ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠦᠷᠢᠮᠵᠢᠯ
ᠨᠡᠶᠢᠲᠡᠯᠡᠭᠰᠡᠨ ᠴᠠᠭ᠄
2023/11/28
                                  2021-03-25 ᠳᠤ ᠨᠡᠶᠢᠲᠡᠯᠡᠵᠦ᠂ 2021-04-25 ᠠᠴᠠ ᠬᠡᠷᠡᠭᠵᠢᠭᠦᠯᠪᠡ                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠲᠡᠯᠡᠪᠡDB15/T 2131—2021      ᠡᠮᠦᠨᠡᠬᠢ ᠦᠭᠡ      ᠲᠤᠰ ᠮᠠᠲ᠋ᠧᠷᠢᠶᠠᠯ ᠢ GB/T1.1-2020 ︽ᠪᠠᠷᠢᠮᠵᠢᠶᠠᠵᠢᠭᠤᠯᠬᠤ ᠠᠵᠢᠯ ᠤᠨ ᠵᠢᠯᠣᠭᠤᠳᠬᠤ ᠵᠠᠷᠴᠢᠮ ᠤᠨ 1 ᠳ᠋ᠦ᠋ᠭᠡᠷ ᠬᠡᠰᠡᠭ᠄ ᠪᠠᠷᠢᠮᠵᠢᠶᠠᠵᠢᠭᠤᠯᠬᠤ ᠮᠠᠲ᠋ᠧᠷᠢᠶᠠᠯ ᠤᠨ ᠪᠦᠲᠦᠴᠡ ᠪᠠ ᠲᠤᠭᠤᠷᠪᠢᠬᠤ ᠳᠦᠷᠢᠮ︾ ᠤᠨ ᠲᠣᠭᠲᠠᠭᠠᠯ ᠶᠣᠰᠣᠭᠠᠷ ᠲᠤᠭᠤᠷᠪᠢᠪᠠ᠃      ᠲᠤᠰ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠬᠦᠷᠢᠶᠡᠯᠡᠩ ᠠᠴᠠ ᠳᠤᠷᠠᠳᠤᠨ ᠳᠡᠪᠰᠢᠭᠦᠯᠪᠡ᠃      ᠲᠤᠰ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠳᠤᠷᠢᠳᠤᠨ ᠲᠣᠭᠲᠠᠭᠠᠪᠠ᠃      ᠲᠤᠰ ᠮᠠᠲ᠋ᠧᠷᠢᠶᠠᠯ ᠢ ᠲᠤᠭᠤᠷᠪᠢᠭᠰᠠᠨ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠬᠦᠷᠢᠶᠡᠯᠡᠩ      ᠲᠤᠰ ᠮᠠᠲ᠋ᠧᠷᠢᠶᠠᠯ ᠢ ᠭᠤᠣᠯᠯᠠᠨ ᠲᠤᠭᠤᠷᠪᠢᠭᠴᠢ᠄ ᠢᠦᠢ ᠶᠠᠨ ᠬᠤᠸᠠ᠂ ᠵᠣᠣ ᠵᠢᠶᠠ ᠪᠢᠨ᠂ ᠬᠤᠣ ᠵᠢᠶᠦ᠋ᠨ᠂ ᠲᠠᠩ ᠯᠧᠢ᠂ ᠴᠧᠨ ᠭᠠᠢ ᠰᠢᠶᠠᠩ᠂ ᠬᠤᠩᠭᠤᠷ      ᠲᠤᠰ ᠮᠠᠲ᠋ᠧᠷᠢᠶᠠᠯ ᠢ ᠣᠷᠴᠢᠭᠤᠯᠤᠭᠴᠢ᠄ ᠨᠠᠷᠠᠨᠲᠤᠶᠠᠭ᠎ᠠ1 ᠬᠡᠪᠴᠢᠶ᠎ᠡ      ᠲᠤᠰ ᠮᠠᠲ᠋ᠧᠷᠢᠶᠠᠯ ᠳᠤ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠡᠭᠦᠷᠭᠡ᠂ ᠫᠷᠣᠭ᠍ᠷᠠᠮ᠂ ᠠᠭᠤᠯᠭ᠎ᠠ ᠪᠣᠯᠣᠨ ᠦᠷ᠎ᠡ ᠪᠦᠲᠦᠭᠡᠯ ᠤᠨ ᠱᠠᠭᠠᠷᠳᠠᠯᠭ᠎ᠠ ᠶᠢ ᠲᠣᠭᠲᠠᠭᠠᠪᠠ᠃      ᠲᠤᠰ ᠮᠠᠲ᠋ᠧᠷᠢᠶᠠᠯ ᠨᠢ ᠬᠤᠲᠠ ᠪᠠᠯᠭᠠᠰᠤ ᠶᠢᠨ ᠵᠠᠬ᠎ᠠ ᠬᠢᠵᠠᠭᠠᠷ ᠤᠨ ᠨᠡᠭᠡᠭᠡᠨ ᠠᠰᠢᠭᠯᠠᠯᠲᠠ ᠳᠤ ᠲᠣᠬᠢᠷᠠᠬᠤ ᠠᠴᠠ ᠭᠠᠳᠠᠨ᠎ᠠ᠂ ᠨᠢᠭᠡ ᠪᠤᠶᠤ ᠬᠥᠷᠰᠢ ᠵᠡᠷᠭᠡᠯᠡᠳᠡᠭᠡ᠂ ᠨᠡᠶᠢᠯᠡᠯᠳᠦᠵᠦ ᠪᠠᠶᠢᠭ᠎ᠠ ᠬᠡᠳᠦᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠭᠰᠠᠨ ︽ᠣᠯᠠᠨ ᠲᠥᠯᠥᠪᠵᠢᠭᠦᠯᠭᠡ ᠶᠢ ᠬᠠᠮᠲᠤᠷᠠᠭᠤᠯᠤᠨ ᠨᠢᠭᠡᠳᠬᠡᠭᠰᠡᠨ︾ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠴᠤ ᠲᠣᠬᠢᠷᠠᠨ᠎ᠠ᠃2 ᠵᠢᠷᠤᠮᠵᠢᠭᠤᠯᠬᠤ ᠳᠤ ᠡᠰᠢᠯᠡᠬᠦ ᠮᠠᠲ᠋ᠧᠷᠢᠶᠠᠯ      ᠳᠣᠣᠷᠠᠬᠢ ᠮᠠᠲ᠋ᠧᠷᠢᠶᠠᠯ ᠤᠨ ᠠᠭᠤᠯᠭ᠎ᠠ ᠶᠢ ᠲᠤᠰ ᠳᠦᠷᠢᠮᠵᠢᠯ ᠢ ᠵᠢᠷᠤᠮᠵᠢᠭᠤᠯᠬᠤ ᠳᠤ ᠡᠰᠢᠯᠡᠨ ᠠᠰᠢᠭᠯᠠᠬᠤ ᠤᠴᠢᠷ ᠠᠴᠠ ᠲᠤᠰ ᠮᠠᠲ᠋ᠧᠷᠢᠶᠠᠯ ᠤᠨ ᠳᠤᠲᠠᠭᠳᠠᠵᠤ ᠪᠣᠯᠣᠰᠢ ᠦᠭᠡᠢ ᠵᠦᠢᠯ ᠪᠣᠯᠪᠠ᠃ ᠡᠭᠦᠨ ᠳᠤ᠂ ᠡᠳᠦᠷ ᠬᠤᠭᠤᠴᠠᠭ᠎ᠠ ᠪᠦᠬᠦᠢ ᠡᠰᠢᠯᠡᠬᠦ ᠮᠠᠲ᠋ᠧᠷᠢᠶᠠᠯ ᠤᠨ ᠲᠤᠰ ᠡᠳᠦᠷ ᠬᠤᠭᠤᠴᠠᠭ᠎ᠠ ᠲᠠᠢ ᠬᠠᠷᠠᠭᠠᠯᠵᠠᠵᠤ ᠪᠠᠶᠢᠭ᠎ᠠ ᠬᠡᠪᠯᠡᠯ ᠨᠢ ᠲᠤᠰ ᠮᠠᠲ᠋ᠧᠷᠢᠶᠠᠯ ᠳᠤ ᠲᠣᠬᠢᠷᠠᠯᠴᠠᠨ ᠠᠰᠢᠭᠯᠠᠭᠳᠠᠨ᠎ᠠ᠃ ᠡᠳᠦᠷ ᠬᠤᠭᠤᠴᠠᠭ᠎ᠠ ᠦᠭᠡᠢ ᠡᠰᠢᠯᠡᠬᠦ ᠮᠠᠲ᠋ᠧᠷᠢᠶᠠᠯ ᠤᠨ ᠬᠠᠮᠤᠭ ᠰᠢᠨ᠎ᠡ ᠬᠡᠪᠯᠡᠯ ︵ᠠᠯᠢᠪᠠ ᠵᠠᠰᠠᠪᠤᠷᠢ ᠣᠷᠣᠭᠤᠯᠤᠭᠰᠠᠨ ᠬᠠᠭᠤᠳᠠᠰᠤ ᠶᠢ ᠪᠠᠭᠲᠠᠭᠠᠨ᠎ᠠ︶ ᠨᠢ ᠲᠤᠰ ᠮᠠᠲ᠋ᠧᠷᠢᠶᠠᠯ ᠳᠤ ᠲᠣᠬᠢᠷᠠᠯᠴᠠᠨ ᠠᠰᠢᠭᠯᠠᠭᠳᠠᠨ᠎ᠠ᠃      GB/T 19231 ᠭᠠᠵᠠᠷ ᠰᠢᠷᠣᠢ ᠶᠢᠨ ᠦᠨᠳᠦᠰᠦᠨ ᠨᠡᠷ᠎ᠡ ᠲᠣᠮᠢᠶ᠎ᠠ      GB/T 50298 ᠨᠡᠷᠡᠲᠦ ᠦᠵᠡᠮᠵᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ ᠶᠢᠨ ᠪᠠᠷᠢᠮᠵᠢᠶ᠎ᠠ      GB/T 50445 ᠭᠠᠴᠠᠭ᠎ᠠ ᠲᠣᠰᠬᠤᠨ ᠢ ᠵᠠᠰᠠᠵᠤ ᠰᠢᠨᠡᠳᠬᠡᠬᠦ ᠮᠡᠷᠭᠡᠵᠢᠯ ᠤᠨ ᠪᠠᠷᠢᠮᠵᠢᠶ᠎ᠠ      TD/T 1011 ᠭᠠᠵᠠᠷ ᠰᠢᠷᠣᠢ ᠶᠢ ᠨᠡᠭᠡᠭᠡᠨ ᠠᠰᠢᠭᠯᠠᠵᠤ ᠲᠡᠭᠰᠢᠯᠡᠨ ᠵᠠᠰᠠᠬᠤ ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠳᠦᠷᠢᠮᠵᠢᠯ3 ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ      GB/T 19231 ᠳᠤ ᠲᠣᠭᠲᠠᠭᠠᠭᠰᠠᠨ ᠪᠠ ᠳᠣᠣᠷᠠᠬᠢ ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ ᠨᠤᠭᠤᠳ ᠲᠤᠰ ᠮᠠᠲ᠋ᠧᠷᠢᠶᠠᠯ ᠳᠤ ᠲᠣᠬᠢᠷᠠᠯᠴᠠᠨ ᠠᠰᠢᠭᠯᠠᠭᠳᠠᠨ᠎ᠠ᠃3.1      ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ  national territory sptial planning      ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠬᠠᠮᠠᠭᠠᠯᠠᠵᠤ᠂ ᠨᠡᠭᠡᠭᠡᠨ ᠠᠰᠢᠭᠯᠠᠬᠤ᠂ ᠰᠡᠷᠭᠦᠭᠡᠨ ᠵᠠᠰᠠᠬᠤ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠪᠣᠯᠣᠨ ᠨᠢᠭᠡᠳᠦᠯᠲᠡᠢ ᠪᠠᠷ ᠲᠣᠬᠢᠷᠠᠭᠤᠯᠤᠯᠲᠠ ᠬᠢᠬᠦ ᠶᠢ ᠵᠢᠭᠠᠨ᠎ᠠ᠃3.2      ᠨᠠᠷᠢᠯᠢᠭ ᠲᠥᠯᠥᠪᠵᠢᠭᠦᠯᠭᠡ  detailed planning ᠪᠣᠳᠠᠲᠠᠢ ᠬᠡᠰᠡᠭ ᠭᠠᠵᠠᠷ ᠤᠨ ᠬᠡᠷᠡᠭᠴᠡᠭᠡ ᠪᠠ ᠳᠠᠭᠠᠭᠠᠴᠠ ᠳᠤ ᠵᠣᠷᠢᠭᠤᠯᠤᠨ ᠬᠢᠭᠰᠡᠨ ᠬᠡᠷᠡᠭᠵᠢᠭᠦᠯᠦᠯᠲᠡ ᠶᠢᠨ ᠴᠢᠨᠠᠷᠲᠠᠢ ᠲᠣᠬᠢᠷᠠᠭᠤᠯᠤᠯᠲᠠ ᠶᠢ ᠵᠢᠭᠠᠬᠤ ᠪᠥᠭᠡᠳ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠠᠮᠠᠭᠠᠯᠠᠬᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠢᠨᠠᠯᠲᠠ ᠶᠢ ᠬᠡᠷᠡᠭᠵᠢᠭᠦᠯᠬᠦ᠂ ᠰᠠᠭᠤᠷᠢ ᠲᠥᠬᠦᠭᠡᠷᠦᠮᠵᠢ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠶᠠᠪᠤᠭᠳᠠᠭᠤᠯᠬᠤ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠵᠡᠷᠭᠡ ᠠᠵᠢᠯ ᠢ ᠥᠷᠨᠢᠭᠦᠯᠬᠦ ᠶᠢᠨ ᠬᠠᠤᠯᠢ ᠶᠣᠰᠣᠨ ᠤ ᠦᠨᠳᠦᠰᠦᠯᠡᠯ ᠪᠣᠯᠣᠨ᠎ᠠ᠃3.3      ᠣᠯᠠᠨ ᠢᠶᠠᠷ ᠢᠶᠠᠨ ᠣᠷᠣᠯᠴᠠᠬᠤ  public participation ᠲᠣᠭᠲᠠᠭᠰᠠᠨ ᠨᠢᠭᠡᠨ ᠬᠡᠯᠪᠡᠷᠢ ᠪᠠ ᠠᠷᠭ᠎ᠠ ᠵᠠᠮ ᠢᠶᠠᠷ ᠳᠠᠮᠵᠢᠵᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠦᠢᠯᠡ ᠠᠵᠢᠯᠯᠠᠭ᠎ᠠ ᠶᠢ ᠵᠢᠭᠠᠨ᠎ᠠ᠃4 ᠶᠡᠷᠦᠩᠬᠡᠢ ᠳᠦᠷᠢᠮ4.1 ᠲᠥᠯᠥᠪᠵᠢᠭᠦᠯᠭᠡ ᠶᠢᠨ ᠲᠣᠳᠣᠷᠬᠠᠶᠢᠯᠠᠯ      ᠭᠠᠴᠠᠭ᠎ᠠ ᠲᠤᠰᠬᠤᠨ ᠤ ᠲᠥᠯᠥᠪᠵᠢᠭᠦᠯᠭᠡ ᠪᠣᠯ ᠬᠠᠤᠯᠢ ᠶᠣᠰᠣᠨ ᠤ ᠲᠥᠯᠥᠪᠵᠢᠭᠦᠯᠭᠡ ᠪᠥᠭᠡᠳ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠳᠠᠬᠢ ᠬᠤᠲᠠ ᠪᠠᠯᠭᠠᠰᠤ ᠶᠢᠨ ᠨᠡᠭᠡᠭᠡᠨ ᠠᠰᠢᠭᠯᠠᠬᠤ ᠬᠡᠪᠴᠢᠶᠡᠨ ᠤ ᠭᠠᠳᠠᠨᠠᠬᠢ ᠰᠢᠶᠠᠩ ᠲᠣᠰᠬᠤᠨ ᠤ ᠨᠠᠷᠢᠯᠢᠭ ᠲᠥᠯᠥᠪᠵᠢᠭᠦᠯᠭᠡ ᠪᠣᠯᠣᠨ᠎ᠠ᠃ ᠪᠠᠰᠠ ᠴᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠠᠮᠠᠭᠠᠯᠠᠬᠤ ᠠᠵᠢᠯᠯᠠᠭ᠎ᠠ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ᠂ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢ ᠶᠠᠪᠤᠭᠳᠠᠭᠤᠯᠬᠤ ᠵᠡᠷᠭᠡ ᠠᠵᠢᠯ ᠢ ᠥᠷᠨᠢᠭᠦᠯᠬᠦ ᠶᠢᠨ ᠬᠠᠤᠯᠢ ᠶᠣᠰᠣᠨ ᠤ ᠦᠨᠳᠦᠰᠦᠯᠡᠯ ᠪᠣᠯᠣᠨ᠎ᠠ᠃4.2 ᠨᠠᠶᠢᠷᠠᠭᠤᠯᠤᠨ ᠵᠣᠬᠢᠶᠠᠬᠤ ᠭᠤᠣᠯ ᠴᠣᠭᠴᠠ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠠᠵᠢᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠢ ᠵᠣᠬᠢᠴᠠᠭᠤᠯᠤᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠨᠠᠶᠢᠷᠠᠭᠤᠯᠤᠨ ᠵᠣᠬᠢᠶᠠᠬᠤ ᠪᠥᠭᠡᠳ ᠮᠠᠯᠴᠢᠨ ᠲᠠᠷᠢᠶᠠᠴᠢᠳ ᠪᠦᠬᠦ ᠶᠠᠪᠤᠴᠠ ᠳᠤ ᠣᠷᠣᠯᠴᠠᠨ᠎ᠠ᠃4.3 ᠲᠥᠯᠥᠪᠵᠢᠭᠦᠯᠭᠡ ᠶᠢᠨ ᠬᠤᠭᠤᠴᠠᠭ᠎ᠠ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠬᠤᠭᠤᠴᠠᠭ᠎ᠠ ᠨᠢ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠦᠬᠦ ᠲᠠᠯ᠎ᠠ ᠶᠢᠨ ᠲᠥᠯᠥᠪᠵᠢᠭᠦᠯᠭᠡ ᠶᠢᠨ ᠬᠤᠭᠤᠴᠠᠭ᠎ᠠ ᠲᠠᠢ ᠠᠳᠠᠯᠢ ᠪᠠᠶᠢᠪᠠᠯ ᠵᠣᠬᠢᠨ᠎ᠠ᠃4.4 ᠲᠥᠯᠥᠪᠵᠢᠭᠦᠯᠭᠡ ᠶᠢᠨ ᠡᠭᠦᠷᠭᠡ      ᠳᠡᠭᠡᠳᠦ ᠪᠠᠶᠢᠷᠢ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠭᠯᠡᠯ ᠢ ᠡᠵᠡᠮᠳᠡᠬᠦ ᠪᠠ ᠦᠨᠳᠦᠰᠦᠨ ᠱᠠᠭᠠᠷᠳᠠᠯᠭ᠎ᠠ ᠶᠢ ᠴᠢᠩᠭ᠎ᠠ ᠪᠠᠷᠢᠮᠲᠠᠯᠠᠭᠰᠠᠨ ᠤᠷᠢᠳᠠᠯ ᠳᠣᠣᠷ᠎ᠠ᠂ ᠭᠠᠴᠠᠭ᠎ᠠ ᠲᠣᠰᠬᠤᠨ ᠤ ᠪᠣᠳᠠᠲᠠᠢ ᠰᠠᠭᠤᠷᠢ ᠪᠠ ᠬᠥᠭᠵᠢᠯᠲᠡ ᠶᠢᠨ ᠪᠠᠶᠢᠳᠠᠯ ᠠᠴᠠ ᠡᠭᠦᠰᠴᠦ᠂ ᠮᠠᠯᠴᠢᠨ ᠲᠠᠷᠢᠶᠠᠴᠢᠳ ᠤᠨ ᠬᠦᠰᠡᠯ ᠱᠠᠭᠠᠷᠳᠠᠯᠭ᠎ᠠ ᠶᠢ ᠪᠦᠷᠢᠮᠦᠰᠦᠨ ᠬᠦᠨᠳᠦᠳᠬᠡᠭᠰᠡᠨ ᠰᠠᠭᠤᠷᠢᠨ ᠳᠡᠭᠡᠷ᠎ᠡ᠂ ᠭᠠᠴᠠᠭ᠎ᠠ ᠲᠣᠰᠬᠤᠨ ᠤ ᠣᠷᠣᠨ ᠵᠠᠢ ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠲᠥᠰᠥᠯ ᠢ ᠲᠣᠭᠲᠠᠭᠠᠨ᠎ᠠ᠃ ᠭᠤᠣᠯᠳᠠᠭᠤ ᠳᠣᠣᠷᠠᠬᠢ ᠮᠡᠲᠦ᠄      a) ᠭᠠᠴᠠᠭ᠎ᠠ ᠲᠣᠰᠬᠤᠨ ᠤ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠲᠥᠯᠥᠪᠯᠡᠬᠦ      b) ᠠᠮᠢ ᠠᠬᠤᠢ ᠶᠢᠨ ᠬᠠᠮᠠᠭᠠᠯᠠᠯᠲᠠ ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠲᠥᠯᠥᠪᠯᠡᠬᠦ      c) ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠲᠥᠯᠥᠪᠯᠡᠬᠦ      d) ᠲᠡᠦᠬᠡ ᠰᠣᠶᠣᠯ ᠢ ᠤᠯᠠᠮᠵᠢᠯᠠᠬᠤ ᠪᠠ ᠬᠠᠮᠠᠭᠠᠯᠠᠬᠤ ᠶᠢ ᠪᠦᠬᠦ ᠲᠠᠯ᠎ᠠ ᠪᠠᠷ ᠲᠥᠯᠥᠪᠯᠡᠬᠦ      e) ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠥᠯᠥᠪᠯᠡᠬᠦ      f) ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠪᠦᠬᠦ ᠲᠠᠯ᠎ᠠ ᠪᠠᠷ ᠲᠥᠯᠥᠪᠯᠡᠬᠦ      g) ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠥᠯᠥᠪᠯᠡᠬᠦ      h) ᠭᠠᠴᠠᠭ᠎ᠠ ᠲᠣᠰᠬᠤᠨ ᠤ ᠠᠮᠤᠷ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠶᠢ ᠪᠦᠬᠦ ᠲᠠᠯ᠎ᠠ ᠪᠠᠷ ᠲᠥᠯᠥᠪᠯᠡᠬᠦ4.5 ᠭᠠᠴᠠᠭ᠎ᠠ ᠲᠣᠰᠬᠤᠨ ᠤ ᠲᠥᠷᠥᠯ ᠵᠦᠢᠯ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ ᠬᠠᠮᠢᠶᠠᠷᠬᠤ ᠱᠠᠭᠠᠷᠳᠠᠯᠭ᠎ᠠ ᠶᠢ ᠦᠨᠳᠦᠰᠦᠯᠡᠨ᠂ ᠭᠠᠴᠠᠭ᠎ᠠ ᠲᠣᠰᠬᠤᠨ ᠤ ᠬᠥᠮᠥᠨ ᠠᠮᠠ ᠶᠢᠨ ᠬᠤᠪᠢᠷᠠᠯᠲᠠ᠂ ᠣᠷᠣᠨ ᠪᠠᠶᠢᠷᠢ ᠶᠢᠨ ᠨᠥᠬᠦᠴᠡᠯ ᠪᠠ ᠬᠥᠭᠵᠢᠯᠲᠡ ᠶᠢᠨ ᠬᠠᠨᠳᠤᠰᠢ ᠳᠤ ᠶᠡᠷᠦᠩᠬᠡᠢ ᠵᠠᠳᠠᠯᠤᠯᠲᠠ ᠬᠢᠵᠦ᠂ ᠭᠠᠴᠠᠭ᠎ᠠ ᠲᠣᠰᠬᠤᠨ ᠢ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠤᠲᠠ ᠲᠡᠭᠦᠷᠭᠡ ᠠᠭᠤᠰᠤᠯᠴᠠᠭᠰᠠᠨ ᠲᠥᠷᠥᠯ᠂ ᠣᠨᠴᠠᠯᠢᠭ ᠢ ᠨᠢ ᠬᠠᠮᠠᠭᠠᠯᠠᠬᠤ ᠲᠥᠷᠥᠯ᠂ ᠨᠡᠭᠦᠬᠦ ᠬᠠᠰᠤᠵᠤ ᠨᠡᠶᠢᠯᠡᠭᠦᠯᠬᠦ ᠲᠥᠷᠥᠯ ᠪᠣᠯᠣᠨ ᠪᠤᠰᠤᠳ ᠲᠥᠷᠥᠯ ᠳᠤ ᠬᠤᠪᠢᠶᠠᠨ᠎ᠠ᠃ ᠲᠤᠰ ᠮᠠᠲ᠋ᠧᠷᠢᠶᠠᠯ ᠳᠤ ᠲᠣᠭᠲᠠᠭᠠᠭᠰᠠᠨ ᠲᠥᠷᠥᠯ ᠠᠴᠠ ᠪᠤᠰᠤᠳ᠂ ᠡᠯ᠎ᠡ ᠭᠠᠵᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠳᠠᠯᠢ ᠪᠤᠰᠤ ᠭᠠᠴᠠᠭ᠎ᠠ ᠲᠣᠰᠬᠤᠨ ᠤ ᠲᠥᠷᠥᠯ ᠢ ᠨᠡᠮᠡᠨ ᠲᠣᠬᠢᠷᠠᠭᠤᠯᠵᠤ ᠪᠣᠯᠣᠨ᠎ᠠ᠃5  ᠲᠥᠯᠥᠪᠵᠢᠭᠦᠯᠭᠡ ᠶᠢᠨ ᠫᠷᠣᠭ᠍ᠷᠠᠮ5.1 ᠦᠨᠳᠦᠰᠦᠨ ᠦᠨᠡᠯᠡᠯᠲᠡ5.1.1 ᠲᠥᠯᠥᠪᠵᠢᠭᠦᠯᠭᠡ ᠶᠢᠨ ᠰᠠᠭᠤᠷᠢ ᠲᠤᠭ᠎ᠠ ᠪᠠ ᠡᠬᠡ ᠵᠢᠷᠤᠭ ᠢ ᠲᠣᠭᠲᠠᠭᠠᠬᠤ      ᠶᠡᠭᠡ ᠬᠠᠷᠢᠴᠠᠭᠠᠲᠤ ᠱᠤᠭᠤᠮ ᠢ ᠬᠡᠷᠡᠭᠯᠡᠭᠰᠡᠨ ᠰᠠᠭᠤᠷᠢ ᠲᠤᠭ᠎ᠠ ᠪᠠᠷᠢᠮᠲᠠ ᠪᠠᠷ ᠡᠬᠡ ᠵᠢᠷᠤᠭ ᠪᠣᠯᠭᠠᠵᠤ᠂ ᠬᠡᠷᠡᠭᠯᠡᠭᠡᠨ ᠤ ᠭᠠᠵᠠᠷ ᠤᠨ ᠪᠠᠶᠢᠷᠢᠯᠠᠭᠤᠯᠤᠯ ᠤᠨ ᠨᠠᠷᠢᠯᠢᠭᠵᠢᠭᠤᠯᠤᠯᠲᠠ ᠶᠢ ᠪᠡᠶᠡᠯᠡᠭᠦᠯᠦᠨ᠎ᠡ᠃ ᠶᠡᠷᠦ ᠳᠤ ᠪᠠᠨ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      a) ᠲᠥᠯᠥᠪᠵᠢᠭᠦᠯᠭᠡ ᠶᠢᠨ ᠰᠠᠭᠤᠷᠢ ᠲᠤᠭ᠎ᠠ ᠪᠠᠷᠢᠮᠲᠠ ᠨᠢ ᠪᠦᠬᠦ ᠤᠯᠤᠰ ᠤᠨ ᠤᠯᠤᠰ ᠤᠨ ᠨᠤᠲᠤᠭ ᠳᠡᠪᠢᠰᠭᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠡᠷᠡᠭᠯᠡᠬᠦ ᠪᠥᠭᠡᠳ ᠳᠡᠭᠡᠳᠦ ᠢᠯᠭᠠᠮᠵᠢᠲᠤ ᠠᠯᠤᠰ ᠰᠡᠷᠡᠯ ᠤᠨ ᠵᠢᠷᠤᠭ ᠳᠦᠷᠰᠦ ᠪᠠᠷ ᠦᠨᠳᠦᠰᠦᠯᠡᠯ ᠪᠣᠯᠭᠠᠨ᠂ ᠣᠳᠣᠬᠢ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠴᠡᠭ ᠤᠨ ᠳᠣᠲᠣᠭᠠᠳᠤ ᠪᠠᠶᠢᠳᠠᠯ ᠵᠢᠴᠢ ᠲᠡᠭᠦᠨ ᠤ ᠭᠠᠳᠠᠭᠠᠳᠤ ᠣᠷᠴᠢᠨ ᠳᠤ ᠨᠥᠬᠦᠪᠦᠷᠢ ᠵᠢᠷᠤᠭ ᠠᠪᠴᠤ ᠂ ᠭᠠᠴᠠᠭ᠎ᠠ ᠲᠣᠰᠬᠤᠨ ᠤ ᠬᠡᠪᠴᠢᠶᠡᠨ ᠳᠣᠲᠣᠷᠠᠬᠢ ᠡᠯ᠎ᠡ ᠲᠥᠷᠥᠯ ᠤᠨ ᠬᠡᠷᠡᠭᠯᠡᠭᠡᠨ ᠤ ᠭᠠᠵᠠᠷ ᠲᠤ ᠨᠠᠷᠢᠯᠢᠭᠵᠢᠭᠤᠯᠤᠭᠰᠠᠨ ᠮᠠᠭᠠᠳᠯᠠᠯᠲᠠ ᠬᠢᠵᠦ᠂ ᠣᠨᠣᠪᠴᠢᠲᠠᠢ ᠰᠠᠭᠤᠷᠢ ᠲᠤᠭ᠎ᠠ ᠪᠠᠷᠢᠮᠲᠠ ᠶᠢ ᠣᠯᠣᠨ᠎ᠠ᠃      b) ᠡᠬᠡ ᠵᠢᠷᠤᠭ ᠤᠨ ᠬᠠᠷᠢᠴᠠᠭᠠᠲᠤ ᠱᠤᠭᠤᠮ ᠨᠢ ᠶᠡᠷᠦ ᠳᠤ ᠪᠠᠨ 1᠄ 2000 ᠪᠠᠶᠢᠳᠠᠭ ᠪᠣᠯᠪᠠᠴᠤ ᠭᠠᠴᠠᠭ᠎ᠠ ᠲᠣᠰᠬᠤᠨ ᠤ ᠵᠠᠰᠠᠭ ᠵᠠᠬᠢᠷᠭᠠᠨ ᠤ ᠬᠠᠷᠢᠶ᠎ᠠ ᠭᠠᠵᠠᠷ ᠤᠨ ᠲᠠᠯᠠᠪᠠᠢ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠡᠬᠡ ᠵᠢᠷᠤᠭ ᠤᠨ ᠬᠠᠷᠢᠴᠠᠭᠠᠲᠤ ᠱᠤᠭᠤᠮ ᠤᠨ ᠬᠠᠷᠢᠴᠠᠯ ᠢ ᠲᠣᠬᠢᠷᠠᠭᠤᠯᠵᠤ ᠪᠣᠯᠣᠨ᠎ᠠ᠃       c) ᠦᠨᠡᠨ ᠠᠴᠠ ᠵᠥᠪ ᠢ ᠡᠷᠢᠬᠦ ᠵᠠᠷᠴᠢᠮ ᠢᠶᠠᠷ ᠭᠠᠵᠠᠷ ᠰᠢᠷᠣᠢ ᠶᠢᠨ ᠬᠡᠷᠡᠭᠴᠡᠭᠡ ᠶᠢ ᠲᠣᠭᠲᠠᠭᠠᠬᠤ ᠶᠢᠨ ᠳᠠᠭᠠᠤ᠂ ᠲᠥᠯᠥᠪᠵᠢᠭᠦᠯᠭᠡ ᠶᠢᠨ ᠰᠠᠭᠤᠷᠢ ᠲᠣᠭᠠᠨ ᠤ ᠬᠤᠪᠢᠷᠠᠭᠤᠯᠤᠯᠲᠠ ᠳᠤ ᠨᠠᠷᠢᠯᠢᠭ ᠲᠠᠶᠢᠯᠪᠤᠷᠢ ᠬᠢᠨ᠎ᠡ᠃      d) ᠭᠠᠴᠠᠭ᠎ᠠ ᠲᠤᠰᠬᠤᠨ ᠤ ᠲᠥᠯᠥᠪᠵᠢᠭᠦᠯᠭᠡ ᠳᠤ ᠬᠡᠷᠡᠭᠯᠡᠬᠦ ᠭᠠᠵᠠᠷ ᠤᠨ ᠲᠥᠷᠥᠯ ᠠᠩᠭᠢᠯᠠᠯ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠨᠡᠶᠢᠲᠡᠯᠡᠭᠰᠡᠨ ︽ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠴᠠᠭᠠᠯᠲᠠ᠂ ᠲᠥᠯᠥᠪᠵᠢᠭᠦᠯᠭᠡ᠂ ᠬᠡᠷᠡᠭᠴᠡᠭᠡᠨ ᠤ ᠵᠠᠬᠢᠷᠤᠨ ᠬᠠᠮᠢᠶᠠᠷᠤᠯᠲᠠ ᠲᠠᠢ ᠬᠡᠷᠡᠭᠯᠡᠬᠦ ᠭᠠᠵᠠᠷ ᠪᠠ ᠬᠡᠷᠡᠭᠯᠡᠬᠦ ᠳᠠᠯᠠᠢ ᠲᠠᠩᠭᠢᠰ ᠤᠨ ᠲᠥᠷᠥᠯ ᠠᠩᠭᠢᠯᠠᠯ ᠤᠨ ᠬᠥᠲᠥᠯᠪᠦᠷᠢ︾ ᠲᠠᠢ ᠨᠢᠭᠡᠳᠦᠯᠲᠡᠢ ᠪᠠᠶᠢᠪᠠᠯ ᠵᠣᠬᠢᠨ᠎ᠠ᠃5.1.2 ᠣᠳᠣᠬᠢ ᠪᠠᠶᠢᠳᠠᠯ ᠤᠨ ᠪᠠᠶᠢᠴᠠᠭᠠᠯᠲᠠ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠱᠠᠭᠠᠷᠳᠠᠭᠳᠠᠬᠤ ᠦᠨᠳᠦᠰᠦᠨ ᠮᠠᠲ᠋ᠧᠷᠢᠶᠠᠯ ᠭᠡᠪᠡᠯ᠄ ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ᠂ ᠭᠠᠵᠠᠷ ᠰᠢᠨᠵᠢᠯᠡᠭᠡᠨ ᠤ ᠭᠠᠢ ᠭᠠᠮᠰᠢᠭ᠂ ᠬᠥᠮᠥᠨ ᠠᠮᠠ ᠪᠠ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠡᠯ᠎ᠡ ᠲᠥᠷᠥᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠬᠥᠭᠵᠢᠯᠲᠡ ᠶᠢᠨ ᠲᠡᠦᠬᠡᠲᠦ ᠶᠠᠪᠤᠴᠠ᠂ ᠰᠣᠶᠣᠯ ᠤᠨ ᠠᠬᠤᠢ ᠪᠠᠶᠢᠳᠠᠯ ᠪᠠ ᠬᠥᠮᠥᠨ ᠨᠡᠶᠢᠭᠡᠮ ᠤᠨ ᠵᠠᠩ ᠠᠭᠠᠯᠢ ᠵᠡᠷᠭᠡ ᠮᠠᠲ᠋ᠧᠷᠢᠶᠠᠯ ᠢ ᠵᠢᠭᠠᠬᠤ ᠪᠥᠭᠡᠳ ᠪᠠᠰᠠ ᠴᠢᠬᠤᠯᠠᠲᠠᠢ ᠪᠣᠯ ᠨᠥᠬᠦᠪᠦᠷᠢ ᠪᠠᠶᠢᠴᠠᠭᠠᠯᠲᠠ ᠥᠷᠨᠢᠭᠦᠯᠦᠨ ᠶᠠᠪᠤᠭᠳᠠᠭᠤᠯᠵᠤ ᠪᠣᠯᠣᠨ᠎ᠠ᠃5.1.3 ᠭᠠᠴᠠᠭ᠎ᠠ ᠲᠣᠰᠬᠤᠨ ᠤ ᠬᠥᠭᠵᠢᠯᠲᠡ ᠶᠢᠨ ᠣᠳᠣᠬᠢ ᠪᠠᠶᠢᠳᠠᠯ ᠤᠨ ᠵᠠᠳᠠᠯᠤᠯᠲᠠ      ᠡᠯ᠎ᠡ ᠲᠥᠷᠥᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠲᠠᠢ ᠪᠠᠨ ᠤᠶᠠᠯᠳᠤᠭᠤᠯᠤᠨ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠬᠥᠮᠥᠨ ᠠᠮᠠ᠂ ᠠᠵᠤ ᠠᠬᠤᠢ ᠶᠢᠨ ᠬᠥᠭᠵᠢᠯᠲᠡ᠂ ᠡᠬᠢ ᠪᠠᠶᠠᠯᠢᠭ ᠤᠨ ᠨᠥᠬᠦᠴᠡᠯ᠂ ᠭᠠᠵᠠᠷ ᠰᠢᠷᠣᠢ ᠶᠢᠨ ᠠᠰᠢᠭᠯᠠᠯᠲᠠ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ᠂ ᠭᠠᠴᠠᠭ᠎ᠠ ᠲᠣᠰᠬᠤᠨ ᠤ ᠣᠨᠴᠠᠯᠢᠭ ᠢ ᠳ᠋ᠦᠩᠨᠡᠵᠦ ᠬᠤᠷᠢᠶᠠᠩᠭᠤᠶᠢᠯᠠᠨ᠂ ᠡᠬᠢ ᠪᠠᠶᠠᠯᠢᠭ ᠤᠨ ᠠᠰᠢᠭᠯᠠᠯᠲᠠ ᠶᠢᠨ ᠪᠠᠶᠢᠳᠠᠯ᠂ ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ᠂ ᠣᠳᠣ ᠶᠢᠨ ᠣᠷᠣᠰᠢᠵᠤ ᠪᠠᠶᠢᠭ᠎ᠠ ᠠᠰᠠᠭᠤᠳᠠᠯ ᠵᠡᠷᠭᠡ ᠭᠤᠣᠯᠯᠠᠬᠤ ᠲᠠᠯ᠎ᠠ ᠶᠢ ᠰᠤᠳᠤᠯᠵᠤ᠂ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠬᠠᠷᠠᠯᠲᠠ ᠪᠠ ᠡᠭᠦᠷᠭᠡ ᠶᠢ ᠲᠣᠳᠣᠷᠬᠠᠢ ᠪᠣᠯᠭᠠᠨ᠎ᠠ᠃5.2  ᠲᠥᠯᠥᠪᠵᠢᠭᠦᠯᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ      ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠬᠤ ᠬᠠᠷᠠᠯᠲᠠ ᠶᠢᠨ ᠲᠣᠭᠤᠷᠢᠨ ᠳᠤ᠂ ᠬᠤᠪᠢᠶᠠᠷᠢ ᠲᠣᠭᠤᠷᠢᠭ ᠤᠨ ᠬᠥᠲᠥᠯᠥᠨ ᠵᠢᠯᠣᠭᠤᠳᠴᠤ ᠬᠠᠮᠢᠶᠠᠷᠤᠨ ᠡᠵᠡᠮᠳᠡᠬᠦ ᠲᠠᠢ ᠤᠶᠠᠯᠳᠤᠭᠤᠯᠤᠨ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠮᠠᠯᠵᠢᠬᠤ ᠲᠠᠷᠢᠶᠠᠯᠠᠬᠤ ᠳᠤ ᠬᠡᠷᠡᠭᠯᠡᠬᠦ ᠭᠠᠵᠠᠷ ᠪᠣᠯᠣᠨ ᠠᠮᠢ ᠠᠬᠤᠢ ᠳᠤ ᠬᠡᠷᠡᠭᠯᠡᠬᠦ ᠭᠠᠵᠠᠷ ᠢ ᠪᠦᠬᠦ ᠲᠠᠯ᠎ᠠ ᠪᠠᠷ ᠲᠥᠯᠥᠪᠯᠡᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠨᠡᠭᠡᠭᠡᠬᠦ ᠬᠠᠮᠠᠭᠠᠯᠠᠬᠤ ᠪᠦᠲᠦᠴᠡ ᠪᠠᠶᠢᠷᠢᠰᠢᠯ ᠢ ᠲᠣᠳᠣᠷᠬᠠᠢ ᠪᠣᠯᠭᠠᠨ᠎ᠠ᠃ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠬ᠎ᠠ ᠬᠢᠵᠠᠭᠠᠷ ᠢ ᠵᠢᠷᠤᠵᠤ ᠲᠣᠭᠲᠠᠭᠠᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠣᠷᠣᠨ ᠵᠠᠢ ᠶᠢᠨ ᠬᠦᠷᠢᠶ᠎ᠡ ᠴᠠᠷ᠎ᠠ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠢ ᠪᠣᠯᠭᠠᠨ᠂ ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠶᠢᠨ ᠶᠡᠷᠦᠩᠬᠡᠶᠢᠯᠡᠨ ᠵᠠᠰᠠᠬᠤ ᠪᠠ ᠰᠢᠰᠲ᠋ᠧᠮᠵᠢᠭᠦᠯᠦᠨ ᠰᠡᠷᠭᠦᠭᠡᠬᠦ ᠶᠢ ᠬᠡᠷᠡᠭᠵᠢᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠎ᠡ᠃5.3 ᠲᠥᠯᠥᠪᠵᠢᠭᠦᠯᠭᠡ ᠶᠢᠨ ᠭᠡᠷᠡᠴᠢᠯᠡᠭᠡ ᠶᠢ ᠰᠣᠨᠣᠰᠬᠤ ᠪᠠ ᠨᠤᠲᠠᠯᠠᠯᠲᠠ      ᠰᠠᠭᠤᠳᠠᠯ ᠤᠨ ᠬᠤᠷᠠᠯ᠂ ᠭᠠᠴᠠᠭ᠎ᠠ ᠲᠣᠰᠬᠤᠨ ᠤ ᠠᠷᠠᠳ ᠤᠨ ᠶᠡᠭᠡ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠵᠤ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠳᠤ ᠰᠠᠨᠠᠯ ᠬᠤᠷᠢᠶᠠᠬᠤ ᠪᠠ ᠭᠡᠷᠡᠴᠢᠯᠡᠭᠡ ᠶᠢ ᠰᠣᠨᠣᠰᠬᠤ ᠪᠥᠭᠡᠳ ᠲᠤᠰᠬᠠᠢ ᠮᠡᠷᠭᠡᠵᠢᠯᠲᠡᠨ ᠵᠠᠯᠠᠵᠤ ᠨᠤᠲᠠᠯᠠᠯᠲᠠ ᠬᠢᠯᠭᠡᠨ᠎ᠡ᠃5.4 ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠦᠷ᠎ᠡ ᠪᠦᠲᠦᠭᠡᠯ ᠨᠢ ᠭᠠᠴᠠᠭ᠎ᠠ ᠲᠣᠰᠬᠤᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠠᠴᠠ ᠳᠡᠭᠡᠭᠰᠢᠬᠢ ᠭᠡᠰᠢᠭᠦᠳ ᠡᠰᠡᠬᠦᠯ᠎ᠡ ᠭᠤᠷᠪᠠᠨ ᠤ ᠬᠤᠶᠠᠷ ᠠᠴᠠ ᠳᠡᠭᠡᠭᠰᠢᠬᠢ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠭᠠᠴᠠᠭ᠎ᠠ ᠲᠣᠰᠬᠤᠨ ᠤ ᠪᠠᠶᠢᠭ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠪᠠᠶᠢᠴᠠᠭᠠᠯᠲᠠ ᠪᠠᠷ ᠳᠠᠮᠵᠢᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃5.5 ᠲᠥᠯᠥᠪᠵᠢᠭᠦᠯᠭᠡ ᠶᠢᠨ ᠵᠠᠷᠯᠠᠯ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠦᠷ᠎ᠡ ᠪᠦᠲᠦᠭᠡᠯ ᠨᠢ ᠵᠥᠪᠰᠢᠶᠡᠷᠡᠭᠳᠡᠭᠰᠡᠨ ᠤ ᠳᠠᠷᠠᠭ᠎ᠠ᠂ ᠬᠠᠤᠯᠢ ᠶᠣᠰᠣᠭᠠᠷ ᠢᠯᠡ ᠪᠠᠷ ᠵᠠᠷᠯᠠᠪᠠᠯ ᠵᠣᠬᠢᠨ᠎ᠠ᠃6 ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠭᠤᠯᠭ᠎ᠠ6.1 ᠲᠥᠷᠥᠯ ᠠᠩᠭᠢᠯᠠᠨ ᠵᠢᠯᠣᠭᠤᠳᠬᠤ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠠᠭᠤᠯᠭ᠎ᠠ ᠶᠢ ᠴᠢᠬᠤᠯᠠ ᠴᠢᠨᠠᠷ ᠪᠦᠬᠦᠢ ᠠᠭᠤᠯᠭ᠎ᠠ ᠪᠠ ᠥᠷᠭᠡᠳᠬᠡᠬᠦ ᠴᠢᠨᠠᠷ ᠪᠦᠬᠦᠢ ᠠᠭᠤᠯᠭ᠎ᠠ ᠭᠡᠵᠦ ᠬᠤᠪᠢᠶᠠᠨ᠎ᠠ᠃ ᠴᠢᠬᠤᠯᠠ ᠴᠢᠨᠠᠷ ᠪᠦᠬᠦᠢ ᠠᠭᠤᠯᠭ᠎ᠠ ᠭᠡᠳᠡᠭ ᠨᠢ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠪᠠᠭᠲᠠᠭᠠᠪᠠᠯ ᠵᠣᠬᠢᠬᠤ ᠠᠭᠤᠯᠭ᠎ᠠ ᠪᠠᠶᠢᠵᠤ᠂ ᠥᠷᠭᠡᠳᠬᠡᠬᠦ ᠴᠢᠨᠠᠷ ᠪᠦᠬᠦᠢ ᠠᠭᠤᠯᠭ᠎ᠠ ᠭᠡᠳᠡᠭ ᠨᠢ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ ᠰᠣᠩᠭᠤᠬᠤ ᠠᠭᠤᠯᠭ᠎ᠠ ᠪᠣᠯᠣᠨ᠎ᠠ᠃ ᠲᠥᠯᠥᠪᠵᠢᠭᠦᠯᠭᠡ ᠶᠢᠨ ᠠᠭᠤᠯᠭ᠎ᠠ ᠨᠢ ᠲᠥᠯᠥᠪᠵᠢᠭᠦᠯᠭᠡ ᠶᠢᠨ ᠲᠣᠳᠣᠷᠬᠠᠶᠢᠯᠠᠯ ᠪᠠ ᠬᠠᠷᠠᠯᠲᠠ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ ᠪᠠ ᠬᠡᠷᠡᠭᠴᠡᠭᠡᠨ ᠤ ᠬᠢᠨᠠᠯᠲᠠ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠵᠠᠮ ᠬᠠᠷᠢᠯᠴᠠᠭᠠᠨ ᠤ ᠲᠥᠯᠥᠪᠵᠢᠭᠦᠯᠭᠡ᠂ ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ᠂ ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ᠂ ᠲᠡᠦᠬᠡ ᠰᠣᠶᠣᠯ ᠪᠠ ᠣᠨᠴᠠᠯᠢᠭᠲᠤ ᠳᠦᠷᠰᠦ ᠪᠠᠶᠢᠳᠠᠯ ᠤᠨ ᠬᠠᠮᠠᠭᠠᠯᠠᠯᠲᠠ᠂ ᠠᠮᠢ ᠠᠬᠤᠢ ᠶᠢᠨ ᠬᠠᠮᠠᠭᠠᠯᠠᠯᠲᠠ ᠶᠢᠨ ᠰᠡᠷᠭᠦᠭᠡᠨ ᠵᠠᠰᠠᠯᠲᠠ᠂ ᠬᠥᠮᠥᠨ ᠠᠷᠠᠳ ᠤᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠵᠡᠷᠭᠡ ᠬᠡᠳᠦᠨ ᠵᠦᠢᠯ ᠢ ᠪᠠᠭᠲᠠᠭᠠᠨ᠎ᠠ᠃ ᠡᠭᠦᠨ ᠳᠤ᠄      a) ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ ᠪᠠ ᠬᠤᠲᠠ ᠲᠡᠭᠦᠷᠭᠡ ᠠᠭᠤᠰᠤᠯᠴᠠᠭᠰᠠᠨ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠳᠡᠭᠡᠷᠡᠬᠢ ᠪᠦᠬᠦ ᠵᠦᠢᠯ ᠨᠢ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃      b) ᠣᠨᠴᠠᠯᠢᠭ ᠢ ᠨᠢ ᠬᠠᠮᠠᠭᠠᠯᠠᠬᠤ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠶᠢᠵᠤ᠂ ᠪᠤᠰᠤᠳ ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃      c) ᠨᠡᠭᠦᠬᠦ ᠬᠠᠰᠤᠵᠤ ᠨᠡᠶᠢᠯᠡᠭᠦᠯᠬᠦ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ᠂ ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ ᠵᠡᠷᠭᠡ ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠶᠢᠵᠤ᠂ ᠪᠤᠰᠤᠳ ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃      d) ᠪᠤᠰᠤᠳ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠶᠢᠵᠤ᠂ ᠪᠤᠰᠤᠳ ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃ᠬᠤᠲᠠ ᠪᠠᠯᠭᠠᠰᠤ ᠶᠢᠨ ᠨᠡᠭᠡᠭᠡᠯᠲᠡ ᠶᠢᠨ ᠵᠠᠬ᠎ᠠ ᠬᠢᠵᠠᠭᠠᠷ ᠲᠠᠢ ᠨᠡᠶᠢᠯᠡᠵᠦ ᠪᠠᠶᠢᠭ᠎ᠠ ᠭᠠᠴᠠᠭ᠎ᠠ ᠲᠣᠰᠬᠤᠨ ᠨᠢ ᠬᠤᠲᠠ ᠪᠠᠯᠭᠠᠰᠤ ᠶᠢᠨ ᠨᠡᠭᠡᠭᠡᠯᠲᠡ ᠶᠢᠨ ᠵᠠᠬ᠎ᠠ ᠬᠢᠵᠠᠭᠠᠷ ᠳᠣᠲᠣᠷᠠᠬᠢ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠬᠠᠮᠲᠤ ᠨᠠᠷᠢᠯᠢᠭ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ ᠪᠣᠯᠣᠨ᠎ᠠ᠃      6.2  ᠲᠥᠯᠥᠪᠵᠢᠭᠦᠯᠭᠡ ᠶᠢᠨ ᠬᠠᠷᠠᠯᠲᠠ ᠪᠠ ᠣᠷᠣᠨ ᠪᠠᠶᠢᠷᠢ ᠶᠢ ᠲᠣᠭᠲᠠᠭᠠᠬᠤ      ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠳᠤ ᠲᠣᠭᠲᠠᠭᠠᠭᠰᠠᠨ ᠭᠠᠴᠠᠭ᠎ᠠ ᠲᠣᠰᠬᠤᠨ ᠤ ᠲᠥᠷᠥᠯ ᠢ ᠦᠨᠳᠦᠰᠦᠯᠡᠨ᠂ ᠭᠠᠴᠠᠭ᠎ᠠ ᠲᠣᠰᠬᠤᠨ ᠤ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠪᠠᠶᠢᠴᠠ ᠪᠠ ᠭᠠᠳᠠᠷᠭᠤ᠂ ᠡᠬᠢ ᠪᠠᠶᠠᠯᠢᠭ ᠤᠨ ᠪᠦᠷᠢᠯᠳᠦᠴᠡ᠂ ᠲᠡᠦᠬᠡ ᠰᠣᠶᠣᠯ᠂ ᠠᠵᠤ ᠠᠬᠤᠢ ᠨᠡᠶᠢᠭᠡᠮ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠤᠯᠠᠮᠵᠢᠯᠠᠯᠲᠤ ᠳᠦᠷᠰᠦ ᠪᠠᠶᠢᠳᠠᠯ ᠵᠡᠷᠭᠡ ᠰᠢᠯᠲᠠᠭᠠᠨ ᠢ ᠪᠣᠳᠣᠯᠬᠢᠯᠠᠭᠰᠠᠨ ᠪᠠᠶᠢᠳᠠᠯ ᠳᠣᠣᠷ᠎ᠠ᠂ ᠲᠥᠯᠥᠪᠵᠢᠭᠦᠯᠭᠡ ᠶᠢᠨ ᠬᠠᠷᠠᠯᠲᠠ ᠪᠠᠨ ᠲᠣᠭᠲᠠᠭᠠᠬᠤ ᠶᠢᠨ ᠳᠠᠭᠠᠤ᠂ ᠭᠠᠴᠠᠭ᠎ᠠ ᠲᠣᠰᠬᠤᠨ ᠤ ᠬᠥᠭᠵᠢᠯᠲᠡ ᠶᠢᠨ ᠣᠷᠣᠨ ᠪᠠᠶᠢᠷᠢ ᠶᠢ ᠪᠦᠬᠦ ᠲᠠᠯ᠎ᠠ ᠪᠠᠷ ᠲᠥᠯᠥᠪᠯᠡᠨ᠎ᠡ᠃ ᠲᠥᠯᠥᠪᠵᠢᠭᠦᠯᠭᠡ ᠶᠢᠨ ᠬᠠᠷᠠᠯᠲᠠ ᠨᠢ ᠪᠣᠳᠠᠲᠤ ᠲᠤᠭ᠎ᠠ ᠨᠤᠷᠮ᠎ᠠ ᠪᠠᠷ ᠬᠡᠮᠵᠢᠶᠡᠵᠢᠭᠦᠯᠦᠭᠰᠡᠨ ᠪᠠᠶᠢᠪᠠᠯ ᠵᠣᠬᠢᠨ᠎ᠠ᠃ ᠭᠤᠣᠯᠳᠠᠭᠤ ᠲᠠᠷᠢᠶᠠᠨ ᠭᠠᠵᠠᠷ ᠤᠨ ᠪᠠᠶᠢᠬᠤ ᠬᠡᠮᠵᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠮᠵᠢᠶ᠎ᠡ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠤᠨ ᠬᠡᠮᠵᠢᠶ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ᠂ ᠡᠷᠦᠬᠡ ᠳᠤ ᠲᠡᠭᠰᠢᠳᠬᠡᠭᠰᠡᠨ ᠣᠷᠣᠨ ᠰᠠᠭᠤᠴᠠ ᠶᠢᠨ ᠭᠠᠵᠠᠷ ᠤᠨ ᠬᠡᠮᠵᠢᠶ᠎ᠡ᠂ ᠬᠥᠮᠥᠨ ᠪᠦᠷᠢ ᠳᠤ ᠲᠡᠭᠰᠢᠳᠬᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠮᠵᠢᠶ᠎ᠡ ᠵᠡᠷᠭᠡ ᠶᠢ ᠪᠠᠭᠲᠠᠭᠠᠨ᠎ᠠ᠃6.3  ᠭᠠᠴᠠᠭ᠎ᠠ ᠲᠣᠰᠬᠤᠨ ᠤ ᠬᠡᠪᠴᠢᠶᠡᠨ ᠳᠠᠬᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ ᠪᠠ ᠬᠡᠷᠡᠭᠴᠡᠭᠡᠨ ᠤ ᠵᠠᠬᠢᠷᠤᠨ ᠬᠠᠮᠢᠶᠠᠷᠤᠯᠲᠠ6.3.1 ᠡᠩ ᠤᠨ ᠲᠣᠭᠲᠠᠭᠠᠯ      ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠯᠪᠣᠭᠳᠠᠬᠤ ᠲᠣᠬᠢᠷᠠᠭᠤᠯᠤᠯᠲᠠ ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠪᠠᠷᠢᠮᠲᠠᠯᠠᠵᠤ᠂ ᠲᠣᠬᠢᠷᠠᠭᠤᠯᠤᠭᠰᠠᠨ ᠦᠷ᠎ᠡ ᠳ᠋ᠦᠩ ᠢᠶᠠᠨ ᠬᠠᠤᠯᠢ ᠶᠣᠰᠣᠭᠠᠷ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠨᠢ ᠬᠡᠲᠦᠷᠡᠬᠦ ᠦᠭᠡᠢ ᠪᠥᠭᠡᠳ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠬᠦ ᠦᠭᠡᠢ ᠤᠷᠢᠳᠠᠯ ᠳᠣᠣᠷ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶᠡᠨ ᠤ ᠵᠣᠬᠢᠬᠤ ᠬᠠᠷᠢᠴᠠᠯ ᠪᠦᠬᠦᠢ ᠭᠠᠵᠠᠷ ᠢ ᠤᠷᠢᠳᠴᠢᠯᠠᠨ ᠦᠯᠡᠳᠡᠭᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠳᠤ ᠬᠡᠷᠡᠭᠯᠡᠨ᠎ᠡ᠃ ᠡᠶᠢᠮᠦᠷᠬᠦ ︽ᠬᠤᠭᠤᠰᠤᠨ︾ ᠣᠷᠣᠨ ᠵᠠᠢ ᠦᠯᠡᠳᠡᠭᠡᠬᠦ ᠪᠠᠷ ᠳᠠᠮᠵᠢᠵᠤ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠢ ᠪᠠᠷ ᠤᠳᠤᠷᠢᠳᠤᠨ ᠳᠠᠭᠠᠭᠤᠯᠵᠤ᠂ ᠬᠠᠷᠢᠴᠠᠩᠭᠤᠢ ᠡᠷᠴᠢᠮᠯᠢᠭ ᠥᠨᠳᠥᠷ ᠦᠷ᠎ᠡ ᠠᠰᠢᠭ ᠪᠦᠬᠦᠢ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠪᠣᠢ ᠪᠣᠯᠭᠠᠨ᠎ᠠ᠃6.3.2  ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ6.3.2.1 ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠦᠬᠦ ᠲᠠᠯ᠎ᠠ ᠪᠠᠷ ᠲᠣᠬᠢᠷᠠᠭᠤᠯᠬᠤ      ᠮᠠᠯᠴᠢᠨ ᠲᠠᠷᠢᠶᠠᠴᠢᠳ ᠤᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠰᠥᠪᠯᠡᠯ ᠢᠶᠠᠨ ᠳᠤᠷᠠᠳᠤᠨ ᠭᠠᠷᠭᠠᠨ᠎ᠠ᠃ ᠭᠠᠴᠠᠭ᠎ᠠ ᠲᠣᠰᠬᠤᠨ ᠤ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠶᠢ ᠲᠥᠯᠥᠪᠵᠢᠭᠦᠯᠬᠦ ᠳᠤ ᠶᠡᠷᠦᠳᠡᠭᠡᠨ ᠲᠥᠯᠥᠪᠵᠢᠭᠦᠯᠭᠡ ᠶᠢᠨ ᠰᠠᠭᠤᠷᠢ ᠬᠤᠭᠤᠴᠠᠭᠠᠨ ᠤ ᠬᠡᠮᠵᠢᠶ᠎ᠡ ᠠᠴᠠ ᠬᠡᠲᠦᠷᠡᠬᠦ ᠦᠭᠡᠢ ᠪᠠᠶᠢᠪᠠᠯ ᠵᠣᠬᠢᠨ᠎ᠠ᠃ ᠡᠯ᠎ᠡ ᠲᠥᠷᠥᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠨᠢ ᠦᠨᠡᠨᠬᠦ ᠰᠢᠨ᠎ᠡ ᠪᠠᠷ ᠨᠡᠮᠡᠭᠳᠡᠬᠦ ᠱᠠᠭᠠᠷᠳᠠᠯᠭ᠎ᠠ ᠲᠠᠢ ᠪᠣᠯ᠂ ᠤᠷᠢᠳᠠᠪᠠᠷ ᠨᠥᠭᠡᠴᠡ ᠭᠠᠵᠠᠷ ᠠᠴᠠ ᠬᠡᠷᠡᠭᠯᠡᠬᠦ ᠪᠥᠭᠡᠳ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠭᠤᠴᠢᠨ ᠢ ᠨᠢ ᠨᠤᠷᠠᠭᠠᠬᠤ ᠪᠠ ᠰᠢᠨ᠎ᠡ ᠪᠠᠷ ᠪᠠᠶᠢᠭᠤᠯᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠᠯ ᠵᠣᠬᠢᠨ᠎ᠠ᠃6.3.2.2  ᠭᠤᠣᠯ ᠪᠣᠯᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ      ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠭᠤᠣᠯ ᠪᠣᠯᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠳᠠᠬᠢ ᠬᠠᠷᠢᠴᠠᠯ ᠨᠢ ᠡᠵᠡᠯᠡᠬᠦ ᠬᠠᠷᠢᠴᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ ᠵᠣᠬᠢᠨ᠎ᠠ᠃ ᠡᠭᠦᠨ ᠳᠤ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠠᠷᠢᠴᠠᠯ ᠨᠢ 50~80 %᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ ᠨᠢ 5~20 %᠂ ᠵᠠᠮ ᠲᠡᠭᠡᠭᠡᠪᠦᠷᠢ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ ᠨᠢ 5~15 %᠂ ᠨᠣᠭᠤᠭᠠᠨ ᠭᠠᠵᠠᠷ ᠪᠠ ᠨᠡᠭᠡᠭᠡᠯᠲᠡ ᠲᠠᠢ ᠣᠷᠣᠨ ᠵᠠᠢ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ ᠨᠢ 2~6 % ᠪᠣᠯᠣᠨ᠎ᠠ᠃6.3.3  ᠮᠠᠯ ᠲᠠᠷᠢᠶᠠᠯᠠᠩ ᠤᠨ ᠣᠷᠣᠨ ᠵᠠᠢ ᠶᠢᠨ ᠪᠠᠶᠢᠷᠢᠯᠠᠭᠤᠯᠤᠯᠲᠠ      ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠬᠦ ᠲᠠᠯ᠎ᠠ ᠪᠠᠷ ᠲᠣᠬᠢᠷᠠᠭᠤᠯᠤᠨ᠂ ᠭᠠᠴᠠᠭ᠎ᠠ ᠲᠣᠰᠬᠤᠨ ᠤ ᠮᠠᠯ ᠲᠠᠷᠢᠶᠠᠯᠠᠩ ᠤᠨ ᠬᠥᠭᠵᠢᠯᠲᠡ ᠶᠢᠨ ᠬᠡᠰᠡᠭ ᠭᠠᠵᠠᠷ ᠢ ᠰᠢᠨᠵᠢᠯᠡᠬᠦ ᠤᠬᠠᠭᠠᠨᠴᠢ ᠪᠠᠷ ᠵᠢᠷᠤᠵᠤ ᠵᠠᠭᠠᠭᠯᠠᠬᠤ ᠬᠡᠷᠡᠭᠲᠡᠢ᠃ ᠳᠡᠭᠡᠳᠦ ᠪᠠᠶᠢᠷᠢ ᠶᠢᠨ ᠲᠥᠯᠥᠪᠵᠢᠭᠦᠯᠭᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠵᠢᠷᠤᠵᠤ ᠵᠠᠭᠠᠭᠯᠠᠬᠤ ᠠᠵᠢᠯ ᠳᠤ ᠲᠣᠭᠲᠠᠭᠠᠭᠰᠠᠨ ᠲᠠᠷᠢᠶᠠᠨ ᠭᠠᠵᠠᠷ ᠤᠨ ᠪᠠᠶᠢᠬᠤ ᠬᠡᠮᠵᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠨᠥᠭᠡᠴᠡᠯᠡᠬᠦ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠭᠠᠵᠠᠷ᠂ ᠲᠠᠯᠠᠪᠠᠢ᠂ ᠴᠢᠨᠠᠷ ᠴᠢᠨᠰᠠᠭ᠎ᠠ ᠶᠢ ᠲᠣᠳᠣᠷᠬᠠᠶᠢᠯᠠᠨ᠂ ᠳᠡᠭᠡᠳᠦ ᠪᠠᠶᠢᠷᠢ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠨᠥᠭᠡᠴᠡ ᠭᠠᠵᠠᠷ ᠢ ᠥᠭᠡᠷᠡᠴᠢᠯᠡᠵᠦ ᠬᠤᠪᠢᠷᠠᠭᠤᠯᠬᠤ ᠪᠤᠶᠤ ᠡᠵᠡᠯᠡᠵᠦ ᠪᠣᠯᠬᠤ ᠦᠭᠡᠢ᠃ ᠬᠠᠰᠢᠶ᠎ᠠ ᠴᠡᠴᠡᠷᠯᠢᠭ᠂ ᠮᠣᠳᠣ ᠲᠠᠢ ᠭᠠᠵᠠᠷ᠂ ᠡᠪᠡᠰᠦ ᠪᠡᠯᠴᠢᠭᠡᠷ᠂ ᠲᠥᠬᠦᠭᠡᠷᠦᠮᠵᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠵᠡᠷᠭᠡ ᠪᠤᠰᠤᠳ ᠮᠠᠯ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠪᠠ ᠬᠡᠪᠴᠢᠶ᠎ᠡ ᠶᠢ ᠵᠦᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ᠃6.3.4  ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ      ᠭᠠᠴᠠᠭ᠎ᠠ ᠲᠣᠰᠬᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠠᠮᠢ ᠠᠬᠤᠢ ᠶᠢᠨ ᠣᠷᠣᠨ ᠵᠠᠢ ᠶᠢ ᠵᠦᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ᠃ ᠤᠯᠤᠰ ᠠᠴᠠ ᠲᠣᠭᠲᠠᠭᠠᠭᠰᠠᠨ ᠠᠮᠢ ᠠᠬᠤᠢ ᠶᠢᠨ ᠪᠦᠲᠦᠭᠡᠭᠳᠡᠬᠦᠨ ᠪᠤᠶᠤ ᠠᠮᠢ ᠠᠬᠤᠢ ᠶᠢᠨ ᠦᠢᠯᠡᠴᠢᠯᠡᠭᠡᠨ ᠬᠠᠩᠭᠠᠬᠤ ᠪᠠᠷ ᠭᠤᠣᠯ ᠴᠢᠳᠠᠪᠬᠢ ᠪᠠᠨ ᠪᠣᠯᠭᠠᠭᠰᠠᠨ ᠬᠡᠷᠡᠭᠯᠡᠬᠦ ᠭᠠᠵᠠᠷ ᠤᠨ ᠲᠥᠷᠥᠯ ᠢ ᠠᠮᠢ ᠠᠬᠤᠢ ᠶᠢᠨ ᠣᠷᠣᠨ ᠵᠠᠢ ᠳᠤ ᠣᠷᠣᠭᠤᠯᠪᠠᠯ ᠵᠣᠬᠢᠨ᠎ᠠ᠃ ᠪᠤᠰᠤᠳ ᠠᠮᠢ ᠠᠬᠤᠢ ᠶᠢᠨ ᠴᠢᠳᠠᠪᠬᠢ ᠪᠦᠬᠦᠢ ᠮᠠᠯᠴᠢᠨ ᠲᠠᠷᠢᠶᠠᠴᠢᠳ ᠤᠨ ᠬᠠᠮᠠᠭᠠᠯᠠᠬᠤ ᠬᠦᠰᠡᠯ ᠱᠠᠭᠠᠷᠳᠠᠯᠭ᠎ᠠ ᠲᠠᠢ ᠭᠠᠵᠠᠷ ᠤᠨ ᠲᠥᠷᠥᠯ ᠢ ᠪᠠᠰᠠ ᠠᠮᠢ ᠠᠬᠤᠢ ᠶᠢᠨ ᠣᠷᠣᠨ ᠵᠠᠢ ᠳᠤ ᠪᠠᠭᠲᠠᠭᠠᠨ ᠣᠷᠣᠭᠤᠯᠵᠤ ᠪᠣᠯᠣᠨ᠎ᠠ᠃ ᠠᠮᠢ ᠠᠬᠤᠢ ᠶᠢᠨ ᠣᠷᠣᠨ ᠵᠠᠢ ᠳᠤ ᠴᠢᠬᠤᠯᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤ ᠬᠥᠷᠥᠰᠥ ᠶᠢ ᠬᠠᠮᠠᠭᠠᠯᠠᠬᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠴᠢᠳᠠᠪᠬᠢ ᠪᠦᠬᠦᠢ ᠣᠷᠣᠨ ᠭᠠᠵᠠᠷ ᠬᠢᠭᠡᠳ ᠬᠥᠷᠥᠰᠥ ᠰᠢᠷᠣᠢ ᠶᠢᠨ ᠢᠳᠡᠭᠳᠡᠯ᠂ ᠡᠯᠡᠰᠦᠷᠬᠡᠭᠵᠢᠯ᠂ ᠳᠠᠪᠤᠰᠤᠵᠢᠬᠤ ᠪᠤᠶᠤ ᠬᠤᠵᠢᠷᠰᠢᠯ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ ᠡᠮᠵᠡᠭ ᠰᠤᠯᠠ ᠪᠣᠯᠣᠭᠰᠠᠨ ᠣᠷᠣᠨ ᠭᠠᠵᠠᠷ ᠤᠳ ᠤᠨ ᠬᠡᠷᠡᠭᠯᠡᠬᠦ ᠠᠷᠭ᠎ᠠ ᠬᠡᠯᠪᠡᠷᠢ ᠶᠢ ᠳᠤᠷ᠎ᠠ ᠵᠣᠷᠢᠭ ᠢᠶᠠᠷ ᠥᠭᠡᠷᠡᠴᠢᠯᠡᠨ ᠬᠤᠪᠢᠷᠠᠭᠤᠯᠵᠤ ᠪᠣᠯᠬᠤ ᠦᠭᠡᠢ᠃ ᠪᠤᠰᠤᠳ ᠣᠷᠣᠨ ᠭᠠᠵᠠᠷ ᠤᠨ ᠨᠡᠭᠡᠭᠡᠨ ᠠᠰᠢᠭᠯᠠᠬᠤ ᠶᠢ ᠬᠢᠵᠠᠭᠠᠷᠯᠠᠪᠠᠯ ᠵᠣᠬᠢᠨ᠎ᠠ᠃ ᠭᠠᠴᠠᠭ᠎ᠠ ᠲᠣᠰᠬᠤᠨ ᠤ ᠨᠠᠮᠤᠭ ᠭᠠᠵᠠᠷ᠂ ᠤᠰᠠᠳᠬᠤ ᠰᠢᠬᠠᠭᠰᠠᠨ ᠬᠤᠪᠣᠷ ᠴᠤᠬᠠᠭ ᠠᠮᠢᠲᠠᠨ ᠤᠷᠭᠤᠮᠠᠯ ᠪᠠ ᠡᠷᠲᠡᠨ ᠤ ᠮᠣᠳᠣ ᠶᠢ ᠬᠡᠷᠬᠢᠨ ᠬᠠᠮᠠᠭᠠᠯᠠᠬᠤ ᠲᠤᠬᠠᠢ ᠱᠠᠭᠠᠷᠳᠠᠯᠭ᠎ᠠ ᠲᠣᠭᠲᠠᠭᠠᠯ ᠢ ᠳᠤᠷᠠᠳᠤᠨ ᠭᠠᠷᠭᠠᠨ᠎ᠠ᠃6.4  ᠵᠠᠮ ᠬᠠᠷᠢᠯᠴᠠᠭᠠᠨ ᠤ ᠲᠥᠯᠥᠪᠵᠢᠭᠦᠯᠭᠡ6.4.1  ᠭᠠᠳᠠᠭᠰᠢ ᠨᠡᠪᠲᠡᠷᠡᠬᠦ ᠵᠠᠮ ᠬᠠᠷᠢᠯᠴᠠᠭᠠᠨ ᠤ ᠲᠥᠯᠥᠪᠵᠢᠭᠦᠯᠭᠡ      ᠪᠣᠳᠠᠲᠤ ᠬᠡᠷᠡᠭᠴᠡᠭᠡ ᠪᠠᠨ ᠦᠨᠳᠦᠰᠦᠯᠡᠨ ᠥᠩᠭᠡᠷᠡᠵᠦ ᠪᠠᠶᠢᠭ᠎ᠠ ᠵᠠᠰᠠᠮᠠᠯ ᠵᠠᠮ᠂ ᠲᠡᠮᠦᠷ ᠵᠠᠮ ᠵᠡᠷᠭᠡ ᠲᠠᠢ ᠬᠤᠯᠪᠣᠯᠳᠤᠵᠤ ᠪᠠᠶᠢᠭ᠎ᠠ ᠵᠠᠮ ᠬᠢᠭᠡᠳ ᠭᠠᠴᠠᠭ᠎ᠠ ᠲᠣᠰᠬᠤᠨ ᠤ ᠲᠥᠪᠯᠡᠷᠡᠨ ᠰᠠᠭᠤᠷᠢᠰᠢᠭ᠎ᠠ ᠴᠡᠭ ᠤᠳ ᠤᠨ ᠬᠤᠭᠤᠷᠣᠨᠳᠤᠬᠢ ᠵᠠᠮ ᠤᠳ ᠢ ᠵᠢᠭᠠᠨ ᠲᠣᠭᠲᠠᠭᠠᠵᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠳᠡᠰ᠂ ᠴᠢᠭᠯᠡᠯ ᠪᠠ ᠬᠡᠷᠡᠭᠯᠡᠬᠦ ᠭᠠᠵᠠᠷ ᠢ ᠲᠣᠳᠣᠷᠬᠠᠢ ᠲᠣᠬᠢᠷᠠᠭᠤᠯᠤᠨ᠎ᠠ᠃6.4.2  ᠳᠣᠲᠣᠭᠠᠳᠤ ᠶᠢᠨ ᠵᠠᠮ ᠬᠠᠷᠢᠯᠴᠠᠭᠠᠨ ᠤ ᠲᠥᠯᠥᠪᠵᠢᠭᠦᠯᠭᠡ      ᠳᠣᠲᠣᠭᠠᠳᠤ ᠶᠢᠨ ᠵᠠᠮ ᠬᠠᠷᠢᠯᠴᠠᠭ᠎ᠠ ᠭᠡᠳᠡᠭ ᠨᠢ ᠭᠠᠴᠠᠭ᠎ᠠ ᠲᠣᠰᠬᠤᠨ ᠤ ᠳᠣᠲᠣᠭᠠᠳᠤ ᠳᠤ ᠨᠡᠪᠲᠡᠷᠡᠵᠦ ᠪᠠᠶᠢᠭ᠎ᠠ ᠵᠠᠮ ᠢ ᠵᠢᠭᠠᠵᠤ ᠪᠠᠶᠢᠨ᠎ᠠ᠃ ᠵᠠᠮ ᠬᠠᠷᠢᠯᠴᠠᠭᠠᠨ ᠤ ᠣᠳᠣᠬᠢ ᠪᠠᠶᠢᠳᠠᠯ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠵᠠᠮ ᠤᠨ ᠲᠥᠬᠦᠭᠡᠷᠦᠮᠵᠢ ᠶᠢ ᠵᠠᠰᠠᠨ ᠪᠠᠶᠢᠭᠤᠯᠬᠤ ᠪᠠ ᠥᠭᠡᠷᠡᠴᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠭᠠᠴᠠᠭ᠎ᠠ ᠲᠣᠰᠬᠤᠨ ᠪᠣᠯᠭᠠᠨ ᠳᠤ ᠨᠡᠪᠲᠡᠷᠡᠬᠦ ᠶᠢ ᠪᠡᠶᠡᠯᠡᠭᠦᠯᠦᠨ᠎ᠡ᠃ ᠰᠢᠨ᠎ᠡ ᠪᠠᠷ ᠵᠠᠰᠠᠭᠰᠠᠨ ᠵᠠᠮ ᠤᠨ ᠪᠠᠶᠢᠷᠢᠯᠠᠭᠤᠯᠤᠯᠲᠠ ᠪᠠ ᠬᠡᠷᠡᠭᠯᠡᠬᠦ ᠭᠠᠵᠠᠷ ᠤᠨ ᠲᠣᠬᠢᠷᠠᠭᠤᠯᠤᠯᠲᠠ ᠶᠢ ᠲᠣᠳᠣᠷᠬᠠᠢ ᠪᠠᠶᠢᠯᠭᠠᠪᠠᠯ ᠵᠣᠬᠢᠨ᠎ᠠ᠃ ᠵᠠᠮ ᠤᠨ ᠥᠷᠭᠡᠨ ᠤ ᠬᠡᠮᠵᠢᠶ᠎ᠡ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠨᠡᠪᠲᠡᠷᠡᠬᠦ ᠳᠤ ᠳᠥᠭᠦᠮ ᠲᠣᠬᠢᠷᠠᠮᠵᠢᠲᠠᠢ ᠬᠡᠷᠡᠭᠯᠡᠬᠦ ᠵᠠᠷᠴᠢᠮ ᠢᠶᠠᠷ ᠲᠥᠯᠥᠪᠯᠡᠵᠦ᠂ ᠭᠠᠴᠠᠭ᠎ᠠ ᠲᠣᠰᠬᠤᠨ ᠤ ᠪᠠᠶᠢᠳᠠᠯ ᠢ ᠦᠨᠳᠦᠰᠦᠯᠡᠨ ᠂ ᠬᠡᠲᠦᠷᠬᠡᠢ ᠥᠷᠭᠡᠨ ᠪᠤᠶᠤ ᠬᠡᠲᠦᠷᠬᠡᠢ ᠨᠠᠷᠢᠨ ᠪᠠᠶᠢᠯᠭᠠᠬᠤ ᠦᠭᠡᠢ᠃ ᠲᠡᠷᠭᠡᠨ ᠵᠣᠭᠰᠣᠭᠠᠯ ᠤᠨ ᠬᠡᠷᠡᠭᠯᠡᠬᠦ ᠭᠠᠵᠠᠷ᠂ ᠭᠠᠴᠠᠭ᠎ᠠ ᠲᠣᠰᠬᠤᠨ ᠤ ᠳᠣᠲᠣᠷ᠎ᠠ ᠪᠠᠶᠢᠭ᠎ᠠ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠪᠠᠶᠢᠷᠢ ᠶᠢ ᠵᠦᠢ ᠵᠣᠬᠢᠰᠲᠠᠢ ᠪᠠᠷ ᠰᠣᠩᠭᠤᠨ ᠲᠣᠬᠢᠷᠠᠭᠤᠯᠬᠤ ᠬᠡᠷᠡᠭᠲᠡᠢ᠃6.5  ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ      ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠳᠤ ᠡᠷᠬᠡᠪᠰᠢ ︽ᠨᠢᠭᠡ ᠡᠷᠦᠬᠡ ᠨᠢᠭᠡ ᠰᠠᠭᠤᠴᠠ︾ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠪᠠᠷ ᠬᠡᠷᠡᠭᠵᠢᠭᠦᠯᠵᠦ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠦᠢ ᠵᠣᠬᠢᠰᠲᠠᠢ ᠪᠠᠷ ᠲᠣᠭᠲᠠᠭᠠᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠰᠣᠶᠣᠯ ᠤᠨ ᠣᠨᠴᠠᠯᠢᠭ ᠪᠠ ᠰᠠᠭᠤᠭᠠᠯᠢ ᠠᠷᠠᠳ ᠤᠨ ᠠᠮᠢᠳᠤᠷᠠᠯ ᠤᠨ ᠵᠠᠩᠰᠢᠯ ᠢ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠪᠠᠷᠢᠯᠭ᠎ᠠ ᠶᠢᠨ ᠬᠡᠪ ᠨᠠᠮᠪᠠ᠂ ᠥᠩᠭᠡ ᠪᠣᠳᠤᠭ ᠲᠤ ᠪᠦᠲᠦᠭᠡᠨ ᠪᠠᠶᠢᠭᠤᠯᠤᠯᠲᠠ ᠶᠢᠨ ᠵᠢᠭᠠᠨ ᠵᠢᠯᠣᠭᠤᠳᠤᠯᠭ᠎ᠠ ᠥᠭᠴᠦ᠂ ᠪᠣᠬᠢᠷᠲᠤᠯ ᠦᠭᠡᠢ᠂ ᠡᠨᠧᠷᠭᠢ ᠳᠤ ᠠᠷᠪᠢᠲᠠᠢ᠂ ᠲᠣᠬᠢᠷᠠᠮᠵᠢᠲᠠᠢ᠂ ᠠᠰᠢᠭᠯᠠᠮᠵᠢ ᠰᠠᠶᠢᠲᠠᠢ᠂ ᠦᠵᠡᠮᠦᠷᠢᠲᠡᠢ ᠬᠥᠳᠡᠭᠡ ᠲᠣᠰᠬᠤᠨ ᠤ ᠭᠡᠷ ᠪᠠᠶᠢᠰᠢᠩ ᠤᠨ ᠲᠥᠯᠥᠪᠯᠡᠭᠡᠨ ᠤ ᠬᠡᠯᠪᠡᠷᠢ ᠶᠣᠰᠣᠭᠠᠷ ᠭᠠᠴᠠᠭ᠎ᠠ ᠲᠣᠰᠬᠤᠨ ᠤ ᠣᠷᠣᠨ ᠰᠠᠭᠤᠴᠠ ᠪᠠ ᠬᠦᠷᠢᠶ᠎ᠡ ᠬᠠᠰᠢᠶᠠᠨ ᠤ ᠲᠥᠯᠥᠪᠯᠡᠭᠡᠨ ᠤ ᠯᠠᠪᠯᠠᠯᠲᠠ ᠶᠢᠨ ᠴᠢᠨᠠᠷᠲᠠᠢ ᠲᠥᠰᠥᠯ ᠢ ᠳᠤᠷᠠᠳᠤᠨ ᠭᠠᠷᠭᠠᠨ᠎ᠠ᠃ ᠠᠯᠳᠠᠷᠲᠤ ᠦᠵᠡᠮᠵᠢ ᠶᠢᠨ ᠣᠷᠣᠨ ᠂ ᠲᠡᠦᠬᠡ ᠰᠣᠶᠣᠯ ᠤᠨ ᠨᠡᠷᠡᠲᠦ ᠲᠣᠰᠬᠤᠨ᠂ ᠤᠯᠠᠮᠵᠢᠯᠠᠯᠲᠤ ᠠᠶᠢᠯ ᠲᠣᠰᠬᠤᠨ ᠵᠡᠷᠭᠡ ᠬᠠᠮᠠᠭᠠᠯᠠᠬᠤ ᠬᠡᠪᠴᠢᠶᠡᠨ ᠳᠤ ᠪᠠᠶᠢᠭ᠎ᠠ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠠ ᠭᠡᠷ ᠪᠠᠶᠢᠰᠢᠩ ᠤᠨ ᠲᠥᠯᠥᠪᠯᠡᠭᠡ ᠨᠢ GB/T 50298 ᠶᠢᠨ ᠲᠣᠭᠲᠠᠭᠠᠯ ᠳᠤ ᠨᠡᠶᠢᠴᠡᠪᠡᠯ ᠵᠣᠬᠢᠬᠤ ᠪᠥᠭᠡᠳ ᠣᠷᠣᠨ ᠰᠠᠭᠤᠴᠠ ᠶᠢᠨ ᠲᠠᠯᠠᠪᠠᠢ ᠶᠢᠨ ᠬᠢᠵᠠᠭᠠᠷᠯᠠᠯᠲᠠ  ᠨᠢ ᠲᠤᠬᠠᠢ ᠶᠢᠨ ᠭᠠᠵᠠᠷ ᠤᠨ ᠲᠣᠭᠲᠠᠭᠠᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ ᠵᠣᠬᠢᠨ᠎ᠠ᠃6.6  ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ      ᠭᠠᠴᠠᠭ᠎ᠠ ᠲᠣᠰᠬᠤᠨ ᠤ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ᠂ ᠣᠨᠴᠠᠯᠢᠭᠲᠤ ᠡᠬᠢ ᠪᠠᠶᠠᠯᠢᠭ ᠤᠨ ᠭᠤᠣᠯ ᠡᠯᠧᠮᠧᠨ᠋ᠲ ᠬᠢᠭᠡᠳ ᠬᠥᠭᠵᠢᠯᠲᠡ ᠶᠢᠨ ᠪᠣᠳᠠᠲᠤ ᠰᠠᠭᠤᠷᠢ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠪᠠ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠭᠠᠴᠠᠭ᠎ᠠ ᠲᠣᠰᠬᠤᠨ ᠤ ᠬᠥᠭᠵᠢᠯᠲᠡ ᠶᠢᠨ ᠭᠤᠣᠯᠯᠠᠬᠤ ᠠᠵᠤ ᠦᠢᠯᠡᠰ ᠢ ᠲᠣᠭᠲᠠᠭᠠᠬᠤ ᠬᠡᠷᠡᠭᠲᠡᠢ᠃6.7  ᠰᠠᠭᠤᠷᠢ ᠲᠥᠬᠦᠭᠡᠷᠦᠮᠵᠢ᠂ ᠨᠣᠭᠤᠭᠠᠷᠠᠭᠤᠯᠤᠯᠲᠠ ᠪᠠ ᠲᠡᠦᠬᠡ ᠰᠣᠶᠣᠯ ᠢ ᠬᠠᠮᠠᠭᠠᠯᠠᠬᠤ ᠲᠥᠯᠥᠪᠵᠢᠭᠦᠯᠭᠡ      ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠰᠢᠲᠠᠭᠠᠯᠭ᠎ᠠ ᠬᠡᠢ ᠪᠠ ᠢᠯᠴᠢ ᠬᠠᠩᠭᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ ᠨᠣᠭᠤᠭᠠᠷᠠᠭᠤᠯᠤᠯᠲᠠ ᠪᠠ ᠦᠵᠡᠮᠵᠢ ᠶᠢᠨ ᠲᠥᠯᠥᠪᠵᠢᠭᠦᠯᠭᠡ᠂ ᠲᠡᠦᠬᠡ ᠰᠣᠶᠣᠯ ᠤᠨ ᠬᠠᠮᠠᠭᠠᠯᠠᠯᠲᠠ ᠪᠠ ᠣᠨᠴᠠᠯᠢᠭᠲᠤ ᠳᠦᠷᠰᠦ ᠪᠠᠶᠢᠳᠠᠯ ᠤᠨ ᠲᠥᠯᠥᠪᠵᠢᠭᠦᠯᠭᠡ ᠨᠢ GB/T 50445 ᠶᠢᠨ ᠬᠠᠮᠢᠶ᠎ᠠ ᠪᠦᠬᠦᠢ ᠲᠣᠭᠲᠠᠭᠠᠯ ᠲᠠᠢ ᠨᠡᠶᠢᠴᠡᠭᠰᠡᠨ ᠪᠠᠶᠢᠪᠠᠯ ᠵᠣᠬᠢᠨ᠎ᠠ᠃6.8  ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ      ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠡᠩᠴᠡᠭᠦᠷᠢᠰᠢᠭᠦᠯᠬᠦ ᠶᠢ ᠠᠬᠢᠭᠤᠯᠬᠤ ᠬᠠᠷᠠᠯᠲᠠ ᠶᠢᠨ ᠶᠣᠰᠣᠭᠠᠷ᠂ ᠣᠷᠣᠨ ᠪᠠᠶᠢᠷᠢ ᠶᠢᠨ ᠨᠥᠬᠦᠴᠡᠯ ᠪᠠ ᠬᠥᠭᠵᠢᠯᠲᠡ ᠶᠢᠨ ᠣᠷᠣᠨ ᠪᠠᠶᠢᠷᠢ  ᠲᠠᠢ ᠤᠶᠠᠯᠳᠤᠭᠤᠯᠤᠨ᠂ ᠬᠥᠮᠥᠨ ᠠᠮᠠ ᠪᠠᠷ ᠰᠠᠭᠤᠷᠢ ᠪᠣᠯᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠬᠦ ᠭᠠᠵᠠᠷ ᠢ ᠵᠦᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ᠃ ᠪᠣᠳᠠᠲᠠᠢ ᠪᠠᠷ ᠬᠡᠯᠡᠪᠡᠯ᠂ ᠵᠠᠰᠠᠭ ᠵᠠᠬᠢᠷᠭᠠᠨ ᠤ ᠬᠠᠮᠢᠶᠠᠷᠤᠯᠲᠠ ᠳᠤ ᠭᠠᠴᠠᠭ᠎ᠠ ᠲᠣᠰᠬᠤᠨ ᠤ ᠵᠥᠪᠯᠡᠯ᠂ ᠰᠤᠷᠭᠠᠨ ᠬᠥᠮᠥᠵᠢᠯ ᠤᠨ ᠪᠠᠶᠢᠭᠤᠯᠤᠮᠵᠢ ᠳᠤ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠭᠠᠵᠠᠷ᠂ ᠪᠠᠭ᠎ᠠ ᠰᠤᠷᠭᠠᠭᠤᠯᠢ ᠵᠡᠷᠭᠡ᠂ ᠰᠣᠶᠣᠯ ᠰᠢᠨᠵᠢᠯᠡᠭᠡ ᠮᠡᠷᠭᠡᠵᠢᠯ ᠪᠠ ᠲᠠᠮᠢᠷ ᠲᠤ ᠰᠣᠶᠣᠯ ᠤᠨ ᠠᠵᠢᠯᠯᠠᠭᠠᠨ ᠤ ᠭᠡᠷ᠂ ᠲᠠᠮᠢᠷ ᠤᠨ ᠲᠠᠯᠠᠪᠠᠢ ᠣᠷᠳᠣᠨ᠂ ᠠᠭᠤᠳᠠᠮ ᠲᠠᠯᠠᠪᠠᠢ᠂ ᠨᠣᠮ ᠤᠨ ᠥᠷᠥᠭᠡ᠂ ᠲᠡᠦᠬᠡ ᠶᠢᠨ ᠳᠤᠷᠠᠰᠬᠠᠯᠲᠤ ᠵᠦᠢᠯ᠂ ᠳᠤᠷᠠᠰᠬᠠᠯᠲᠤ ᠭᠠᠵᠠᠷ᠂ ᠪᠤᠰᠤᠳ ᠲᠥᠷᠥᠯ ᠤᠨ ᠲᠥᠬᠦᠭᠡᠷᠦᠮᠵᠢ ᠵᠡᠷᠭᠡ᠂ ᠡᠮᠴᠢᠯᠡᠭᠡ ᠡᠷᠡᠭᠦᠯᠵᠢᠯ ᠳᠤ ᠡᠷᠡᠭᠦᠯ ᠬᠠᠮᠠᠭᠠᠯᠠᠯ ᠤᠨ ᠥᠷᠥᠭᠡ᠂ ᠰᠤᠪᠢᠯᠠᠯᠲᠠ ᠶᠢᠨ ᠲᠥᠬᠦᠭᠡᠷᠦᠮᠵᠢ ᠵᠡᠷᠭᠡ᠂ ᠨᠡᠶᠢᠭᠡᠮ ᠤᠨ ᠪᠠᠲᠤᠯᠠᠭ᠎ᠠ ᠳᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠪᠠᠭᠲᠠᠭᠠᠨ᠎ᠠ᠃ ᠡᠭᠦᠨ ᠳᠤ ᠭᠤᠣᠯ ᠭᠠᠴᠠᠭ᠎ᠠ ᠲᠣᠰᠬᠤᠨ ᠨᠢ ᠭᠠᠴᠠᠭ᠎ᠠ ᠲᠣᠰᠬᠤᠨ ᠤ ᠵᠥᠪᠯᠡᠯ᠂ ᠰᠣᠶᠣᠯ ᠤᠨ ᠠᠵᠢᠯᠯᠠᠭᠠᠨ ᠤ ᠭᠡᠷ᠂ ᠲᠠᠮᠢᠷ ᠤᠨ ᠲᠠᠯᠠᠪᠠᠢ ᠣᠷᠳᠣᠨ᠂ ᠠᠭᠤᠳᠠᠮ ᠲᠠᠯᠠᠪᠠᠢ᠂ ᠨᠣᠮ ᠤᠨ ᠥᠷᠥᠭᠡ᠂ ᠡᠷᠡᠭᠦᠯ ᠬᠠᠮᠠᠭᠠᠯᠠᠯ ᠤᠨ ᠥᠷᠥᠭᠡ᠂ ᠨᠠᠰᠤᠵᠢᠯ ᠤᠨ ᠦᠢᠯᠡᠴᠢᠯᠡᠭᠡᠨ ᠤ ᠥᠷᠲᠡᠭᠡ ᠵᠡᠷᠭᠡ ᠶᠢ ᠡᠷᠬᠡᠪᠰᠢ ᠪᠠᠶᠢᠭᠤᠯᠵᠤ᠂ ᠪᠤᠰᠤᠳ ᠢ ᠨᠢ ᠨᠥᠬᠦᠴᠡᠯ ᠲᠠᠢ ᠪᠠᠶᠢᠳᠠᠯ ᠳᠣᠣᠷ᠎ᠠ ᠪᠠᠶᠢᠭᠤᠯᠵᠤ ᠪᠣᠯᠣᠨ᠎ᠠ᠃ ᠪᠤᠰᠤᠳ ᠭᠠᠴᠠᠭ᠎ᠠ ᠲᠣᠰᠬᠤᠨ ᠨᠢ ᠭᠠᠴᠠᠭ᠎ᠠ ᠲᠣᠰᠬᠤᠨ ᠤ ᠵᠥᠪᠯᠡᠯ᠂ ᠲᠠᠮᠢᠷ ᠤᠨ ᠲᠠᠯᠠᠪᠠᠢ ᠣᠷᠳᠣᠨ᠂ ᠠᠭᠤᠳᠠᠮ ᠲᠠᠯᠠᠪᠠᠢ ᠶᠢ ᠡᠷᠬᠡᠪᠰᠢ ᠪᠠᠶᠢᠭᠤᠯᠵᠤ᠂ ᠪᠤᠰᠤᠳ ᠢ ᠨᠢ ᠨᠥᠬᠦᠴᠡᠯ ᠲᠠᠢ ᠪᠠᠶᠢᠳᠠᠯ ᠳᠣᠣᠷ᠎ᠠ ᠪᠠᠶᠢᠭᠤᠯᠵᠤ ᠪᠣᠯᠣᠨ᠎ᠠ᠃6.9  ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠶᠢᠨ ᠲᠥᠯᠥᠪᠵᠢᠭᠦᠯᠭᠡ6.9.1  ᠡᠩ ᠤᠨ ᠲᠣᠭᠲᠠᠭᠠᠯ      ᠲᠥᠯᠥᠪᠵᠢᠭᠦᠯᠭᠡ ᠶᠢᠨ ᠬᠠᠷᠠᠯᠲᠠ ᠪᠠ ᠡᠭᠦᠷᠭᠡ ᠶᠢ ᠦᠨᠳᠦᠰᠦᠯᠡᠨ᠂ ᠣᠷᠣᠨ ᠵᠠᠢ ᠶᠢᠨ ᠪᠠᠶᠢᠷᠢᠰᠢᠯ ᠤᠨ ᠲᠡᠩᠴᠡᠭᠦᠷᠢ ᠠᠯᠳᠠᠭᠰᠠᠨ᠂ ᠡᠬᠢ ᠪᠠᠶᠠᠯᠢᠭ ᠤᠨ ᠠᠰᠢᠭᠯᠠᠮᠵᠢ ᠳᠣᠣᠷ᠎ᠠ ᠪᠣᠯᠣᠭᠰᠠᠨ᠂ ᠠᠮᠢ ᠠᠬᠤᠢ ᠶᠢᠨ ᠴᠢᠳᠠᠪᠬᠢ ᠳᠣᠷᠣᠶᠢᠲᠠᠭᠰᠠᠨ᠂ ᠠᠮᠢ ᠠᠬᠤᠢ ᠶᠢᠨ ᠰᠢᠰᠲ᠋ᠧᠮ ᠬᠤᠬᠢᠷᠠᠯ ᠳᠤ ᠤᠴᠠᠷᠠᠭᠰᠠᠨ ᠭᠤᠣᠯᠳᠠᠯᠭ᠎ᠠ ᠲᠠᠢ ᠣᠷᠣᠨ ᠨᠤᠭᠤᠳ ᠢ ᠲᠣᠭᠲᠠᠭᠠᠨ᠎ᠠ᠃ ᠢᠨᠵᠧᠨᠧᠷᠢᠩ ᠤᠨ ᠲᠠᠷᠬᠠᠴᠠ ᠨᠢ ᠬᠠᠷᠢᠴᠠᠩᠭᠤᠢ ᠪᠠᠷ ᠲᠥᠪᠯᠡᠷᠡᠭᠰᠡᠨ᠂ ᠵᠠᠰᠠᠬᠤ ᠲᠥᠷᠥᠯ ᠨᠢ ᠬᠠᠷᠢᠴᠠᠩᠭᠤᠢ ᠪᠠᠷ ᠶᠡᠷᠦᠩᠬᠡᠶᠢᠯᠡᠭᠰᠡᠨ᠂ ᠦᠨᠳᠦᠰᠦᠨ ᠨᠥᠬᠦᠴᠡᠯ ᠨᠢ ᠬᠠᠷᠢᠴᠠᠩᠭᠤᠢ ᠪᠠᠷ ᠵᠦᠭᠡᠷ᠂ ᠶᠡᠷᠦᠩᠬᠡᠶᠢᠯᠡᠭᠰᠡᠨ ᠦᠷ᠎ᠡ ᠠᠰᠢᠭ ᠨᠢ ᠬᠠᠷᠢᠴᠠᠩᠭᠤᠢ ᠪᠠᠷ ᠨᠡᠯᠢᠶᠡᠳ ᠥᠨᠳᠥᠷ ᠪᠠᠶᠢᠬᠤ ᠵᠠᠷᠴᠢᠮ ᠶᠣᠰᠣᠭᠠᠷ ᠂ ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠲᠣᠭᠲᠠᠭᠠᠬᠤ ᠶᠢᠨ ᠳᠠᠭᠠᠤ᠂ ᠢᠨᠵᠧᠨᠧᠷᠢᠩ ᠤᠨ ᠲᠥᠷᠥᠯ ᠵᠦᠢᠯ ᠤᠨ ᠬᠠᠷᠠᠯᠲᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠪᠡᠯᠡ ᠣᠷᠤᠭᠤᠯᠤᠯᠲᠠ ᠶᠢᠨ ᠪᠠᠷᠤᠭᠯᠠᠨ ᠪᠣᠳᠣᠯᠲᠠ᠂ ᠵᠢᠱᠢᠭᠰᠡᠨ ᠦᠷ᠎ᠡ ᠠᠰᠢᠭ ᠵᠡᠷᠭᠡ ᠳᠤ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠯᠲᠠ ᠬᠢᠨ᠎ᠡ᠃6.9.2  ᠲᠠᠷᠢᠶᠠᠯᠠᠩ ᠳᠤ ᠬᠡᠷᠡᠭᠯᠡᠬᠦ ᠭᠠᠵᠠᠷ ᠢ ᠲᠡᠭᠰᠢᠯᠡᠨ ᠵᠠᠰᠠᠬᠤ      ᠣᠳᠣ ᠪᠠᠶᠢᠭ᠎ᠠ ᠬᠡᠰᠡᠭ ᠪᠤᠰᠠᠭ ᠲᠠᠷᠢᠶᠠᠨ ᠭᠠᠵᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠣᠭᠤᠷᠢᠨ ᠤ ᠣᠳᠣ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ᠂ ᠭᠠᠵᠠᠷ ᠰᠢᠷᠣᠢ ᠶᠢ ᠨᠡᠭᠡᠭᠡᠨ ᠡᠮᠬᠢᠯᠡᠵᠦ ᠳᠠᠬᠢᠨ ᠬᠠᠭᠠᠯᠪᠤᠷᠢᠯᠠᠬᠤ ᠪᠠᠷ ᠳᠠᠮᠵᠢᠨ ᠪᠤᠢ ᠪᠣᠯᠵᠤ ᠪᠣᠯᠬᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠵᠡᠷᠭᠡ ᠭᠠᠵᠠᠷ ᠰᠢᠷᠣᠢ ᠶᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠮᠬᠢᠯᠡᠨ ᠴᠡᠭᠴᠡᠯᠡᠬᠦ ᠬᠡᠪᠴᠢᠶᠡᠨ ᠣᠷᠣᠭᠤᠯᠵᠤ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠲᠣᠬᠢᠷᠠᠭᠤᠯᠤᠨ᠂ ᠳᠡᠭᠡᠳᠦ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠶᠢᠨ ᠳᠠᠭᠠᠤ᠂ ᠲᠡᠭᠦᠨ ᠤ ᠴᠢᠨᠠᠷ ᠴᠢᠨᠰᠠᠭ᠎ᠠ ᠶᠢ ᠬᠠᠮᠠᠭᠠᠯᠠᠬᠤ ᠪᠠ ᠳᠡᠭᠡᠭᠰᠢᠯᠡᠭᠦᠯᠬᠦ ᠠᠷᠭ᠎ᠠ ᠬᠡᠮᠵᠢᠶ᠎ᠡ ᠠᠪᠤᠨ᠎ᠠ᠃6.9.3  ᠭᠠᠴᠠᠭ᠎ᠠ ᠲᠣᠰᠬᠤᠨ ᠤ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠡᠭᠰᠢᠯᠡᠨ ᠵᠠᠰᠠᠬᠤ      TD/T 1011 ᠶᠢᠨ ᠲᠣᠭᠲᠠᠭᠠᠯ ᠶᠣᠰᠣᠭᠠᠷ᠂ ᠡᠯ᠎ᠡ ᠲᠥᠷᠥᠯ ᠤᠨ ᠬᠠᠭᠤᠴᠢᠷᠠᠭᠰᠠᠨ᠂ ᠰᠤᠯᠠ ᠣᠷᠬᠢᠭᠳᠠᠭᠰᠠᠨ᠂ ᠡᠮᠬᠢ ᠵᠠᠮᠪᠠᠷᠠᠭ᠎ᠠ ᠦᠭᠡᠢ᠂ ᠦᠷ᠎ᠡ ᠠᠰᠢᠭ ᠢᠶᠠᠷ ᠳᠣᠣᠷ᠎ᠠ᠂ ᠣᠷᠬᠢᠵᠤ ᠬᠠᠶᠠᠭᠳᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠳ ᠲᠤ ᠪᠦᠲᠦᠭᠡᠨ ᠪᠠᠶᠢᠭᠤᠯᠤᠯᠲᠠ ᠶᠢᠨ ᠪᠤᠰᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠬᠢᠵᠦ᠂ ᠵᠦᠢ ᠵᠣᠬᠢᠰᠲᠠᠢ ᠪᠠᠷ ᠬᠡᠷᠡᠭᠴᠡᠭᠡᠨ ᠤ ᠲᠥᠯᠥᠪᠵᠢᠭᠦᠯᠭᠡ ᠲᠣᠭᠲᠠᠭᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠣᠭᠠᠨ ᠳᠤ ᠪᠠᠶᠢᠭᠰᠠᠨ ᠭᠠᠵᠠᠷ ᠰᠢᠷᠣᠢ ᠶᠢ ᠠᠮᠢᠯᠠᠭᠤᠯᠤᠨ ᠬᠡᠷᠡᠭᠯᠡᠵᠦ᠂ ᠡᠷᠴᠢᠮᠯᠢᠭ ᠢᠶᠠᠷ ᠬᠡᠪᠴᠢᠶᠡᠵᠢᠭᠦᠯᠦᠨ ᠠᠰᠢᠭᠯᠠᠨ᠎ᠠ᠃6.9.4  ᠭᠠᠴᠠᠭ᠎ᠠ ᠲᠣᠰᠬᠤᠨ ᠤ ᠬᠡᠪᠴᠢᠶᠡᠨ ᠳᠠᠬᠢ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠵᠠᠰᠠᠨ ᠰᠢᠨᠡᠳᠬᠡᠬᠦ      ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ᠂ ᠠᠮᠢᠳᠤᠷᠠᠯ ᠤᠨ ᠪᠤᠵᠠᠷ ᠤᠰᠤ ᠶᠢ ᠵᠠᠰᠠᠬᠤ᠂ ᠵᠣᠷᠯᠣᠩ ᠤᠨ ᠬᠤᠪᠢᠰᠬᠠᠯ ᠪᠠ ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢ ᠲᠣᠬᠢᠷᠠᠭᠤᠯᠵᠤ᠂ ᠠᠭᠠᠵᠢᠮ ᠢᠶᠠᠷ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃6.9.5  ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠶᠢᠨ ᠠᠮᠢ ᠠᠬᠤᠢ ᠶᠢ ᠰᠡᠷᠭᠦᠭᠡᠨ ᠵᠠᠰᠠᠬᠤ      ᠬᠥᠷᠥᠰᠥ ᠰᠢᠷᠣᠢ ᠶᠢᠨ ᠢᠳᠡᠭᠳᠡᠯ᠂ ᠭᠠᠵᠠᠷ ᠰᠢᠷᠣᠢ ᠶᠢᠨ ᠡᠯᠡᠰᠦᠷᠬᠡᠭᠵᠢᠯ᠂ ᠭᠠᠵᠠᠷ ᠰᠢᠷᠣᠢ ᠶᠢᠨ ᠳᠠᠪᠤᠰᠤ ᠬᠤᠵᠢᠷᠰᠢᠯ᠂ ᠬᠥᠷᠥᠰᠥᠨ ᠤ ᠪᠣᠬᠢᠷᠲᠤᠯ᠂ ᠭᠠᠵᠠᠷ ᠰᠢᠷᠣᠢ ᠶᠢᠨ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ ᠶᠢᠨ ᠳᠣᠷᠣᠶᠢᠲᠠᠯ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠤᠬᠢᠷᠠᠯ ᠬᠦᠨᠳᠦ ᠬᠡᠴᠡᠭᠦᠦ ᠣᠷᠣᠨ ᠬᠢᠭᠡᠳ ᠲᠡᠦᠬᠡᠨ ᠠᠴᠠ ᠦᠯᠡᠳᠡᠭᠳᠡᠵᠦ ᠢᠷᠡᠭᠰᠡᠨ ᠡᠪᠳᠡᠷᠡᠵᠦ ᠰᠦᠢᠳᠦᠭᠰᠡᠨ ᠭᠠᠵᠠᠷ ᠰᠢᠷᠣᠢ᠂ ᠡᠪᠳᠡᠷᠡᠵᠦ ᠰᠦᠢᠳᠦᠭᠰᠡᠨ ᠠᠭᠤᠯᠠ᠂ ᠠᠭᠤᠷᠬᠠᠢ ᠶᠢᠨ ᠬᠠᠶᠠᠭᠳᠠᠮᠠᠯ ᠭᠠᠵᠠᠷ ᠵᠡᠷᠭᠡ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠬᠢᠬᠦ ᠣᠷᠣᠨ ᠨᠤᠭᠤᠳ ᠢ ᠲᠣᠰᠪᠤᠷᠢ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠨ ᠵᠠᠰᠠᠯᠲᠠ ᠶᠢᠨ ᠴᠢᠭᠯᠡᠯ ᠪᠣᠯᠣᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠢᠨᠵᠧᠨᠧᠷᠢᠩ ᠤᠨ ᠲᠥᠷᠥᠯ ᠵᠦᠢᠯ ᠢ ᠵᠦᠢ ᠵᠣᠬᠢᠰᠲᠠᠢ ᠪᠠᠷ ᠲᠣᠬᠢᠷᠠᠭᠤᠯᠤᠨ᠂ ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠵᠡᠷᠭᠡ ᠡᠯ᠎ᠡ ᠠᠮᠢ ᠠᠬᠤᠢ ᠶᠢᠨ ᠭᠤᠣᠯ ᠡᠯᠧᠮᠧᠨ᠋ᠲ ᠢ ᠨᠢᠭᠡᠳᠦᠯᠲᠡᠢ ᠪᠠᠷ ᠲᠥᠯᠥᠪᠯᠡᠵᠦ᠂ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃6.10  ᠲᠥᠯᠥᠪᠵᠢᠭᠦᠯᠭᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ      ᠲᠥᠯᠥᠪᠵᠢᠭᠦᠯᠭᠡ ᠶᠢᠨ ᠬᠠᠷᠠᠯᠲᠠ ᠪᠠ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠪᠦᠬᠦᠢ ᠲᠥᠯᠥᠪᠵᠢᠭᠦᠯᠭᠡ ᠶᠢᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠲᠥᠯᠥᠪᠵᠢᠭᠦᠯᠭᠡ ᠶᠢᠨ ᠬᠡᠷᠡᠭᠵᠢᠭᠦᠯᠬᠦ ᠠᠷᠭ᠎ᠠ ᠬᠡᠮᠵᠢᠶ᠎ᠡ ᠨᠢ ᠭᠤᠣᠯᠳᠠᠭᠤ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠵᠡᠷᠭᠡ ᠳᠤ ᠴᠢᠭᠯᠡᠭᠦᠯᠦᠨ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠵᠣᠬᠢᠶᠠᠨ ᠪᠠᠶᠢᠭᠤᠯᠤᠯᠲᠠ ᠶᠢᠨ ᠳᠦᠷᠢᠮ᠂ ᠪᠡᠯᠡ ᠮᠥᠩᠭᠦᠨ ᠤ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠱᠠᠭᠠᠷᠳᠠᠯᠭ᠎ᠠ ᠶᠢ ᠳᠤᠷᠠᠳᠤᠨ ᠭᠠᠷᠭᠠᠨ᠎ᠠ᠃6.11  ᠲᠥᠯᠥᠪᠵᠢᠭᠦᠯᠭᠡ ᠳᠤ ᠣᠯᠠᠨ ᠢᠶᠠᠷ ᠢᠶᠠᠨ ᠣᠷᠣᠯᠴᠠᠬᠤ      ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠲᠥᠯᠥᠪᠵᠢᠭᠦᠯᠭᠡ ᠶᠢᠨ ᠬᠠᠷᠠᠯᠲᠠ᠂ ᠭᠤᠣᠯ ᠠᠭᠤᠯᠭ᠎ᠠ᠂ ᠲᠥᠰᠥᠯ ᠢ ᠠᠳᠠᠯᠢᠳᠬᠠᠨ ᠰᠣᠩᠭᠤᠬᠤ ᠵᠡᠷᠭᠡ ᠲᠠᠯ᠎ᠠ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠮᠠᠯᠴᠢᠨ ᠲᠠᠷᠢᠶᠠᠴᠢᠳ ᠤᠨ ᠰᠠᠨᠠᠯ ᠢ ᠥᠷᠭᠡᠨ ᠢᠶᠠᠷ ᠬᠤᠷᠢᠶᠠᠬᠤ ᠶᠢᠨ ᠳᠠᠭᠠᠤ᠂ ᠴᠢᠳᠠᠬᠤ ᠶᠢᠨ ᠬᠢᠷᠢ ᠪᠠᠷ ᠵᠥᠪᠳᠡᠯᠴᠡᠵᠦ ᠰᠠᠨᠠᠯ ᠢᠶᠠᠨ ᠨᠢᠭᠡᠳᠬᠡᠨ᠂ ᠲᠥᠯᠥᠪᠵᠢᠭᠦᠯᠭᠡ ᠳᠤ ᠠᠷᠠᠳ ᠣᠯᠠᠨ ᠤ ᠬᠤᠪᠢ ᠪᠡᠶ᠎ᠡ ᠶᠢᠨ ᠠᠰᠢᠭ ᠲᠤᠰᠠ ᠶᠢ ᠲᠤᠰᠬᠠᠭᠰᠠᠨ ᠪᠠᠶᠢᠬᠤ ᠬᠡᠷᠡᠭᠲᠡᠢ᠃7  ᠦᠷ᠎ᠡ ᠪᠦᠲᠦᠭᠡᠯ ᠤᠨ ᠱᠠᠭᠠᠷᠳᠠᠯᠭ᠎ᠠ7.1  ᠡᠩ ᠤᠨ ᠲᠣᠭᠲᠠᠭᠠᠯ      ᠲᠥᠯᠥᠪᠵᠢᠭᠦᠯᠭᠡ ᠶᠢᠨ ᠦᠷ᠎ᠡ ᠪᠦᠲᠦᠭᠡᠯ ᠨᠢ ᠶᠡᠷᠦ ᠳᠤ ᠪᠠᠨ ᠲᠥᠯᠥᠪᠵᠢᠭᠦᠯᠭᠡ ᠶᠢᠨ ᠲᠧᠺᠰᠲ᠂ ᠲᠥᠯᠥᠪᠵᠢᠭᠦᠯᠭᠡ ᠶᠢᠨ ᠲᠣᠳᠣᠷᠬᠠᠶᠢᠯᠠᠯᠲᠠ᠂ ᠲᠥᠯᠥᠪᠵᠢᠭᠦᠯᠭᠡ ᠶᠢᠨ ᠬᠦᠰᠦᠨᠦᠭᠲᠦ᠂ ᠲᠥᠯᠥᠪᠵᠢᠭᠦᠯᠭᠡ ᠶᠢᠨ ᠵᠢᠷᠤᠭ ᠂ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠪᠣᠯᠣᠨ ᠪᠤᠰᠤᠳ ᠮᠠᠲ᠋ᠧᠷᠢᠶᠠᠯ ᠤᠳ ᠢ ᠪᠠᠭᠲᠠᠭᠠᠨ᠎ᠠ᠃ ᠨᠡᠭᠦᠬᠦ ᠬᠠᠰᠤᠵᠤ ᠨᠡᠶᠢᠯᠡᠭᠦᠯᠬᠦ ᠲᠥᠷᠥᠯ ᠤᠨ ᠭᠠᠴᠠᠭ᠎ᠠ ᠲᠣᠰᠬᠤᠨ ᠨᠢ ᠵᠥᠪᠬᠡᠨ ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡᠨ ᠤ ᠵᠠᠬᠢᠷᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠪᠤᠶᠤ ᠡᠰᠡᠬᠦᠯ᠎ᠡ ᠲᠤᠰ ᠰᠤᠮᠤ ᠰᠢᠶᠠᠩ ᠪᠠᠯᠭᠠᠰᠤ ᠶᠢᠨ ᠬᠡᠪᠴᠢᠶᠡᠨ ᠳᠣᠲᠣᠷᠠᠬᠢ ᠪᠤᠰᠤᠳ ᠲᠥᠷᠥᠯ ᠤᠨ ᠭᠠᠴᠠᠭ᠎ᠠ ᠲᠣᠰᠬᠤᠨ ᠲᠠᠢ ᠬᠠᠮᠲᠤ ᠳᠤ ᠪᠠᠨ ᠲᠥᠯᠥᠪᠵᠢᠭᠦᠯᠭᠡ ᠪᠠᠨ ᠨᠠᠶᠢᠷᠠᠭᠤᠯᠤᠨ ᠵᠣᠬᠢᠶᠠᠵᠤ ᠪᠣᠯᠣᠨ᠎ᠠ᠃ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠤᠲᠠ ᠲᠡᠭᠦᠷᠭᠡ ᠠᠭᠤᠰᠤᠯᠴᠠᠭᠰᠠᠨ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠨᠢ ᠡᠬᠢ ᠪᠠᠶᠠᠯᠢᠭ ᠤᠨ ᠬᠠᠮᠠᠭᠠᠯᠠᠯᠲᠠ᠂ ᠠᠮᠢ ᠠᠬᠤᠢ ᠶᠢᠨ ᠰᠡᠷᠭᠦᠭᠡᠨ ᠵᠠᠰᠠᠯᠲᠠ᠂ ᠠᠵᠤ ᠠᠬᠤᠢ ᠶᠢᠨ ᠬᠥᠭᠵᠢᠯᠲᠡ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠣᠶᠣᠯ ᠤᠨ ᠤᠯᠠᠮᠵᠢᠯᠠᠯ ᠵᠡᠷᠭᠡ ᠠᠭᠤᠯᠭ᠎ᠠ ᠶᠢ ᠬᠠᠮᠤᠷᠪᠠᠰᠤ ᠵᠣᠬᠢᠬᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ ᠳᠠᠭᠠᠭᠤᠯᠤᠭᠰᠠᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠣᠨᠴᠠᠯᠢᠭ ᠢ ᠨᠢ ᠬᠠᠮᠠᠭᠠᠯᠠᠬᠤ ᠲᠥᠷᠥᠯ ᠤᠨ ᠭᠠᠴᠠᠭ᠎ᠠ ᠲᠣᠰᠬᠤᠨ ᠨᠢ ᠳᠡᠭᠡᠷᠡᠬᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠣᠷᠣᠨ ᠵᠠᠢ ᠶᠢᠨ ᠶᠠᠰᠤ ᠴᠢᠨᠠᠷ ᠤᠨ ᠲᠥᠯᠥᠪᠵᠢᠭᠦᠯᠭᠡ ᠪᠠ ᠲᠥᠯᠥᠪᠯᠡᠭᠡ ᠶᠢᠨ ᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠮᠠᠯᠵᠢᠬᠤ ᠣᠷᠣᠨ ᠤ ᠭᠠᠴᠠᠭ᠎ᠠ ᠲᠣᠰᠬᠤᠨ ᠨᠢ ᠲᠥᠯᠥᠪᠵᠢᠭᠦᠯᠭᠡ ᠪᠠᠨ ᠨᠠᠶᠢᠷᠠᠭᠤᠯᠤᠨ ᠵᠣᠬᠢᠶᠠᠬᠤ ᠳᠤ ︽ᠬᠤᠶᠠᠷ ᠵᠢᠷᠤᠭ ᠬᠤᠶᠠᠷ ᠬᠦᠰᠦᠨᠦᠭ ᠨᠢᠭᠡ ᠳᠦᠷᠢᠮ︾ ᠤᠨ ᠦᠷ᠎ᠡ ᠪᠦᠲᠦᠭᠡᠯ ᠤᠨ ᠢᠯᠡᠳᠬᠡᠬᠦ ᠬᠡᠯᠪᠡᠷᠢ ᠮᠠᠶ᠋ᠢᠭ ᠢ ᠰᠦᠪᠡᠭᠴᠢᠯᠡᠨ ᠬᠡᠷᠡᠭᠯᠡᠵᠦ᠂ ᠭᠠᠴᠠᠭ᠎ᠠ ᠲᠣᠰᠬᠤᠨ ᠤ ᠣᠳᠣᠬᠢ ᠪᠠᠶᠢᠳᠠᠯ ᠤᠨ ᠵᠢᠷᠤᠭ ᠪᠠ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠬᠠᠷᠠᠯᠲᠠ ᠶᠢᠨ ᠬᠦᠰᠦᠨᠦᠭ ᠪᠠ ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠦᠲᠦᠴᠡ ᠶᠢ ᠲᠣᠬᠢᠷᠠᠭᠤᠯᠬᠤ ᠬᠦᠰᠦᠨᠦᠭ᠂ ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡᠨ ᠤ ᠵᠠᠬᠢᠷᠤᠨ ᠬᠠᠮᠢᠶᠠᠷᠬᠤ ᠳᠦᠷᠢᠮ ᠵᠡᠷᠭᠡ ᠶᠢ ᠪᠠᠭᠲᠠᠭᠠᠨ᠎ᠠ᠃7.2  ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠲᠧᠺᠰᠲ      ᠲᠥᠯᠥᠪᠵᠢᠭᠦᠯᠭᠡ ᠶᠢᠨ ᠲᠧᠺᠰᠲ ᠨᠢ ᠳᠣᠣᠷᠠᠬᠢ ᠬᠡᠳᠦᠨ ᠭᠤᠣᠯ ᠠᠭᠤᠯᠭ᠎ᠠ ᠶᠢ ᠪᠠᠭᠲᠠᠭᠠᠪᠠᠯ ᠵᠣᠬᠢᠨ᠎ᠠ᠃      a) ᠶᠡᠷᠦᠩᠬᠡᠢ ᠳᠦᠷᠢᠮ᠄ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠵᠢᠯᠣᠭᠤᠳᠬᠤ ᠦᠵᠡᠯ ᠰᠠᠨᠠᠭ᠎ᠠ᠂ ᠲᠥᠯᠥᠪᠵᠢᠭᠦᠯᠭᠡ ᠶᠢᠨ ᠵᠠᠷᠴᠢᠮ᠂ ᠲᠥᠯᠥᠪᠵᠢᠭᠦᠯᠭᠡ ᠶᠢᠨ ᠡᠭᠦᠷᠭᠡ ᠪᠠ ᠲᠥᠯᠥᠪᠵᠢᠭᠦᠯᠭᠡ ᠶᠢᠨ ᠬᠤᠭᠤᠴᠠᠭ᠎ᠠ ᠵᠡᠷᠭᠡ ᠶᠢ ᠪᠠᠭᠲᠠᠭᠠᠨ᠎ᠠ᠃      b) ᠭᠠᠴᠠᠭ᠎ᠠ ᠲᠣᠰᠬᠤᠨ ᠤ ᠲᠣᠶᠢᠮᠣ ᠪᠠᠶᠢᠳᠠᠯ᠄ ᠭᠠᠴᠠᠭ᠎ᠠ ᠲᠣᠰᠬᠤᠨ ᠤ ᠲᠡᠦᠬᠡ ᠶᠢᠨ ᠤᠯᠠᠷᠢᠯ ᠬᠤᠪᠢᠰᠤᠯ᠂ ᠪᠠᠶᠢᠭᠠᠯᠢ ᠭᠠᠵᠠᠷ ᠵᠦᠢ ᠶᠢᠨ ᠲᠣᠶᠢᠮᠣ ᠪᠠᠶᠢᠳᠠᠯ᠂ ᠠᠵᠤ ᠠᠬᠤᠢ ᠨᠡᠶᠢᠭᠡᠮ ᠤᠨ ᠲᠣᠶᠢᠮᠣ ᠪᠠᠶᠢᠳᠠᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢᠨ ᠣᠳᠣᠬᠢ ᠪᠠᠶᠢᠳᠠᠯ᠂ ᠤᠯᠤᠰ ᠤᠨ ᠨᠤᠲᠤᠭ ᠳᠡᠪᠢᠰᠭᠡᠷ ᠤᠨ ᠠᠰᠢᠭᠯᠠᠯᠲᠠ ᠶᠢᠨ ᠣᠳᠣᠬᠢ ᠪᠠᠶᠢᠳᠠᠯ ᠬᠢᠭᠡᠳ ᠭᠠᠴᠠᠭ᠎ᠠ ᠲᠣᠰᠬᠤᠨ ᠤ ᠭᠤᠣᠯ ᠪᠣᠯᠬᠤ ᠠᠰᠠᠭᠤᠳᠠᠯ ᠵᠡᠷᠭᠡ ᠶᠢ ᠪᠠᠭᠲᠠᠭᠠᠨ᠎ᠠ᠃      c) ᠲᠥᠯᠥᠪᠵᠢᠭᠦᠯᠭᠡ ᠶᠢᠨ ᠲᠣᠳᠣᠷᠬᠠᠶᠢᠯᠠᠯ ᠪᠠ ᠬᠠᠷᠠᠯᠲᠠ᠄ ᠲᠥᠯᠥᠪᠵᠢᠭᠦᠯᠭᠡ ᠶᠢᠨ ᠣᠷᠣᠨ ᠪᠠᠶᠢᠷᠢ ᠶᠢ ᠲᠣᠳᠣᠷᠬᠠᠶᠢᠯᠠᠨ ᠥᠭᠦᠯᠡᠵᠦ᠂ ᠲᠥᠯᠥᠪᠵᠢᠭᠦᠯᠭᠡ ᠶᠢᠨ ᠬᠠᠷᠠᠯᠲᠠ ᠪᠠ ᠲᠣᠬᠢᠷᠠᠭᠤᠯᠤᠨ ᠡᠵᠡᠮᠳᠡᠬᠦ ᠲᠤᠭ᠎ᠠ ᠨᠤᠷᠮ᠎ᠠ ᠶᠢ ᠲᠣᠭᠲᠠᠭᠠᠨ᠎ᠠ᠃    d) ᠭᠠᠴᠠᠭ᠎ᠠ ᠲᠣᠰᠬᠤᠨ ᠤ ᠬᠡᠪᠴᠢᠶᠡᠨ ᠳᠠᠬᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ ᠪᠠ ᠬᠡᠷᠡᠭᠴᠡᠭᠡᠨ ᠤ ᠵᠠᠬᠢᠷᠤᠨ ᠬᠠᠮᠢᠶᠠᠷᠤᠯᠲᠠ᠄ ᠭᠠᠴᠠᠭ᠎ᠠ ᠲᠣᠰᠬᠤᠨ ᠤ ᠬᠡᠪᠴᠢᠶᠡᠨ ᠳᠠᠬᠢ ᠣᠷᠣᠨ ᠵᠠᠢ ᠶᠢᠨ ᠪᠠᠶᠢᠷᠢᠰᠢᠯ᠂ ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠵᠠᠢ ᠶᠢᠨ ᠪᠠᠶᠢᠷᠢᠯᠠᠭᠤᠯᠤᠯᠲᠠ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠬᠢᠭᠡᠳ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠶᠢ ᠥᠭᠦᠯᠡᠨ ᠲᠣᠭᠠᠴᠢᠨ᠎ᠠ᠃      e) ᠵᠠᠮ ᠬᠠᠷᠢᠯᠴᠠᠭᠠᠨ ᠤ ᠲᠥᠯᠥᠪᠵᠢᠭᠦᠯᠭᠡ᠄ ᠭᠠᠳᠠᠭᠰᠢ ᠨᠡᠪᠲᠡᠷᠡᠬᠦ ᠪᠠ ᠳᠣᠲᠣᠭᠠᠳᠤ ᠶᠢᠨ ᠵᠠᠮ ᠬᠠᠷᠢᠯᠴᠠᠭᠠᠨ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠠ ᠪᠠᠶᠢᠷᠢᠯᠠᠭᠤᠯᠤᠯᠲᠠ ᠶᠢ ᠪᠠᠭᠲᠠᠭᠠᠨ᠎ᠠ᠃      f) ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ᠄ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠦᠢ ᠵᠣᠬᠢᠰᠲᠠᠢ ᠪᠠᠷ ᠲᠣᠭᠲᠠᠭᠠᠵᠤ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃      g) ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠄ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠠ ᠲᠣᠳᠣᠷᠬᠠᠶᠢᠯᠠᠯ ᠤᠨ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠠ ᠪᠠᠶᠢᠷᠢᠯᠠᠭᠤᠯᠤᠯᠲᠠ ᠶᠢ ᠵᠦᠢ ᠵᠣᠬᠢᠰᠲᠠᠢ ᠪᠠᠷ ᠲᠣᠭᠲᠠᠭᠠᠨ᠎ᠠ᠃      h) ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ᠄ ᠤᠰᠤ ᠬᠠᠩᠭᠠᠬᠤ ᠵᠠᠯᠠᠬᠤ᠂ ᠴᠠᠬᠢᠯᠭᠠᠨ ᠬᠠᠩᠭᠠᠬᠤ᠂ ᠮᠡᠳᠡᠭᠡ ᠴᠢᠮᠡᠭᠡ ᠨᠡᠪᠲᠡᠷᠡᠬᠦ᠂ ᠰᠢᠲᠠᠭᠠᠯᠭ᠎ᠠ ᠬᠡᠢ᠂ ᠢᠯᠴᠢ ᠬᠠᠩᠭᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠦᠲᠦᠭᠡᠨ ᠪᠠᠶᠢᠭᠤᠯᠬᠤ ᠠᠷᠭ᠎ᠠ ᠬᠡᠯᠪᠡᠷᠢ ᠪᠠ ᠪᠣᠳᠠᠲᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠡᠭ ᠪᠠᠶᠢᠷᠢᠯᠠᠭᠤᠯᠤᠯᠲᠠ ᠶᠢ ᠲᠣᠭᠲᠠᠭᠠᠬᠤ ᠪᠥᠭᠡᠳ ᠭᠠᠴᠠᠭ᠎ᠠ ᠲᠣᠰᠬᠤᠨ ᠤ ᠵᠥᠪᠯᠡᠯ᠂ ᠬᠡᠦᠬᠡᠳ ᠤᠨ ᠴᠡᠴᠡᠷᠯᠢᠭ᠂ ᠰᠣᠶᠣᠯ ᠤᠨ ᠠᠵᠢᠯᠯᠠᠭᠠᠨ ᠤ ᠭᠡᠷ᠂ ᠠᠭᠤᠳᠠᠮ ᠲᠠᠯᠠᠪᠠᠢ᠂ ᠨᠣᠮ ᠤᠨ ᠥᠷᠥᠭᠡ᠂ ᠡᠷᠡᠭᠦᠯ ᠬᠠᠮᠠᠭᠠᠯᠠᠯ ᠤᠨ ᠥᠷᠥᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠴᠡᠭ ᠪᠠᠶᠢᠷᠢᠯᠠᠭᠤᠯᠤᠯᠲᠠ ᠶᠢ ᠲᠣᠭᠲᠠᠭᠠᠨ᠎ᠠ᠃      i) ᠨᠣᠭᠤᠭᠠᠷᠠᠭᠤᠯᠤᠯᠲᠠ ᠪᠠ ᠦᠵᠡᠮᠵᠢ ᠶᠢᠨ ᠲᠥᠯᠥᠪᠵᠢᠭᠦᠯᠭᠡ      j) ᠲᠡᠦᠬᠡ ᠰᠣᠶᠣᠯ ᠤᠨ ᠬᠠᠮᠠᠭᠠᠯᠠᠯᠲᠠ ᠪᠠ ᠣᠨᠴᠠᠯᠢᠭᠲᠤ ᠳᠦᠷᠰᠦ ᠪᠠᠶᠢᠳᠠᠯ ᠤᠨ ᠲᠥᠯᠥᠪᠵᠢᠭᠦᠯᠭᠡ      k) ᠤᠯᠤᠰ ᠤᠨ ᠨᠤᠲᠤᠭ ᠳᠡᠪᠢᠰᠭᠡᠷ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠨ ᠵᠠᠰᠠᠬᠤ      l) ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠣᠯᠠᠨ ᠢᠶᠠᠷ ᠢᠶᠠᠨ ᠣᠷᠣᠯᠴᠠᠬᠤ ᠵᠡᠷᠭᠡ ᠪᠣᠯᠣᠨ᠎ᠠ᠃7.3  ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠲᠣᠳᠣᠷᠬᠠᠶᠢᠯᠠᠯᠲᠠ      ᠲᠥᠯᠥᠪᠵᠢᠭᠦᠯᠭᠡ ᠶᠢᠨ ᠲᠣᠳᠣᠷᠬᠠᠶᠢᠯᠠᠯᠲᠠ ᠨᠢ ᠳᠣᠣᠷᠠᠬᠢ ᠬᠡᠳᠦᠨ ᠭᠤᠣᠯ ᠠᠭᠤᠯᠭ᠎ᠠ ᠶᠢ ᠪᠠᠭᠲᠠᠭᠠᠪᠠᠯ ᠵᠣᠬᠢᠨ᠎ᠠ᠃      a) ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠶᠠᠪᠤᠴᠠ ᠶᠢᠨ ᠲᠤᠬᠠᠢ      b) ᠲᠥᠯᠥᠪᠵᠢᠭᠦᠯᠭᠡ ᠶᠢᠨ ᠦᠨᠳᠦᠰᠦᠯᠡᠯ ᠪᠠ ᠰᠠᠭᠤᠷᠢ ᠲᠤᠭ᠎ᠠ ᠪᠠᠷᠢᠮᠲᠠ      c) ᠲᠥᠯᠥᠪᠵᠢᠭᠦᠯᠭᠡ ᠶᠢᠨ ᠭᠤᠣᠯ ᠠᠭᠤᠯᠭ᠎ᠠ ᠶᠢᠨ ᠲᠣᠳᠣᠷᠬᠠᠶᠢᠯᠠᠯᠲᠠ ᠶᠢᠨ ᠲᠤᠬᠠᠢ᠄ ᠲᠥᠯᠥᠪᠵᠢᠭᠦᠯᠭᠡ ᠶᠢᠨ ᠬᠠᠷᠠᠯᠲᠠ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠣᠬᠢᠷᠠᠭᠤᠯᠤᠨ ᠡᠵᠡᠮᠳᠡᠬᠦ ᠪᠠ ᠲᠣᠬᠢᠷᠠᠭᠤᠯᠤᠯᠲᠠ᠂ ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠵᠡᠷᠭᠡ ᠶᠢ ᠪᠠᠭᠲᠠᠭᠠᠨ᠎ᠠ᠃      d) ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ      e) ᠲᠥᠯᠥᠪᠵᠢᠭᠦᠯᠭᠡ ᠶᠢᠨ ᠵᠣᠬᠢᠴᠠᠭᠤᠯᠤᠭᠰᠠᠨ ᠨᠤᠲᠠᠯᠠᠯᠲᠠ ᠪᠠ ᠣᠯᠠᠨ ᠢᠶᠠᠷ ᠢᠶᠠᠨ ᠣᠷᠣᠯᠴᠠᠬᠤ ᠵᠡᠷᠭᠡ7.4  ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠬᠦᠰᠦᠨᠦᠭᠲᠦ      ᠲᠥᠯᠥᠪᠵᠢᠭᠦᠯᠭᠡ ᠶᠢᠨ ᠬᠦᠰᠦᠨᠦᠭᠴᠢᠯᠡᠭᠰᠡᠨ ᠦᠷ᠎ᠡ ᠪᠦᠲᠦᠭᠡᠯ ᠨᠢ ᠳᠣᠣᠷᠠᠬᠢ ᠬᠡᠳᠦᠨ ᠵᠦᠢᠯ ᠢ ᠪᠠᠭᠲᠠᠭᠠᠪᠠᠯ ᠵᠣᠬᠢᠨ᠎ᠠ᠃      a) ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠬᠠᠷᠠᠯᠲᠠ ᠶᠢᠨ ᠬᠦᠰᠦᠨᠦᠭ      b) ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠦᠲᠦᠴᠡ ᠶᠢ ᠲᠣᠬᠢᠷᠠᠭᠤᠯᠬᠤ ᠬᠦᠰᠦᠨᠦᠭ      c) ᠭᠤᠷᠪᠠᠨ ᠣᠷᠣᠨ ᠵᠠᠢ ᠭᠤᠷᠪᠠᠨ ᠱᠤᠭᠤᠮ ᠤᠨ ᠲᠠᠯᠠᠪᠠᠢ ᠶᠢᠨ ᠪᠦᠷᠢᠳᠬᠡᠯ ᠬᠦᠰᠦᠨᠦᠭ7.5  ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ7.5.1  ᠵᠢᠷᠤᠭ ᠤᠨ ᠱᠠᠭᠠᠷᠳᠠᠯᠭ᠎ᠠ      1᠄ 2000 ᠶᠢᠨ ᠬᠠᠷᠢᠴᠠᠭᠠᠲᠤ ᠱᠤᠭᠤᠮ ᠢ ᠬᠡᠷᠡᠭᠯᠡᠬᠦ ᠪᠤᠶᠤ ᠨᠠᠷᠢᠯᠢᠭ ᠤᠨ ᠬᠡᠮᠵᠢᠶ᠎ᠡ ᠪᠠᠷ ᠨᠡᠩ ᠥᠨᠳᠥᠷ ᠲᠤᠭ᠎ᠠ ᠪᠠᠷᠢᠮᠲᠠ ᠶᠢ ᠠᠰᠢᠭᠯᠠᠨ ᠵᠢᠷᠤᠬᠤ ᠳᠤ ᠪᠠᠨ 2000 ᠤᠯᠤᠰ ᠤᠨ ᠡᠬᠡ ᠭᠠᠵᠠᠷ ᠤᠨ ᠪᠠᠶᠢᠷᠢᠰᠢᠯ ᠤᠨ ᠰᠢᠰᠲ᠋ᠧᠮ ᠢ ᠨᠢᠭᠡᠳᠦᠯᠲᠡᠢ ᠪᠠᠷ ᠬᠡᠷᠡᠭᠯᠡᠨ᠂ ᠵᠢᠷᠤᠭ ᠤᠨ ᠦᠷ᠎ᠡ ᠪᠦᠲᠦᠭᠡᠯ ᠨᠢ ︽ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ︾ ᠳᠤ ᠨᠡᠶᠢᠴᠡᠭᠰᠡᠨ ᠪᠠᠶᠢᠪᠠᠯ ᠵᠣᠬᠢᠨ᠎ᠠ᠃ ᠲᠥᠯᠥᠪᠵᠢᠭᠦᠯᠭᠡ ᠶᠢᠨ ᠵᠢᠷᠤᠭ ᠨᠢ ᠡᠷᠬᠡᠪᠰᠢ ᠪᠡᠯᠡᠳᠬᠡᠬᠦ ᠵᠢᠷᠤᠭ ᠪᠠ ᠰᠣᠩᠭᠤᠵᠤ ᠪᠣᠯᠬᠤ ᠵᠢᠷᠤᠭ ᠢ ᠪᠠᠭᠲᠠᠭᠠᠨ᠎ᠠ᠃7.5.2  ᠡᠷᠬᠡᠪᠰᠢ ᠪᠡᠯᠡᠳᠬᠡᠬᠦ ᠵᠢᠷᠤᠭ      ᠡᠷᠬᠡᠪᠰᠢ ᠪᠡᠯᠡᠳᠬᠡᠬᠦ ᠵᠢᠷᠤᠭ ᠨᠢ ᠳᠣᠣᠷᠠᠬᠢ ᠬᠡᠳᠦᠨ ᠵᠦᠢᠯ ᠢ ᠪᠠᠭᠲᠠᠭᠠᠪᠠᠯ ᠵᠣᠬᠢᠨ᠎ᠠ᠃      a) ᠭᠠᠴᠠᠭ᠎ᠠ ᠲᠣᠰᠬᠤᠨ ᠤ ᠣᠳᠣᠬᠢ ᠪᠠᠶᠢᠳᠠᠯ ᠤᠨ ᠵᠢᠷᠤᠭ      b) ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ      c) ᠭᠠᠴᠠᠭ᠎ᠠ ᠲᠣᠰᠬᠤᠨ ᠤ ᠭᠤᠷᠪᠠᠨ ᠣᠷᠣᠨ ᠵᠠᠢ ᠭᠤᠷᠪᠠᠨ ᠱᠤᠭᠤᠮ ᠤᠨ ᠵᠢᠷᠤᠭ      d) ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠷᠬᠠᠯᠲᠠ ᠶᠢᠨ ᠵᠢᠷᠤᠭ      e) ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠶᠢᠨ ᠵᠢᠷᠤᠭ      f) ᠭᠠᠴᠠᠭ᠎ᠠ ᠲᠣᠰᠬᠤᠨ ᠤ ᠵᠠᠮ ᠬᠠᠷᠢᠯᠴᠠᠭᠠᠨ ᠤ ᠲᠥᠯᠥᠪᠵᠢᠭᠦᠯᠭᠡ ᠶᠢᠨ ᠵᠢᠷᠤᠭ      g) ᠭᠠᠴᠠᠭ᠎ᠠ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠶᠢᠨ ᠵᠢᠷᠤᠭ      h) ᠭᠤᠣᠯ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠳᠣᠬᠢ ᠪᠠᠶᠢᠳᠠᠯ ᠤᠨ ᠵᠢᠷᠤᠭ      i) ᠭᠤᠣᠯ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠢᠷᠤᠭ7.5.3  ᠰᠣᠩᠭᠤᠵᠤ ᠪᠣᠯᠬᠤ ᠵᠢᠷᠤᠭᠰᠣᠩᠭᠤᠵᠤ ᠪᠣᠯᠬᠤ ᠵᠢᠷᠤᠭ ᠨᠢ ᠳᠣᠣᠷᠠᠬᠢ ᠬᠡᠳᠦᠨ ᠵᠦᠢᠯ ᠢ ᠪᠠᠭᠲᠠᠭᠠᠪᠠᠯ ᠵᠣᠬᠢᠨ᠎ᠠ᠃      a) ᠭᠠᠴᠠᠭ᠎ᠠ ᠲᠣᠰᠬᠤᠨ ᠤ ᠣᠷᠣᠨ ᠪᠠᠶᠢᠷᠢᠰᠢᠯ ᠤᠨ ᠵᠢᠷᠤᠭ      b) ᠭᠠᠴᠠᠭ᠎ᠠ ᠲᠣᠰᠬᠤᠨ ᠤ ᠣᠷᠣᠨ ᠵᠠᠢ ᠶᠢᠨ ᠶᠡᠷᠦᠩᠬᠡᠢ ᠪᠠᠶᠢᠷᠢᠯᠠᠭᠤᠯᠤᠯᠲᠠ ᠶᠢᠨ ᠵᠢᠷᠤᠭ      c) ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠵᠢᠷᠤᠭ      d) ᠭᠠᠴᠠᠭ᠎ᠠ ᠲᠣᠰᠬᠤᠨ ᠤ ᠮᠠᠯ ᠲᠠᠷᠢᠶᠠᠯᠠᠩ ᠤᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠵᠢᠷᠤᠭ      e) ᠭᠠᠴᠠᠭ᠎ᠠ ᠲᠣᠰᠬᠤᠨ ᠤ ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠵᠢᠷᠤᠭ      f) ᠭᠠᠴᠠᠭ᠎ᠠ ᠲᠣᠰᠬᠤᠨ ᠤ ᠵᠢᠭᠤᠯᠴᠢᠯᠠᠯ ᠤᠨ ᠪᠠᠶᠢᠷᠢᠯᠠᠭᠤᠯᠤᠯᠲᠠ ᠶᠢᠨ ᠵᠢᠷᠤᠭ7.6  ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ      ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠪᠣᠯ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠡᠯᠧᠺᠲᠷᠣᠨ ᠬᠡᠯᠪᠡᠷᠢ ᠪᠣᠯᠣᠨ᠎ᠠ᠃ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠠᠷᠢᠮᠵᠢᠶ᠎ᠠ ᠳᠤ ᠨᠡᠶᠢᠴᠡᠬᠦ ᠰᠠᠷᠠᠯᠵᠢ ᠬᠡᠯᠪᠡᠷᠢ ᠶᠢᠨ ᠲᠤᠭ᠎ᠠ ᠪᠠᠷᠢᠮᠲᠠ ᠪᠠ ᠸᠧᠺᠲ᠋ᠣᠷ ᠲᠤᠭ᠎ᠠ ᠪᠠᠷᠢᠮᠲᠠ᠂ ᠲᠥᠯᠥᠪᠵᠢᠭᠦᠯᠭᠡ ᠶᠢᠨ ᠪᠢᠴᠢᠭ ᠬᠠᠷ᠎ᠠ᠂ ᠲᠥᠯᠥᠪᠵᠢᠭᠦᠯᠭᠡ ᠶᠢᠨ ᠬᠦᠰᠦᠨᠦᠭ᠂ ᠤᠭ ᠲᠤᠭ᠎ᠠ ᠪᠠᠷᠢᠮᠲᠠ ᠵᠡᠷᠭᠡ ᠶᠢ ᠪᠠᠭᠲᠠᠭᠠᠨ᠎ᠠ᠃7.7  ᠪᠤᠰᠤᠳ ᠮᠠᠲ᠋ᠧᠷᠢᠶᠠᠯ     ᠭᠤᠣᠯᠳᠠᠭᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠪᠣᠢ ᠪᠣᠯᠣᠭᠰᠠᠨ ᠠᠵᠢᠯ ᠤᠨ ᠬᠠᠷᠢᠭᠤ ᠮᠡᠳᠡᠭᠦᠯᠦᠯᠲᠡ᠂ ᠦᠨᠳᠦᠰᠦᠨ ᠮᠠᠲ᠋ᠧᠷᠢᠶᠠᠯ᠂ ᠬᠤᠷᠠᠯ ᠤᠨ ᠲᠣᠪᠴᠢ ᠮᠡᠳᠡᠭᠡ᠂ ᠰᠠᠯᠠᠭ᠎ᠠ ᠮᠥᠴᠢᠷ ᠤᠨ ᠰᠠᠨᠠᠯ ᠂ ᠨᠤᠲᠠᠯᠠᠯᠲᠠ ᠶᠢᠨ ᠰᠠᠨᠠᠯ᠂ ᠣᠯᠠᠨ ᠢᠶᠠᠷ ᠢᠶᠠᠨ ᠣᠷᠣᠯᠴᠠᠭᠰᠠᠨ ᠲᠡᠮᠳᠡᠭᠯᠡᠯ ᠵᠡᠷᠭᠡ ᠶᠢ ᠪᠠᠭᠲᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号