶᠢᠬᠤ ᠡᠰᠡᠬᠦ︔     ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠳᠤ ᠬᠥᠳᠡᠯᠦᠩᠭᠦᠶ ᠲᠣᠬᠢᠷᠠᠭᠤᠯᠤᠯᠲᠠ ᠬᠢᠭᠰᠡᠨ ᠡᠰᠡᠬᠦ︔     ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ  ᠪᠠᠶᠢᠷᠢ ᠳᠤ ᠬᠤᠪᠢᠶᠠᠷᠢᠯᠠᠭᠰᠠᠨ ᠡᠰᠡᠬᠦ︔     ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ  ᠠᠵᠢᠯ ᠤᠨ ᠪᠠᠶᠢᠷᠢᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠬᠦᠷᠲᠡᠯ᠎ᠡ ᠲᠤᠳᠤᠷᠬᠠᠢ ᠲᠣᠭᠲᠠᠭᠠᠭᠰᠠᠨ ᠡᠰᠡᠬᠦ︔     ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠡᠶᠢᠲᠡ ᠳᠤ ᠵᠠᠷᠯᠠᠬᠤ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ  ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ︔       ︵ᠨᠠᠢᠮᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠵᠢᠷᠤᠮᠵᠢᠭᠤᠨ ᠪᠠᠶᠢᠬᠤ ᠡᠰᠡᠬᠦ︔     ︵ᠶᠢᠰᠦ︶ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠴᠢᠬᠤᠯᠨ ᠲᠠᠢ ᠪᠤᠰᠤᠳ ᠠᠭᠤᠯᠭ᠎ᠠ᠃     ᠬᠤᠷᠢᠨ ᠲᠠᠪᠤᠳᠤᠭᠠᠷ ᠵᠦᠢᠯ  ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠳᠤ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ  ᠪᠠᠶᠢᠭᠤᠯᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠢ ᠬᠡᠷᠡᠭᠯᠡᠵᠦ᠂ ᠡᠳᠦᠷ ᠲᠤᠲᠤᠮ ᠤᠨ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠪᠠ ᠣᠨ ᠤ  ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠯᠤᠭ᠎ᠠ ᠤᠶᠠᠯᠳᠤᠭᠤᠯᠬᠤ᠂ ᠥᠪᠡᠰᠦᠪᠡᠨ ᠪᠠᠶᠢᠴᠠᠭᠠᠬᠤ ᠪᠠ ᠬᠠᠷᠢᠯᠴᠠᠨ ᠦᠨᠡᠯᠡᠬᠦ ᠶᠢ ᠤᠶᠠᠯᠳᠤᠭᠤᠯᠬᠤ᠂  ᠳᠣᠲᠣᠭᠠᠳᠤ ᠳᠤ ᠪᠠᠨ ᠵᠦᠪᠳᠡᠯᠴᠡᠨ ᠲᠣᠭᠲᠠᠭᠠᠬᠤ ᠪᠠ ᠭᠠᠳᠠᠨ᠎ᠠ ᠲᠠᠯ᠎ᠠ ᠶᠢᠨ ᠵᠦᠪᠳᠡᠯᠴᠡᠨ ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠬᠤ  ᠬᠡᠷᠩᠳᠠᠢ᠃     ᠬᠤᠷᠢᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠷᠣᠨ ᠢᠶᠠᠨ ᠬᠠᠤᠯᠢ ᠶᠣᠰᠣᠭᠠᠷ ᠵᠠᠰᠠᠬᠤ  ᠰᠢᠯᠭᠠᠨ ᠬᠢᠨᠠᠬᠤ ᠠᠵᠢᠯ ᠳᠤ ᠣᠷᠤᠭᠤᠯᠬᠤ ᠬᠡᠷᠡᠭᠲᠡᠢ᠃     ᠳᠦᠷᠪᠡᠳᠦᠭᠡᠷ ᠪᠦᠯᠦᠭ  ᠬᠠᠷᠢᠭᠤᠴᠠᠯᠭ᠎ᠠ ᠨᠡᠬᠡᠮᠵᠢᠯᠡᠬᠦ     ᠬᠤᠷᠢᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠬᠠᠷᠢᠭᠤᠴᠠᠯᠭ᠎ᠠ ᠶᠢᠨ ᠳᠦᠷᠢᠮ ᠢ ᠲᠤᠰ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠶ ᠪᠣᠯ᠂ ᠬᠢᠨᠠᠯᠲᠠ ᠲᠠᠯᠪᠢᠵᠤ ᠬᠠᠮᠢᠶᠠᠷᠬᠤ  ᠪᠠᠶᠢᠭᠤᠯᠭ᠎ᠠ ᠨᠢ ᠵᠠᠯᠠᠷᠠᠭᠤᠯᠬᠤ ᠪᠠᠷ ᠵᠠᠷᠯᠢᠭᠳᠠᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠰᠡᠨ ᠪᠠᠢᠲᠠᠯ᠎ᠠ ᠵᠠᠯᠠᠷᠠᠭᠤᠯᠤᠭᠰᠠᠨ ᠦᠭᠡᠶ ᠪᠣᠯ ᠨᠡᠪᠲᠡᠷᠡᠭᠦᠯᠦᠨ ᠮᠡᠳᠡᠭᠡᠯᠡᠵᠦ  ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ  ᠬᠠᠷᠢᠭᠤᠴᠠᠬᠤ ᠠᠵᠢᠯᠲᠠᠨ ᠳᠤ ᠨᠢ ᠬᠠᠤᠯᠢ ᠶᠣᠰᠣᠭᠠᠷ ᠰᠢᠢᠳᠭᠡᠯ ᠦᠭᠭᠦ ᠬᠡᠷᠩᠳᠠᠢ᠃     ᠬᠤᠷᠢᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ  ᠬᠦᠢᠴᠡᠳᠬᠡᠬᠦ ᠦᠭᠡᠢ᠂ ᠵᠤᠬᠢᠰ ᠦᠭᠡᠢ ᠬᠦᠢᠴᠡᠳᠬᠡᠬᠦ ᠪᠤᠶᠤ ᠬᠠᠤᠯᠢ ᠠᠴᠠ ᠵᠥᠷᠢᠴᠡᠵᠦ ᠬᠦᠢᠴᠡᠳᠬᠡᠭᠰᠡᠨ ᠪᠠᠶᠢᠪᠠᠯ᠂ ᠠᠵᠢᠯᠯᠠᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠰᠠᠯᠠᠭ᠎ᠠ ᠮᠥᠴᠢᠷ ᠠᠴᠠ ᠪᠠᠶᠢᠳᠠᠯ ᠢ ᠨᠢ ᠦᠨᠳᠦᠰᠦᠯᠡᠨ ᠵᠣᠬᠢᠬᠤ ᠬᠡᠮᠵᠢᠶ᠎ᠡ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ  ᠶᠣᠰᠣᠭᠠᠷ ᠰᠢᠢᠳᠭᠡᠯ ᠦᠭᠭᠦᠨ᠎ᠡ︔ ᠶᠠᠯ᠎ᠠ ᠬᠢᠭᠰᠡᠨ ᠳᠤ ᠲᠣᠭᠠᠴᠠᠭᠳᠠᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠩᠳᠠᠢ᠃     ᠬᠤᠷᠢ ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰᠢᠶᠠᠯ ᠢᠶᠠᠨ ᠬᠦᠢᠴᠡᠳᠭᠡᠭᠰᠡᠨ ᠳᠤ ᠬᠠᠷᠢᠭᠤᠴᠠᠯᠭ᠎ᠠ ᠶᠢ ᠨᠢ  ᠬᠡᠯᠲᠦᠷᠢᠭᠦᠯᠬᠦ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠳᠤ ᠦᠨᠡᠯᠡᠨ ᠮᠠᠭᠠᠳᠯᠠᠬᠤ ᠪᠠᠷᠢᠮᠵᠢᠶ᠎ᠠ ᠶᠢ ᠨᠢ  ᠲᠣᠳᠣᠷᠬᠠᠢ ᠲᠣᠭᠲᠠᠭᠠᠨ᠂ ᠨᠥᠬᠦᠴᠡᠯ ᠳᠤ ᠨᠡᠶᠢᠴᠡᠭᠰᠡᠨ ᠪᠠᠶᠢᠪᠠᠯ ᠬᠠᠷᠢᠭᠤᠴᠠᠯᠭ᠎ᠠ ᠠᠴᠠ ᠨᠢ ᠬᠡᠯᠲᠦᠷᠢᠭᠦᠯᠵᠦ ᠪᠣᠯᠤᠨ᠎ᠠ᠃     ᠭᠤᠴᠢᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠤ ᠪᠠᠨ᠂  ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠶᠠᠪᠤᠴᠠ ᠶᠢ ᠵᠦᠷᠢᠴᠡᠬᠦ  ᠪᠤᠶᠤ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠱᠠᠭᠠᠷᠳᠠᠯᠭ᠎ᠠ ᠶᠢ ᠨᠢ ᠲᠡᠪᠴᠢᠬᠦ ᠡᠷᠬᠡ ᠲᠠᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠠᠵᠢᠯᠯᠠᠭ᠎ᠠ ᠳᠤ ᠭᠠᠷ ᠲᠦᠷᠦᠭᠰᠡᠨ ᠪᠠᠶᠢᠳᠠᠯ ᠢ ᠦᠨᠡᠨ ᠮᠥᠨ ᠢᠶᠠᠷ ᠨᠢ ᠲᠡᠮᠲᠡᠭᠯᠡᠬᠦ ᠬᠡᠷᠡᠭᠲᠡᠢ᠃     ᠭᠤᠴᠢᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ  ᠬᠦᠢᠴᠡᠳᠬᠡᠭᠰᠡᠨ ᠠᠴᠠ ᠪᠤᠯᠵᠤ ᠦᠨᠡᠨ ᠪᠣᠳᠠᠲᠠᠶ ᠪᠤᠰᠤ ᠪᠠᠷ ᠢᠯᠡᠴᠢᠯᠡᠨ ᠮᠡᠳᠡᠭᠦᠯᠣᠭ᠍ᠳᠡᠭᠦ᠂ ᠬᠦᠣᠡᠭᠡᠭᠳᠡᠨ ᠵᠠᠭᠠᠯᠳᠤᠭᠳᠠᠬᠤ ᠵᠢᠴᠢ ᠭᠦᠳᠭᠡᠭᠳᠡᠭᠰᠡᠨ᠂  ᠳᠤᠷᠤᠮᠵᠢᠯᠠᠭᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠴᠠᠭ ᠲᠤᠬᠠᠶ ᠳᠤ ᠨᠢ ᠦᠨᠡᠨ ᠪᠣᠳᠠᠳᠠᠢ ᠪᠠᠶᠢᠳᠠᠯ ᠢ ᠨᠢ  ᠲᠣᠳᠣᠷᠬᠠᠶᠢᠯᠠᠨ᠂ ᠮᠠᠭᠤ ᠨᠥᠯᠥᠭᠡ ᠶᠢ ᠨᠢ ᠠᠷᠢᠯᠭᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠬᠡᠷᠡᠭᠲᠡᠢ᠃     ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ     ᠭᠤᠴᠢᠨ ᠬᠤᠶᠠᠳᠤᠭᠠᠷ ᠵᠦᠢᠯ  ᠲᠤᠰ ᠲᠣᠭᠲᠠᠭᠠᠯ ᠢ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 1999 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠨᠡᠶᠢᠲᠡᠯᠡᠭᠰᠡᠨ ︽ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ︵ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 98 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃      ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋  ᠲᠡᠷᠢᠭᠦᠯᠡᠭᠴᠢ᠂ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ᠃     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂  ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ  ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂  ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ  ᠬᠤᠷᠢᠶ᠎ᠠ᠃     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                             ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                               2021 ᠣᠨ ᠤ 9 ᠳ᠋ᠦ᠋ᠭᠡᠷ ᠰᠠᠷ᠎ᠠ ᠶᠢᠨ                              2 ᠤᠨ ᠡᠳᠦᠷ ᠳᠠᠷᠤᠮᠠᠯᠯᠠᠨ ᠲᠠᠷᠬᠠᠭᠠᠪᠠ        
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ​
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号