ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/11/20
     ᠨᠢᠭᠡᠳᠦᠭᠡᠷ ᠪᠦᠯᠦᠭ  ᠶᠡᠷᠦᠩᠬᠡᠶ ᠳᠦᠷᠢᠮ      ᠨᠢᠭᠡᠳᠦᠭᠡᠷ ᠵᠦᠢᠯ  ᠭᠠᠵᠠᠷ ᠵᠦᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠬᠤ᠂ ᠶᠠᠰᠤ ᠴᠢᠨᠠᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠦᠷ᠎ᠡ ᠪᠦᠲᠦᠭᠡᠯ ᠤᠨ ᠶᠠᠰᠤ ᠴᠢᠨᠠᠷ ᠢ ᠪᠠᠲᠤᠯᠠᠬᠤ᠂ ᠤᠯᠤᠰ᠂ ᠬᠡᠷᠡᠭᠯᠡᠭᠴᠢ ᠪᠠ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠳᠦᠷᠢᠮ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶᠠᠨ ᠤ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ︽ᠭᠠᠵᠠᠷ ᠵᠦᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠢ ᠬᠡᠮᠵᠢᠨ ᠵᠢᠷᠤᠬᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠢ ᠡᠵᠡᠮᠳᠡᠬᠦ ᠠᠵᠢᠯᠯᠠᠭ᠎ᠠ ᠵᠢᠴᠢ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯ ᠬᠢᠬᠦ ᠳᠤ ᠲᠣᠰ ᠠᠷᠭ᠎ᠠ ᠶᠢ ᠵᠢᠷᠤᠮᠯᠠᠬᠤ ᠬᠡᠷᠡᠭᠲᠡᠶ᠃ ᠲᠣᠰ ᠠᠷᠭ᠎ᠠ ᠳᠤ ᠬᠡᠯᠡᠵᠦ ᠪᠠᠶᠢᠭ᠎ᠠ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠶᠠᠰᠤ ᠴᠢᠨᠠᠷ ᠭᠡᠳᠡᠭ ᠨᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯᠯᠠᠭ᠎ᠠ ᠵᠢᠴᠢ ᠲᠡᠭᠦᠨ ᠤ ᠦᠷ᠎ᠡ ᠪᠦᠲᠦᠭᠡᠯ ᠨᠢ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠪᠠ ᠬᠡᠷᠡᠭᠯᠡᠭᠴᠢᠳ ᠤᠨ ᠱᠠᠭᠠᠷᠳᠠᠯᠭ᠎ᠠ ᠶᠢ ᠬᠠᠩᠭᠠᠬᠤ ᠣᠨᠴᠠᠯᠢᠭ ᠰᠢᠨᠵᠢ᠂ ᠥᠪᠡᠷᠮᠢᠴᠡ ᠴᠢᠨᠠᠷ ᠢ ᠵᠢᠭᠠᠵᠤ ᠪᠣᠶ᠃      ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠲᠤ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠢ ᠬᠢᠨᠠᠵᠤ ᠬᠠᠮᠢᠶᠠᠷᠤᠨ᠎ᠠ᠃      ᠳᠥᠷᠪᠡᠳᠦᠭᠡᠷ ᠵᠦᠢᠯ  ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯᠯᠠᠭ᠎ᠠ ᠵᠢᠴᠢ ᠲᠡᠭᠦᠨ ᠤ ᠦᠷ᠎ᠡ ᠪᠦᠲᠦᠭᠡᠯ ᠨᠢ ᠬᠠᠤᠯᠢ ᠴᠠᠭᠠᠵᠠ ᠬᠠᠤᠯᠢ ᠲᠣᠭᠲᠠᠭᠠᠯ᠂ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠡᠮᠵᠢᠨ ᠵᠢᠷᠤᠬᠤ ᠬᠢᠷᠢ ᠬᠡᠮ ᠲᠠᠢ ᠨᠢᠭᠡᠴᠢ ᠨᠦᠭᠦᠳ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠦᠷ᠎ᠡ ᠪᠦᠲᠦᠭᠡᠯ ᠤᠨ ᠶᠠᠰᠤ ᠴᠢᠨᠠᠷ ᠲᠤ ᠵᠣᠬᠢᠴᠠᠩᠭᠤᠶ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ ᠬᠡᠮᠵᠢᠨ ᠵᠢᠷᠤᠬᠤ ᠬᠢᠷᠢ ᠴᠢᠳᠠᠮᠵᠢ ᠲᠠᠢ ᠨᠢᠭᠡᠴᠢ ᠶᠢᠨ ᠲᠡᠷᠢᠭᠦᠨ ᠤ ᠰᠢᠨᠵᠢᠯᠡᠬᠦ ᠤᠬᠠᠭᠠᠨᠴᠢ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠮᠡᠷᠭᠡᠵᠢᠯ ᠪᠣᠯᠤᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠬᠦ ᠶᠢ ᠵᠣᠷᠢᠭᠵᠢᠭᠤᠯᠵᠤ᠂ ᠣᠷᠣᠨ ᠨᠤᠲᠤᠭ ᠤᠨ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠶᠢ ᠰᠤᠳᠤᠯᠬᠤ᠂ ᠲᠣᠭᠲᠠᠭᠠᠬᠤ᠂ ᠬᠡᠷᠡᠭᠯᠡᠬᠦ ᠶᠢ ᠵᠣᠷᠢᠭᠵᠢᠭᠤᠯᠤᠨ᠎ᠠ᠃      ᠬᠤᠶᠠᠳᠤᠭᠠᠷ ᠪᠦᠯᠦᠭ  ᠬᠢᠨᠠᠯᠲᠠ ᠬᠠᠮᠢᠶᠠᠷᠤᠯᠲᠠ        ᠲᠠᠪᠤᠳᠤᠭᠠᠷ ᠵᠦᠢᠯ  ᠡᠯ᠎ᠡ ᠱᠠᠲᠤᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠶᠣᠰᠣᠭᠠᠷ ᠴᠢᠩᠭ᠎ᠠ ᠵᠠᠰᠠᠭ ᠶᠠᠪᠤᠭᠤᠯᠵᠤ᠂ ᠬᠡᠮᠵᠢᠨ ᠵᠢᠷᠤᠬᠤ ᠬᠢᠷᠢ ᠬᠡᠮ ᠲᠠᠢ ᠨᠢᠭᠡᠴᠢ ᠶᠢᠨ ᠶᠠᠰᠤ ᠴᠢᠨᠠᠷ ᠤᠨ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠦᠢᠯᠡᠳᠪᠦᠷᠢᠯᠡᠯ ᠤᠨ ᠶᠠᠪᠤᠴᠠ ᠪᠠ ᠦᠷ᠎ᠡ ᠪᠦᠲᠦᠭᠡᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠴᠢᠬᠤᠯᠠ ᠶᠡᠭᠡ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠪᠠ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃     ᠵᠢᠷᠭᠤᠳᠤᠭᠠᠷ ᠵᠦᠢᠯ  ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠲᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠣᠰᠣᠭᠠᠷ ᠬᠢᠨᠠᠯᠲᠠ ᠪᠠᠶᠢᠴᠠᠭᠠᠯᠲᠠ ᠬᠢᠨ᠎ᠠ᠃ ᠬᠡᠮᠵᠢᠨ ᠵᠢᠷᠤᠬᠤ ᠬᠢᠷᠢ ᠭᠡᠮ ᠲᠠᠢ ᠪᠦᠬᠦ ᠨᠢᠭᠡᠴᠢ ᠶᠢ 3 ᠵᠢᠯ ᠳᠤ ᠨᠢᠭᠡ ᠤᠳᠠᠭ᠎ᠠ ᠠᠴᠠ ᠳᠤᠲᠠᠭᠤ ᠦᠭᠡᠶ ᠪᠠᠶᠢᠴᠠᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ᠂ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠦᠷ᠎ᠡ ᠪᠦᠲᠦᠭᠡᠯ ᠳᠤ ᠶᠠᠰᠤ ᠴᠢᠨᠠᠷ ᠤᠨ ᠲᠤᠰᠬᠠᠶ ᠵᠦᠢᠯ ᠤᠨ ᠬᠢᠨᠠᠯᠲᠠ ᠪᠠᠶᠢᠴᠠᠭᠠᠯᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃ ᠠᠳᠠᠯᠢ ᠨᠢᠭᠡ ᠬᠡᠮᠵᠢᠨ ᠵᠢᠷᠤᠭᠰᠠᠨ ᠵᠦᠢᠯᠡᠰ ᠪᠤᠶᠤ ᠠᠳᠠᠯᠢ ᠨᠢᠭᠡ ᠪᠦᠯᠦᠭ ᠤᠳᠠᠭ᠎ᠠ ᠶᠢᠨ ᠦᠷ᠎ᠡ ᠪᠦᠲᠦᠭᠡᠯ ᠢ ᠳᠡᠭᠡᠳᠦ ᠱᠠᠲᠤᠨ ᠠᠴᠠ ᠬᠢᠨᠠᠵᠤ ᠪᠠᠶᠢᠴᠠᠭᠠᠭᠰᠠᠨ ᠪᠠᠶᠢᠪᠠᠯ᠂ ᠳᠤᠤᠷᠠᠳᠤ ᠱᠠᠳᠤ ᠨᠢ ᠠᠰᠲᠠᠭᠠᠨ ᠳᠠᠪᠬᠤᠷᠳᠠᠭᠤᠯᠤᠨ ᠪᠠᠶᠢᠴᠠᠭᠠᠵᠤ ᠪᠣᠯᠬᠤ ᠦᠭᠡᠢ᠃      ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠬᠦ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠶᠢ ᠣᠨ ᠢᠶᠠᠷ ᠲᠣᠭᠲᠠᠭᠠᠨ᠎ᠠ᠃ ᠠᠶᠢᠮᠠᠭ ᠬᠤᠲᠠ ᠶᠢᠨ ᠬᠡᠮᠵᠢᠨ ᠵᠦᠶ ᠶᠢᠨ ᠮᠡᠳᠡᠭᠡ ᠵᠠᠩᠭᠢ ᠶᠢᠨ ᠵᠢᠷᠤᠬᠤ ᠭᠠᠵᠠᠷ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠶᠢ ᠦᠨᠳᠦᠰᠦᠯᠡᠨ᠂ ᠲᠣᠰ ᠭᠠᠵᠠᠷ ᠤᠨ ᠪᠠᠶᠢᠳᠠᠯ ᠲᠠᠢ ᠤᠶᠠᠯᠳᠤᠭᠤᠯᠵᠤ᠂ ᠲᠣᠰ ᠱᠠᠲᠤᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠳᠣᠭᠢᠷᠠᠭᠤᠯᠬᠤ ᠶᠢᠨ ᠬᠠᠮᠲᠤ᠂ ᠳᠡᠭᠡᠳᠦ ᠨᠢᠭᠡ ᠱᠠᠲᠤᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠠᠶᠢᠮᠠᠭ ᠬᠤᠲᠠ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠡᠯ᠎ᠡ ᠱᠠᠲᠤᠨ ᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠵᠠᠷᠤᠳᠠᠯ ᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠰ ᠱᠠᠲᠤᠨ ᠤ ᠲᠥᠰᠦᠪ ᠲᠤ ᠣᠷᠣᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠨᠢ ᠬᠡᠷᠡᠭᠯᠡᠬᠦ ᠬᠡᠷᠡᠭᠲᠡᠶ᠃      ᠳᠣᠯᠣᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠶᠢ ᠦᠨᠳᠦᠰᠦᠯᠡᠬᠦ ᠶᠢᠨ ᠬᠠᠮᠲᠤ ᠳᠤᠰ ᠭᠠᠵᠠᠷ ᠣᠷᠣᠨ ᠤ ᠪᠠᠨ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠳᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠴᠠᠭᠠᠭᠳᠠᠵᠤ ᠪᠠᠶᠢᠭ᠎ᠠ ᠨᠢᠭᠡᠴᠢ ᠶᠢ ᠵᠣᠬᠢᠴᠠᠭᠤᠯᠵᠤ᠂ ᠵᠢᠯᠣᠭᠤᠳᠴᠤ᠂ ᠬᠢᠨᠠᠯᠲᠠ ᠲᠠᠯᠪᠢᠵᠤ ᠪᠠᠶᠢᠭᠠᠳ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠳᠤ ᠬᠠᠮᠵᠢᠯᠴᠠᠭᠤᠯᠬᠤ ᠬᠡᠷᠡᠭᠲᠡᠢ᠃ ᠶᠠᠮᠠᠷᠪᠠ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠬᠢᠨᠠᠯᠲᠠ ᠪᠠᠶᠢᠴᠠᠭᠠᠯᠲᠠ ᠶᠢ ᠶᠠᠮᠠᠷᠪᠠ ᠰᠢᠯᠲᠠᠭᠠᠨ ᠪᠠ ᠬᠡᠯᠪᠡᠷᠢ ᠪᠠᠷ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃      ᠨᠠᠢᠮᠠᠳᠤᠭᠠᠷ ᠵᠦᠢᠯ  ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠬᠢᠬᠦ ᠴᠢᠬᠤᠯᠠᠲᠠᠢ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠬᠤ᠂ ᠪᠠᠶᠢᠴᠠᠭᠠᠨ ᠬᠡᠮᠵᠢᠬᠦ ᠵᠡᠷᠭᠡ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠠᠵᠢᠯᠯᠠᠭ᠎ᠠ ᠶᠢ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠬᠡᠮᠵᠢᠨ ᠵᠢᠷᠤᠬᠤ ᠶᠠᠰᠤ ᠴᠢᠨᠠᠷ ᠢ ᠪᠠᠶᠢᠴᠠᠭᠠᠬᠤ ᠪᠠᠶᠢᠭᠤᠯᠤᠮᠵᠢ ᠶᠢ ᠰᠣᠩᠭᠤᠵᠤ ᠬᠠᠮᠵᠢᠨ ᠪᠡᠶᠡᠯᠡᠭᠦᠯᠵᠦ ᠪᠣᠯᠤᠨ᠎ᠠ᠃     ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠦᠷ᠎ᠡ ᠪᠦᠲᠦᠭᠡᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠠᠵᠢᠯᠲᠠᠨ ᠤ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠂ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠦᠷ᠎ᠡ ᠪᠦᠲᠦᠭᠡᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠠᠵᠢᠯ ᠳᠤ ᠣᠷᠣᠯᠴᠠᠵᠤ ᠪᠣᠯᠤᠨ᠎ᠠ᠃     ᠠᠷᠪᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠳᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠬᠡᠮᠵᠢᠨ ᠵᠢᠷᠤᠬᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠭᠤᠮᠣᠳᠠᠯ ᠲᠤᠭᠠᠴᠠᠯᠲᠠ ᠶᠢ ᠬᠠᠷᠢᠭᠤᠴᠠᠨ ᠬᠦᠯᠢᠶᠡᠨ ᠠᠪᠴᠤ ᠬᠠᠤᠯᠢ ᠶᠣᠰᠣᠭᠠᠷ ᠰᠢᠢᠳᠪᠦᠷᠢᠯᠡᠨ᠎ᠡ᠂ ᠲᠡᠷᠡᠴᠢᠯᠡᠨ ᠳᠡᠭᠡᠷ᠎ᠡ ᠨᠢᠭᠡ ᠱᠠᠲᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃     ᠠᠷᠪᠠᠨ ᠨᠢᠭᠡᠳᠦᠭᠡᠷ ᠵᠦᠢᠯ  ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠶᠠᠰᠤ ᠴᠢᠨᠠᠷ ᠤᠨ ᠠᠰᠠᠭᠤᠳᠠᠯ ᠠᠴᠠ ᠪᠣᠯᠵᠣ ᠬᠦᠨᠳᠦ ᠶᠡᠭᠡ ᠠᠳᠡᠯ ᠭᠠᠷᠤᠭᠰᠠᠨ ᠪᠣᠯ᠂ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ᠂ ᠦᠷ᠎ᠡ ᠪᠦᠲᠦᠭᠡᠯ ᠢ ᠬᠡᠷᠡᠭᠯᠡᠬᠦ ᠨᠢᠭᠡᠴᠢ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃     ᠭᠤᠷᠪᠠᠳᠤᠭᠠᠷ ᠪᠦᠯᠦᠭ  ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ       ᠠᠷᠪᠠᠨ ᠬᠤᠶᠠᠳᠤᠭᠠᠷ ᠵᠦᠢᠯ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠨᠢ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠨᠡᠶᠢᠳᠡᠮ ᠬᠡᠷᠡᠭᠯᠡᠬᠦ ᠱᠠᠭᠠᠷᠳᠠᠯᠭ᠎ᠠ ᠶᠣᠰᠣᠭᠠᠷ᠂ ᠲᠤᠰ ᠨᠢᠭᠡᠴᠢ ᠶᠢᠨ ᠢᠶᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠡᠮᠵᠢᠨ ᠵᠢᠷᠤᠬᠤ ᠶᠠᠰᠤ ᠴᠢᠨᠠᠷ ᠢ ᠳᠡᠭᠡᠭᠰᠢᠯᠡᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃     ᠠᠷᠪᠠᠨ ᠭᠤᠷᠪᠠᠳᠤᠭᠠᠷ ᠵᠦᠢᠯ  ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠳᠤ ᠶᠠᠰᠤ ᠴᠢᠨᠠᠷ ᠤᠨ ᠬᠠᠮᠢᠶᠠᠷᠤᠯᠲᠠ ᠪᠣᠯᠤᠨ ᠶᠠᠰᠤ ᠴᠢᠨᠠᠷ ᠤᠨ ᠪᠠᠶᠢᠴᠠᠭᠠᠯᠲᠠ ᠶᠢᠨ ᠪᠠᠶᠢᠭᠤᠯᠤᠮᠵᠢ ᠭᠠᠷᠭᠠᠵᠤ᠂ ᠲᠣᠬᠢᠷᠠᠭᠤᠯᠤᠭᠰᠠᠨ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠶᠠᠰᠤ ᠴᠢᠨᠠᠷ ᠤᠨ ᠪᠠᠶᠢᠴᠠᠭᠠᠯᠲᠠ ᠶᠢᠨ ᠠᠵᠢᠯᠲᠠᠨ ᠲᠣᠬᠢᠷᠠᠭᠤᠯᠵᠤ᠂ ᠬᠡᠮᠵᠢᠨ ᠵᠢᠷᠤᠬᠤ ᠬᠥᠬᠡ ᠲᠠᠰ ᠤᠨ ᠬᠢᠷᠢ ᠭᠡᠮ ᠲᠠᠢ ᠨᠢᠭᠡᠴᠢ ᠨᠢ 5 ᠬᠥᠮᠦᠨ ᠠᠴᠠ ᠳᠤᠲᠠᠭᠤ ᠲᠣᠬᠢᠷᠠᠭᠤᠯᠵᠤ ᠪᠣᠯᠬᠤ ᠦᠭᠡᠶ᠂ ᠪᠤᠰᠤᠳ ᠨᠢᠭᠡᠴᠢ ᠶᠢ 2 ᠬᠥᠮᠦᠨ ᠠᠴᠠ ᠳᠤᠲᠠᠭᠤ ᠲᠣᠬᠢᠷᠠᠭᠤᠯᠵᠤ ᠪᠣᠯᠬᠤ ᠦᠭᠡᠶ᠃ ᠬᠡᠮᠵᠢᠨ ᠵᠢᠷᠤᠬᠤ ᠬᠢᠷᠢ ᠬᠡᠮ ᠲᠠᠢ ᠨᠢᠭᠡᠴᠢ ᠶᠢᠨ ᠶᠠᠰᠤ ᠴᠢᠨᠠᠷ ᠢ ᠪᠠᠶᠢᠴᠠᠭᠠᠬᠤ ᠠᠵᠢᠯᠲᠠᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠤᠰᠬᠠᠶ ᠮᠡᠷᠭᠡᠵᠢᠯ ᠤᠨ ᠮᠡᠳᠡᠯᠭᠡ ᠲᠠᠢ᠂ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠢ ᠪᠠᠶᠢᠴᠠᠭᠠᠬᠤ ᠠᠵᠢᠯ ᠤᠨ ᠲᠠᠰ ᠳᠠᠷᠠᠭᠠᠯᠠᠯ ᠢ ᠰᠠᠶᠢᠨ ᠮᠡᠳᠡᠵᠦ᠂ ᠠᠵᠢᠯ ᠳᠤ ᠪᠠᠨ ᠬᠢᠨᠠᠮᠠᠭᠠᠶ ᠬᠠᠷᠢᠭᠤᠴᠠᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠡᠷᠬᠡᠪᠰᠢ ᠬᠡᠮᠵᠢᠨ ᠵᠢᠷᠤᠬᠤ ᠢᠨᠵᠧᠨᠧᠷ ᠵᠢᠴᠢ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠠᠵᠢᠯᠲᠠᠨ᠂ ᠳᠠᠩᠰᠠᠯᠠᠭᠤᠯᠤᠭᠰᠠᠨ ᠬᠡᠮᠵᠢᠨ ᠵᠢᠷᠤᠭᠯᠠᠭᠴᠢ ᠡᠭᠦᠷᠭᠡᠯᠡᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠨᠢ ᠠᠵᠢᠯᠲᠠᠨ ᠠᠵᠢᠯᠴᠢᠨ ᠳᠤ ᠶᠠᠰᠤ ᠴᠢᠨᠠᠷ ᠤᠨ ᠲᠤᠬᠠᠶ ᠦᠵᠡᠯ ᠤᠬᠠᠮᠰᠠᠷ ᠤᠨ ᠬᠥᠮᠦᠵᠢᠯ ᠬᠢᠬᠦ ᠪᠠᠨ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠲᠠᠨ᠂ ᠶᠠᠰᠤ ᠴᠢᠨᠠᠷ ᠢ ᠪᠠᠶᠢᠴᠠᠭᠠᠬᠤ ᠠᠵᠢᠯᠲᠠᠨ᠂ ᠦᠢᠯᠡᠳᠪᠦᠷᠢᠯᠡᠯ ᠤᠨ ᠮᠡᠷᠭᠡᠵᠢᠯ ᠤᠨ ᠠᠵᠢᠯᠲᠠᠨ ᠪᠣᠯᠤᠨ ᠮᠠᠲ᠋ᠧᠷᠢᠶᠠᠯ ᠲᠥᠬᠦᠭᠡᠷᠦᠮᠵᠢ ᠬᠠᠳᠠᠭᠠᠯᠠᠨ ᠬᠠᠮᠢᠶᠠᠷᠬᠤ ᠠᠵᠢᠯᠲᠠᠨ ᠵᠡᠷᠭᠡ ᠳᠤ ᠲᠥᠯᠥᠪᠯᠡᠭᠡ ᠲᠠᠢ᠂ ᠳᠡᠰ ᠳᠠᠪᠬᠤᠷᠭ᠎ᠠ ᠬᠤᠪᠢᠶᠠᠭᠰᠠᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠬᠢᠵᠦ᠂ ᠶᠠᠰᠤ ᠴᠢᠨᠠᠷ ᠤᠨ ᠲᠤᠬᠠᠶ ᠦᠵᠡᠯ ᠤᠬᠠᠮᠰᠠᠷ ᠪᠣᠯᠤᠨ ᠶᠠᠰᠤ ᠴᠢᠨᠠᠷ ᠤᠨ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ  ᠬᠡᠮᠵᠢᠨ ᠵᠢᠷᠤᠬᠤ ᠬᠢᠷᠢ ᠭᠡᠮ ᠪᠦᠬᠦᠢ ᠨᠢᠭᠡᠴᠢ ᠨᠦᠭᠦᠳ ᠭᠡᠷ᠎ᠡ ᠶᠢ ᠬᠢᠨᠠᠨ ᠲᠣᠭᠲᠠᠭᠠᠬᠤ ᠳᠦᠷᠢᠮ ᠲᠣᠭᠲᠠᠭᠠᠵᠤ᠂ ᠭᠡᠷ᠎ᠡ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠵᠢᠭᠦᠯᠬᠦ ᠴᠢᠳᠠᠪᠤᠷᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠢ ᠬᠡᠷᠡᠭᠵᠢᠭᠦᠯᠬᠦ ᠳᠤ᠂ ᠡᠷᠬᠡᠪᠰᠢ ᠤᠷᠢᠳᠠᠪᠠᠷ ᠵᠢᠷᠤᠭᠯᠠᠨ ᠲᠥᠯᠥᠪᠯᠡᠵᠦ ᠳᠠᠷᠠᠭ᠎ᠠ ᠨᠢ ᠦᠢᠯᠡᠳᠪᠦᠷᠢᠯᠡᠬᠦ ᠶᠢ ᠪᠠᠷᠢᠮᠲᠠᠯᠠᠵᠤ᠂ ᠵᠢᠷᠤᠭᠯᠠᠨ ᠲᠥᠯᠥᠪᠯᠡᠬᠦ ᠶᠢᠨ ᠳᠠᠭᠠᠤ ᠦᠢᠯᠡᠳᠪᠦᠷᠢᠯᠡᠬᠦ ᠶᠢ ᠵᠥᠪᠰᠢᠶᠡᠷᠡᠬᠦ ᠥᠬᠡᠶ᠂ ᠵᠢᠷᠤᠭᠯᠠᠨ ᠲᠥᠯᠥᠪᠯᠡᠭᠰᠡᠨ ᠥᠬᠡᠶ ᠪᠠᠷ ᠦᠢᠯᠡᠳᠪᠦᠷᠢᠯᠡᠬᠦ ᠶᠢ ᠴᠠᠭᠠᠵᠠᠯᠠᠨ᠎ᠠ᠃ ᠮᠡᠷᠭᠡᠵᠢᠯ ᠤᠨ ᠵᠢᠷᠤᠭ ᠲᠥᠯᠥᠪᠯᠡᠭᠡ ᠶᠢ ᠲᠥᠷᠥᠯ ᠵᠦᠢᠯ ᠤᠨ ᠨᠠᠶᠢᠳᠠᠭᠰᠠᠨ ᠲᠠᠯ᠎ᠠ ᠪᠤᠶᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠵᠦᠢᠯᠡᠰ ᠢ ᠬᠡᠷᠡᠭᠵᠢᠭᠦᠯᠬᠦ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠠ ᠠᠵᠢᠯᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃      ᠬᠡᠷᠡᠭᠯᠡᠬᠦ ᠬᠡᠮᠵᠢᠭᠦᠷᠯᠢᠭ ᠲᠥᠬᠦᠭᠡᠷᠦᠮᠵᠢ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠯᠭᠠᠨ ᠲᠣᠭᠲᠠᠭᠠᠯᠲᠠ᠂ ᠰᠢᠯᠭᠠᠯᠲᠠ᠂ ᠲᠤᠷᠰᠢᠯᠲᠠ ᠬᠢᠵᠦ᠂ ᠲᠡᠭᠦᠨ ᠤ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠮᠡᠷᠭᠡᠵᠢᠯ᠂ ᠰᠢᠨ᠎ᠡ ᠤᠷᠠᠨ ᠲᠠᠷᠬ᠎ᠠ᠂ ᠰᠢᠨ᠎ᠡ ᠵᠥᠭᠡᠯᠡᠨ ᠲᠣᠨᠤᠭ ᠵᠡᠷᠭᠡ ᠶᠢ ᠬᠡᠷᠡᠭᠯᠡᠬᠦ ᠳᠤ ᠲᠥᠷᠥᠯ ᠵᠦᠢᠯ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠶᠢᠨ ᠵᠣᠬᠢᠶᠠᠨ ᠪᠠᠶᠢᠭᠤᠯᠤᠭᠰᠠᠨ ᠰᠢᠯᠭᠠᠨ ᠪᠠᠶᠢᠴᠠᠭᠠᠬᠤ᠂ ᠬᠡᠮᠵᠢᠨ ᠲᠤᠷᠰᠢᠬᠤ ᠨᠤᠲᠠᠯᠠᠯᠲᠠ ᠪᠤᠶᠤ ᠬᠢᠨᠠᠨ ᠲᠣᠭᠲᠠᠭᠠᠯᠲᠠ ᠶᠢ ᠥᠩᠭᠡᠷᠡᠭᠡᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ  ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠳᠤ ︽ᠬᠤᠶᠠᠷ ᠱᠠᠲᠤᠨ ᠠᠴᠠ ᠪᠠᠶᠢᠴᠠᠭᠠᠬᠤ᠂ ᠨᠢᠭᠡᠳᠦᠭᠡᠷ ᠳᠡᠰ ᠠᠴᠠ ᠰᠢᠯᠭᠠᠨ ᠠᠪᠬᠤ︾ ᠲᠦᠷᠢᠮ ᠢ ᠬᠡᠷᠡᠭᠵᠢᠭᠦᠯᠵᠦ᠂ ᠠᠵᠢᠯᠯᠠᠬᠤ ᠰᠠᠯᠠᠭ᠎ᠠ ᠮᠥᠴᠢᠷ ᠨᠢ ᠶᠠᠪᠤᠴᠠ ᠶᠢᠨ ᠪᠠᠶᠢᠴᠠᠭᠠᠯᠲᠠ ᠶᠢ ᠬᠠᠷᠢᠭᠤᠴᠠᠵᠤ᠂ ᠬᠡᠮᠵᠢᠨ ᠵᠢᠷᠤᠬᠤ ᠨᠢᠭᠡᠴᠢ ᠡᠴᠦᠰ ᠤᠨ ᠪᠠᠶᠢᠴᠠᠭᠠᠯᠲᠠ ᠶᠢ ᠬᠠᠷᠢᠭᠤᠴᠠᠵᠤ᠂ ᠲᠥᠷᠥᠯ ᠵᠦᠢᠯ ᠢ ᠨᠠᠶᠢᠳᠠᠭᠰᠠᠨ ᠲᠠᠯ᠎ᠠ ᠨᠢ ᠰᠢᠭᠤᠳ ᠰᠢᠯᠭᠠᠨ ᠠᠪᠬᠤ ᠪᠤᠶᠤ ᠨᠠᠶᠢᠳᠠᠵᠤ ᠰᠢᠯᠭᠠᠨ ᠠᠪᠬᠤ ᠬᠡᠷᠡᠭᠲᠡᠶ᠃ ᠰᠠᠭᠤᠷᠢ ᠬᠡᠮᠵᠢᠨ ᠵᠢᠷᠤᠬᠤ ᠲᠥᠷᠥᠯ ᠵᠦᠢᠯ᠂ ᠴᠢᠬᠤᠯᠠ ᠶᠡᠭᠡ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ᠂ ᠰᠢᠨ᠎ᠡ ᠮᠡᠷᠭᠡᠵᠢᠯ ᠰᠢᠨ᠎ᠡ ᠤᠷᠠᠨ ᠲᠠᠷᠬ᠎ᠠ ᠰᠢᠨ᠎ᠡ ᠵᠥᠭᠡᠯᠡᠨ ᠲᠣᠨᠤᠭ ᠤᠨ ᠲᠥᠷᠥᠯ ᠵᠦᠢᠯ ᠪᠤᠶᠤ ᠲᠥᠷᠥᠯ ᠵᠦᠢᠯ ᠤᠨ ᠱᠠᠭᠠᠷᠳᠠᠯᠭ᠎ᠠ ᠶᠣᠰᠣᠭᠠᠷ ᠠᠩᠬᠠᠳᠠᠭᠴᠢ ᠦᠷ᠎ᠡ ᠪᠦᠲᠦᠭᠡᠯ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠦᠷᠢᠮ ᠢ ᠬᠡᠷᠡᠭᠵᠢᠭᠦᠯᠵᠦ ᠪᠣᠯᠤᠨ᠎ᠠ᠂ ᠰᠠᠭᠤᠷᠢ ᠬᠡᠮᠵᠢᠨ ᠵᠢᠷᠤᠬᠤ ᠲᠥᠷᠥᠯ ᠵᠦᠢᠯ᠂ ᠴᠢᠬᠤᠯᠠ ᠶᠡᠭᠡ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠢ ᠬᠡᠮᠵᠢᠨ ᠵᠢᠷᠤᠬᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠷ ᠰᠢᠯᠭᠠᠨ ᠠᠪᠤᠭᠤᠯᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠨᠢ ᠲᠡᠭᠦᠨ ᠤ ᠪᠡᠶᠡᠯᠡᠭᠦᠯᠦᠭᠰᠡᠨ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠪᠠᠨ ᠨᠠᠰᠤᠨ ᠲᠤᠷᠰᠢᠳᠠ ᠬᠠᠷᠢᠭᠤᠴᠠᠬᠤ ᠬᠡᠷᠡᠭᠲᠡᠢ᠃ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠵᠦᠢᠯᠡᠰ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠦᠷ᠎ᠡ ᠪᠦᠲᠦᠭᠡᠯ ᠢ ᠰᠠᠶ᠋ᠢ ᠬᠠᠩᠭᠠᠨ ᠬᠡᠷᠡᠭᠯᠡᠭᠦᠯᠵᠦ ᠪᠣᠯᠤᠨ᠎ᠠ᠃       ᠬᠡᠮᠵᠢᠨ ᠵᠢᠷᠤᠬᠤ ᠬᠢᠷᠢ ᠬᠡᠮ ᠲᠠᠢ ᠨᠢᠭᠡᠴᠢ ᠨᠢ ᠬᠡᠮᠵᠢᠨ ᠵᠢᠷᠤᠭᠰᠠᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠰᠢᠰᠲ᠋ᠧᠮ ᠢᠶᠠᠷ ᠳᠠᠮᠵᠢᠭᠤᠯᠤᠨ᠂ ᠨᠢᠭᠡᠨᠲᠡ ᠪᠡᠶᠡᠯᠡᠭᠦᠯᠦᠭᠰᠡᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠤᠨ ᠶᠠᠰᠤ ᠴᠢᠨᠠᠷ ᠤᠨ ᠮᠡᠳᠡᠭᠡ ᠵᠠᠩᠭᠢ ᠪᠠᠨ ᠵᠣᠬᠢᠴᠠᠩᠭᠤᠶ ᠪᠥᠬᠦᠶ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ  ᠨᠢ ᠮᠡᠳᠡᠭᠦᠯᠦᠨ ᠬᠦᠷᠭᠡᠬᠦ ᠬᠡᠷᠡᠭᠲᠡᠶ᠃      ᠠᠷᠪᠠ ᠶᠢᠰᠦᠳᠦᠭᠡᠷ ᠵᠦᠢᠯ  ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠨᠢ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠶᠠᠰᠤ ᠴᠢᠨᠠᠷ ᠤᠨ ᠲᠤᠬᠠᠢ ᠬᠡᠷᠡᠭᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠨ ᠠᠪᠬᠤ ᠶᠢᠨ ᠬᠠᠮᠲᠤ ᠬᠡᠷᠡᠭᠯᠡᠭᠴᠢᠳ ᠲᠤ ᠵᠥᠪᠯᠡᠯᠭᠡ ᠥᠭᠬᠦ ᠦᠢᠯᠡᠴᠢᠯᠡᠭᠡ ᠬᠠᠩᠭᠠᠬᠤ ᠬᠡᠷᠡᠭᠲᠡᠢ᠃ ᠬᠡᠷᠡᠭᠯᠡᠭᠴᠢ ᠶᠢᠨ ᠶᠠᠰᠤ ᠴᠢᠨᠠᠷ ᠤᠨ ᠪᠠᠶᠢᠴᠠᠭᠠᠨ ᠯᠠᠪᠯᠠᠬᠤ ᠪᠠ ᠬᠠᠷᠢᠭᠤ ᠲᠤᠰᠬᠠᠬᠤ ᠰᠠᠨᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠬᠡᠷᠡᠭᠯᠡᠭᠴᠢᠳ ᠲᠠᠢ ᠶᠠᠰᠤ ᠴᠢᠨᠠᠷ ᠤᠨ ᠮᠠᠷᠭᠤᠯᠳᠤᠭᠠᠨ ᠭᠠᠷᠪᠠᠯ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠬᠦ ᠪᠤᠶᠤ ᠬᠠᠤᠯᠢ ᠶᠣᠰᠣᠭᠠᠷ ᠵᠠᠷᠭᠤᠯᠳᠤᠭᠤᠯᠬᠤ ᠬᠡᠷᠡᠭᠲᠡᠶ᠃      ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠨᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠠᠩᠬᠠᠨ ᠤ ᠲᠤᠭ᠎ᠠ ᠪᠠᠷᠢᠮᠲᠠ ᠬᠠᠩᠭᠠᠬᠤ ᠶᠢ ᠨᠢᠭᠤᠨ ᠳᠠᠯᠳᠠᠯᠠᠵᠤ᠂ ᠲᠡᠪᠴᠢᠵᠦ᠂ ᠬᠠᠷᠰᠢᠯᠠᠵᠤ᠂ ᠪᠠᠶᠢᠴᠠᠭᠠᠯᠲᠠ ᠳᠤ ᠬᠠᠮᠵᠢᠯᠴᠠᠭᠰᠠᠨ ᠥᠬᠡᠶ ᠪᠣᠯ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠲᠥᠷᠥᠯ ᠵᠦᠢᠯ ᠤᠨ ᠢᠲᠡᠭᠡᠮᠵᠢ ᠠᠯᠳᠠᠭᠰᠠᠨ ᠮᠡᠳᠡᠭᠡ ᠵᠠᠩᠭᠢ ᠳᠤ ᠪᠤᠳᠤᠵᠤ ᠣᠷᠣᠭᠤᠯᠬᠤ ᠬᠡᠷᠡᠭᠲᠡᠶ᠃      ᠬᠤᠷᠢᠳᠤᠭᠠᠷ ᠵᠦᠢᠯ  ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠶᠢᠨ ᠬᠡᠮᠵᠢᠨ ᠵᠢᠷᠤᠬᠤ ᠡᠷᠳᠡᠮ ᠰᠢᠨᠵᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠬᠡᠮᠵᠢᠨ ᠵᠢᠷᠤᠬᠤ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠷᠨᠢᠭᠦᠯᠦᠭᠰᠡᠨ ᠶᠠᠰᠤ ᠴᠢᠨᠠᠷ ᠢ ᠰᠢᠯᠭᠠᠷᠠᠭᠤᠯᠤᠨ ᠱᠠᠩᠨᠠᠬᠤ ᠠᠵᠢᠯᠯᠠᠭ᠎ᠠ᢭ ᠲᠤ ᠣᠷᠣᠯᠴᠠᠬᠤ ᠶᠢ ᠵᠣᠷᠢᠭᠵᠢᠭᠤᠯᠵᠤ᠂ ᠲᠤᠰ ᠨᠢᠭᠡᠴᠢ ᠶᠢᠨ ᠢᠶᠠᠨ ᠨᠡᠶᠢᠭᠡᠮ ᠤᠨ ᠢᠲᠡᠭᠡᠯ ᠬᠦᠨᠳᠦ ᠶᠢ ᠳᠡᠭᠡᠭᠰᠢᠯᠡᠭᠦᠯᠵᠦ᠂ ᠱᠠᠩᠨᠠᠯ ᠣᠯᠤᠭᠰᠠᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠲᠥᠷᠥᠯ ᠤᠨ ᠢᠲᠡᠭᠡᠮᠵᠢ ᠰᠠᠶᠢᠨ ᠮᠡᠳᠡᠭᠡ ᠵᠠᠩᠭᠢ ᠳᠤ ᠪᠤᠳᠤᠵᠤ ᠣᠷᠣᠭᠤᠯᠤᠨ᠎ᠠ᠃      ᠳᠥᠷᠪᠡᠳᠦᠭᠡᠷ ᠪᠦᠯᠦᠭ  ᠬᠡᠮᠵᠢᠨ ᠵᠢᠷᠤᠬᠤ ᠶᠠᠰᠤ ᠴᠢᠨᠠᠷ ᠢ ᠪᠠᠶᠢᠴᠠᠭᠠᠬᠤ ᠪᠠᠶᠢᠭᠤᠯᠤᠮᠵᠢ ᠶᠢᠨ ᠬᠠᠷᠢᠭᠤᠴᠠᠯᠭ᠎ᠠ ᠬᠢᠭᠡᠳ ᠡᠭᠦᠷᠭᠡ      ᠬᠤᠷᠢᠨ ᠨᠢᠭᠡᠳᠦᠭᠡᠷ ᠵᠦᠢᠯ  ᠬᠡᠮᠵᠢᠨ ᠵᠢᠷᠤᠬᠤ ᠶᠠᠰᠤ ᠴᠢᠨᠠᠷ ᠢ ᠪᠠᠶᠢᠴᠠᠭᠠᠬᠤ ᠪᠠᠶᠢᠭᠤᠯᠤᠮᠵᠢ ᠨᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠬᠢᠬᠦ ᠳᠤ ᠡᠷᠬᠡᠪᠰᠢ ᠱᠠᠭᠠᠷᠳᠠᠭᠳᠠᠬᠤ ᠦᠨᠳᠦᠰᠦᠨ ᠨᠥᠬᠦᠴᠡᠯ ᠪᠠ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠬᠦ ᠶᠢᠨ ᠬᠠᠮᠲᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠵᠣᠬᠢᠴᠠᠩᠭᠤᠶ ᠬᠢᠷᠢ ᠬᠡᠮ ᠣᠯᠤᠭᠰᠠᠨ ᠪᠠᠶᠢᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠬᠡᠮᠵᠢᠨ ᠵᠢᠷᠤᠬᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠭᠤᠣᠯ ᠲᠤᠰᠢᠶᠠᠯ ᠬᠠᠷᠢᠭᠤᠴᠠᠯᠭ᠎ᠠ ᠪᠣᠯ᠄       ︵ᠨᠢᠭᠡ︶ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠢᠨᠠᠨ ᠪᠠᠶᠢᠴᠠᠭᠠᠬᠤ ᠲᠥᠯᠥᠪᠯᠡᠭᠡ ᠶᠣᠰᠣᠭᠠᠷ ᠠᠵᠢᠯ ᠢᠶᠠᠨ ᠥᠷᠨᠢᠭᠦᠯᠦᠨ᠎ᠡ︔       ︵ᠬᠤᠶᠠᠷ︶ ᠨᠠᠶᠢᠳᠠᠯᠭ᠎ᠠ ᠶᠢ ᠬᠦᠯᠢᠶᠡᠵᠦ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠵᠦᠢᠯᠡᠰ ᠤᠨ ᠦᠷ᠎ᠡ ᠪᠦᠲᠦᠭᠡᠯ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠪᠠᠶᠢᠴᠠᠭᠠᠨ ᠬᠡᠮᠵᠢᠯᠲᠡ ᠪᠠ ᠦᠨᠡᠯᠡᠯᠲᠡ ᠬᠢᠵᠦ᠂ ᠨᠠᠶᠢᠳᠠᠯᠭ᠎ᠠ ᠶᠢ ᠬᠦᠯᠢᠶᠡᠵᠦ ᠬᠡᠮᠵᠢᠨ ᠵᠢᠷᠤᠬᠤ ᠬᠡᠮᠵᠢᠭᠦᠷᠯᠢᠭ ᠢ ᠰᠢᠯᠭᠠᠨ ᠪᠠᠶᠢᠴᠠᠭᠠᠨ᠎ᠠ︔       ︵ᠭᠤᠷᠪᠠ︶ ᠨᠠᠶᠢᠳᠠᠯᠭ᠎ᠠ ᠬᠦᠯᠢᠶᠡᠵᠦ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠰᠢᠨ᠎ᠡ ᠮᠡᠷᠭᠡᠵᠢᠯ ᠤᠨ ᠠᠷᠭ᠎ᠠ ᠪᠠᠷᠢᠯ ᠢᠶᠠᠷ ᠬᠡᠮᠵᠢᠨ ᠲᠣᠭᠲᠠᠭᠠᠭᠰᠠᠨ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠪᠠᠶᠢᠴᠠᠭᠠᠨ ᠬᠡᠮᠵᠢᠵᠦ ᠬᠢᠨᠠᠨ ᠲᠣᠭᠲᠠᠭᠠᠯᠲᠠ ᠬᠢᠬᠦ︔       ︵ᠳᠦᠷᠪᠡ︶ ᠨᠠᠶᠢᠳᠠᠯᠭ᠎ᠠ ᠶᠢ ᠬᠦᠯᠢᠶᠡᠵᠦ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠤᠨ ᠮᠠᠷᠭᠤᠭᠠᠨ ᠢ ᠬᠥᠨᠳᠡᠯᠡᠨ ᠠᠴᠠ ᠲᠠᠰᠤᠯᠬᠤ ᠰᠢᠯᠭᠠᠨ ᠪᠠᠶᠢᠴᠠᠭᠠᠯᠲᠠ ᠶᠢ ᠡᠭᠦᠷᠭᠡᠯᠡᠨ᠎ᠡ︔      ︵ᠲᠠᠪᠤ︶ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠶᠢ ᠵᠢᠯᠣᠭᠤᠳᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠪᠦᠲᠦᠮᠵᠢᠲᠡᠶ ᠠᠵᠢᠯᠯᠠᠭᠤᠯᠬᠤ ᠬᠡᠷᠡᠭᠲᠡᠶ︔ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠤᠨ ᠪᠠᠶᠢᠴᠠᠭᠠᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠰᠣᠯᠢᠯᠴᠠᠭ᠎ᠠ ᠶᠢ ᠥᠷᠨᠢᠭᠦᠯᠦᠨ᠎ᠡ︔      ︵ᠵᠢᠷᠭᠤᠭ᠎ᠠ︶ ᠭᠠᠵᠠᠷ ᠵᠦᠶ ᠶᠢᠨ ᠮᠡᠳᠡᠭᠡ ᠵᠠᠩᠭᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠡᠮᠵᠢᠨ ᠵᠢᠷᠤᠬᠤ ᠲᠥᠷᠥᠯ ᠵᠦᠢᠯ ᠤᠨ ᠦᠷ᠎ᠡ ᠪᠦᠲᠦᠭᠡᠯ ᠤᠨ ᠶᠠᠰᠤ ᠴᠢᠨᠠᠷ ᠢ ᠬᠢᠨᠠᠨ ᠬᠠᠮᠢᠶᠠᠷᠬᠤ ᠰᠢᠰᠲ᠋ᠧᠮ᠂ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠠᠵᠢᠯᠲᠠᠨ ᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠬᠠᠮᠠᠭᠠᠯᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠶᠠᠰᠤ ᠴᠢᠨᠠᠷ ᠤᠨ ᠵᠠᠳᠠᠯᠤᠯᠲᠠ ᠶᠢᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠨ᠎ᠡ᠃      ᠬᠤᠷᠢᠨ ᠭᠤᠷᠪᠠᠳᠤᠭᠠᠷ ᠵᠦᠢᠯ  ᠬᠡᠮᠵᠢᠨ ᠵᠢᠷᠤᠬᠤ ᠴᠢᠨᠠᠷ ᠤᠨ ᠪᠠᠶᠢᠴᠠᠭᠠᠯᠲᠠ ᠶᠢᠨ ᠪᠠᠶᠢᠭᠤᠯᠤᠮᠵᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠵᠢᠴᠢ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠶᠣᠰᠣᠭᠠᠷ ᠰᠢᠯᠭᠠᠨ ᠪᠠᠶᠢᠴᠠᠭᠠᠯᠲᠠ ᠬᠢᠵᠦ᠂ ᠪᠤᠰᠤᠳᠴᠢ᠂ ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠠᠷ ᠰᠢᠯᠭᠠᠨ ᠪᠠᠶᠢᠴᠠᠭᠠᠭᠰᠠᠨ ᠳ᠋ᠦᠩᠨᠡᠯᠲᠡ ᠭᠠᠷᠭᠠᠵᠤ᠂ ᠰᠢᠯᠭᠠᠨ ᠪᠠᠶᠢᠴᠠᠭᠠᠭᠰᠠᠨ ᠳ᠋ᠦᠩᠨᠡᠯᠲᠡ ᠳᠤ ᠬᠠᠷᠢᠭᠤᠴᠠᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠬᠡᠮᠵᠢᠨ ᠵᠢᠷᠤᠬᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠦᠷ᠎ᠡ ᠪᠦᠲᠦᠭᠡᠯ ᠤᠨ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠳ᠋ᠦᠩᠨᠡᠯᠲᠡ ᠶᠢ ᠪᠡᠶ᠎ᠡ ᠪᠠᠨ ᠳᠠᠭᠠᠭᠠᠵᠤ ᠮᠠᠭᠠᠳᠯᠠᠨ ᠲᠣᠭᠲᠠᠭᠠᠬᠤ ᠶᠠᠪᠤᠳᠠᠯ ᠳᠤ ᠭᠠᠷ ᠳᠦᠷᠦᠵᠦ ᠪᠣᠯᠬᠤ ᠦᠭᠡᠢ᠃ ᠬᠡᠮᠵᠢᠨ ᠵᠢᠷᠤᠬᠤ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠲᠥᠷᠥᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠠᠶ ᠳᠤ ᠣᠷᠣᠭᠤᠯᠤᠨ᠎ᠠ᠃     ᠲᠠᠪᠤᠳᠤᠭᠠᠷ ᠪᠦᠯᠦᠭ  ᠶᠠᠰᠤ ᠴᠢᠨᠠᠷ ᠤᠨ ᠱᠠᠩᠨᠠᠯ ᠲᠣᠷᠭᠠᠭᠤᠯᠢ      ᠬᠤᠷᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠮᠵᠢᠨ ᠵᠢᠷᠤᠬᠤ ᠠᠵᠢᠯ ᠢ ᠬᠢᠨᠠᠵᠤ ᠪᠠᠶᠢᠴᠠᠭᠠᠭᠰᠠᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃      ᠪᠠᠶᠢᠴᠠᠭᠠᠭᠳᠠᠬᠤ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠨᠢ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠲᠦᠩ ᠳᠤ ᠣᠨᠳᠣᠣ ᠰᠠᠨᠠᠯ ᠲᠠᠢ ᠪᠣᠯ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠲᠦᠩ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠢᠨᠠᠯᠲᠠ ᠲᠠᠯᠪᠢᠵᠤ ᠪᠠᠶᠢᠴᠠᠭᠠᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠪᠲᠠᠨ ᠪᠠᠶᠢᠴᠠᠭᠠᠯᠭᠠᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠬᠢᠨ ᠪᠠᠶᠢᠴᠠᠭᠠᠯᠭᠠᠬᠤ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠠᠬᠢᠨ ᠪᠠᠶᠢᠴᠠᠭᠠᠭᠰᠠᠨ ᠳ᠋ᠦᠩ ᠭᠠᠷᠭᠠᠬᠤ ᠬᠡᠷᠡᠭᠲᠡᠶ᠃ ᠳᠠᠬᠢᠨ ᠪᠠᠶᠢᠴᠠᠭᠠᠭᠰᠠᠨ ᠦᠷ᠎ᠡ ᠳ᠋ᠦᠩ ᠳᠤ ᠮᠥᠨ ᠣᠨᠳᠣᠣ ᠰᠠᠨᠠᠯ ᠲᠠᠢ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃       ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠭᠰᠡᠨ ᠬᠥᠮᠦᠨ ᠤ ᠨᠢᠭᠤᠴᠠ ᠶᠢ ᠬᠠᠮᠠᠭᠠᠯᠠᠵᠤ᠂ ᠪᠠᠶᠢᠴᠠᠭᠠᠨ ᠳᠣᠲᠣᠯᠠᠵᠤ ᠬᠢᠨᠠᠨ ᠬᠠᠷᠭᠤᠭᠤᠯᠤᠭᠠᠳ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤ ᠨᠢ ᠢᠯᠡᠴᠢᠯᠡᠨ ᠮᠡᠳᠡᠭᠦᠯᠦᠭᠰᠡᠨ ᠬᠥᠮᠦᠨ ᠳᠤ ᠰᠢᠢᠳᠪᠦᠷᠢᠯᠡᠭᠰᠡᠨ ᠰᠠᠨᠠᠯ ᠢᠶᠠᠨ ᠬᠠᠷᠢᠭᠤ ᠲᠤᠰᠬᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠶᠠᠰᠤ ᠴᠢᠨᠠᠷ ᠤᠨ ᠬᠠᠮᠢᠶᠠᠷᠤᠯᠲᠠ ᠪᠠᠷ ᠲᠡᠷᠢᠭᠦᠨ ᠤ᠂ ᠦᠷ᠎ᠡ ᠪᠦᠲᠦᠭᠡᠯ ᠢᠶᠠᠷ ᠰᠢᠯᠢᠳᠡᠭ ᠬᠢᠷᠢ ᠭᠡᠮ  ᠲᠠᠢ ᠨᠢᠭᠡᠴᠢ ᠪᠠ ᠬᠤᠪᠢ ᠬᠥᠮᠦᠨ ᠢ ᠮᠡᠳᠡᠭᠡᠯᠡᠨ ᠰᠠᠶᠢᠰᠢᠶᠠᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠲᠥᠷᠥᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠠᠶᠢᠨ ᠵᠠᠩᠭᠢ ᠳᠤ ᠪᠤᠳᠤᠵᠤ ᠣᠷᠣᠭᠤᠯᠤᠨ᠎ᠠ᠃      ᠬᠤᠷᠢᠨ ᠳᠣᠯᠣᠳᠤᠭᠠᠷ ᠵᠦᠢᠯ  ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠶᠢᠨ ᠬᠠᠩᠭᠠᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠦᠷ᠎ᠡ ᠪᠦᠲᠦᠭᠡᠯ ᠳᠤ ᠶᠠᠰᠤ ᠴᠢᠨᠠᠷ ᠤᠨ ᠠᠰᠠᠭᠤᠳᠠᠯ ᠣᠷᠣᠰᠢᠵᠤ ᠪᠠᠶᠢᠪᠠᠯ᠂ ᠬᠡᠮᠵᠢᠨ ᠵᠢᠷᠤᠬᠤ ᠬᠢᠷᠢ ᠭᠡᠮ ᠲᠠᠢ ᠨᠢᠭᠡᠴᠢ ᠶᠢᠨ ᠪᠠᠶᠢᠭ᠎ᠠ ᠠᠶᠢᠮᠠᠭ ᠬᠤᠲᠠ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠳᠬᠡᠨ ᠲᠣᠷᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠠᠵᠢᠯ ᠲᠥᠷᠥᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠮᠠᠭᠤ ᠮᠡᠳᠡᠭᠡ ᠵᠠᠩᠭᠢ ᠳᠤ ᠪᠣᠳᠣᠵᠤ ᠣᠷᠣᠭᠤᠯᠤᠨ᠎ᠠ᠃      ᠬᠤᠷᠢᠨ ᠨᠠᠢᠮᠠᠳᠤᠭᠠᠷ ᠵᠦᠢᠯ  ᠬᠡᠮᠵᠢᠨ ᠵᠢᠷᠤᠬᠤ ᠶᠠᠰᠤ ᠴᠢᠨᠠᠷ ᠢ ᠪᠠᠶᠢᠴᠠᠭᠠᠬᠤ ᠪᠠᠶᠢᠭᠤᠯᠤᠮᠵᠢ ᠰᠢᠯᠭᠠᠨ ᠪᠠᠶᠢᠴᠠᠭᠠᠬᠤ ᠶᠠᠪᠤᠴᠠ ᠳᠤ ᠲᠣᠭᠲᠠᠭᠠᠯ ᠠᠴᠠ ᠵᠥᠷᠢᠴᠡᠨ ᠠᠵᠢᠯᠯᠠᠭᠰᠠᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠣᠷᠣᠰᠢᠵᠤ ᠪᠠᠶᠢᠪᠠᠯ᠂ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠣᠯᠤᠨ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠡᠮᠵᠢᠨ ᠵᠢᠷᠤᠬᠤ ᠴᠢᠨᠠᠷ ᠤᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠨᠢ ᠪᠤᠷᠤᠭᠤ ᠪᠠᠶᠢᠪᠠᠯ᠂ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠬᠦ᠂ ᠨᠢᠭᠡᠴᠢ ᠪᠣᠯᠤᠨ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠭᠦᠯᠬᠦ᠂ ᠵᠠᠷᠯᠠᠨ ᠰᠢᠭᠦᠮᠵᠢᠯᠡᠬᠦ ᠡᠷᠬᠡ ᠲᠠᠢ᠃      ᠵᠢᠷᠭᠤᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ       ᠬᠤᠷᠢ ᠶᠢᠰᠦᠳᠦᠭᠡᠷ ᠵᠦᠢᠯ  ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠠᠶᠢᠯᠪᠤᠷᠢᠯᠠᠬᠤ ᠡᠷᠬᠡ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号