ᠥᠰᠥᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/20
     ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ  2023 ᠣᠨ ᠤ 7 ᠳ᠋ᠤᠭᠠᠷ ᠰᠠᠷ᠎ᠠ ᠶᠢᠨ 6 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠪᠠ ᠡᠷᠡᠭᠦᠦ ᠰᠢᠢᠳᠭᠡᠯ ᠢ ᠵᠣᠯᠭᠠᠯᠳᠤᠭᠤᠯᠬᠤ ᠠᠵᠢᠯ ᠢ ᠬᠠᠮᠵᠢᠯᠴᠠᠨ ᠴᠢᠩᠭᠠᠳᠬᠠᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰᠬᠠᠶ ᠪᠠᠯᠠ ᠮᠥᠩᠭᠦ ᠭᠠᠷᠭᠠᠨ ᠢᠯᠡᠴᠢᠯᠡᠨ ᠮᠡᠳᠡᠭᠦᠯᠬᠦ ᠶᠢ ᠪᠠᠲᠤᠯᠠᠬᠤ ᠪᠠ ᠱᠠᠩᠨᠠᠬᠤ ᠳᠤ ᠬᠡᠷᠡᠭᠯᠡᠬᠦ ᠬᠡᠷᠡᠭᠲᠡᠶ ᠭᠡᠵᠦ ᠱᠠᠭᠠᠷᠳᠠᠵᠤ᠂ 2023 ᠣᠨ ᠤ 8 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠬᠠᠮᠲᠤᠷᠠᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠠᠵᠢᠯ ᠢ ᠲᠡᠭᠦᠯᠳᠡᠷᠵᠢᠭᠦᠯᠦᠨ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ ᠡᠭᠦᠨ ᠤ ᠬᠠᠮᠲᠤ ᠂ ᠹᠦᠵᠢᠶᠠᠨ ᠮᠤᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠹᠦᠵᠢᠶᠠᠨ ᠮᠤᠵᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠠᠶᠤᠯ ᠥᠬᠡᠶ ᠦᠢᠯᠡᠳᠪᠦᠷᠢᠯᠡᠯ ᠤᠨ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ ᠠᠷᠭ᠎ᠠ ︵ᠲᠦᠷ ᠬᠡᠷᠡᠭᠵᠢᠭᠦᠯᠬᠦ︶︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠪᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠱᠠᠩᠨᠠᠬᠤ ᠠᠷᠭ᠎ᠠ ᠶᠢ ᠲᠣᠭᠲᠠᠭᠠᠪᠠ᠃  ᠬᠤᠶᠠᠷ᠂ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ  ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠬᠤ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠡᠷᠲᠡ ᠢᠯᠡᠷᠡᠭᠦᠯᠬᠦ᠂ ᠡᠷᠲᠡ ᠬᠤᠷᠢᠭᠯᠠᠬᠤ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠶᠢ ᠪᠡᠶᠡᠯᠡᠭᠦᠯᠦᠨ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠪᠥᠭᠡᠳ ᠳᠣᠷᠪᠢᠯᠢᠭ ᠢᠶᠠᠷ ᠠᠰᠢᠭᠯᠠᠬᠤ ᠶᠢ ᠪᠠᠲᠤᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠳᠤ ᠨᠡᠶᠢᠭᠡᠮ ᠤᠨ ᠨᠡᠶᠢᠲᠡ ᠣᠯᠠᠨ ᠤ ᠬᠢᠨᠠᠯᠲᠠ ᠲᠠᠯᠪᠢᠬᠤ ᠪᠠ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠨ᠎ᠠ᠃  ᠭᠤᠷᠪᠠ᠂ ᠭᠤᠣᠯ ᠠᠭᠤᠯᠭ᠎ᠠ  ︽ᠱᠠᠩᠨᠠᠬᠤ ᠠᠷᠭ᠎ᠠ︾ ᠶᠢ ᠶᠡᠷᠦᠩᠬᠡᠶ ᠳᠦᠷᠢᠮ᠂ ᠱᠠᠩᠨᠠᠬᠤ ᠬᠡᠪᠴᠢᠶ᠎ᠡ᠂ ᠢᠯᠡᠴᠢᠯᠡᠨ ᠮᠡᠳᠡᠭᠦᠯᠬᠦ ᠠᠷᠭ᠎ᠠ ᠵᠠᠮ ᠵᠢᠴᠢ ᠱᠠᠩᠨᠠᠬᠤ ᠪᠠᠷᠢᠮᠵᠢᠶ᠎ᠠ᠂ ᠱᠠᠩᠨᠠᠬᠤ ᠳᠡᠰ ᠳᠠᠷᠠᠭᠠᠯᠠᠯ᠂ ᠬᠢᠨᠠᠯᠲᠠ ᠲᠠᠯᠪᠢᠵᠤ ᠬᠠᠮᠢᠶᠠᠷᠬᠤ᠂ ᠳᠠᠭᠠᠯᠳᠤᠭᠤᠯᠤᠯ ᠳᠦᠷᠢᠮ ᠵᠡᠷᠭᠡ ᠵᠢᠷᠭᠤᠭᠠᠨ ᠶᠡᠭᠡ ᠪᠦᠯᠦᠭ ᠬᠡᠰᠡᠭ ᠨᠡᠶᠢᠲᠡ 22 ᠵᠦᠢᠯ ᠤᠨ ᠠᠭᠤᠯᠭ᠎ᠠ ᠬᠤᠪᠢᠶᠠᠨ᠎ᠠ᠃ ᠭᠤᠣᠯ ᠠᠭᠤᠯᠭ᠎ᠠ ᠨᠢ ᠳᠣᠣᠷᠠᠬᠢ ᠮᠡᠲᠦ᠄  ᠨᠢᠭᠡ ᠳᠤ᠂ ᠱᠠᠩᠨᠠᠬᠤ ᠬᠦᠷᠢᠶ᠎ᠡ ᠬᠡᠪᠴᠢᠶ᠎ᠡ᠃ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ ᠪᠦᠲᠦᠮᠵᠢᠲᠡᠶ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠦᠨᠡᠨ ᠬᠦ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠦᠲᠦᠮᠵᠢᠲᠡᠶ ᠠᠷᠭ᠎ᠠ ᠵᠠᠮ ᠪᠣᠯᠭᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠱᠠᠩᠨᠠᠬᠤ ᠠᠷᠭ᠎ᠠ︾ ᠶᠢᠨ ᠳᠣᠯᠣᠳᠤᠭᠠᠷ ᠵᠦᠢᠯ ᠳᠤ᠂ ᠱᠠᠩᠨᠠᠯ ᠤᠨ ᠪᠠᠯᠠ ᠮᠥᠩᠭᠦ ᠶᠢ ᠵᠥᠪᠬᠡᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠠᠬᠠᠨ ᠢᠯᠡᠷᠡᠭᠦᠯᠦᠭᠡᠳᠦᠶ᠂ ᠪᠠᠶᠢᠴᠠᠭᠠᠨ ᠰᠢᠢᠳᠪᠦᠷᠢᠯᠡᠭᠰᠡᠨ ᠥᠬᠡᠶ ᠮᠥᠷᠲᠡᠭᠡᠨ ᠬᠠᠷᠭᠤᠭᠤᠯᠤᠨ ᠪᠠᠶᠢᠴᠠᠭᠠᠭᠰᠠᠨ ᠥᠬᠡᠶ ᠶᠢᠨ ᠳᠠᠷᠠᠭ᠎ᠠ ᠦᠨᠡᠨ ᠪᠣᠳᠠᠲᠠᠶ ᠪᠣᠯᠤᠭᠰᠠᠨ ᠭᠠᠵᠠᠷ ᠰᠢᠷᠣᠶ ᠪᠠ ᠠᠭᠤᠷᠬᠠᠶ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠴᠢᠭᠯᠡᠭᠦᠯᠦᠨ᠎ᠡ ᠭᠡᠵᠦ ᠲᠣᠳᠣᠷᠬᠠᠶᠢᠯᠠᠪᠠ᠃  ᠬᠤᠶᠠᠷ ᠲᠤ᠂ ᠱᠠᠩᠨᠠᠬᠤ ᠪᠠᠷᠢᠮᠵᠢᠶ᠎ᠠ᠃ ᠢᠯᠡᠴᠢᠯᠡᠨ ᠮᠡᠳᠡᠭᠦᠯᠦᠭᠰᠡᠨ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠭᠠᠳ ᠲᠠᠷᠢᠶᠠᠨ ᠭᠠᠵᠠᠷ ᠠᠴᠠ ᠪᠤᠰᠤᠳ ᠭᠠᠵᠠᠷ ᠤᠨ ᠲᠥᠷᠥᠯ ᠳᠤ ᠬᠤᠯᠪᠣᠭᠳᠠᠭᠰᠠᠨ ᠪᠠᠶᠢᠪᠠᠯ᠂ ᠠᠷᠠᠳ ᠤᠨ ᠵᠣᠭᠤᠰ ᠢᠶᠠᠷ 2000 ᠲᠥᠭᠦᠷᠢᠭ ᠱᠠᠩᠨᠠᠨ᠎ᠠ︔ ᠲᠠᠷᠢᠶᠠᠨ ᠭᠠᠵᠠᠷ ᠲᠤ ᠬᠤᠯᠪᠣᠭᠳᠠᠭᠰᠠᠨ ᠬᠥᠬᠢᠭᠦᠯᠦᠯ ᠤᠨ ᠮᠥᠩᠭᠦ 3000 ᠲᠥᠭᠦᠷᠢᠭ︔ ᠪᠠᠶᠢᠴᠠᠭᠠᠨ ᠲᠤᠳᠤᠯᠠᠭᠠᠳ ᠭᠠᠵᠠᠷ ᠰᠢᠷᠣᠢ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠤᠯᠠᠨ ᠵᠦᠢᠯ ᠤᠨ ᠭᠠᠵᠠᠷ ᠰᠢᠷᠣᠢ ᠶᠢᠨ ᠲᠦᠷᠦᠯ ᠵᠦᠢᠯ ᠳᠤ ᠬᠤᠯᠪᠣᠭᠳᠠᠭᠰᠠᠨ ᠪᠠᠶᠢᠪᠠᠯ᠂ ᠥᠨᠳᠥᠷ ᠢᠶᠠᠷ ᠨᠢ ᠱᠠᠩᠨᠠᠬᠤ ᠵᠠᠷᠴᠢᠮ ᠢᠶᠠᠷ ᠱᠠᠩᠨᠠᠨ᠎ᠠ᠃ ᠢᠯᠡᠴᠢᠯᠡᠨ ᠮᠡᠳᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠵᠤ ᠭᠡᠷᠡᠴᠢᠯᠡᠭᠡᠳ ᠵᠠᠳᠠᠭᠠᠶ ᠮᠠᠯᠲᠠᠭᠰᠠᠨ ᠪᠣᠯ ᠠᠷᠠᠳ ᠤᠨ ᠵᠣᠭᠤᠰ ᠢᠶᠠᠷ 2000 ᠲᠥᠭᠦᠷᠢᠭ ᠱᠠᠩᠨᠠᠨ᠎ᠠ︔ ᠭᠠᠵᠠᠷ ᠳᠣᠣᠷ᠎ᠠ ᠠᠴᠠ ᠨᠡᠭᠡᠭᠡᠨ ᠮᠠᠯᠲᠠᠭᠰᠠᠨ ᠪᠣᠯ ᠠᠷᠠᠳ ᠤᠨ ᠵᠣᠭᠤᠰ ᠢᠶᠠᠷ 3000 ᠲᠥᠭᠦᠷᠢᠭ ᠱᠠᠩᠨᠠᠨ᠎ᠠ︔ ᠪᠠᠶᠢᠴᠠᠭᠠᠨ ᠲᠤᠳᠤᠯᠠᠭᠠᠳ ᠵᠠᠳᠠᠭᠠᠢ ᠨᠡᠭᠡᠭᠡᠨ ᠮᠠᠯᠲᠠᠭᠰᠠᠨ ᠮᠥᠷᠲᠡᠭᠡᠨ ᠪᠠᠰᠠ ᠭᠠᠵᠠᠷ ᠳᠣᠣᠷ᠎ᠠ ᠨᠡᠭᠡᠭᠡᠨ ᠮᠠᠯᠲᠠᠭᠰᠠᠨ ᠪᠠᠶᠢᠪᠠᠯ᠂ ᠥᠨᠳᠥᠷ ᠢᠶᠠᠷ ᠨᠢ ᠱᠠᠩᠨᠠᠬᠤ ᠵᠠᠷᠴᠢᠮ ᠢᠶᠠᠷ ᠱᠠᠩᠨᠠᠨ᠎ᠠ᠃ ᠬᠤᠷᠢᠭᠯᠠᠨ ᠵᠣᠭᠰᠣᠭᠠᠭᠰᠠᠨ᠂ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ ᠦᠭᠡᠶ᠂ ︽ᠬᠡᠷᠡᠭ ᠪᠣᠯᠭᠠᠨ ᠳᠠᠩᠰᠠᠯᠠᠬᠤ ᠦᠭᠡᠶ ︾ ᠳᠤ ᠨᠡᠶᠢᠴᠡᠬᠦ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠠᠭ ᠲᠤᠬᠠᠶ ᠳᠤᠨᠢ ᠣᠯᠵᠤ ᠮᠡᠳᠡᠪᠡᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠠᠶᠢᠴᠠᠭᠠᠨ ᠬᠠᠷᠭᠤᠭᠤᠯᠤᠭᠠᠳ᠂ ᠲᠣᠷᠭᠠᠭᠰᠠᠨ ᠵᠣᠭᠤᠰᠣᠨ ᠤ ᠲᠤᠭ᠎ᠠ ᠳᠤ ᠬᠤᠯᠪᠣᠭᠳᠠᠬᠤ ᠦᠭᠡᠶ ᠴᠦ ᠭᠡᠰᠡᠨ᠂ ᠨᠠᠭᠠᠳᠤ ᠵᠠᠬ᠎ᠠ ᠶᠢᠨ ᠱᠠᠩᠨᠠᠬᠤ ᠪᠠᠷᠢᠮᠵᠢᠶ᠎ᠠ ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠵᠤ ᠪᠣᠯᠤᠨ᠎ᠠ᠃ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠰᠢᠢᠳᠭᠡᠨ ᠲᠣᠷᠭᠠᠬᠤ ᠵᠣᠭᠤᠰ ᠤᠨ ᠲᠤᠭ᠎ᠠ ᠨᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠳᠠᠪᠠᠭᠰᠠᠨ ᠪᠠᠶᠢᠪᠠᠯ᠂ ᠠᠰ ᠲᠤᠨᠢ ᠢᠯᠡᠴᠢᠯᠡᠨ ᠮᠡᠳᠡᠭᠦᠯᠦᠭᠰᠡᠨ ᠢ ᠨᠢ 3 ᠲᠦᠮᠡᠨ ᠲᠥᠭᠦᠷᠢᠭ ᠢᠶᠠᠷ ᠱᠠᠩᠨᠠᠨ᠎ᠠ᠃  ᠭᠤᠷᠪᠠ ᠳᠤ᠂ ᠱᠠᠩᠨᠠᠯ ᠤᠨ ᠮᠥᠩᠭᠦ ᠣᠯᠭᠤᠬᠤ ᠪᠡᠶᠡᠴᠢ ᠴᠣᠭᠴᠠ᠃ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠭᠤᠤᠯ ᠴᠣᠭᠴᠠ ᠶᠢ ᠵᠠᠷᠴᠢᠮ ᠳᠡᠭᠡᠷ᠎ᠡ ᠪᠠᠨ ︽ᠬᠡᠨ ᠭᠤᠤᠯᠴᠢᠯᠠᠨ ᠬᠠᠮᠢᠶᠠᠷᠬᠤ ᠪᠣᠶ᠂ ᠬᠡᠨ ᠬᠦᠯᠢᠶᠡᠨ ᠠᠪᠴᠤ ᠰᠢᠢᠳᠪᠦᠷᠢᠯᠡᠬᠦ ᠪᠣᠢ᠂ ᠬᠡᠨ ᠪᠠᠶᠢᠴᠠᠭᠠᠨ ᠰᠢᠢᠳᠪᠦᠷᠢᠡᠯᠬᠦ ᠪᠣᠢ᠂ ᠬᠡᠨ ᠱᠠᠩᠨᠠᠬᠤ ᠪᠣᠢ᠂︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠬᠠᠮᠲᠤ᠂ ᠣᠳᠣᠬᠠᠨ ᠳᠤ ᠪᠦᠬᠦ ᠣᠷᠣᠨ ᠤ ᠦᠨᠳᠦᠰᠦᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠯᠠᠩᠬᠢ ᠨᠢ ᠬᠠᠮᠢᠶ᠎ᠠ ᠪᠦᠬᠦᠢ ᠱᠠᠩᠨᠠᠬᠤ ᠠᠷᠭ᠎ᠠ ᠶᠢ ᠲᠣᠭᠲᠠᠭᠠᠭᠠᠳᠤᠶ ᠪᠠᠶᠢᠬᠤ ᠶᠢ ᠪᠣᠳᠣᠯᠬᠢᠯᠠᠭᠠᠳ᠂ ᠣᠯᠠᠩᠬᠢ ᠨᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠪᠡᠯᠡ ᠮᠥᠩᠭᠦ ᠶᠢᠨ ᠲᠥᠰᠦᠪ ᠭᠠᠷᠭᠠᠭᠰᠠᠨ ᠦᠭᠡᠶ᠂ ᠡᠳ᠋ ᠤᠨ ᠵᠠᠰᠠᠭ ᠤᠨ ᠪᠡᠯᠡ ᠮᠥᠩᠭᠦ ᠨᠡᠶᠢᠳᠡᠮ ᠳᠡᠭᠡᠨ ᠳᠤᠲᠠᠭᠳᠠᠵᠤ ᠪᠠᠶᠢᠬᠤ ᠵᠡᠷᠭᠡ ᠪᠠᠶᠢᠳᠠᠯ᠂ ︽ᠱᠠᠩᠨᠠᠬᠤ ᠠᠷᠭ᠎ᠠ︾ ᠶᠢᠨ ᠲᠠᠪᠤᠳᠤᠭᠠᠷ ᠵᠦᠢᠯ ᠳᠤ ︽ᠬᠢᠨᠠᠨ ᠪᠠᠶᠢᠴᠠᠭᠠᠵᠤ ᠰᠢᠢᠳᠪᠦᠷᠢᠯᠡᠬᠦ ᠰᠠᠯᠠᠭ᠎ᠠ ᠮᠥᠴᠢᠷ ᠪᠤᠰᠤᠳ ᠰᠢᠯᠲᠠᠭᠠᠨ ᠠᠴᠠ ᠪᠣᠯᠵᠣ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠪᠠᠯᠠ ᠭᠠᠷᠭᠠᠵᠤ ᠱᠠᠩᠨᠠᠬᠤ ᠴᠢᠬᠤᠯᠠᠲᠠᠶ ᠪᠠᠶᠢᠪᠠᠯ᠂ ᠪᠢᠴᠢᠭ ᠤᠨ ᠭᠤᠶᠤᠴᠢᠯᠠᠯ ᠭᠠᠷᠭᠠᠬᠤ ᠬᠡᠷᠡᠭᠲᠡᠶ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠭᠤᠶᠤᠴᠢᠯᠠᠯ ᠢ ᠣᠯᠤᠭᠰᠠᠨ ᠤ ᠳᠠᠷᠠᠭ᠎ᠠ ᠪᠣᠳᠠᠲᠠᠢ ᠪᠠᠶᠢᠳᠠᠯ ᠢ ᠦᠨᠳᠦᠰᠦᠯᠡᠨ ᠱᠠᠩᠨᠠᠯ ᠤᠨ ᠮᠥᠩᠭᠦ ᠣᠯᠭᠤᠬᠤ ᠪᠡᠶᠡᠴᠢ ᠴᠣᠭᠴᠠ ᠶᠢ ᠲᠣᠭᠲᠠᠭᠠᠨ᠎ᠠ︾ ᠭᠡᠵᠦ ᠵᠠᠰᠠᠪᠠ᠂ ᠲᠤᠬᠠᠶᠢᠯᠠᠪᠠᠯ ᠲᠢᠩᠬᠢᠮ ᠤᠨ ᠲᠣᠰ ᠱᠠᠲᠤᠨ ᠤ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠡᠯ᠎ᠡ ᠭᠠᠵᠠᠷ ᠤᠨ ᠭᠤᠶᠤᠴᠢᠯᠠᠯ ᠢ ᠦᠨᠳᠦᠰᠦᠯᠡᠨ ᠲᠢᠩᠬᠢᠮ ᠤᠨ ᠲᠣᠰ ᠱᠠᠲᠤᠨ ᠠᠴᠠ ᠲᠠᠷᠬᠠᠭᠠᠵᠤ ᠪᠣᠯᠤᠨ᠎ᠠ᠂ ᠱᠠᠩᠨᠠᠯ ᠤᠨ ᠪᠡᠯᠡ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃  ᠳᠥᠷᠪᠡ ᠳᠤ᠂ ᠢᠯᠡᠴᠢᠯᠡᠨ ᠮᠡᠳᠡᠭᠦᠯᠦᠭᠰᠡᠨ ᠱᠠᠩᠨᠠᠯ ᠤᠨ ᠮᠥᠩᠭᠦ ᠶᠢ ᠠᠪᠬᠤ ᠴᠤᠪᠤᠷᠠᠯ᠃ ᠢᠯᠡᠴᠢᠯᠡᠨ ᠮᠡᠳᠡᠭᠦᠯᠦᠭᠴᠢ ᠱᠠᠩᠨᠠᠯ ᠭᠠᠷᠳᠠᠬᠤ ᠮᠡᠳᠡᠭᠳᠡᠯ ᠢ ᠣᠯᠤᠭᠰᠠᠨ ᠤ ᠳᠠᠷᠠᠭ᠎ᠠ᠂ 60 ᠡᠳᠦᠷ ᠤᠨ ᠳᠣᠲᠣᠷ᠎ᠠ ᠲᠤᠰ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ᠂ ᠠᠵᠢᠯᠯᠠᠵᠤ ᠪᠠᠶᠢᠭ᠎ᠠ ᠨᠢᠭᠡᠴᠢ ᠵᠢᠴᠢ ᠲᠤᠰᠢᠶᠠᠯ ᠤᠨ ᠮᠡᠳᠡᠭᠡ ᠵᠠᠩᠭᠢ ᠪᠠᠷ ᠢᠶᠠᠨ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠱᠠᠩᠨᠠᠯ ᠤᠨ ᠮᠥᠩᠭᠦ ᠠᠪᠬᠤ ᠬᠡᠷᠡᠭᠲᠡᠶ᠂ ᠲᠤᠰ ᠬᠥᠮᠦᠨ ᠤ ᠪᠠᠩᠬᠢ ᠶᠢᠨ ᠳᠠᠩᠰᠠᠨ ᠨᠣᠮᠧᠷ ᠢᠶᠠᠷ ᠳᠠᠩᠰᠠ ᠰᠢᠯᠵᠢᠭᠦᠯᠬᠦ ᠬᠡᠯᠪᠡᠷᠢ ᠪᠠᠷ ᠳᠠᠮᠵᠢᠭᠤᠯᠤᠨ ᠱᠠᠩᠨᠠᠯ ᠤᠨ ᠮᠥᠩᠭᠦ ᠠᠪᠤᠭᠰᠠᠨ ᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠶᠢᠨ ᠠᠷᠭ᠎ᠠ ᠦᠭᠡᠶ ᠪᠣᠯ ᠢᠯᠡᠴᠢᠯᠡᠨ ᠮᠡᠳᠡᠭᠦᠯᠦᠭᠰᠡᠨ ᠤ ᠱᠠᠩᠨᠠᠯ ᠤᠨ ᠮᠥᠩᠭᠦ ᠶᠢᠨ ᠲᠤᠭ᠎ᠠ ᠶᠢ ᠣᠯᠭᠤᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠨᠢ ᠲᠡᠭᠦᠨ ᠤ ᠠᠯᠪᠠᠨ ᠤ ᠲᠠᠯ᠎ᠠ ᠶᠢᠨ ᠨᠧᠲ ᠥᠷᠲᠡᠭᠡ ᠳᠡᠭᠡᠨ ᠵᠠᠷᠯᠠᠨ ᠮᠡᠳᠡᠭᠳᠡᠬᠦ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠱᠠᠩᠨᠠᠯ ᠤᠨ ᠮᠥᠩᠭᠦ ᠠᠪᠤᠭᠰᠠᠨ ᠦᠭᠡᠶ ᠪᠣᠯ ᠱᠠᠩᠨᠠᠯ ᠣᠯᠬᠤ ᠡᠷᠬᠡ ᠪᠠᠨ ᠬᠠᠶᠠᠭᠰᠠᠨ ᠢᠶᠠᠷ ᠦᠵᠡᠨ᠎ᠡ︔ ᠵᠦᠢ ᠵᠣᠬᠢᠰᠲᠠᠢ ᠰᠢᠯᠲᠠᠭᠠᠨ ᠢᠶᠠᠨ ᠲᠣᠳᠣᠷᠬᠠᠶᠢᠯᠠᠵᠤ ᠴᠢᠳᠠᠪᠠᠯ᠂ 30 ᠡᠳᠦᠷ ᠤᠷᠲᠤᠳᠬᠠᠵᠤ ᠱᠠᠩᠨᠠᠯ ᠤᠨ ᠮᠥᠩᠭᠦ ᠠᠪᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ ᠰᠠᠨᠠᠭᠠᠴᠢᠯᠠᠭ᠎ᠠ ᠠᠴᠠ ᠪᠠᠨ ᠱᠠᠩᠨᠠᠬᠤ ᠪᠠᠨ ᠪᠤᠯᠢᠬᠤ ᠪᠠᠷ ᠱᠠᠭᠠᠷᠳᠠᠭᠰᠠᠨ ᠪᠠᠶᠢᠪᠠᠯ᠂ ᠱᠠᠩᠨᠠᠬᠤ ᠵᠢᠷᠤᠮ ᠢ ᠵᠣᠭᠰᠣᠭᠠᠨ᠎ᠠ᠃ ᠨᠡᠷ᠎ᠡ ᠪᠤᠷᠤᠭᠤᠯᠠᠨ ᠢᠯᠡᠴᠢᠯᠡᠨ ᠮᠡᠳᠡᠭᠦᠯᠦᠭᠴᠢ ᠶᠢ ᠱᠠᠩᠨᠠᠬᠤ ᠬᠡᠷᠡᠭᠴᠡᠭᠡ ᠲᠠᠢ ᠪᠣᠯ ᠢᠯᠡᠴᠢᠯᠡᠨ ᠮᠡᠳᠡᠭᠦᠯᠬᠦ ᠶᠢᠨ ᠵᠡᠷᠭᠡᠴᠡᠪᠡᠷ ᠪᠡᠶ᠎ᠡ ᠶᠢᠨ ᠬᠢᠷᠢ ᠬᠡᠮ ᠢ ᠨᠢ ᠢᠯᠭᠠᠨ ᠲᠠᠨᠢᠵᠤ ᠳᠡᠶᠢᠯᠬᠦ ᠮᠡᠳᠡᠭᠡ ᠵᠠᠩᠭᠢ ᠶᠢ ᠪᠡᠶ᠎ᠡ ᠶᠢᠨ ᠬᠢᠷᠢ ᠬᠡᠮ ᠤᠨ ᠣᠷᠣᠯᠠᠬᠤ ᠲᠡᠮᠳᠡᠭ ᠪᠣᠯᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠰᠠᠯᠠᠭ᠎ᠠ ᠮᠥᠴᠢᠷ ᠯᠦᠭᠡ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠦᠷ᠎ᠡ ᠳ᠋ᠦᠩ ᠪᠣᠯᠤᠨ ᠱᠠᠩᠨᠠᠬᠤ ᠡᠷᠬᠡ ᠶᠢ ᠮᠡᠳᠡᠭᠳᠡᠬᠦ ᠠᠷᠭ᠎ᠠ ᠮᠠᠶ᠋ᠢᠭ ᠢ ᠪᠣᠯᠵᠣᠨ ᠲᠣᠭᠲᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠱᠠᠩᠨᠠᠯ ᠲᠣᠰᠬᠤ ᠮᠡᠳᠡᠭᠳᠡᠯ ᠢ ᠣᠯᠤᠭᠰᠠᠨ ᠪᠥᠭᠡᠳ ᠱᠠᠩᠨᠠᠯ ᠠᠪᠬᠤ ᠪᠠᠷ ᠲᠣᠭᠲᠠᠭᠠᠭᠰᠠᠨ ᠪᠠᠶᠢᠪᠠᠯ᠂ ᠪᠡᠶ᠎ᠡ ᠬᠡᠮ ᠤᠨ ᠺᠣᠳ᠋ ᠵᠢᠴᠢ ᠬᠦᠴᠦᠨ ᠪᠦᠭᠦᠢ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠪᠡᠶ᠎ᠡ ᠬᠡᠮ ᠢ ᠬᠢᠨᠠᠨ ᠬᠠᠷᠭᠤᠭᠤᠯᠬᠤ ᠳᠤ ᠲᠦᠭᠦᠮ ᠦᠵᠡᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号