ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠠᠷᠠᠣᠨ ᠤᠨ ᠵᠠᠰᠠᠭ ᠤᠨ ᠣᠷᠳᠣᠨ ᠤ ᠵᠠᠷᠯᠢᠭ | 249 ᠳ᠋ᠣᠬᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠣᠯᠳᠡ ᠶᠢᠨ ᠠᠷᠭ᠎ᠠ︾ ᠶᠢ 2021 ᠣᠨ ᠤ 5 ᠳ᠋ᠤᠭᠠᠷ | ᠰᠠᠷ᠎ᠠ ᠶᠢᠨ 12 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 8 ᠳ᠋ᠤᠭᠠᠷ | ᠣᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2021 ᠣᠨ ᠤ | 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠣ ᠬᠡᠷᠩᠵᠢᠭᠦᠯᠣᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ | 2021 ᠣᠨ ᠤ 6 ᠳ᠋ᠤᠭᠠᠷ ᠰᠠᠷ᠎ᠠ ᠶᠢᠨ 7 ᠤ ᠡᠳᠣᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠣᠯᠳᠡ ᠶᠢᠨ ᠠᠷᠭ᠎ᠠ | ᠨᠢᠭᠡᠳᠦᠭᠡᠷ ᠵᠦᠢᠯ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠵᠢᠷᠤᠮᠵᠢᠭᠤᠯᠤᠨ᠂ ᠰᠠᠭᠤᠷᠢ ᠮᠦᠩᠭᠦᠨ ᠤ ᠠᠮᠣᠷ ᠲᠦᠪᠰᠢᠨ ᠪᠠᠶᠢᠬᠤ ᠶᠢ ᠪᠠᠲᠤᠯᠠᠵᠤ᠂ ᠠᠷᠠᠳ | ᠢᠷᠭᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ | ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠦᠨᠳᠦᠰᠦᠨ | ᠡᠮᠴᠢᠯᠡᠭᠡᠨ ᠤ ᠳᠠᠭᠠᠳᠬᠠᠯ ︵ᠬᠦᠩᠭᠡᠵᠢᠯ ᠤᠨ ᠳᠠᠭᠠᠳᠬᠠᠯ ᠪᠠᠭᠲᠠᠨ᠎ᠠ︶ ᠤᠨ ᠰᠠᠭᠤᠷᠢ ᠮᠥᠩᠭᠦ᠂ ᠡᠮᠴᠢᠯᠡᠭᠡᠨ ᠤ | ᠠᠪᠣᠷᠠᠨ ᠲᠤᠰᠠᠯᠠᠬᠤ ᠰᠠᠭᠤᠷᠢ ᠮᠥᠩᠭᠦ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ | ᠬᠢᠭᠡᠳ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ ᠲᠣᠬᠢᠷᠠᠭᠤᠯᠣᠨ ᠬᠡᠷᠩᠯᠡᠨ᠎ᠡ᠃ | ᠭᠤᠷᠪᠠᠳᠤᠭᠠᠷ ᠵᠦᠢᠯ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠠᠷᠠᠳ ᠲᠦᠮᠡᠨ ᠤ | ᠡᠷᠡᠭᠦᠯ ᠮᠡᠨᠳᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠤᠯᠵᠣ᠂ ᠬᠠᠤᠯᠢ ᠶᠣᠰᠣᠴᠢ᠂ ᠠᠮᠤᠷ ᠲᠦᠪᠰᠢᠨ᠂ | ᠢᠯᠡ ᠲᠣᠳᠣ᠂ ᠠᠷᠠᠳ ᠲᠤ ᠲᠥᠬᠦᠮ ᠦᠵᠡᠭᠦᠯᠬᠦ ᠵᠠᠷᠴᠢᠮ ᠢ ᠵᠢᠷᠤᠮᠯᠠᠨ᠂ ᠵᠠᠰᠠᠭ ᠤᠨ ᠣᠷᠳᠣᠨ ᠬᠢᠨᠠᠨ ᠬᠠᠮᠢᠶᠠᠷᠬᠤ | ᠂ ᠨᠡᠶᠢᠭᠡᠮ ᠤᠨ ᠬᠢᠨ ᠬᠢᠨᠠᠯᠲᠠ ᠲᠠᠯᠪᠢᠬᠤ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ ᠪᠠ ᠬᠤᠪᠢ | ᠬᠥᠮᠦᠨ ᠢᠲᠡᠭᠡᠮᠵᠢ ᠲᠠᠢ ᠪᠠᠶᠢᠬᠤ ᠶᠢ ᠤᠶᠠᠯᠳᠤᠭᠤᠯᠤᠭᠰᠠᠨ ᠬᠢᠨᠠᠯᠲᠠ ᠲᠠᠯᠪᠢᠬᠤ ᠲᠣᠭᠲᠠᠴᠠ ᠶᠢ ᠬᠡᠷᠩᠵᠢᠭᠦᠯᠭᠦ | ᠬᠡᠷᠩᠳᠠᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ | ᠠᠵᠢᠯ ᠳᠠᠬᠢ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠬᠤ ᠬᠡᠷᠩᠳᠠᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠬᠢᠨᠠᠨ ᠪᠤᠳᠤᠬᠤ᠂ | ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ | ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ | ᠵᠢᠷᠭᠤᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠢ ᠵᠣᠷᠢᠭᠵᠢᠭᠤᠯᠣᠨ ᠳᠡᠮᠵᠢᠵᠣ ᠪᠠᠶᠢᠭᠠᠣᠨ | ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠡᠮᠴᠢᠯᠡᠭᠡᠨ ᠤ ᠪᠠᠲᠤᠯᠠᠭ᠎ᠠ ᠶᠢᠨ | ᠮᠡᠳᠡᠯᠭᠡ ᠶᠢᠨ ᠳᠠᠯ᠎ᠡ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠦᠷᠨᠢᠭᠦᠯᠣᠨ᠎ᠠ᠃ ᠡᠮᠴᠢᠯᠡᠭᠡᠨ ᠤ | ᠪᠠᠲᠤᠯᠠᠭ᠎ᠠ ᠳᠤ ᠬᠤᠯᠪᠣᠭᠳᠠᠭᠰᠠᠨ ᠤᠬᠠᠭᠤᠯᠭ᠎ᠠ ᠮᠡᠳᠡᠭᠡᠯᠡᠯ ᠨᠢ ᠦᠨᠡᠨ ᠪᠣᠳᠠᠲᠠᠶ᠂ ᠲᠥᠪ ᠭᠤᠣᠯᠴᠢ ᠪᠠᠶᠢᠬᠤ | ᠬᠡᠷᠡᠭᠲᠡᠶ᠃ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠨᠡᠶᠢᠭᠡᠮ ᠤᠨ ᠡᠯ᠎ᠡ ᠲᠠᠯ᠎ᠠ ᠶᠢᠨ ᠬᠢᠨ ᠤ | ᠬᠢᠨᠠᠯᠲᠠ ᠲᠠᠯᠪᠢᠬᠤ ᠶᠢ ᠵᠣᠷᠢᠭᠵᠢᠭᠤᠯᠤᠨ ᠳᠡᠮᠵᠢᠨ᠎ᠡ᠃ | ᠳᠣᠯᠣᠳᠤᠭᠠᠷ ᠵᠦᠢᠯ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠶᠢ ᠤᠯᠤᠰ ᠤᠨ | ᠲᠣᠭᠲᠠᠭᠠᠭᠰᠠᠨ ᠲᠣᠭᠠᠴᠠᠭ᠎ᠠ ᠬᠢᠬᠦ ᠬᠡᠪᠴᠢᠶᠡᠨ ᠳᠤ ᠨᠡᠶᠢᠴᠡᠭᠦᠯᠭᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠲᠣᠭᠲᠠᠭᠠᠭᠰᠠᠨ | ᠡᠷᠬᠡ ᠶᠢᠨ ᠬᠢᠵᠠᠭᠠᠷ ᠪᠠ ᠲᠡᠰ ᠳᠠᠷᠠᠭᠠᠯᠠᠯ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠳᠠᠬᠢ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦ ᠠᠴᠠ ᠲᠣᠭᠠᠴᠠᠵᠤ ᠥᠭᠬᠦ ᠪᠣᠳᠠᠲᠠᠶ ᠲᠥᠷᠥᠯ ᠵᠦᠢᠯ ᠪᠠ ᠪᠠᠷᠢᠮᠵᠢᠶ᠎ᠠ ᠶᠢ | ᠨᠥᠬᠦᠪᠥᠷᠢᠯᠡᠨ ᠲᠣᠭᠲᠠᠭᠠᠬᠤ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠳᠣᠣᠷᠠᠬᠢ ᠮᠡᠲᠦ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠣᠡᠭᠡᠭᠦ ᠬᠡᠷᠩᠳᠠᠢ᠄ | ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠪᠠᠶᠢᠭᠤᠯᠵᠣ ᠪᠦᠷᠢᠨᠰᠢᠬᠦᠯᠦᠨ᠎ᠡ︔ | ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ | ᠵᠢᠷᠤᠮᠵᠢᠭᠤᠯᠤᠨ᠎ᠠ︔ | ︵ᠭᠤᠷᠪᠠ︶ ᠦᠢᠯᠡᠴᠢᠯᠡᠭᠡᠨ ᠤ ᠵᠦᠪᠯᠡᠯᠴᠡᠭᠡᠷ ᠢ ᠲᠣᠭᠲᠠᠭᠠᠭᠰᠠᠨ ᠪᠠ ᠭᠦᠢᠴᠡᠳᠬᠡᠭᠰᠡᠨ ᠪᠠᠶᠢᠳᠠᠯ ᠳᠤ ᠬᠢᠨᠠᠯᠲᠠ | ᠲᠠᠯᠪᠢᠨ᠎ᠠ︔ | ︵ᠳᠥᠷᠪᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭᠠᠨ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ | ᠲᠠᠯᠪᠢᠨ᠎ᠠ︔ | ︵ᠲᠠᠪᠤ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠤᠯᠢ ᠠᠴᠠ ᠵᠥᠷᠢᠴᠡᠵᠣ ᠬᠡᠷᠡᠭᠯᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠢᠨᠠᠯᠲᠠ ᠲᠠᠯᠪᠢᠬᠤ | ᠡᠭᠦᠷᠭᠡ ᠬᠠᠷᠢᠭᠤᠴᠠᠯᠭ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ | ᠶᠠᠪᠤᠳᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ ᠳᠣᠣᠷᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠄ | ︵ᠨᠢᠭᠡ︶ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ ᠠᠮᠤᠷ ᠲᠦᠪᠰᠢᠨ ᠪᠠ ᠠᠶᠤᠯ ᠲᠦᠭᠰᠢᠭᠦᠷᠢ ᠶᠢᠨ | ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ︔ | ︵ᠬᠤᠶᠠᠷ︶ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠡᠭ ᠤᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠯᠦᠭᠡ ᠦᠢᠯᠡᠴᠢᠯᠡᠭᠡᠨ ᠤ ᠵᠦᠪᠯᠡᠯᠴᠡᠭᠡᠷ ᠲᠣᠭᠲᠠᠵᠤ ᠭᠦᠢᠴᠡᠳᠬᠡᠬᠦ︔ | ︵ᠭᠤᠷᠪᠠ︶ ᠰᠠᠭᠤᠷᠢ ᠮᠥᠩᠭᠦ ᠶᠢ ᠰᠠᠯᠭᠠᠨ ᠥᠭᠬᠦ᠂ ᠬᠠᠷᠠᠭᠠᠯᠵᠠᠯ ᠢ ᠬᠢᠨᠠᠨ ᠬᠠᠷᠭᠤᠭᠤᠯᠬᠤ ᠵᠢᠴᠢ | ᠲᠣᠭᠠᠴᠠᠵᠦ ᠥᠭᠬᠦ᠂ ᠵᠠᠷᠤᠳᠠᠯ ᠢ ᠬᠢᠨᠠᠨ ᠡᠵᠡᠮᠳᠡᠬᠦ︔ | ︵ᠳᠥᠷᠪᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠣᠷᠣᠯᠭ᠎ᠠ᠂ ᠵᠠᠷᠤᠯᠭ᠎ᠠ᠂ ᠦᠯᠡᠳᠡᠪᠦᠷᠢ | ᠵᠡᠷᠭᠡ ᠶᠢᠨ ᠪᠠᠶᠢᠳᠠᠯ ᠢ ᠨᠡᠶᠢᠭᠡᠮ ᠳᠤ ᠢᠯᠡ ᠨᠡᠶᠢᠳᠡᠯᠡᠭᠦ︔ | ︵ᠲᠠᠪᠤ︶ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠡᠭ ᠤᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠤᠨ ᠨᠡᠷᠡᠰ ᠢ ᠨᠡᠶᠢᠭᠡᠮ ᠳᠤ ᠨᠡᠶᠢᠳᠡᠯᠡᠭᠦ︔ | ︵ᠵᠢᠷᠭᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠬᠠᠶᠢᠵᠦ ᠯᠠᠪᠯᠠᠬᠤ ᠦᠢᠯᠡᠴᠢᠯᠡᠭᠡ | ᠬᠠᠩᠭᠠᠬᠤ︔ | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ | ᠬᠠᠷᠢᠭᠤᠴᠠᠯᠭ᠎ᠠ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠶᠢᠨ ᠳᠣᠣᠷᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠬᠤ ᠬᠡᠷᠡᠭᠲᠡᠶ᠄ | ︵ᠨᠢᠭᠡ︶ ᠦᠢᠯᠡᠴᠢᠯᠡᠭᠡᠨ ᠤ ᠵᠦᠪᠯᠡᠯᠴᠡᠭᠡᠷ ᠢ ᠭᠦᠢᠴᠡᠳᠬᠡᠬᠦ︔ | ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ | ᠵᠦᠢᠯ ᠤᠨ ᠦᠨ᠎ᠡ ᠬᠠᠩᠰᠢ ᠪᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠦᠪᠯᠡᠷᠡᠭᠦᠯᠵᠣ ᠬᠤᠳᠠᠯᠳᠤᠨ ᠠᠪᠬᠤ ᠲᠦᠷᠢᠮ ᠢ ᠬᠡᠷᠩᠵᠢᠭᠦᠯᠭᠦ︔ | ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠶᠢᠨ ᠬᠤᠯᠪᠣᠭᠳᠠᠯ ᠪᠦᠬᠦᠢ ᠳ᠋ᠠᠶᠢᠲ᠋ᠠ ᠶᠢ ᠳᠠᠮᠵᠢᠭᠤᠯᠤᠨ ᠬᠦᠷᠭᠡᠬᠦ | ︔ | ︵ᠲᠦᠷᠪᠡ︶ ᠡᠮᠴᠢᠯᠡᠭᠡᠨ ᠤ ᠵᠠᠷᠤᠳᠠᠯ᠂ ᠵᠠᠷᠤᠳᠠᠯ ᠤᠨ ᠪᠦᠲᠦᠴᠡ ᠶᠢᠨ ᠮᠡᠳᠡᠭᠡ ᠵᠠᠩᠭᠢ ᠵᠡᠷᠭᠡ ᠶᠢ ᠨᠡᠶᠢᠭᠡᠮ ᠳᠤ | ᠢᠯᠡ ᠨᠡᠶᠢᠳᠡᠯᠡᠭᠦ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠭᠲᠠᠭᠰᠠᠨ ᠴᠡᠭ ᠤᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠳᠣᠣᠷᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠄ | ︵ᠨᠢᠭᠡ︶ ᠦᠢᠯᠡᠴᠢᠯᠡᠭᠡᠨ ᠤ ᠬᠡᠯᠡᠯᠴᠡᠭᠡᠷ ᠢ ᠭᠦᠢᠴᠡᠳᠬᠡᠬᠦ︔ | ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠶᠢᠨ ᠬᠤᠯᠪᠣᠭᠳᠠᠯ ᠪᠦᠬᠦᠢ ᠳ᠋ᠠᠶᠢᠲ᠋ᠠ ᠶᠢ ᠳᠠᠮᠵᠢᠭᠤᠯᠤᠨ ᠬᠦᠷᠭᠡᠬᠦ | ︔ | ︵ᠭᠤᠷᠪᠠ︶ ᠡᠮ ᠤᠨ ᠵᠦᠢᠯ ᠤᠨ ᠵᠠᠷᠤᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠠ ᠨᠡᠶᠢᠳᠡᠯᠡᠭᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ | ᠬᠠᠷᠢᠭᠤᠴᠠᠯᠭ᠎ᠠ᠃ | ᠠᠷᠪᠠᠨ ᠬᠤᠶᠠᠳᠤᠭᠠᠷ ᠵᠦᠢᠯ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ | ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠲᠡᠳᠡᠭᠡᠷ ᠤᠨ ᠠᠵᠢᠯᠳᠡᠣᠨ ᠨᠢ ᠡᠪᠡᠣᠡᠴᠢᠳᠡᠨ ᠦᠨᠡᠨ | ᠨᠡᠷ᠎ᠡ ᠪᠠᠷ ᠢᠶᠠᠨ ᠡᠮᠨᠡᠭᠦᠯᠬᠦ ᠪᠠ ᠡᠮ ᠬᠤᠳᠠᠯᠳᠤᠨ ᠠᠪᠬᠤ ᠬᠠᠮᠢᠶᠠᠷᠤᠯᠲᠠ ᠶᠢᠨ ᠲᠣᠭᠲᠠᠭᠠᠯ ᠢ ᠬᠡᠷᠩᠵᠢᠭᠦᠯᠵᠣ᠂ | ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠲᠡᠮᠳᠡᠭ ᠢ ᠬᠢᠨᠠᠨ ᠬᠠᠷᠭᠤᠭᠤᠯᠵᠣ᠂ | ᠣᠨᠣᠰᠢᠯᠠᠨ ᠡᠮᠨᠡᠬᠦ ᠵᠢᠷᠤᠮᠵᠢᠯ ᠶᠣᠰᠣᠭᠠᠷ ᠵᠦᠶ ᠵᠣᠬᠢᠰᠲᠠᠶ᠂ ᠴᠢᠬᠤᠯᠠ ᠪᠦᠬᠦᠢ ᠡᠮ ᠡᠮᠨᠡᠯᠭᠡ ᠶᠢᠨ ᠦᠢᠯᠡᠴᠢᠯᠡᠭᠡ | ᠬᠠᠩᠭᠠᠵᠤ᠂ ᠳᠠᠭᠠᠳᠬᠠᠯ ᠳᠤ ᠣᠷᠣᠯᠴᠠᠭᠰᠠᠳ ᠲᠤ ᠰᠦᠢᠳᠬᠡᠯ ᠤᠨ ᠪᠠᠷᠢᠮᠲᠠ ᠪᠠ ᠬᠠᠮᠢᠶ᠎ᠠ ᠪᠦᠬᠦᠢ ᠮᠠᠲ᠋ᠧᠷᠢᠶᠠᠯ ᠢ | ᠦᠨᠡᠨ ᠮᠥᠨ ᠢᠶᠠᠷ ᠨᠢ ᠭᠠᠷᠭᠠᠵᠣ ᠦᠭᠭᠦ ᠬᠡᠷᠩᠳᠠᠢ᠂ ᠰᠠᠯᠭᠠᠵᠤ ᠳᠠᠬᠢᠨᠲᠠ ᠡᠮᠨᠡᠯᠭᠡ ᠳᠤ ᠰᠠᠭᠤᠯᠭᠠᠬᠤ ᠪᠠ ᠨᠡᠷ᠎ᠡ ᠶᠢᠨ | ᠲᠡᠳᠣᠢ ᠡᠮᠨᠡᠯᠭᠡ ᠳᠤ ᠰᠠᠭᠤᠯᠭᠠᠵᠤ ᠪᠣᠯᠬᠤ ᠦᠭᠡᠢ᠂ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠬᠡᠳᠦᠷᠬᠡᠢ | ᠣᠨᠣᠰᠢᠯᠠᠨ ᠡᠮᠨᠡᠬᠦ᠂ ᠬᠡᠳᠦᠷᠬᠡᠢ ᠪᠠᠶᠢᠴᠠᠭᠠᠬᠤ᠂ ᠡᠮ ᠤᠨ ᠵᠣᠷ ᠢ ᠰᠠᠯᠭᠠᠬᠤ᠂ ᠬᠡᠮᠵᠢᠶ᠎ᠡ ᠠᠴᠠ ᠬᠡᠳᠣᠷᠡᠭᠦᠯᠣᠨ ᠡᠮ | ᠥᠭᠬᠦ᠂ ᠳᠠᠬᠢᠨ ᠳᠠᠪᠳᠡᠨ ᠡᠮ ᠥᠭᠴᠥ ᠪᠣᠯᠬᠤ ᠦᠭᠡᠢ᠂ ᠳᠠᠬᠢᠨ ᠳᠠᠪᠳᠡᠨ ᠰᠦᠢᠳᠬᠡᠯ ᠬᠤᠷᠢᠶᠠᠬᠤ᠂ | ᠪᠠᠷᠢᠮᠵᠢᠶ᠎ᠠ ᠠᠴᠠ ᠬᠡᠳᠣᠷᠡᠭᠦᠯᠣᠨ ᠰᠦᠢᠳᠬᠡᠯ ᠬᠤᠷᠢᠶᠠᠬᠤ᠂ ᠲᠦᠷᠣᠯ ᠵᠦᠢᠯ ᠢ ᠰᠠᠯᠭᠠᠵᠤ ᠰᠦᠢᠳᠬᠡᠯ ᠬᠤᠷᠢᠶᠠᠵᠤ | ᠪᠣᠯᠬᠤ ᠦᠭᠡᠢ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ | ᠲᠦᠷᠣᠯ ᠵᠦᠢᠯ ᠪᠠ ᠦᠢᠯᠡᠴᠢᠯᠡᠭᠡᠨ ᠤ ᠪᠡᠯᠡᠣᠡᠭᠡᠮᠵᠢ ᠶᠢ ᠬᠤᠭᠤᠷᠣᠨᠳᠣ ᠨᠢ ᠰᠣᠯᠢᠵᠤ ᠪᠣᠯᠬᠤ ᠦᠭᠡᠢ᠂ ᠪᠤᠰᠤᠳ ᠢ | ᠥᠳᠥᠭᠡᠨ ᠲᠠᠲᠠᠵᠤ᠂ ᠬᠠᠪᠰᠤᠷᠴᠤ ᠪᠠᠶᠢᠭᠠᠳ ᠪᠣᠰᠣᠣᠨ ᠭᠦᠮᠣᠨ ᠤ ᠨᠡᠷ᠎ᠡ ᠪᠠᠷ ᠡᠮᠨᠡᠭᠦᠯᠬᠦ ᠪᠤᠶᠤ ᠬᠤᠳᠠᠯ ᠢᠶᠠᠷ | ᠡᠮᠨᠡᠭᠦᠯᠵᠦ ᠡᠮ ᠬᠤᠳᠠᠯᠳᠤᠨ ᠠᠪᠤᠭᠤᠯᠵᠤ ᠪᠣᠯᠬᠤ ᠦᠭᠡᠢ᠃ | ᠲᠦᠷᠭᠡᠨ ᠡᠮᠨᠡᠭᠦᠯᠬᠦ᠂ ᠲᠦᠷᠭᠡᠨ ᠠᠪᠤᠷᠠᠬᠤ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠲᠣᠭᠲᠠᠭᠰᠠᠨ | ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠥᠯᠥᠬᠦ | ᠬᠡᠪᠴᠢᠶᠠᠨ ᠠᠴᠠ ᠪᠣᠰᠣᠣᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠳᠤ ᠬᠦᠷᠪᠡᠯ᠂ ᠳᠠᠭᠠᠳᠬᠠᠯ ᠳᠤ | ᠣᠷᠣᠯᠴᠠᠭᠰᠠᠣᠨ ᠪᠤᠶᠤ ᠲᠡᠳᠡᠨ ᠤ ᠣᠶᠢᠷ᠎ᠠ ᠲᠥᠷᠥᠯ ᠰᠠᠳᠤᠨ᠂ ᠬᠢᠨᠠᠨ ᠬᠠᠮᠠᠭᠠᠯᠠᠭᠴᠢ ᠪᠠᠷ ᠵᠥᠪᠰᠢᠶᠡᠷᠡᠭᠦᠯᠬᠦ | ᠬᠡᠷᠡᠭᠲᠡᠶ᠃ ᠠᠷᠪᠠᠨ ᠭᠤᠷᠪᠠᠳᠤᠭᠠᠷ ᠵᠦᠢᠯ ᠳᠠᠭᠠᠣᠡᠬᠠᠯ ᠳᠤ ᠣᠷᠣᠯᠴᠠᠭᠰᠠᠳ ᠨᠢ ᠦᠪᠡᠷ ᠤᠨ ᠡᠮᠴᠢᠯᠡᠭᠡᠨ ᠤ | ᠪᠠᠲᠤᠯᠠᠭ᠎ᠠ ᠶᠢᠨ ᠬᠡᠷᠡᠴᠢ ᠲᠡᠮᠳᠡᠭ ᠢᠶᠠᠨ ᠠᠪᠴᠤ ᠡᠮᠨᠡᠭᠦᠯᠵᠦ ᠡᠮ ᠬᠤᠳᠠᠯᠳᠤᠨ ᠠᠪᠬᠤ ᠶᠢᠨ ᠬᠠᠮᠲᠤ᠂ | ᠰᠠᠨᠠᠭᠠᠴᠢᠯᠠᠭ᠎ᠠ ᠠᠴᠠ ᠪᠠᠨ ᠭᠡᠷᠡᠴᠢ ᠳᠡᠮᠳᠡᠭ ᠢᠶᠠᠨ ᠭᠠᠷᠭᠠᠨ ᠦᠵᠡᠭᠦᠯᠵᠦ ᠪᠠᠶᠢᠴᠠᠭᠠᠨ ᠰᠢᠯᠭᠠᠬᠤ ᠶᠢ ᠬᠦᠯᠢᠶᠡᠬᠦ | ᠬᠡᠷᠡᠭᠲᠡᠶ᠃ ᠳᠠᠭᠠᠳᠬᠠᠯ ᠳᠤ ᠣᠷᠣᠯᠴᠠᠭᠰᠠᠣᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ | ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠰᠦᠢᠣᠡᠭᠡᠯ ᠤᠨ ᠪᠠᠷᠢᠮᠲᠠ ᠪᠠ ᠬᠠᠮᠢᠶ᠎ᠠ | ᠪᠥᠬᠦᠶ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠭᠠᠷᠭᠠᠯᠭᠠᠬᠤ ᠪᠠᠷ ᠱᠠᠭᠠᠷᠳᠠᠬᠤ ᠡᠷᠬᠡ ᠲᠠᠢ᠃ | ᠳᠠᠭᠠᠳᠬᠠᠯ ᠳᠤ ᠣᠷᠣᠯᠴᠠᠭᠰᠠᠳ ᠲᠣᠭᠲᠠᠭᠠᠯ ᠶᠣᠰᠣᠭᠠᠷ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ | ᠬᠦᠷᠳᠡᠭᠦ ᠶᠣᠰᠣᠳᠠᠢ᠂ ᠳᠠᠬᠢᠨ ᠳᠠᠪᠳᠡᠨ ᠬᠠᠷᠠᠭᠠᠯᠵᠠᠯ ᠬᠦᠷᠳᠡᠵᠣ ᠪᠣᠯᠬᠤ ᠦᠭᠡᠢ᠃ | ᠳᠠᠭᠠᠳᠬᠠᠯ ᠳᠤ ᠣᠷᠣᠯᠴᠠᠭᠰᠠᠳ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠣᠡᠭᠡᠭᠦ ᠪᠠᠶᠢᠭᠤᠯᠤᠮᠵᠢ ᠳᠤ | ᠡᠮᠴᠢᠯᠡᠭᠡᠨ ᠤ ᠪᠠᠲᠤᠯᠠᠭ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠯᠭᠠᠬᠤ ᠪᠠᠷ ᠱᠠᠭᠠᠷᠳᠠᠵᠣ᠂ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠳᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ | ᠡᠷᠬᠡ ᠲᠠᠢ᠃ | ᠠᠷᠪᠠᠨ ᠳᠥᠷᠪᠡᠳᠦᠭᠡᠷ ᠵᠦᠢᠯ ᠳᠠᠭᠠᠣᠡᠬᠠᠯ ᠳᠤ ᠣᠷᠣᠯᠴᠠᠭᠰᠠᠳ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ | ᠬᠦᠷᠳᠡᠬᠦ ᠲᠣᠬᠢᠶᠠᠯ ᠢ ᠠᠰᠢᠭᠯᠠᠨ ᠡᠮ ᠤᠨ ᠵᠦᠢᠯ ᠢ ᠰᠢᠯᠵᠢᠭᠦᠯᠦᠨ ᠬᠤᠳᠠᠯᠳᠣᠵᠣ᠂ ᠪᠡᠯᠡᠨ ᠵᠣᠭᠤᠰ᠂ ᠪᠣᠳᠠᠲᠤ | ᠶᠠᠭᠤᠮ᠎ᠠ ᠰᠣᠯᠢᠵᠣ ᠠᠪᠬᠤ ᠪᠤᠶᠤ ᠪᠤᠰᠤᠳ ᠬᠠᠤᠯᠢ ᠪᠤᠰᠤ ᠠᠰᠢᠭ ᠣᠯᠵᠤ ᠪᠣᠯᠬᠤ ᠦᠭᠡᠢ᠃ | ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ ᠨᠢ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠬᠥᠷᠳᠡᠬᠦ | ᠲᠣᠬᠢᠶᠠᠯ ᠢ ᠠᠰᠢᠭᠯᠠᠨ ᠡᠮ ᠤᠨ ᠵᠦᠢᠯ ᠢ ᠳᠠᠮᠵᠢᠭᠤᠯᠤᠨ ᠬᠤᠳᠠᠯᠳᠣᠵᠣ᠂ ᠪᠡᠯᠡᠨ ᠵᠣᠭᠤᠰ᠂ ᠪᠣᠳᠠᠲᠤ ᠶᠠᠭᠤᠮ᠎ᠠ | ᠰᠣᠯᠢᠵᠣ ᠠᠪᠬᠤ ᠪᠤᠶᠤ ᠪᠤᠰᠤᠳ ᠬᠠᠤᠯᠢ ᠪᠤᠰᠤ ᠠᠰᠢᠭ ᠬᠥᠷᠳᠡᠬᠦ ᠳᠤ ᠨᠢ ᠲᠥᠬᠦᠮ ᠦᠵᠡᠭᠦᠯᠵᠦ ᠪᠣᠯᠬᠤ ᠥᠭᠡᠢ᠃ | | ᠠᠷᠪᠠᠨ ᠲᠠᠪᠤᠳᠤᠭᠠᠷ ᠵᠦᠢᠯ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠣᠡᠭᠡᠭᠦ ᠪᠠᠶᠢᠭᠤᠯᠤᠮᠵᠢ᠂ | ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠵᠡᠷᠭᠡ ᠨᠢᠭᠡᠴᠢ ᠵᠢᠴᠢ ᠲᠡᠳᠡᠭᠡᠷ ᠤᠨ ᠠᠵᠢᠯᠲᠠᠨ ᠪᠠ ᠳᠠᠭᠠᠳᠬᠠᠯ ᠳᠤ ᠣᠷᠣᠯᠴᠠᠭᠰᠠᠣᠨ ᠡᠮᠴᠢᠯᠡᠭᠡᠨ ᠤ | ᠪᠢᠴᠢᠭ ᠬᠠᠷ᠎ᠠ᠂ ᠠᠨᠠᠭᠠᠬᠤ ᠣᠬᠠᠭᠠᠨ ᠤ ᠭᠡᠷᠡᠴᠢ᠂ ᠨᠢᠭᠲᠠᠯᠠᠨ ᠪᠣᠳᠣᠭᠴᠢ ᠶᠢᠨ ᠭᠡᠷᠡᠴᠢ ᠪᠠᠷᠢᠮᠲᠠ᠂ ᠡᠯᠧᠺᠲᠷᠣᠨ | ᠮᠡᠳᠡᠭᠡ ᠵᠠᠩᠭᠢ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ | ᠂ ᠨᠢᠭᠤᠨ ᠳᠠᠯᠳᠠᠯᠠᠬᠤ᠂ ᠪᠠᠯᠠᠯᠤᠨ ᠵᠠᠰᠠᠬᠤ᠂ ᠦᠭᠡᠶᠢᠰᠬᠡᠬᠦ ᠡᠰᠡᠭᠦᠯ᠎ᠠ ᠡᠮ ᠡᠮᠨᠡᠯᠭᠡ ᠶᠢᠨ ᠦᠢᠯᠡᠴᠢᠯᠡᠭᠡᠨ ᠤ | ᠲᠦᠷᠣᠯ ᠵᠦᠢᠯ ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠮᠠᠶ᠋ᠢᠭ ᠢᠶᠠᠷ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢ ᠮᠡᠬᠡᠯᠡᠨ ᠠᠪᠴᠤ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠤᠰᠬᠠᠶ ᠵᠣᠭᠤᠰ ᠢ | ᠲᠤᠰᠬᠠᠶ ᠵᠦᠢᠯ ᠳᠤ ᠬᠡᠷᠡᠭᠯᠡᠨ᠎ᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠡᠣᠨ ᠡᠵᠡᠯᠡᠨ ᠠᠪᠬᠤ | ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠲᠣᠮᠣ ᠳ᠋ᠠᠶᠢᠲ᠋ᠠ ᠶᠢ ᠴᠠᠭ | ᠲᠤᠬᠠᠶ ᠳᠤ ᠨᠢ ᠬᠥᠳᠡᠯᠦᠩᠭᠦᠶ ᠪᠠᠷ ᠣᠶᠤᠨᠴᠢ ᠪᠠᠷ ᠬᠢᠨᠠᠨ ᠡᠵᠡᠮᠳᠡᠭᠦ ᠶᠢ ᠬᠡᠷᠩᠵᠢᠭᠦᠯᠣᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠮᠡᠳᠡᠭᠡ | ᠵᠠᠩᠭᠢ ᠰᠣᠯᠢᠯᠴᠠᠬᠤ ᠪᠠ ᠬᠠᠮᠳᠣ ᠪᠠᠷ ᠭᠥᠷᠳᠡᠬᠦ ᠪᠠᠨ ᠴᠢᠩᠭᠠᠳᠬᠠᠵᠤ᠂ ᠬᠠᠮᠳᠣ ᠪᠠᠷ ᠭᠥᠷᠳᠡᠬᠦ ᠳ᠋ᠠᠶᠢᠲ᠋ᠠ ᠶᠢᠨ ᠠᠮᠣᠷ | ᠲᠦᠪᠰᠢᠨ ᠢ ᠦᠨᠡᠨ ᠬᠦ ᠪᠠᠳᠣᠯᠠᠬᠤ ᠬᠡᠷᠩᠳᠠᠢ᠃ | ᠠᠷᠪᠠᠨ ᠨᠡᠶᠢᠮᠠᠳᠣᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠦᠩᠭᠦᠨ ᠤ ᠲᠦᠭᠰᠢᠭᠦᠷᠢ ᠶᠢ ᠦᠨᠡᠯᠡᠨ ᠵᠢᠱᠢᠬᠦ᠂ ᠢᠯᠡᠴᠢᠯᠡᠨ ᠮᠡᠳᠡᠭᠦᠯᠵᠦ ᠵᠠᠭᠠᠯᠳᠤᠭᠰᠠᠨ | ᠰᠦᠪᠡᠭᠴᠢ᠂ ᠡᠮᠴᠢᠯᠡᠭᠡᠨ ᠤ ᠪᠠᠲᠤᠯᠠᠭ᠎ᠠ ᠶᠢᠨ ᠳ᠋ᠠᠶᠢᠲ᠋ᠠ ᠶᠢ ᠬᠢᠨᠠᠨ ᠡᠵᠡᠮᠳᠡᠭᠰᠡᠨ ᠵᠡᠷᠭᠡ ᠪᠠᠶᠢᠳᠠᠯ ᠢᠶᠠᠨ ᠦᠨᠳᠦᠰᠦᠯᠡᠨ | ᠂ ᠪᠠᠶᠢᠴᠠᠭᠠᠬᠤ ᠭᠤᠣᠯᠳᠠᠯᠭ᠎ᠠ ᠪᠠᠨ ᠲᠣᠭᠲᠠᠭᠠᠵᠤ᠂ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠵᠣ ᠥᠷᠨᠢᠭᠦᠯᠬᠦ | ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠷᠡᠭᠦᠯ ᠬᠠᠮᠠᠭᠠᠯᠠᠯ ᠡᠷᠡᠭᠦᠯ | ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ | ᠰᠠᠯᠠᠭ᠎ᠠ ᠮᠥᠴᠢᠷ ᠲᠠᠢ ᠬᠠᠮᠳᠣᠷᠠᠵᠣ ᠬᠤᠯᠪᠣᠭᠠᠯᠠᠨ ᠪᠠᠶᠢᠴᠠᠭᠠᠬᠤ ᠠᠵᠢᠯ ᠥᠷᠨᠢᠭᠦᠯᠵᠦ ᠪᠣᠯᠤᠨ᠎ᠠ᠃ | ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠩᠯᠡᠭᠰᠡᠨ ᠦᠢᠯᠨ | ᠠᠵᠢᠯᠯᠠᠭ᠎ᠠ ᠳᠤ᠂ ᠬᠠᠮᠲᠤ ᠶᠢᠨ ᠳᠡᠭᠡᠳᠣ ᠨᠢᠭᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠪᠠᠶᠢᠴᠠᠭᠠᠯᠳᠡ ᠬᠢᠭᠦ ᠬᠡᠷᠩᠳᠠᠢ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠶᠢ | ᠬᠡᠷᠡᠭᠵᠢᠭᠦᠯᠬᠦ ᠳᠤ ᠳᠣᠣᠷᠠᠬᠢ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠲᠤᠬᠠᠶ ᠶᠢᠨ ᠲᠠᠯᠠᠪᠤᠷ ᠲᠤ ᠪᠠᠶᠢᠴᠠᠭᠠᠬᠤ︔ | ︵ᠬᠤᠶᠠᠷ︶ ᠬᠤᠯᠪᠣᠭᠳᠠᠯ ᠪᠦᠬᠦᠢ ᠬᠥᠮᠦᠰ ᠠᠴᠠ ᠯᠠᠪᠯᠠᠬᠤ︔ | ︵ᠭᠤᠷᠪᠠ︶ ᠪᠠᠶᠢᠴᠠᠭᠠᠭᠳᠠᠬᠤ ᠡᠲᠡᠭᠡᠳ ᠢ ᠱᠠᠭᠠᠷᠳᠠᠵᠣ ᠪᠠᠶᠢᠭᠠᠣᠨ ᠪᠠᠶᠢᠴᠠᠭᠠᠬᠤ ᠵᠦᠢᠯᠡᠰ ᠲᠠᠢ | ᠬᠤᠯᠪᠣᠭᠳᠠᠭᠰᠠᠨ ᠪᠢᠴᠢᠭ ᠮᠠᠲ᠋ᠧᠷᠢᠶᠠᠯ ᠢ ᠬᠠᠩᠭᠠᠯᠭᠠᠬᠤ ᠶᠢᠨ ᠬᠠᠮᠲᠤ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ | ᠬᠢᠯᠭᠡᠬᠦ︔ | ︵ᠲᠥᠷᠪᠠ︶ ᠲᠡᠮᠳᠡᠭᠯᠡᠬᠦ᠂ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠭᠡᠷᠡᠯ ᠵᠢᠷᠤᠭ ᠠᠪᠬᠤ ᠪᠤᠶᠤ | ᠪᠠᠭᠤᠯᠭᠠᠨ ᠠᠪᠬᠤ ᠵᠡᠷᠭᠡ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠴᠤᠭᠯᠠᠭᠤᠯᠬᠤ︔ | | ︵ᠲᠠᠪᠤ︶ ᠰᠢᠯᠵᠢᠭᠦᠯᠬᠦ᠂ ᠨᠢᠭᠤᠬᠤ ᠪᠤᠶᠤ ᠦᠭᠡᠶᠢᠰᠭᠡᠵᠣ ᠬᠠᠶᠠᠵᠣ ᠮᠡᠳᠡᠬᠦ ᠮᠠᠲ᠋ᠧᠷᠢᠶᠠᠯ ᠵᠡᠷᠭᠡ ᠶᠢ | ᠪᠢᠲᠡᠭᠦᠮᠵᠢᠯᠡᠨ ᠬᠠᠳᠠᠭᠠᠯᠠᠬᠤ︔ | ︵ᠵᠢᠷᠭᠤᠭ᠎ᠠ︶ ᠨᠥᠬᠦᠴᠡᠯ ᠳᠤ ᠨᠡᠶᠢᠴᠡᠬᠦ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ | ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠ ᠲᠤᠰᠬᠠᠢ ᠮᠡᠷᠭᠡᠵᠢᠯ ᠤᠨ ᠠᠵᠢᠯᠳᠠᠨ ᠢ ᠤᠷᠢᠵᠤ ᠪᠠᠶᠢᠴᠠᠭᠠᠯᠲᠠ ᠪᠠᠨ | ᠬᠠᠮᠵᠢᠨ ᠥᠷᠨᠢᠭᠦᠯᠬᠦ︔ | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠥᠬᠦᠴᠡᠯ ᠳᠤ ᠨᠡᠶᠢᠴᠡᠬᠦ | ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠨᠠᠶᠢᠳᠠᠵᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ ᠪᠣᠯᠤᠨ᠎ᠠ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ | ᠪᠠᠶᠢᠴᠠᠭᠠᠬᠤ ᠳᠤ ᠪᠠᠶᠢᠴᠠᠭᠠᠭᠳᠠᠬᠤ ᠡᠲᠡᠭᠡᠳ ᠨᠢ ᠬᠠᠮᠵᠢᠵᠤ᠂ ᠬᠠᠮᠢᠶ᠎ᠠ ᠪᠥᠬᠦᠢ ᠮᠠᠲ᠋ᠧᠷᠢᠶᠠᠯ ᠪᠠ ᠮᠡᠳᠡᠭᠡ | ᠵᠠᠩᠭᠢ ᠪᠠᠨ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠂ ᠪᠠᠶᠢᠴᠠᠭᠠᠬᠤ ᠶᠢ ᠲᠡᠪᠴᠢᠬᠦ᠂ ᠬᠠᠷᠰᠢᠯᠠᠬᠤ ᠪᠤᠶᠤ | ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠥᠭᠡᠢ ᠪᠠᠶᠢᠵᠤ ᠪᠣᠯᠬᠤ ᠥᠭᠡᠢ᠃ | ᠬᠤᠷᠢᠨ ᠭᠤᠷᠪᠠᠳᠤᠭᠠᠷ ᠵᠦᠢᠯ ᠡᠮᠴᠢᠯᠡᠭᠡᠨ ᠤ ᠪᠠᠲᠤᠯᠠᠭ᠎ᠠ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ | ᠵᠢᠴᠢ ᠲᠡᠳᠡᠭᠡᠷ ᠤᠨ ᠠᠵᠢᠯᠲᠠᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠣᠡᠭᠡᠭᠦ ᠪᠠᠶᠢᠭᠤᠯᠤᠮᠵᠢ᠂ | ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠪᠠᠶᠢᠭᠤᠯᠤᠮᠵᠢ ᠵᠢᠴᠢ ᠲᠡᠳᠡᠭᠡᠷ ᠤᠨ ᠠᠵᠢᠯᠳᠡᠣᠨ | ᠠᠵᠢᠯ ᠤᠨ ᠳᠤᠮᠳᠠ ᠪᠠᠨ ᠣᠯᠵᠤ ᠮᠡᠳᠡᠭᠰᠡᠨ ᠪᠠᠶᠢᠴᠠᠭᠠᠭᠳᠠᠬᠤ ᠡᠲᠡᠭᠡᠳ ᠤᠨ ᠮᠠᠲ᠋ᠧᠷᠢᠶᠠᠯ ᠪᠤᠶᠤ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢ ᠬᠢᠨᠠᠵᠤ | ᠬᠠᠮᠢᠶᠠᠷᠬᠤ ᠠᠴᠠ ᠭᠠᠳᠠᠨᠠᠬᠢ ᠪᠤᠰᠤᠳ ᠵᠣᠷᠢᠯᠭ᠎ᠠ ᠪᠠᠷ ᠬᠡᠷᠡᠭᠯᠡᠵᠦ ᠪᠣᠯᠬᠤ ᠦᠭᠡᠢ᠂ ᠲᠤᠬᠠᠶ ᠶᠢᠨ ᠬᠥᠮᠦᠨ ᠤ | ᠬᠤᠪᠢ ᠶᠢᠨ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠵᠤ ᠥᠭᠡᠷᠡᠲᠦᠭᠦᠯᠵᠦ ᠰᠦᠢᠳᠬᠡᠵᠦ᠂ | ᠬᠠᠤᠯᠢ ᠪᠤᠰᠤ ᠪᠠᠷ ᠪᠤᠰᠤᠳ ᠲᠤ ᠬᠠᠩᠭᠠᠨ ᠥᠭᠴᠥ ᠪᠣᠯᠬᠤ ᠦᠭᠡᠢ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠶ᠃ | ᠬᠤᠷᠢᠨ ᠲᠠᠪᠤᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠣᠨ ᠴᠥᠮ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠵᠤ ᠬᠠᠮᠢᠶᠠᠷᠬᠤ ᠶᠠᠪᠤᠴᠠ ᠳᠠᠬᠢ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠵᠠᠭᠠᠯᠳᠤᠬᠤ ᠡᠷᠬᠡ ᠲᠠᠢ᠃ ᠢᠯᠡᠴᠢᠯᠡᠨ ᠮᠡᠳᠡᠭᠦᠯᠦᠯᠲᠡ᠂ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠨᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠦ᠂ | ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠴᠢ᠂ ᠵᠠᠭᠠᠯᠳᠤᠭᠴᠢ ᠳᠤ ᠬᠠᠷᠢᠭᠤ | ᠲᠤᠰᠬᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠦᠨᠡᠨ ᠪᠣᠳᠠᠲᠠᠶ ᠢᠯᠡᠴᠢᠯᠡᠨ ᠮᠡᠳᠡᠭᠦᠯᠦᠭᠰᠡᠨ ᠢ ᠨᠢ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠱᠠᠩᠨᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠲᠥᠷᠢᠮ︾ ᠵᠡᠷᠭᠡ | ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠳᠬᠡᠨ ᠲᠣᠷᠭᠠᠬᠤ ᠲᠣᠭᠲᠠᠭᠠᠯ | ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠩᠵᠢᠭᠦᠯᠭᠦ ᠬᠡᠷᠩᠳᠠᠢ᠃ ᠬᠤᠷᠢᠨ ᠳᠣᠯᠣᠳᠤᠭᠠᠷ | ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠨᠥᠬᠦᠪᠥᠷᠢ᠂ ᠠᠯᠪᠠᠲᠠᠨ ᠤ | ᠡᠮᠴᠢᠯᠡᠭᠡᠨ ᠤ ᠨᠥᠬᠦᠪᠥᠷᠢ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠦᠩᠭᠦᠨ ᠤ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠩᠵᠢᠭᠦᠯᠭᠦ ᠬᠡᠷᠩᠳᠠᠢ᠃ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠮᠦᠩᠭᠦᠨ ᠤ ᠬᠡᠷᠡᠭᠯᠡᠯᠲᠡ ᠶᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠩᠵᠢᠭᠦᠯᠭᠦ ᠬᠡᠷᠩᠳᠠᠢ᠂ ᠡᠮᠴᠢᠯᠡᠭᠡᠨ ᠤ ᠪᠠᠲᠤᠯᠠᠭ᠎ᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠶᠢ 2021 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠬᠤᠪᠢᠳᠡᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ | ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠳᠡᠳ᠋ ᠡᠷᠬᠢᠯᠡᠭᠴᠢ | ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠬᠠᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 6 ᠳ᠋ᠤᠭᠠᠷ ᠰᠠᠷ᠎ᠠ ᠶᠢᠨ | 7 ᠤ ᠡᠳᠦᠷ ᠳᠠᠷᠤᠮᠠᠯᠯᠠᠨ ᠲᠠᠷᠬᠠᠭᠠᠪᠠ | |