9 ᠳ᠋ᠦ᠋ᠭᠡᠷ ᠰᠠᠷ᠎ᠠ ᠶᠢᠨ 22 ᠠᠴᠠ 28 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠰᠢᠮᠳᠠᠭᠤᠯᠤᠨ | ᠵᠢᠯᠣᠭᠤᠳᠴᠤ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠨᠢ ᠦᠨᠳᠦᠰᠦᠨ ᠳᠤ ᠪᠠᠨ ᠲᠡᠩᠴᠡᠭᠦᠷᠢᠲᠡᠶ ᠰᠢᠶᠠᠨ ᠳᠤ ᠬᠢᠨᠠᠨ ᠵᠢᠯᠣᠭᠤᠳᠴᠤ | ᠪᠠᠶᠢᠴᠠᠭᠠᠭᠰᠠᠨ ᠪᠥᠭᠡᠳ ᠰᠠᠨᠠᠯ ᠢᠶᠠᠨ ᠬᠠᠷᠢᠭᠤ ᠲᠤᠰᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠦᠭᠰᠡᠨ | ᠡᠰᠡᠬᠦ ᠳᠤ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢ ᠳᠠᠷᠤᠮᠠᠯᠯᠠᠨ ᠲᠠᠷᠬᠠᠭᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ | ᠠᠯᠪᠠᠨ ᠬᠡᠷ ᠤᠨ ᠵᠠᠬᠢᠳᠠᠯ︾ ︵ᠲᠥᠷᠥ ᠰᠤᠷᠭᠠᠨ ᠬᠥᠮᠦᠵᠢᠯ ᠰᠢᠮᠳᠠᠭᠤᠯᠤᠨ ᠵᠢᠯᠣᠭᠤᠳᠬᠤ ᠠᠯᠪᠠᠨ ᠵᠠᠬᠢᠳᠠᠯ | ︹2021︺ 68 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ | ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠬᠦᠴᠦᠲᠡᠢ ᠠᠬᠢᠭᠤᠯᠵᠤ᠂ | ᠢᠳᠡᠪᠬᠢᠲᠡᠢ ᠦᠷ᠎ᠡ ᠪᠦᠲᠦᠮᠵᠢ ᠣᠯᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠪᠠᠷ | ᠵᠠᠬᠢᠳᠠᠯ ᠢᠶᠠᠷ ᠮᠡᠳᠡᠭᠦᠯᠪᠡ᠄ | ᠨᠢᠭᠡ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ | 9 ᠳ᠋ᠦ᠋ᠭᠡᠷ ᠰᠠᠷ᠎ᠠ ᠶᠢᠨ 28 ᠤ ᠡᠳᠦᠷ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ | ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠤᠭ ᠤᠨ | ᠲᠡᠷᠢᠭᠦᠨ ᠳᠤ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ | ᠠᠯᠪᠠᠨ ᠭᠡᠷ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ ᠪᠦᠬᠦ ᠲᠠᠯ᠎ᠠ ᠪᠠᠷ ᠴᠡᠭᠴᠡᠯᠡᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠬᠦ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠰᠢᠮᠳᠠᠭᠤᠯᠤᠨ | ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾ ︵ | ᠳᠣᠷᠣᠭᠰᠢ ︽ᠴᠡᠭᠴᠡᠯᠡᠨ ᠰᠠᠶᠢᠵᠢᠷᠠᠭᠤᠯᠬᠤ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠰᠤᠷᠭᠠᠨ ᠬᠥᠮᠦᠵᠢᠯ ᠤᠨ ᠵᠠᠷᠤᠳᠠᠯ ᠤᠨ | ᠣᠷᠣᠭᠤᠯᠤᠯᠲᠠ ᠪᠠ ᠬᠡᠷᠡᠭᠯᠡᠯᠲᠡ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ᠂ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ 5 ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ | ᠠᠰᠠᠭᠤᠳᠠᠯ ᠤᠨ ᠲᠣᠭᠤᠷᠢᠨ ᠳᠤ᠂ 3 ᠵᠦᠢᠯ ᠤᠨ ᠠᠵᠢᠯ ᠤᠨ ᠬᠠᠷᠠᠯᠲᠠ ᠶᠢ ᠳᠤᠷᠠᠳᠤᠨ ᠭᠠᠷᠭᠠᠵᠤ᠂ ᠳᠠᠷᠤᠶ ᠳᠤ ᠨᠢ | ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ 4 ᠵᠦᠢᠯ ᠤᠨ ᠡᠭᠦᠷᠭᠡ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ 6 ᠵᠦᠢᠯ ᠤᠨ ᠡᠭᠦᠷᠭᠡ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠬᠤ 4 | ᠵᠦᠢᠯ ᠤᠨ ᠡᠭᠦᠷᠭᠡ ᠪᠣᠯᠭᠠᠨ ᠨᠠᠷᠢᠯᠢᠬᠵᠢᠭᠤᠯᠵᠤ᠂ ᠪᠥᠬᠦᠳᠡ ᠳᠤ ᠨᠠᠷᠢᠨ ᠬᠠᠭᠤᠳᠠᠰᠤ ᠶᠢᠨ ᠮᠠᠶ᠋ᠢᠭ ᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠤ ᠨᠢᠭᠡᠴᠢ ᠶᠢ ᠵᠦᠢᠯ ᠵᠤᠷᠪᠤᠰ | ᠳᠠᠷᠠᠭᠠᠯᠠᠨ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠬᠤ ᠵᠥᠪᠯᠡᠯ ᠤᠨ ᠠᠯᠪᠠᠨ ᠬᠡᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠡᠬᠡ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ ᠤᠨ ᠬᠢᠵᠠᠭᠠᠷ ᠤᠨ | ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠠᠭᠠᠰ ᠰᠠᠷ᠎ᠠ ᠪᠦᠷᠢ ᠳᠤ ᠠᠵᠢᠯ ᠤᠨ ᠲᠣᠬᠢᠷᠠᠭᠤᠯᠤᠯᠲᠠ ᠬᠢᠬᠦ | ᠲᠣᠭᠲᠠᠴᠠ ᠶᠢ ᠬᠡᠷᠡᠭᠵᠢᠭᠦᠯᠦᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠥᠬᠦ ᠶᠠᠪᠤᠴᠠ ᠳᠤ ᠰᠢᠮᠳᠠᠭᠤᠯᠤᠨ | ᠵᠢᠯᠣᠭᠤᠳᠬᠤ ᠪᠠ ᠪᠠᠶᠢᠴᠠᠭᠠᠵᠤ᠂ ᠦᠷᠭᠦᠯᠵᠢᠯᠡᠨ ᠮᠥᠷᠳᠡᠨ ᠲᠣᠬᠢᠷᠠᠭᠤᠯᠪᠠ᠃ 11 ᠳ᠋ᠦ᠋ᠭᠡᠷ ᠰᠠᠷ᠎ᠠ ᠶᠢᠨ 19 ᠤ | ᠡᠳᠦᠷ᠂ ᠪᠥᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠸᠢᠳᠢᠤ᠋ ᠲᠣᠬᠢᠷᠠᠭᠤᠯᠤᠯᠲᠠ ᠶᠢᠨ | ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠳᠠᠬᠢᠨ ᠠᠬᠢᠭᠤᠯᠵᠤ | ᠳᠠᠬᠢᠨ ᠰᠢᠮᠳᠠᠭᠤᠯᠪᠠ᠃ ︽ᠴᠡᠭᠴᠡᠯᠡᠨ ᠰᠠᠶᠢᠵᠢᠷᠠᠭᠤᠯᠬᠤ ᠲᠥᠰᠦᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠤᠰ ᠲᠤᠰ ᠴᠡᠭᠴᠡᠯᠡᠨ | ᠰᠠᠶᠢᠵᠢᠷᠠᠭᠤᠯᠵᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ | ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠳᠤ ᠴᠢᠭᠯᠡᠭᠦᠯᠦᠨ᠂ ᠨᠢᠭᠡ ᠠᠴᠠ | ᠨᠥᠬᠦᠭᠡ ᠶᠢ ᠵᠦᠢᠴᠢᠯᠡᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ | ᠳᠣᠪᠤᠶᠢᠯᠭᠠᠨ᠂ ᠰᠢᠰᠲ᠋ᠧᠮ ᠲᠠᠢ ᠪᠠᠷ ᠠᠷᠭ᠎ᠠ ᠪᠣᠳᠣᠯᠭ᠎ᠠ ᠰᠦᠪᠡᠭᠴᠢᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ | ᠬᠡᠷᠡᠭᠵᠢᠭᠦᠯᠵᠦ᠂ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ ᠶᠢ ᠣᠷᠳᠣ ᠬᠤᠭᠤᠴᠠᠭᠠᠨ ᠤ | ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠯᠤᠭ᠎ᠠ ᠤᠶᠠᠯᠳᠤᠭᠤᠯᠤᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠮᠥᠷᠲᠡᠭᠡᠨ ᠲᠡᠩᠴᠡᠭᠦᠷᠢᠲᠡᠶ ᠬᠥᠭᠵᠢᠯᠲᠡ ᠶᠢ | ᠠᠬᠢᠭᠤᠯᠬᠤ ᠯᠤᠭ᠎ᠠ ᠬᠠᠷᠢᠯᠴᠠᠨ ᠵᠣᠯᠭᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ | ᠪᠣᠳᠠᠲᠠᠶ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠪᠡ᠃ | ᠬᠤᠶᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ︵ᠨᠢᠭᠡ︶ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ 4 ᠵᠦᠢᠯ ᠤᠨ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃ | 1.ᠰᠤᠷᠭᠠᠨ ᠬᠥᠮᠦᠵᠢᠯ ᠤᠨ ᠵᠠᠷᠤᠳᠠᠯ ᠵᠠᠷᠤᠯᠭ᠎ᠠ ᠶᠢᠨ ᠲᠣᠭᠲᠠᠭᠠᠯ ᠳᠤ ᠨᠡᠶᠢᠴᠡᠬᠦ ᠥᠬᠡᠶ ᠠᠰᠠᠭᠤᠳᠠᠯ ᠤᠨ | ᠲᠤᠬᠠᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ ᠵᠠᠷᠤᠳᠠᠯ ᠤᠨ | ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠰᠤᠷᠭᠠᠨ ᠬᠥᠮᠦᠵᠢᠯ ︹2019︺ 121 ᠳ᠋ᠦ᠋ᠭᠡᠷ ᠲᠣᠭᠠᠲᠤ︶ | ᠶᠢᠨ ᠬᠤᠯᠪᠣᠭᠳᠠᠯ ᠪᠥᠬᠦᠶ ᠲᠣᠭᠲᠠᠭᠠᠯ ᠲᠠᠢ ᠬᠠᠷᠢᠴᠠᠭᠤᠯᠵᠤ᠂ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ | ᠵᠠᠷᠤᠳᠠᠯ ᠤᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ ᠳᠤ ᠪᠥᠬᠦ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠵᠦ᠂ | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ | ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠵᠢᠷᠤᠮᠵᠢᠭᠤᠯᠤᠨ ᠬᠡᠷᠡᠭᠯᠡᠬᠦ᠂ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ | ᠭᠦᠢᠴᠡᠳ ᠳᠣᠭᠢᠷᠠᠭᠤᠯᠬᠤ ᠶᠢ ᠦᠨᠡᠨ ᠬᠦ ᠪᠠᠲᠤᠯᠠᠪᠠ᠃ | ᠠᠤᠬᠠᠨ ᠬᠤᠰᠢᠭᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢᠶᠠᠷ 171 ᠨᠡᠷᠡᠰ ᠠᠮᠤᠷ ᠢ ᠬᠠᠮᠠᠭᠠᠯᠠᠬᠤ ᠠᠵᠢᠯᠲᠠᠨ ᠳᠤ | ᠴᠠᠯᠢᠩ ᠥᠭᠭᠦᠭᠰᠡᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠠᠴᠠ | ᠰᠤᠳᠤᠯᠤᠭᠠᠳ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠡᠳ᠋ ᠤᠨ | ᠵᠠᠰᠠᠭ ᠤᠨ ᠲᠥᠰᠦᠪ ᠲᠤ ᠣᠷᠣᠭᠤᠯᠤᠭᠰᠠᠨ ᠤ ᠬᠠᠮᠲᠤ᠂ ᠬᠡᠤᠬᠡᠳ ᠤᠨ ᠴᠡᠴᠡᠷᠯᠢᠭ ᠲᠤ 75 ᠨᠡᠷᠡᠰ ᠠᠮᠤᠷ ᠢ | ᠬᠠᠮᠠᠭᠠᠯᠠᠭᠴᠢ ᠶᠢ ᠨᠡᠮᠡᠨ ᠤᠷᠢᠪᠠ᠃ ᠳ᠋ᠧᠩᠺᠸᠤ ᠰᠢᠶᠠᠨ ︽ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ | ᠴᠡᠴᠡᠷᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠨ ᠵᠢᠷᠤᠮᠵᠢᠭᠤᠯᠬᠤ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠢᠩᠬᠢᠨᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠪᠠᠷ ᠦᠢᠯᠡᠴᠢᠯᠡᠭᠡᠨ ᠤ | ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠭᠦᠯᠬᠦ ᠪᠠᠷ ᠲᠣᠭᠲᠠᠵᠠᠢ᠃ ᠡᠭᠦᠨ ᠤ ᠬᠠᠮᠲᠤ᠂ ︽ᠪᠠᠭᠰᠢ ᠶᠢᠨ | ᠪᠣᠯᠪᠠᠰᠤᠷᠠᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ︾ ᠪᠠ ︽ | ᠳᠤᠮᠳᠠᠳᠤ ᠪᠠᠭ᠎ᠠ ᠰᠤᠷᠭᠠᠭᠤᠯᠢ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ ᠶᠡᠷᠦᠩᠬᠡᠶ | ᠲᠣᠭᠠᠨ ᠤ 5% ᠪᠠᠷ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠳᠣᠭᠢᠷᠠᠭᠤᠯᠬᠤ︾ ᠲᠣᠭᠲᠠᠭᠠᠯ ᠶᠣᠰᠣᠭᠠᠷ᠂ | 2022 ᠣᠨ ᠤ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠨᠢᠭᠡᠨᠲᠡ ᠡᠳ᠋ ᠤᠨ ᠵᠠᠰᠠᠭ ᠤᠨ ᠲᠥᠰᠦᠪ ᠲᠤ | ᠣᠷᠣᠭᠤᠯᠤᠭᠰᠠᠨ ᠪᠠᠶᠢᠨ᠎ᠠ᠃ | 2.ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠦᠭᠡᠳᠦᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ | ᠠᠵᠢᠯ ᠤᠨ ᠦᠷ᠎ᠡ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤ | ᠵᠢᠯᠣᠭᠤᠳᠬᠤ ᠰᠠᠨᠠᠯ ᠢ ᠤᠯᠠᠮᠵᠢᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2008︺ 133 ᠳ᠋ᠤᠭᠠᠷ ᠲᠣᠭᠠᠲᠤ︶ ᠳᠤ | ᠲᠣᠭᠲᠠᠭᠠᠭᠰᠠᠨ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠠᠵᠢᠯ ᠤᠨ | ᠣᠯᠭᠤᠮᠵᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠤᠷᠭᠠᠭᠤᠯᠢ ᠶᠢ | ᠰᠢᠮᠳᠠᠭᠤᠯᠤᠨ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠪᠠᠭᠰᠢ ᠶᠢᠨ ᠣᠯᠭᠤᠮᠵᠢ ᠪᠠᠲᠤᠯᠠᠭ᠎ᠠ ᠶᠢᠨ ᠪᠠᠶᠢᠳᠠᠯ ᠢ ᠪᠦᠬᠦ | ᠲᠠᠯ᠎ᠠ ᠪᠠᠷ ᠵᠢᠭᠰᠠᠭᠠᠨ ᠪᠠᠶᠢᠴᠠᠭᠠᠬᠤ ᠲᠤᠬᠠᠶ ᠮᠡᠳᠡᠭᠳᠡᠯ︾ ᠢ ᠴᠠᠭ ᠲᠤᠬᠠᠶ ᠳᠤ ᠨᠢ ᠳᠠᠷᠤᠮᠠᠯᠯᠠᠨ ᠲᠠᠷᠬᠠᠭᠠᠵᠤ᠂ ᠡᠯ᠎ᠡ | ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ | ᠳᠠᠷᠦ᠋ᠢᠬᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠰᠠᠭᠤᠳᠠᠯ ᠡᠭᠦᠰᠦᠭᠰᠡᠨ | ᠰᠢᠯᠲᠠᠭᠠᠨ ᠢ ᠵᠠᠳᠠᠯᠤᠨ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠨᠡᠨ ᠬᠦ ᠬᠡᠷᠡᠭᠵᠢᠭᠦᠯᠵᠦ | ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠢᠯ ᠪᠦᠷᠢ ᠶᠢᠨ ᠨᠢᠭᠡᠳᠦᠭᠡᠷ | ᠤᠯᠠᠷᠢᠯ ᠤᠨ ᠡᠴᠦᠰ ᠲᠤ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠳᠡᠭᠡᠭᠰᠢ | ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃ ︽ᠠᠯᠪᠠᠨ ᠵᠢᠷᠤᠮ ᠤᠨ ᠪᠠᠭᠰᠢ ᠶᠢᠨ ᠴᠠᠯᠢᠩ ᠣᠯᠭᠤᠮᠵᠢ ᠶᠢ ᠤᠯᠠᠮ ᠨᠢᠭᠡ | ᠠᠯᠬᠤᠮ ᠪᠠᠲᠤᠯᠠᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ︹2019︺ 55 | ᠳ᠋ᠤᠭᠠᠷ ᠲᠣᠭᠠᠲᠤ︶ ᠢ ᠦᠨᠳᠦᠰᠦᠯᠡᠪᠡᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ | ᠣᠯᠭᠤᠮᠵᠢ ᠶᠢ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠣᠯᠭᠤᠮᠵᠢ ᠲᠠᠢ ᠬᠠᠮᠲᠤ ᠲᠣᠬᠢᠷᠠᠭᠤᠯᠬᠤ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠪᠠᠶᠢᠭ᠎ᠠ ᠭᠠᠵᠠᠷ ᠨᠢ ᠠᠯᠪᠠᠲᠠᠨ ᠤ ᠴᠠᠯᠢᠩ ᠣᠯᠭᠤᠮᠵᠢ ᠳᠤ ᠲᠣᠬᠢᠷᠠᠭᠤᠯᠤᠯᠲᠠ ᠬᠢᠬᠦ ᠳᠤ ᠪᠠᠨ | ᠡᠷᠬᠡᠪᠰᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠳᠤ ᠵᠣᠬᠢᠴᠠᠩᠭᠤᠶ ᠪᠠᠷ | ᠲᠣᠬᠢᠷᠠᠭᠤᠯᠤᠯᠲᠠ ᠬᠢᠵᠦ᠂ ᠵᠢᠯ ᠪᠦᠷᠢ ᠶᠢᠨ ᠡᠴᠦᠰ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ | ᠣᠷᠣᠯᠭ᠎ᠠ ᠶᠢᠨ ᠪᠠᠶᠢᠳᠠᠯ ᠬᠢᠭᠡᠳ ᠠᠯᠪᠠᠲᠠᠨ ᠤ ᠣᠷᠣᠯᠭ᠎ᠠ ᠶᠢᠨ ᠪᠠᠶᠢᠳᠠᠯ ᠢ ᠬᠠᠷᠢᠴᠠᠭᠤᠯᠬᠤ ᠠᠵᠢᠯ ᠢ ᠥᠷᠨᠢᠭᠦᠯᠵᠦ᠂ | ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠯᠭᠤᠮᠵᠢ ᠶᠢᠨ ᠬᠠᠷᠢᠴᠠᠭᠤᠯᠤᠭᠰᠠᠨ | ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ ᠬᠡᠷᠡᠭᠲᠡᠢ᠃ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠰᠢᠨ᠎ᠡ ᠪᠠᠷᠭᠤ ᠵᠡᠭᠦᠨ | ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠦᠷ᠎ᠡ ᠪᠦᠲᠦᠮᠵᠢ ᠶᠢᠨ | ᠴᠠᠯᠢᠩ ᠵᠢᠴᠢ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ︾ | ︵ᠰᠢᠨ᠎ᠡ ᠪᠠᠷᠭᠤ ᠵᠡᠭᠦᠨ ᠵᠠᠰᠠᠭ ᠥᠰᠥᠭ ︹2021︺ 66 ᠳ᠋ᠤᠭᠠᠷ ᠲᠣᠭᠠᠲᠤ︶ ᠢ ᠲᠣᠭᠲᠠᠭᠠᠨ ᠨᠡᠶᠢᠲᠡᠯᠡᠵᠦ᠂ | ᠡᠯ᠎ᠡ ᠰᠤᠷᠭᠠᠭᠤᠯᠢ ᠲᠥᠰᠦᠯ ᠢ ᠦᠨᠳᠦᠰᠦᠯᠡᠨ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠲᠥᠰᠦᠯ ᠢ | ᠲᠣᠭᠲᠠᠭᠠᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ ᠪᠠᠭᠰᠢ ᠠᠵᠢᠯᠲᠠᠨ ᠳᠤ 2022 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ ᠡᠬᠢᠯᠡᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠳᠦᠷᠢᠮ ᠢ ᠬᠡᠷᠡᠭᠵᠢᠭᠦᠯᠦᠨ᠎ᠡ᠃ | ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ︵ᠲᠣᠭᠤᠷᠢᠭ︶ ᠪᠣᠯᠤᠨ ᠳ᠋ᠧᠩᠺᠸᠦ ᠰᠢᠶᠠᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ 2009 ᠣᠨ ᠤ 12 ᠳ᠋ᠤᠭᠠᠷ ᠰᠠᠷ᠎ᠠ ᠠᠴᠠ ᠡᠬᠢᠯᠡᠨ | ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠨᠢᠭᠡᠨᠲᠡ ᠪᠥᠬᠦ ᠲᠠᠯ᠎ᠠ ᠪᠠᠷ ᠬᠡᠷᠡᠭᠵᠢᠭᠦᠯᠪᠡ᠃ | 3. ᠵᠢᠭᠠᠨ ᠰᠤᠷᠭᠠᠯᠲᠠ ᠶᠢᠨ ᠬᠠᠮᠢᠶᠠᠷᠤᠯᠲᠠ ᠨᠢ ᠵᠢᠷᠤᠮᠵᠢᠯ ᠦᠭᠡᠢ ᠪᠠᠶᠢᠬᠤ ᠠᠰᠠᠭᠤᠳᠠᠯ ᠤᠨ ᠲᠤᠬᠠᠢ᠃ ᠡᠯ᠎ᠡ | ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ︽ᠰᠢᠨ᠎ᠡ ᠴᠠᠭ ᠦᠶ᠎ᠡ ᠶᠢᠨ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠬᠠᠮᠢᠶᠠᠷᠤᠯᠲᠠ ᠶᠢᠨ ᠪᠠᠷᠢᠮᠵᠢᠶ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠰᠤᠷᠭᠠᠨ ᠬᠥᠮᠦᠵᠢᠯ ᠤᠨ | ᠶᠠᠮᠤᠨ ᠤ ᠮᠡᠳᠡᠭᠳᠡᠯ︾ ︵ᠰᠤᠷᠭᠠᠨ ᠬᠥᠮᠦᠵᠢᠯ ᠰᠠᠭᠤᠷᠢ ︹2017 ︺ 9 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠬᠠᠮᠢᠶᠠᠷᠤᠯᠲᠠ ᠶᠢᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠤ ᠬᠠᠮᠲᠤ᠂ ᠰᠤᠷᠭᠠᠭᠤᠯᠢ ᠶᠢ | ᠰᠢᠮᠳᠠᠭᠤᠯᠤᠨ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ | ᠬᠢᠴᠢᠶᠡᠯ ᠤᠨ ᠲᠥᠰᠦᠯ ᠤᠨ ᠶᠣᠰᠣᠭᠠᠷ ᠪᠣᠶ ᠪᠥᠬᠦᠶ ᠬᠢᠴᠢᠶᠡᠯ ᠢ ᠪᠦᠷᠢᠨ ᠭᠦᠢᠴᠡᠳ ᠲᠣᠬᠢᠷᠠᠭᠤᠯᠤᠨ ᠨᠡᠭᠡᠭᠡᠵᠡᠶ᠃ ︽ | ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ | ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ︵ᠥᠪᠥᠷ ᠨᠠᠮ ᠲᠠᠷᠬᠠᠭᠠᠭᠰᠠᠨ ︹2021︺ 30 ᠳ᠋ᠤᠭᠠᠷ ᠲᠣᠭᠠᠲᠤ | ︶ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠰᠤᠷᠭᠠᠭᠤᠯᠢ ᠣᠨᠣᠯ ᠤᠨ ᠬᠢᠴᠢᠶᠡᠯ ᠪᠠ | ᠦᠢᠯᠡᠳᠦᠯᠭᠡ ᠶᠢᠨ ᠬᠢᠴᠢᠶᠡᠯ ᠢ ᠬᠠᠷᠢᠯᠴᠠᠨ ᠤᠶᠠᠯᠳᠤᠭᠤᠯᠵᠤ᠂ ᠦᠢᠯᠡᠳᠦᠯᠭᠡ ᠶᠢᠨ ᠬᠢᠴᠢᠶᠡᠯ ᠢᠶᠠᠷ ᠭᠤᠤᠯ | ᠪᠣᠯᠭᠠᠭᠰᠠᠨ᠂ ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠬᠥᠮᠦᠵᠢᠯ ᠤᠨ | ᠬᠥᠮᠦᠨ ᠬᠥᠮᠦᠵᠢᠭᠦᠯᠬᠦ ᠶᠡᠷᠦᠩᠬᠡᠶᠢᠯᠡᠭᠰᠡᠨ ᠴᠢᠳᠠᠮᠵᠢ ᠶᠢ ᠦᠨᠡᠨ ᠬᠦ ᠪᠦᠲᠦᠮᠵᠢᠲᠡᠶ ᠪᠠᠳᠠᠷᠠᠭᠤᠯᠪᠠ᠃ ᠰᠤᠷᠭᠠᠨ | ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢ | ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ︵ᠰᠤᠷᠭᠠᠨ ᠬᠥᠮᠦᠵᠢᠯ ᠰᠠᠭᠤᠷᠢ ︹2019︺ 16 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠬᠢᠴᠢᠶᠡᠯ | ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠤᠨ᠂ ᠲᠤᠷᠰᠢᠯᠲᠠ ᠶᠢᠨ ᠲᠠᠰᠤᠭ ᠤᠨ | ᠬᠡᠷᠡᠭᠯᠡᠭᠡᠨ ᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃ | 4. ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠵᠢᠷᠤᠮᠵᠢᠯ ᠥᠬᠡᠶ ᠪᠠᠶᠢᠬᠤ ᠠᠰᠠᠭᠤᠳᠠᠯ ᠤᠨ ᠲᠤᠬᠠᠢ | ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠢᠩᠬᠢᠮ᠂ ᠣᠷᠣᠨ | ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠲᠠᠢ ᠬᠠᠮᠲᠤᠷᠠᠨ ︽︿ᠥᠪᠡᠷᠲᠡᠭᠡᠨ ᠵᠠᠰᠠᠬᠤ ᠣᠷᠣᠨ ᠤ ︿ | ᠢᠳᠡᠬᠦ ᠡᠮᠦᠰᠬᠦ ᠶᠠᠪᠤᠬᠤ ᠰᠠᠭᠤᠬᠤ﹀ ᠵᠠᠬ᠎ᠠ ᠳᠡᠯᠭᠡᠭᠦᠷ ᠤᠨ ᠬᠦᠷᠢᠶᠡᠨ ᠳᠠᠬᠢ ᠬᠤᠯᠪᠣᠭᠠᠯᠠᠵᠤ ᠴᠡᠭᠴᠡᠯᠡᠨ ᠵᠠᠰᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠵᠢᠯ ᠤᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠤ ᠪᠠᠲᠤᠯᠠᠨ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ ᠬᠠᠮᠠᠭᠠᠯᠠᠬᠤ ᠠᠵᠢᠯᠯᠠᠭ᠎ᠠ ᠶᠢ ᠪᠥᠬᠦ | ᠣᠷᠣᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠨᠢᠭᠡ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠲᠠᠪᠴᠠᠩ ᠢ ᠪᠥᠬᠦ ᠣᠷᠣᠨ ᠤ ᠰᠤᠷᠭᠠᠭᠤᠯᠢ ᠶᠢᠨ ᠬᠤᠭᠤᠯᠠᠨ ᠬᠡᠷ ᠲᠤ ᠪᠥᠬᠦ ᠲᠠᠯ᠎ᠠ ᠪᠠᠷ ᠣᠷᠣᠭᠤᠯᠬᠤ ᠶᠢ | ᠠᠬᠢᠭᠤᠯᠵᠤ᠂ ᠡᠳᠦᠷ ᠲᠣᠳᠣᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠢᠨᠲ᠋ᠧᠷ ᠰᠦᠯᠵᠢᠶ᠎ᠡ + | ᠢᠯᠡ ᠲᠣᠭᠤᠭᠠᠨ ᠭᠡᠷ︾ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠬᠤᠭᠤᠯᠠᠨ | ᠬᠡᠷ ᠤᠨ ᠲᠦᠭᠰᠢᠭᠦᠷᠢ ᠳᠤ ᠲᠠᠰ ᠬᠤᠪᠢᠶᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠪᠣᠯᠪᠠᠰᠤᠷᠠᠯ ᠬᠢᠬᠦ ᠡᠷᠴᠢᠮ ᠢ | ᠴᠢᠩᠭᠠᠷᠠᠭᠤᠯᠬᠤ ᠵᠡᠷᠭᠡ ᠲᠠᠯ᠎ᠠ ᠪᠠᠷ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠪᠠ᠃ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠪᠥᠬᠦ | ᠣᠷᠣᠨ ᠤ ᠰᠤᠷᠭᠠᠭᠤᠯᠢ ᠶᠢᠨ ᠬᠤᠭᠤᠯᠠᠨ ᠬᠡᠷ ᠵᠢᠴᠢ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠠᠵᠤ | ᠠᠬᠤᠶᠢᠯᠠᠯ ᠢ ᠨᠡᠶᠢᠲᠡ 10024 ᠤᠳᠠᠭ᠎ᠠ ᠪᠠᠶᠢᠴᠠᠭᠠᠵᠤ᠂ 10370 ᠬᠥᠮᠦᠨ ᠤᠳᠠᠭ᠎ᠠ ᠳᠠᠶᠢᠴᠢᠯᠠᠨ ᠬᠠᠤᠯᠢ | ᠬᠡᠷᠡᠭᠵᠢᠭᠦᠯᠵᠦ᠂ 260 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 7 ᠬᠡᠷᠡᠭ ᠢ ᠳᠡᠩᠰᠡᠯᠡᠵᠦ᠂ 12.1 | ᠲᠦᠮᠡᠨ ᠲᠥᠭᠦᠷᠢᠭ ᠲᠣᠷᠭᠠᠵᠤ ᠬᠤᠷᠢᠶᠠᠮᠵᠢᠯᠠᠪᠠ᠃ ᠡᠯ᠎ᠡ ᠠᠶᠢᠮᠠᠭ ᠬᠤᠲᠠ ᠨᠠᠮᠤᠷ ᠤᠨ ᠤᠯᠠᠷᠢᠯ ᠤᠨ | ᠰᠤᠷᠭᠠᠭᠤᠯᠢ ᠶᠢᠨ ᠬᠦᠷᠢᠶᠡᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ 2663 ᠠᠰᠠᠭᠤᠳᠠᠯ ᠪᠠ | ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠠᠷ ᠰᠢᠮᠳᠠᠭᠤᠯᠵᠤ᠂ ᠪᠥᠬᠦ ᠣᠷᠣᠨ ᠤ ᠪᠣᠶ ᠪᠥᠬᠦᠶ | ᠰᠤᠷᠭᠠᠭᠤᠯᠢ ᠶᠢᠨ ᠬᠤᠭᠤᠯᠠᠨ ᠬᠡᠷ ᠤᠨ ︽ᠢᠯᠡ ᠲᠣᠭᠤᠭᠠᠨ ᠭᠡᠷ︾ ᠪᠣᠯᠬᠤ ᠶᠢ ᠪᠡᠶᠡᠯᠡᠭᠦᠯᠵᠦ᠂ 53% ᠶᠢᠨ | ᠰᠤᠷᠭᠠᠭᠤᠯᠢ ᠶᠢᠨ ᠬᠤᠭᠤᠯᠠᠨ ᠬᠡᠷ ᠲᠤ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠢ ᠬᠡᠷᠡᠭᠵᠢᠭᠦᠯᠪᠡ᠃ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠳᠤ | ᠬᠢᠨᠠᠨ ᠰᠢᠨᠵᠢᠯᠡᠯᠲᠡ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 12 ᠠᠶᠢᠮᠠᠭ ᠬᠤᠲᠠ ᠶᠢᠨ 37 | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠯ᠎ᠡ ᠲᠥᠷᠥᠯ ᠤᠨ ᠰᠤᠷᠭᠠᠭᠤᠯᠢ ᠶᠢ ᠬᠠᠮᠤᠷᠤᠭᠤᠯᠵᠤ᠂ | ᠰᠤᠷᠭᠠᠭᠤᠯᠢ ᠶᠢᠨ ᠢᠳᠡᠭᠡᠨ ᠤ 860 ᠬᠤᠪᠢ ᠥᠯᠢᠭᠡᠷ ᠡᠳ᠋ ᠲᠤ ᠬᠢᠨᠠᠨ ᠰᠢᠨᠵᠢᠯᠡᠯᠲᠡ ᠬᠢᠬᠦ ᠶᠢ ᠪᠡᠶᠡᠯᠡᠭᠦᠯᠵᠦ᠂ | 4626 ᠵᠤᠷᠪᠤᠰ ᠬᠢᠨᠠᠨ ᠰᠢᠨᠵᠢᠯᠡᠯᠲᠡ ᠶᠢᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠪᠡ᠃ ᠰᠤᠷᠤᠭᠴᠢᠳ ᠤᠨ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠳᠤ ᠬᠢᠨᠠᠨ ᠰᠢᠨᠵᠢᠯᠡᠯᠲᠡ ᠬᠢᠬᠦ ᠠᠵᠢᠯ ᠢ ᠢᠳᠡᠪᠬᠢᠲᠡᠶ ᠠᠬᠢᠭᠤᠯᠵᠤ | ᠂ 2021 ᠣᠨ ᠳᠤ 2 ᠠᠶᠢᠮᠠᠭ ᠬᠤᠲᠠ ᠶᠢᠨ 8 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠢᠨᠠᠨ | ᠰᠢᠨᠵᠢᠯᠡᠯᠲᠡ ᠬᠢᠵᠦ ᠪᠠᠶᠢᠭᠰᠠᠨ ᠠᠴᠠ ᠵᠢᠯ ᠪᠦᠷᠢ 30 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠢᠨᠠᠨ | ᠰᠢᠨᠵᠢᠯᠡᠯᠲᠡ ᠬᠢᠬᠦ ᠪᠣᠯᠭᠠᠨ ᠥᠷᠭᠡᠳᠬᠡᠵᠦ᠂ ︽2019 ᠣᠨ — 2021 ᠣᠨ ᠤ ᠬᠥᠳᠡᠭᠡ ᠲᠣᠰᠬᠤᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠥᠯᠥᠪᠯᠡᠭᠡ ᠳᠤ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ ᠮᠡᠷᠭᠡᠵᠢᠯ ᠤᠨ ᠮᠡᠳᠡᠭᠦᠯᠦᠯᠲᠡ︾ | ᠶᠢ ᠪᠣᠶ ᠪᠣᠯᠭᠠᠪᠠ᠃ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 300 ᠭᠠᠷᠤᠶ ᠲᠠᠯᠠᠪᠤᠷ | ᠵᠣᠬᠢᠶᠠᠨ ᠪᠠᠶᠢᠭᠤᠯᠵᠤ᠂ 3.2 ᠲᠦᠮᠡᠨ ᠪᠠᠭᠰᠢ ᠰᠣᠷᠣᠭᠴᠢ ᠭᠥᠯᠢᠶᠡᠨ ᠠᠪᠴᠤ ᠰᠣᠨᠣᠰᠪᠠ᠃ | ᠠᠤᠬᠠᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠳ᠋ᠧᠩᠺᠸᠦ ᠰᠢᠶᠠᠨ ᠤ ᠠᠷᠠᠳ ᠤᠨ ᠵᠠᠰᠠᠭ ᠤᠨ | ᠣᠷᠳᠣᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠤᠷᠭᠠᠭᠤᠯᠢ ᠶᠢᠨ ᠢᠳᠡᠭᠡᠨ ᠤ ᠠᠮᠤᠷ | ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠬᠡᠰᠡᠭ ᠰᠤᠷᠭᠠᠭᠤᠯᠢ ᠶᠢᠨ ᠰᠣᠷᠣᠭᠴᠢ ᠶᠢᠨ | ᠬᠤᠭᠤᠯᠠᠨ ᠬᠡᠷ ᠤᠨ ᠠᠵᠢᠯᠯᠠᠭᠠᠨ ᠤ ᠲᠠᠰᠤᠭ ᠲᠤ ᠪᠠᠨ ᠬᠤᠯᠤᠭᠠᠨ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ | ᠥᠬᠡᠶ᠂ ᠢᠳᠡᠭᠡᠨ ᠤ ᠥᠯᠢᠭᠡᠷ ᠡᠳ᠋ ᠦᠯᠡᠳᠡᠭᠡᠬᠦ ᠲᠤᠰᠬᠠᠶ ᠯᠠᠩᠭᠦᠶ ᠪᠠᠨ ᠣᠨᠢᠰᠤᠯᠠᠭᠰᠠᠨ ᠥᠬᠡᠶ᠂ ᠬᠤᠭᠤᠯᠠᠨ | ᠬᠡᠷ ᠤᠨ ᠥᠯᠢᠭᠡᠷ ᠡᠳ᠋ ᠦᠯᠡᠳᠡᠭᠡᠭᠰᠡᠨ ᠢᠳᠡᠭᠡᠨ ᠤ ᠨᠡᠷᠡᠶᠢᠳᠦᠯ᠂ ᠥᠯᠢᠭᠡᠷ ᠡᠳ᠋ ᠦᠯᠡᠳᠡᠭᠡᠭᠰᠡᠨ ᠲᠤᠭ᠎ᠠ ᠬᠡᠮᠵᠢᠶ᠎ᠡ᠂ | ᠥᠯᠢᠭᠡᠷ ᠡᠳ᠋ ᠦᠯᠡᠳᠡᠭᠡᠭᠰᠡᠨ ᠴᠠᠭ ᠬᠤᠭᠤᠴᠠᠭ᠎ᠠ᠂ ᠥᠯᠢᠭᠡᠷ ᠡᠳ᠋ ᠦᠯᠡᠳᠡᠭᠡᠭᠰᠡᠨ ᠬᠥᠮᠦᠨ ᠵᠡᠷᠭᠡ ᠶᠢᠨ ᠮᠡᠳᠡᠭᠡ | ᠵᠠᠩᠭᠢ ᠨᠢ ᠪᠦᠷᠢᠨ ᠪᠤᠰᠤ᠂ ᠬᠤᠭᠤᠯᠠᠨ ᠬᠡᠷ ᠤᠨ ᠠᠷᠢᠭᠤᠳᠬᠠᠭᠰᠠᠨ ᠲᠡᠮᠳᠡᠭᠯᠡᠯ ᠳᠠᠬᠢ ︽ᠠᠷᠢᠭᠤᠳᠬᠠᠬᠤ ᠠᠷᠭ᠎ᠠ | ᠮᠠᠶ᠋ᠢᠭ︾ ᠤᠨ ᠲᠡᠮᠳᠡᠭᠯᠡᠯ ᠨᠢ ᠪᠣᠳᠠᠲᠠᠶ ᠲᠠᠢ ᠨᠡᠶᠢᠴᠡᠬᠦ ᠥᠬᠡᠶ ᠵᠡᠷᠭᠡ ᠠᠰᠠᠭᠤᠳᠠᠯ ᠢ 10 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ︵ᠬᠤᠶᠠᠷ︶ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 6 ᠵᠦᠢᠯ ᠤᠨ ᠡᠭᠦᠷᠭᠡ ᠶᠢ ᠡᠮᠬᠢ | ᠵᠢᠷᠤᠮ ᠲᠠᠢ ᠪᠠᠷ ᠠᠬᠢᠭᠤᠯᠤᠨ ᠨᠠᠶᠢᠳᠠᠪᠤᠷᠢᠵᠢᠭᠤᠯᠪᠠ᠃ | 1.ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠤᠯᠢ ᠪᠠᠷ | ᠲᠣᠭᠲᠠᠭᠠᠭᠰᠠᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠠᠳᠤᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ | ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ 2018 — 2020 ᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠨᠡᠮᠡᠭᠳᠡᠯ ᠤᠨ | ᠪᠠᠶᠢᠳᠠᠯ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠶᠢ ᠲᠠᠲᠠᠪᠤᠷᠢᠯᠠᠭᠰᠠᠨ ᠪᠠᠶᠢᠳᠠᠯ ᠤᠨ ᠲᠤᠬᠠᠶ ᠪᠥᠬᠦ | ᠲᠠᠯ᠎ᠠ ᠪᠠᠷ ᠥᠪᠡᠷ ᠢᠶᠠᠨ ᠪᠠᠶᠢᠴᠠᠭᠠᠨ ᠵᠠᠯᠠᠷᠠᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ | ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠰᠤᠷᠭᠠᠨ | ᠬᠥᠮᠦᠵᠢᠯ ᠤᠨ ᠨᠡᠮᠡᠯᠲᠡ ᠵᠠᠷᠤᠳᠠᠯ ᠢ ᠪᠦᠬᠦᠨ ᠢ ᠰᠤᠷᠭᠠᠨ ᠬᠥᠮᠥᠵᠢᠯ ᠳᠤ ᠬᠡᠷᠡᠭᠯᠡᠬᠦ ᠶᠢ ᠪᠠᠲᠤᠯᠠᠪᠠ᠃ 2020 | ᠣᠨ ᠳᠤ᠂ ᠪᠥᠬᠦ ᠣᠷᠣᠨ ᠤ ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ | ᠬᠥᠮᠦᠵᠢᠯ ᠤᠨ ᠵᠠᠷᠤᠳᠠᠯ 642.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5. | 3% ᠪᠠᠷ ᠨᠡᠮᠡᠭᠳᠡᠪᠡ᠃ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠶ ᠣᠷᠣᠯᠭ᠎ᠠ 2325.75 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 1. 68% ᠪᠠᠷ ᠪᠠᠭᠤᠷᠠᠪᠠ᠃ ᠡᠩ ᠤᠨ ᠣᠯᠠᠨ | ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠭᠳᠡᠯ ᠨᠢ ᠡᠳ᠋ ᠤᠨ ᠵᠠᠰᠠᠭ ᠤᠨ | ᠪᠠᠶᠢᠩᠭᠤ ᠶᠢᠨ ᠴᠢᠨᠠᠷᠲᠠᠶ ᠣᠷᠣᠯᠭ᠎ᠠ ᠶᠢᠨ ᠨᠡᠮᠡᠭᠳᠡᠯ ᠠᠴᠠ 6.98 ᠵᠠᠭᠤᠨ ᠤ ᠴᠡᠭ ᠥᠨᠳᠥᠷ ᠪᠣᠯᠪᠠ᠃ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠤᠯᠤᠰ ᠤᠨ | ᠡᠳ᠋ ᠤᠨ ᠵᠠᠰᠠᠭ ᠤᠨ ᠴᠢᠨᠠᠷᠲᠠᠶ ᠰᠤᠷᠭᠠᠨ ᠬᠥᠮᠦᠵᠢᠯ ᠤᠨ ᠵᠠᠷᠤᠳᠠᠯ 3537.54 ᠳ᠋ᠦᠩᠰᠢᠭᠤᠷ ᠲᠥᠭᠦᠷᠢᠭ ᠲᠤ | ᠬᠦᠷᠴᠦ᠂ ᠡᠭᠦᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠳᠤ 1873.93 ᠳ᠋ᠦᠩᠰᠢᠭᠤᠷ ᠲᠥᠭᠦᠷᠢᠭ | ᠬᠡᠷᠡᠭᠯᠡᠵᠦ᠂ 52.97% ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠬᠤᠳᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ 2016 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ | ᠪᠥᠬᠦ ᠣᠷᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ︽ | ᠬᠤᠶᠠᠷ ᠢ ᠭᠡᠯᠳᠦᠷᠢᠭᠦᠯᠵᠦ ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠢᠭᠡᠳᠬᠡᠵᠦ᠂ ᠰᠣᠷᠣᠭᠴᠢ | ᠨᠢᠭᠡᠪᠦᠷᠢ ᠶᠢᠨ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠤᠭ᠎ᠠ ᠶᠢ | ᠨᠢᠭᠡᠳᠬᠡᠵᠦ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠵᠠᠷᠤᠳᠠᠯ ᠤᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠵᠤ᠂ ᠰᠤᠷᠭᠠᠨ ᠬᠥᠮᠥᠵᠢᠯ ᠤᠨ ᠵᠠᠷᠤᠳᠠᠯ ᠤᠨ ᠳᠠᠭᠠᠯᠳᠤᠭᠤᠯᠵᠤ ᠪᠣᠯᠬᠤ ᠶᠢ ᠪᠡᠶᠡᠯᠡᠭᠦᠯᠪᠡ᠃ 2020 | ᠣᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠣᠷᠣᠭᠴᠢ ᠨᠢᠭᠡᠪᠦᠷᠢ ᠶᠢᠨ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠪᠠᠷᠢᠮᠵᠢᠶ᠎ᠠ ᠶᠢ ᠳᠡᠭᠡᠭᠰᠢᠯᠡᠭᠦᠯᠦᠭᠡᠳ ᠰᠣᠷᠣᠭᠴᠢ ᠨᠢᠭᠡᠪᠦᠷᠢ ᠳᠤ ᠵᠢᠯ ᠪᠦᠷᠢ ᠪᠠᠭ᠎ᠠ ᠰᠤᠷᠭᠠᠭᠤᠯᠢ 650 ᠲᠥᠭᠦᠷᠢᠭ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 850 ᠲᠦᠭᠦᠷᠢᠭ ᠪᠣᠯᠭᠠᠪᠠ᠃ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠷ ᠪᠠᠶᠢᠰᠢᠩ ᠢ | ᠰᠡᠯᠪᠢᠨ ᠵᠠᠰᠠᠵᠤ ᠥᠭᠡᠷᠡᠴᠢᠯᠡᠬᠦ ᠳᠤ ᠨᠥᠬᠦᠪᠥᠷᠢ ᠥᠭᠴᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ | ᠬᠡᠷ ᠪᠠᠶᠢᠰᠢᠩ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠪᠠ᠃ ᠲᠥᠪᠯᠡᠷᠡᠨ ᠬᠡᠰᠡᠭᠷᠡᠭᠰᠡᠨ ᠣᠨᠴᠠ | ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠳᠤ ᠠᠮᠢᠳᠤᠷᠠᠯ ᠤᠨ ᠨᠥᠬᠦᠪᠥᠷᠢ ᠣᠯᠭᠤᠪᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠶ ᠠᠵᠢᠯ ᠤᠨ ᠪᠠᠶᠢᠷᠢ ᠶᠢᠨ | ᠪᠠᠭᠰᠢ ᠶᠢᠨ ᠲᠥᠯᠥᠪᠯᠡᠭᠡ ᠶᠢ ᠬᠡᠷᠡᠭᠵᠢᠭᠦᠯᠪᠡ᠃ 2018 ᠣᠨ ᠤ 7 ᠳ᠋ᠤᠭᠠᠷ ᠰᠠᠷ᠎ᠠ ᠠᠴᠠ ᠡᠬᠢᠯᠡᠨ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ︽ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾ ᠶᠢᠨ ᠪᠠᠭᠰᠢ ᠳᠤ ᠬᠥᠮᠦᠨ | ᠪᠦᠷᠢ ᠰᠤᠷᠤᠯᠭ᠎ᠠ ᠶᠢᠨ ᠵᠢᠯ ᠪᠦᠷᠢ ᠳᠤ 3.82 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠪᠡ᠃ | ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ 2021 ᠣᠨ ᠤ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠ | ᠤᠮᠳᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠰᠣᠷᠣᠭᠴᠢ ᠨᠢᠭᠡᠪᠦᠷᠢ ᠶᠢᠨ ᠡᠳᠦᠷ ᠤᠨ 4 ᠲᠥᠭᠦᠷᠢᠭ ᠪᠠᠶᠢᠭᠰᠠᠨ ᠠᠴᠠ | 5 ᠲᠥᠭᠦᠷᠢᠭ ᠪᠣᠯᠭᠠᠨ ᠳᠡᠭᠡᠭᠰᠢᠯᠡᠭᠦᠯᠪᠡ᠃ | ᠰᠢᠨ᠎ᠡ ᠪᠠᠷᠭᠤ ᠵᠡᠭᠦᠨ ᠬᠤᠰᠢᠭᠤᠨ ᠤ ᠬᠢᠨ 2018 — 2020 ᠣᠨ ᠤ ᠳᠤᠲᠠᠭᠤ ᠨᠥᠬᠦᠪᠦᠷᠢᠯᠡᠭᠰᠡᠨ | 594 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠨᠥᠬᠦᠪᠥᠷᠢ ᠶᠢ ᠨᠢᠭᠡᠨᠲᠡ | ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ | 390 ᠲᠦᠮᠡᠨ ᠲᠥᠭᠦᠷᠢᠭ ᠢ 2021 ᠣᠨ ᠤ ᠰᠤᠷᠭᠠᠭᠤᠯᠢ ᠶᠢᠨ ᠬᠦᠷᠢᠶᠡᠨ ᠤ ᠳᠤᠯᠠᠭᠠᠯᠠᠭ᠎ᠠ᠂ ᠰᠡᠯᠪᠢᠨ ᠵᠠᠰᠠᠬᠤ | ᠵᠠᠷᠤᠳᠠᠯ ᠳᠤ ᠬᠡᠷᠡᠭᠯᠡᠵᠦ᠂ 204 ᠲᠦᠮᠡᠨ ᠲᠥᠭᠦᠷᠢᠭ ᠢ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠤᠢ᠃ ︽ᠰᠤᠷᠭᠠᠨ ᠬᠥᠮᠦᠵᠢᠯ ᠤᠨ ᠵᠠᠷᠤᠳᠠᠯ ᠢ 1908 ᠲᠦᠮᠡᠨ | ᠲᠥᠭᠦᠷᠢᠭ ᠳᠤᠲᠠᠭᠤ ᠰᠠᠯᠭᠠᠵᠤ ᠥᠭᠭᠦᠭᠰᠡᠨ︾ ᠪᠠ ︽2020 ᠣᠨ ᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ | ᠳᠤᠮᠳᠠᠴᠢ ᠲᠥᠰᠦᠪ ᠤᠨ ᠳᠣᠲᠣᠷᠠᠬᠢ ᠰᠤᠷᠭᠠᠨ ᠬᠥᠮᠦᠵᠢᠯ ᠤᠨ ᠵᠠᠷᠤᠳᠠᠯ ᠢ 350 ᠲᠦᠮᠡᠨ ᠲᠥᠭᠦᠷᠢᠭ ᠳᠤᠲᠠᠭᠤ | ᠰᠠᠯᠭᠠᠵᠤ ᠥᠭᠭᠦᠭᠰᠡᠨ︾ ᠠᠰᠠᠭᠤᠳᠠᠯ ᠳᠤ ᠴᠢᠭᠯᠡᠭᠦᠯᠦᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠰᠢᠨ᠎ᠡ ᠪᠠᠷᠭᠤ ᠵᠡᠭᠦᠨ ᠬᠤᠰᠢᠭᠤᠨ ᠳᠤ ᠳᠠᠪᠠᠭᠤᠯᠤᠨ ᠰᠢᠯᠵᠢᠭᠦᠯᠬᠦ ᠪᠠᠯᠠ ᠮᠥᠩᠭᠦ ᠶᠢ | ᠭᠦᠢᠴᠡᠳᠬᠡᠬᠦ ᠪᠠᠷ ᠲᠣᠭᠲᠠᠵᠤ᠂ ᠳᠠᠪᠠᠭᠤᠯᠤᠨ ᠰᠢᠯᠵᠢᠭᠦᠯᠬᠦ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ | ᠣᠨ᠂ ᠬᠤᠭᠤᠴᠠᠭ᠎ᠠ ᠬᠤᠪᠢᠶᠠᠨ ᠨᠥᠬᠦᠪᠥᠷᠢᠯᠡᠨ ᠥᠭᠴᠦ᠂ 2025 ᠣᠨ ᠠᠴᠠ ᠡᠮᠦᠨ᠎ᠡ ᠳᠤᠲᠠᠭᠤ ᠨᠥᠬᠦᠪᠦᠷᠢᠯᠡᠨ | ᠥᠭᠭᠦᠭᠰᠡᠨ ᠪᠠᠯᠠ ᠮᠥᠩᠭᠦ ᠶᠢ ᠪᠦᠬᠦᠨ ᠢ ᠨᠥᠬᠦᠪᠥᠷᠢᠯᠡᠨ ᠰᠠᠯᠭᠠᠵᠤ ᠥᠭᠬᠦ ᠶᠢ ᠭᠦᠢᠴᠡᠳᠬᠡᠨ᠎ᠡ᠃ ᠠᠤᠬᠠᠨ | ᠬᠤᠰᠢᠭᠤᠨ ᠤ ᠳᠤᠲᠠᠭᠤ ᠰᠠᠯᠭᠠᠵᠤ ᠥᠭᠭᠦᠭᠰᠡᠨ 1025 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ | ᠵᠠᠷᠤᠳᠠᠯ ᠪᠠ 545.2 ᠲᠦᠮᠡᠨ ᠲᠥᠭᠦᠷᠢᠭ ᠤᠨ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ 9 ᠳ᠋ᠦ᠋ᠭᠡᠷ ᠰᠠᠷ᠎ᠠ ᠶᠢᠨ | 26 ᠤ ᠡᠳᠦᠷ ᠪᠦᠬᠦᠨ ᠢ ᠨᠥᠬᠦᠪᠦᠷᠢᠯᠡᠨ ᠥᠭᠴᠦ᠂ ᠠᠤᠬᠠᠨ ᠬᠤᠰᠢᠭᠤᠨ ᠤ ᠰᠢᠨ ᠬᠤᠶ ᠠᠷᠪᠠᠳᠤᠭᠠᠷ ᠪᠠᠭ᠎ᠠ | ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠ ᠪᠠᠭᠰᠢ ᠶᠢᠨ ᠪᠣᠯᠪᠠᠰᠤᠷᠠᠯ ᠤᠨ ᠠᠵᠢᠯ ᠳᠤ ᠬᠡᠷᠡᠭᠯᠡᠪᠡ᠃ ᠳ᠋ᠧᠩᠺᠸᠤ | ᠰᠢᠶᠠᠨ ᠤ ᠬᠢᠨ 2018 ᠣᠨ ᠳᠤ ᠳᠤᠲᠠᠭᠤ ᠰᠠᠯᠭᠠᠵᠤ ᠥᠭᠭᠦᠭᠰᠡᠨ 574 ᠲᠦᠮᠡᠨ ᠲᠥᠭᠦᠷᠢᠭ ᠢ ᠨᠢᠭᠡᠨᠲᠡ | ᠨᠥᠬᠦᠪᠦᠷᠢᠯᠡᠨ ᠥᠭᠴᠦ᠂ 2018 ᠣᠨ ᠳᠤ ᠭᠤᠷᠪᠠᠨ ᠨᠡᠮᠡᠭᠳᠡᠯ ᠨᠢ ᠴᠥᠮ ᠪᠠᠷᠢᠮᠵᠢᠶ᠎ᠠ ᠳᠤ ᠬᠦᠷᠴᠡᠢ᠃ | 2. ᠰᠤᠷᠭᠠᠨ ᠬᠥᠮᠦᠵᠢᠯ ᠤᠨ ᠵᠠᠷᠤᠳᠠᠯ ᠤᠨ ᠬᠢᠨᠠᠨ ᠬᠠᠮᠢᠶᠠᠷᠤᠯᠲᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠤᠨ | ᠲᠤᠬᠠᠢ᠃ ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ 10 ᠳ᠋ᠤᠭᠠᠷ ᠰᠠᠷ᠎ᠠ ᠶᠢᠨ 14 ᠤ | ᠡᠳᠦᠷ 2018 — 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ | ᠬᠠᠮᠢᠶᠠᠷᠤᠯᠲᠠ ᠶᠢᠨ ᠪᠠᠶᠢᠳᠠᠯ ᠳᠤ ᠲᠤᠰᠬᠠᠶ ᠬᠢᠨᠠᠨ ᠪᠤᠳᠤᠯᠲᠠ ᠬᠢᠵᠦ᠂ 11 ᠳ᠋ᠦ᠋ᠭᠡᠷ ᠰᠠᠷ᠎ᠠ ᠶᠢᠨ 10 ᠤ ᠡᠳᠦᠷ | ᠨᠢᠭᠡᠨᠲᠡ ᠪᠥᠬᠦ ᠬᠢᠨᠠᠨ ᠪᠤᠳᠤᠯᠲᠠ ᠶᠢ ᠳᠠᠭᠤᠰᠬᠠᠵᠤ᠂ 11 ᠳ᠋ᠦ᠋ᠭᠡᠷ ᠰᠠᠷ᠎ᠠ ᠶᠢᠨ 15 ᠤ ᠡᠳᠦᠷ ᠬᠢᠨᠠᠨ | ᠪᠤᠳᠤᠯᠲᠠ ᠶᠢᠨ ᠮᠡᠳᠡᠭᠦᠯᠦᠯᠲᠡ ᠭᠠᠷᠭᠠᠪᠠ᠃ ᠳ᠋ᠧᠩᠺᠸᠤ ᠰᠢᠶᠠᠨ ᠤ ᠬᠢᠨᠠᠨ ᠪᠤᠳᠤᠬᠤ ᠲᠣᠪᠴᠢᠶ᠎ᠠ ᠠᠴᠠ ᠳ᠋ᠧᠩᠺᠸᠤ | ᠰᠢᠶᠠᠨ ᠤ ᠨᠢᠭᠡᠳᠦᠭᠡᠷ ᠪᠦᠷᠢᠨ ᠳᠤᠮᠳᠠᠳᠤ ᠰᠤᠷᠭᠠᠭᠤᠯᠢ ᠪᠣᠯᠤᠨ ᠳ᠋ᠧᠩᠺᠸᠤ ᠰᠢᠶᠠᠨ ᠤ ᠲᠤᠷᠰᠢᠯᠲᠠ ᠶᠢᠨ ᠳᠤᠮᠳᠠᠳᠤ | ᠰᠤᠷᠭᠠᠭᠤᠯᠢ ᠶᠢᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠬᠢᠨᠠᠨ ᠪᠤᠳᠤᠯᠳᠠ ᠬᠢᠵᠦ᠂ ᠰᠤᠷᠭᠠᠨ ᠬᠥᠮᠦᠵᠢᠯ ᠤᠨ | ᠲᠣᠪᠴᠢᠶ᠎ᠠ ᠠᠴᠠ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠵᠠᠷᠤᠳᠠᠯ ᠤᠨ | ᠬᠡᠷᠡᠭᠯᠡᠯᠲᠡ ᠶᠢᠨ ᠪᠠᠶᠢᠳᠠᠯ ᠳᠤ ᠳᠣᠲᠣᠭᠠᠳᠤ ᠬᠢᠨᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠᠷ ᠱᠠᠭᠠᠷᠳᠠᠯᠭ᠎ᠠ ᠳᠤᠷᠠᠳᠴᠤ᠂ ᠣᠳᠣᠬᠠᠨ ᠳᠤ ᠡᠯ᠎ᠡ ᠰᠤᠷᠭᠠᠭᠤᠯᠢ ᠶᠢᠨ ᠬᠢᠨ ᠬᠢᠨᠠᠨ | ᠪᠤᠳᠤᠯᠳᠠ ᠶᠢᠨ ᠮᠡᠳᠡᠭᠦᠯᠦᠯᠲᠡ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠳᠠᠭᠤᠰᠪᠠ᠃ | 3. ᠪᠠᠭᠰᠢ ᠶᠢᠨ ᠡᠩᠨᠡᠭᠡᠨ ᠤ ᠪᠦᠲᠦᠴᠡ ᠶᠢᠨ ᠴᠢᠨᠠᠷᠲᠠᠢ ᠳᠤᠲᠠᠭᠤᠳᠠᠯ ᠤᠨ ᠠᠰᠠᠭᠤᠳᠠᠯ ᠤᠨ ᠲᠤᠬᠠᠢ᠃ | ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ ᠣᠷᠣᠨ | ᠲᠤᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ᠪᠠᠷᠢᠮᠵᠢᠶ᠎ᠠ ᠶᠣᠰᠣᠭᠠᠷ ᠭᠤᠷᠪᠠᠨ ᠵᠢᠯ ᠳᠤ ᠨᠢᠭᠡ ᠤᠳᠠᠭ᠎ᠠ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠳᠤ ᠲᠣᠬᠢᠷᠠᠭᠤᠯᠤᠯᠲᠠ ᠬᠢᠵᠦ᠂ ᠨᠠᠰᠤ ᠠᠭᠢᠭᠰᠠᠨ᠂ | ᠬᠡᠪ ᠴᠢᠨᠠᠷ ᠬᠡᠳᠦ ᠳᠣᠤᠷ᠎ᠠ ᠪᠠᠭᠰᠢ ᠵᠢᠴᠢ ᠬᠠᠷᠢᠴᠠᠯ ᠠᠴᠠ ᠬᠡᠲᠦᠷᠡᠭᠰᠡᠨ ᠬᠠᠮᠢᠶᠠᠷᠤᠯᠲᠠ ᠪᠠ ᠬᠢᠴᠢᠶᠡᠯ ᠬᠥᠮᠦᠵᠢᠯ ᠤᠨ | ᠬᠠᠪᠰᠤᠷᠤᠨ ᠵᠢᠯᠣᠭᠤᠳᠬᠤ ᠠᠵᠢᠯᠲᠠᠨ ᠢ ᠵᠦᠶ ᠵᠣᠬᠢᠰᠲᠠᠶ ᠪᠠᠷ ᠠᠵᠢᠯ ᠤᠨ ᠪᠠᠶᠢᠷᠢ ᠰᠢᠯᠵᠢᠭᠦᠯᠦᠨ ᠲᠥᠪᠬᠢᠨᠡᠭᠦᠯᠵᠦ᠂ | ᠬᠥᠮᠦᠨ ᠡᠯᠰᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠶᠢᠨ ᠡᠩᠨᠡᠭᠡᠨ ᠤ ᠪᠦᠲᠦᠴᠡ ᠶᠢ | ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠠᠯᠪᠠᠨ ᠬᠡᠷ ᠠᠴᠠ ᠪᠠᠭᠰᠢ ᠠᠵᠢᠯᠲᠠᠨ ᠤ ᠣᠷᠣᠨ ᠲᠤᠭ᠎ᠠ ᠶᠢ ᠬᠡᠷᠡᠭᠯᠡᠵᠦ ᠪᠠᠶᠢᠭ᠎ᠠ ᠪᠠᠶᠢᠳᠠᠯ ᠢ | ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠵᠤ᠂ | ᠲᠤᠬᠠᠶ ᠶᠢᠨ ᠭᠠᠵᠠᠷ ᠤᠨ ᠪᠠᠶᠢᠳᠠᠯ ᠳᠤ ᠨᠢ ᠳᠣᠭᠢᠷᠠᠭᠤᠯᠤᠨ ᠣᠷᠣᠨ ᠲᠤᠭ᠎ᠠ ᠶᠢ ᠬᠠᠷᠭᠤᠭᠤᠯᠬᠤ ᠠᠷᠭ᠎ᠠ ᠮᠠᠶ᠋ᠢᠭ ᠢ | ᠰᠢᠨᠡᠴᠢᠯᠡᠵᠦ᠂ ᠬᠤᠲᠠ ᠬᠥᠳᠡᠭᠡ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠨᠢᠭᠡᠳᠬᠡᠨ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠳᠤ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠲᠤᠰᠬᠠᠶ ᠣᠷᠣᠨ | ᠲᠤᠭ᠎ᠠ ᠶᠢ ᠲᠤᠰᠬᠠᠶᠢᠵᠢᠭᠤᠯᠤᠨ ᠬᠡᠷᠡᠭᠯᠡᠬᠦ ᠶᠢ ᠪᠡᠶᠡᠯᠡᠭᠦᠯᠪᠡ᠃ ᠪᠠᠭᠰᠢ ᠶᠢ ᠨᠥᠬᠦᠪᠥᠷᠢᠯᠡᠬᠦ ᠲᠠᠯ᠎ᠠ ᠪᠠᠷ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠤᠲᠠ ᠯᠤᠭ᠎ᠠ ᠬᠠᠷᠢᠯᠴᠠᠨ ᠨᠢᠭᠡᠳᠬᠡᠵᠦ᠂ ︽ | ᠠᠩᠭᠢ ᠪᠠᠭᠰᠢ ᠶᠢᠨ ᠬᠠᠷᠢᠴᠠᠯ︾ ᠪᠠ ︽ᠰᠣᠷᠣᠭᠴᠢ ᠪᠠᠭᠰᠢ ᠶᠢᠨ ᠬᠠᠷᠢᠴᠠᠯ︾ ᠭᠡᠬᠦ ᠬᠤᠶᠠᠷ ᠵᠦᠢᠯ ᠤᠨ ᠠᠷᠭ᠎ᠠ | ᠮᠠᠶ᠋ᠢᠭ ᠢᠶᠠᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠦᠨᠳᠦᠰᠦᠨ ᠣᠷᠣᠨ ᠲᠤᠭ᠎ᠠ ᠶᠢ | ᠬᠠᠷᠭᠤᠭᠤᠯᠤᠨ ᠲᠣᠭᠲᠠᠭᠠᠵᠤ᠂ ᠪᠤᠶᠢᠳᠠ ᠪᠥᠭᠯᠡᠭᠦᠤ ᠭᠠᠵᠠᠷ ᠣᠷᠣᠨ ᠤ ᠠᠩᠭᠢ ᠶᠢᠨ ᠲᠤᠭ᠎ᠠ ᠪᠠᠭ᠎ᠠ᠂ ᠪᠠᠭᠰᠢ ᠶᠢᠨ | ᠬᠡᠷᠡᠭᠴᠡᠭᠡ ᠱᠠᠭᠠᠷᠳᠠᠯᠭ᠎ᠠ ᠶᠡᠭᠡ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ 300 ᠨᠡᠷᠡᠰ ᠪᠠᠭᠰᠢ ᠶᠢᠨ | ᠲᠤᠰᠬᠠᠶ ᠣᠷᠣᠨ ᠲᠤᠭ᠎ᠠ ᠶᠢ ᠳᠣᠭᠢᠷᠠᠭᠤᠯᠤᠨ ᠪᠥᠬᠦ ᠣᠷᠣᠨ ᠤ ︽ᠭᠤᠷᠪᠠᠨ ᠬᠢᠴᠢᠶᠡᠯ ᠲᠥᠷᠥᠯ︾ ᠤᠨ ᠪᠠᠭᠰᠢ ᠶᠢᠨ | ᠪᠣᠯᠪᠠᠰᠤᠷᠠᠭᠤᠯᠤᠨ ᠨᠥᠬᠦᠪᠦᠷᠢᠯᠡᠬᠦ ᠡᠷᠭᠢᠯᠲᠡ ᠶᠢ ᠳᠡᠮᠵᠢᠬᠦ ᠳᠤ ᠬᠡᠷᠡᠭᠯᠡᠵᠦ᠂ ︽ᠭᠤᠷᠪᠠᠨ ᠬᠢᠴᠢᠶᠡᠯ ᠲᠥᠷᠥᠯ︾ ᠤᠨ | 1600 ᠨᠡᠷᠡᠰ ᠪᠠᠭᠰᠢ ᠶᠢ ᠨᠥᠬᠦᠪᠦᠷᠢᠯᠡᠪᠡ᠃ 9 ᠠᠶᠢᠮᠠᠭ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ | ᠲᠥᠯᠥᠪᠯᠡᠭᠡ ᠶᠢᠨ ᠣᠷᠣᠨ ᠲᠤᠭ᠎ᠠ ᠶᠢ 1221 ᠨᠡᠷᠡᠰ ᠴᠤᠬᠤᠯᠠᠪᠤᠷᠢᠯᠠᠨ ᠬᠠᠷᠢᠭᠤᠯᠵᠤ᠂ ᠠᠶᠢᠮᠠᠭ ᠬᠤᠲᠠ ᠵᠢᠴᠢ | ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠬᠡᠷᠡᠭᠯᠡᠬᠦ ᠳᠤ 8336 ᠨᠡᠷᠡᠰ | ᠬᠤᠭᠤᠰᠣᠨ ᠣᠷᠣᠨ ᠲᠤᠭ᠎ᠠ ᠬᠡᠷᠡᠭᠯᠡᠬᠦ ᠪᠠᠷ ᠳᠠᠩᠰᠠᠯᠠᠭᠤᠯᠪᠠ᠃ ᠬᠥᠮᠦᠨ ᠬᠡᠷᠡᠭᠯᠡᠬᠦ ᠡᠵᠡᠨ ᠮᠡᠳᠡᠬᠦ ᠡᠷᠬᠡ ᠶᠢ | ᠨᠠᠶᠢᠳᠠᠪᠤᠷᠢᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠨᠢᠭᠡᠨᠲᠡ ᠳᠤᠮᠳᠠᠳᠤ ᠪᠠᠭ᠎ᠠ ᠰᠤᠷᠭᠠᠭᠤᠯᠢ᠂ | ᠬᠡᠤᠬᠡᠳ ᠤᠨ ᠴᠡᠴᠡᠷᠯᠢᠭ ᠤᠨ ᠪᠠᠭᠰᠢ ᠤᠷᠢᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠷᠬᠡ ᠶᠢᠨ | ᠬᠢᠵᠠᠭᠠᠷ ᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠠᠭᠤᠯᠭᠠᠵᠤ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠢᠭᠡᠳ ᠬᠤᠰᠢᠭᠤ ᠰᠢᠶᠠᠨ ︵ᠬᠤᠲᠠ᠂ | ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠵᠡᠨ ᠮᠡᠳᠡᠵᠦ | ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠪᠠᠭᠰᠢ ᠤᠷᠢᠨ ᠬᠡᠷᠡᠭᠯᠡᠬᠦ ᠠᠵᠢᠯ ᠤᠨ ᠲᠣᠭᠲᠠᠴᠠ ᠶᠢ ᠪᠣᠶ | ᠪᠣᠯᠭᠠᠪᠠ᠃ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ | 2021 ᠣᠨ ᠤ 5 ᠳ᠋ᠤᠭᠠᠷ ᠰᠠᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ᠂ | ᠬᠡᠤᠬᠡᠳ ᠤᠨ ᠴᠡᠴᠡᠷᠯᠢᠭ ᠤᠨ ᠪᠠᠭᠰᠢ ᠤᠷᠢᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠨ ᠪᠠᠶᠢᠷᠢᠯᠠᠭᠤᠯᠪᠠ᠃ | ᠡᠨᠡ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ | ᠠᠵᠢᠯ ᠤᠨ ᠰᠠᠷ᠎ᠠ ᠶᠢᠨ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠤᠷᠢᠨ ᠬᠡᠷᠡᠭᠯᠡᠬᠦ ᠠᠵᠢᠯ ᠤᠨ ᠳᠤᠮᠳᠠᠬᠢ | ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠤᠷᠢᠨ ᠬᠡᠷᠡᠭᠯᠡᠬᠦ ᠭᠠᠷ ᠭᠦᠢᠴᠡᠳᠬᠡᠯ ᠢ | ᠳᠥᠭᠦᠮᠴᠢᠯᠡᠨ᠂ ᠤᠷᠢᠨ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ 2021 ᠣᠨ ᠤ 11 ᠳ᠋ᠦ᠋ᠭᠡᠷ ᠰᠠᠷ᠎ᠠ ᠶᠢᠨ | ᠰᠡᠭᠦᠯᠴᠢ ᠪᠣᠯᠲᠠᠯ᠎ᠠ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢ | ᠨᠡᠶᠢᠲᠡ 8101 ᠨᠡᠷᠡᠰ ᠤᠷᠢᠨ ᠬᠡᠷᠡᠭᠯᠡᠵᠦ᠂ ᠨᠢᠭᠡᠨᠲᠡ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠪᠠᠨ ᠭᠠᠷᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠨᠠᠮ ᠤᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠬᠡᠷ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢ ᠢᠯᠡ ᠪᠠᠷ ᠤᠷᠢᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ | ᠨᠡᠶᠢᠲᠡᠯᠡᠪᠡ᠃ | 4. ᠰᠤᠷᠭᠠᠭᠤᠯᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠳᠤ ᠳᠤᠲᠠᠭᠤᠳᠠᠯ ᠣᠷᠣᠰᠢᠵᠤ ᠪᠠᠶᠢᠭ᠎ᠠ | ᠠᠰᠠᠭᠤᠳᠠᠯ ᠤᠨ ᠲᠤᠬᠠᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠭᠦᠯᠦᠯᠲᠡ | ᠥᠭᠡᠷᠡᠴᠢᠯᠡᠯᠲᠡ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ᠂ | ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠪᠠᠶᠢᠳᠠᠯ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠰᠢᠯᠲᠠᠭᠠᠨ ᠢ ᠵᠠᠳᠠᠯᠵᠤ᠂ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠭᠤᠷᠠᠶ | ᠭᠤᠭᠴᠤᠭ᠎ᠠ ᠶᠢ ᠬᠠᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠳᠬᠠᠵᠤ᠂ ᠰᠤᠷᠭᠠᠭᠤᠯᠢ ᠡᠷᠭᠢᠯᠡᠬᠦ ᠨᠥᠬᠦᠴᠡᠯ | ᠬᠦᠷᠦᠯᠴᠡᠬᠦ ᠥᠬᠡᠶ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ | ᠤᠨ ᠲᠥᠯᠥᠪᠵᠢᠭᠦᠯᠭᠡ ᠶᠢᠨ ᠬᠤᠭᠤᠴᠠᠭᠠᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠪᠠᠲᠤᠯᠠᠨ ᠰᠠᠶᠢᠵᠢᠷᠠᠭᠤᠯᠬᠤ | ᠲᠥᠯᠥᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠤᠷᠠᠶ ᠭᠤᠭᠴᠤᠭ᠎ᠠ ᠶᠢ ᠬᠠᠯᠠᠨ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ | ᠲᠥᠷᠥᠯ ᠵᠦᠢᠯ ᠤᠨ ᠲᠥᠯᠥᠪᠵᠢᠭᠦᠯᠭᠡ ︵2021 — 2025 ᠣᠨ︶︾ ᠶᠢ ᠳᠠᠷᠤᠮᠠᠯᠯᠠᠨ ᠲᠠᠷᠬᠠᠭᠠᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠪᠠᠲᠤᠯᠠᠬᠤ᠂ ᠮᠠᠯᠵᠢᠬᠤ ᠲᠠᠷᠢᠶᠠᠯᠠᠬᠤ | ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ | ᠰᠠᠶᠢᠵᠢᠷᠠᠭᠤᠯᠬᠤ ᠲᠠᠯ᠎ᠠ ᠪᠠᠷ ᠭᠤᠤᠯᠳᠠᠯᠭ᠎ᠠ ᠲᠠᠢ ᠲᠣᠬᠢᠷᠠᠭᠤᠯᠤᠯᠲᠠ ᠬᠢᠪᠠ᠃ 2021 — 2025 ᠣᠨ ᠳᠤ᠂ | ︽ᠴᠢᠳᠠᠪᠤᠷᠢ ᠶᠢ ᠳᠡᠭᠡᠭᠰᠢᠯᠡᠭᠦᠯᠬᠦ︾ ᠲᠥᠷᠥᠯ ᠵᠦᠢᠯ ᠢ ᠪᠥᠬᠦ ᠣᠷᠣᠨ ᠤ 12 ᠠᠶᠢᠮᠠᠭ ᠬᠤᠲᠠ ᠪᠠ 2 ᠠᠰ ᠲᠤ ᠨᠢ | ᠲᠥᠯᠥᠪᠯᠡᠬᠦ ᠬᠤᠲᠠ᠂ 113 ᠰᠢᠶᠠᠨ ᠤ ᠱᠠᠲᠤᠨ ᠤ ᠨᠢᠭᠡᠴᠢ ︵ᠠᠶᠢᠮᠠᠭ ᠬᠤᠲᠠ ᠶᠢᠨ ᠲᠣᠰ ᠱᠠᠲᠤ᠂ | ᠨᠡᠭᠡᠭᠡᠯᠲᠡ ᠶᠢᠨ ᠲᠣᠭᠤᠷᠢᠭ ᠪᠠᠭᠲᠠᠨ᠎ᠠ︶᠂ 1548 ᠰᠤᠷᠭᠠᠭᠤᠯᠢ ᠳᠤ ᠬᠠᠮᠤᠷᠤᠭᠤᠯᠤᠨ᠎ᠠ᠃ 59.4 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠵᠢᠭᠦᠯᠵᠦ᠂ ᠰᠤᠷᠭᠠᠭᠤᠯᠢ ᠶᠢᠨ ᠪᠠᠶᠢᠷᠢ ᠶᠢᠨ ᠭᠡᠷ ᠤᠨ ᠪᠥᠲᠥᠭᠡᠨ | ᠪᠠᠶᠢᠭᠤᠯᠤᠯᠲᠠ ᠶᠢᠨ ᠲᠠᠯᠠᠪᠠᠶ 116.37 ᠲᠦᠮᠡᠨ ᠺᠤᠸᠠᠲ ᠮᠧᠲᠷ᠂ ᠲᠠᠮᠢᠷ ᠤᠨ ᠲᠠᠯᠠᠪᠠᠶ 282.22 ᠲᠦᠮᠡᠨ | ᠺᠤᠸᠠᠲ ᠮᠧᠲᠷ᠂ ᠬᠥᠳᠡᠯᠮᠦᠷᠢ ᠶᠢᠨ ᠬᠥᠮᠦᠵᠢᠯ ᠤᠨ ᠲᠠᠯᠠᠪᠠᠶ ︵ᠠᠵᠢᠯᠯᠠᠭᠠᠨ ᠤ ᠦᠢᠯᠡᠳᠦᠯᠭᠡ ᠶᠢᠨ ᠰᠠᠭᠤᠷᠢᠨ ᠭᠠᠵᠠᠷ︶ | 2.37 ᠲᠦᠮᠡᠨ ᠺᠤᠸᠠᠲ ᠮᠧᠲᠷ ᠬᠦᠷᠭᠡᠵᠦ᠂ ᠨᠣᠮ ᠪᠢᠴᠢᠭ ᠵᠢᠴᠢ ᠵᠢᠭᠠᠨ ᠰᠤᠷᠭᠠᠯᠲᠠ ᠶᠢᠨ ᠬᠡᠮᠵᠢᠭᠦᠷᠯᠢᠭ | ᠪᠡᠯᠡᠳᠬᠡᠮᠵᠢ 10 ᠳ᠋ᠦᠩᠰᠢᠭᠤᠷ ᠲᠥᠭᠦᠷᠢᠭ᠂ ᠠᠮᠢᠳᠤᠷᠠᠯ ᠤᠨ ᠪᠡᠯᠡᠳᠬᠡᠮᠵᠢ 7881 ᠲᠦᠮᠡᠨ ᠲᠥᠭᠦᠷᠢᠭ᠂ | ᠬᠢᠴᠢᠶᠡᠯ ᠤᠨ ᠰᠢᠷᠡᠭᠡ ᠰᠠᠨᠳᠠᠯᠢ 4874 ᠲᠦᠮᠡᠨ ᠲᠥᠭᠦᠷᠢᠭ᠂ ᠪᠤᠰᠤᠳ ᠪᠡᠯᠡᠳᠬᠡᠮᠵᠢ 1.5 ᠳ᠋ᠦᠩᠰᠢᠭᠤᠷ | ᠲᠥᠭᠦᠷᠢᠭ ᠬᠤᠳᠠᠯᠳᠤᠨ ᠠᠪᠬᠤ ᠪᠠᠷ ᠲᠥᠯᠥᠪᠵᠢᠭᠦᠯᠪᠡ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ 6.9 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠥᠳᠡᠭᠡ ᠲᠣᠰᠬᠤᠨ ︵ᠭᠠᠴᠠᠭ᠎ᠠ︶ ᠤ ᠪᠠᠭ᠎ᠠ ᠬᠡᠪᠴᠢᠶᠡᠨ ᠤ ᠰᠤᠷᠭᠠᠭᠤᠯᠢ ᠪᠣᠯᠤᠨ ᠰᠤᠮᠤ | ᠰᠢᠶᠠᠩ ᠪᠠᠯᠭᠠᠰᠤ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ | ᠬᠡᠷᠡᠭᠯᠡᠪᠡ᠃ 1.3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠳᠡᠮᠵᠢᠵᠦ᠂ ᠪᠠᠭᠰᠢ ᠶᠢᠨ ᠲᠤᠰᠬᠠᠶ ᠪᠣᠯᠪᠠᠰᠤᠷᠠᠯ ᠢ ᠥᠷᠨᠢᠭᠦᠯᠪᠡ᠃ ︽︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠠᠬᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ᠂ | ᠤᠤᠯ ᠤᠨ ᠤᠯᠤᠰ ᠤᠨ ᠲᠠᠰ ᠤᠨ 31 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠵᠢᠴᠢ ᠠᠮᠢᠳᠤᠷᠠᠯ ᠳᠤ ᠬᠡᠷᠡᠭᠯᠡᠬᠦ ᠬᠡᠷ ᠪᠠᠶᠢᠰᠢᠩ᠂ ᠪᠡᠶ᠎ᠡ ᠶᠢᠨ | ᠲᠠᠮᠢᠷ ᠭᠤᠸ᠎ᠠ ᠰᠠᠶᠢᠬᠠᠨ ᠪᠠ ᠬᠥᠳᠡᠯᠮᠦᠷᠢ ᠶᠢᠨ ᠬᠥᠮᠥᠵᠢᠯ ᠤᠨ ᠲᠠᠯᠠᠪᠤᠷ ᠭᠠᠵᠠᠷ᠂ ᠬᠢᠯᠢ ᠬᠢᠵᠠᠭᠠᠷ ᠤᠨ ᠬᠦᠴᠢᠷ | ᠪᠡᠷᠬᠡᠰᠢᠶᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠷᠭᠢᠯᠲᠡ ᠶᠢᠨ ᠪᠠᠶᠢᠷᠢ ᠵᠡᠷᠭᠡ ᠲᠥᠷᠥᠯ | ᠵᠦᠢᠯ ᠳᠤ ᠭᠤᠤᠯᠳᠠᠯᠭ᠎ᠠ ᠲᠠᠢ ᠪᠠᠷ ᠪᠥᠲᠥᠭᠡᠨ ᠪᠠᠶᠢᠭᠤᠯᠤᠯᠲᠠ ᠬᠢᠪᠠ᠃ ᠵᠢᠯ ᠤᠨ ᠡᠴᠦᠰ ᠪᠣᠯᠬᠤ ᠳᠤ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ 14098 ᠲᠦᠮᠡᠨ | ᠲᠥᠭᠦᠷᠢᠭ ᠨᠠᠶᠢᠳᠠᠪᠤᠷᠢᠵᠢᠭᠤᠯᠵᠤ᠂ ᠤᠤᠯ ᠤᠨ ᠤᠯᠤᠰ ᠤᠨ ᠲᠠᠰ ᠤᠨ 14 ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠪᠠ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ 1 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | 20 ᠳᠤᠮᠳᠠᠳᠤ ᠪᠠᠭ᠎ᠠ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠪᠠᠷ ᠪᠤᠢ᠃ | ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤᠨ ᠤ ᠬᠤᠶᠠᠷ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠭᠤᠯᠤᠨ᠂ ᠰᠣᠷᠣᠭᠴᠢ ᠨᠢᠭᠡᠪᠦᠷᠢ ᠶᠢᠨ ᠳᠤᠮᠳᠠᠴᠢ ᠵᠢᠭᠠᠨ | ᠰᠤᠷᠭᠠᠯᠲᠠ ᠶᠢᠨ ᠪᠠᠭᠠᠵᠢ ᠬᠡᠮᠵᠢᠭᠦᠷᠯᠢᠭ ᠤᠨ ᠬᠡᠮᠵᠢᠭᠳᠡᠯ ᠨᠢ ᠨᠢᠭᠡᠨᠲᠡ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ | ᠬᠦᠷᠭᠡᠪᠡ᠃ ᠰᠤᠷᠭᠠᠭᠤᠯᠢ ᠶᠢᠨ ᠬᠤᠭᠤᠷᠣᠨᠳᠣ ᠲᠣᠬᠢᠷᠠᠭᠤᠯᠤᠯᠲᠠ ᠬᠢᠬᠦ᠂ ᠬᠤᠪᠢᠶᠠᠷᠢᠯᠠᠨ ᠲᠣᠬᠢᠷᠠᠭᠤᠯᠵᠤ ᠠᠵᠢᠯ ᠤᠨ | ᠪᠠᠶᠢᠷᠢ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠳᠣᠲᠣᠷᠠᠬᠢ ᠣᠷᠣᠨ ᠲᠤᠭ᠎ᠠ | ᠪᠠ ᠣᠷᠣᠨ ᠲᠤᠭ᠎ᠠ ᠠᠴᠠ ᠬᠡᠲᠦᠷᠡᠭᠰᠡᠨ ᠠᠰᠠᠭᠤᠳᠠᠯ ᠢ ᠰᠢᠢᠳᠪᠦᠷᠢᠯᠡᠵᠦ᠂ ᠪᠠᠭᠰᠢ ᠰᠣᠷᠣᠭᠴᠢ ᠶᠢᠨ ᠬᠠᠷᠢᠴᠠᠯ ᠢ | ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠶᠢᠯᠭᠠᠬᠤ ᠶᠢ ᠪᠡᠶᠡᠯᠡᠭᠦᠯᠪᠡ᠃ ᠰᠤᠷᠭᠠᠨ ᠬᠥᠮᠦᠵᠢᠯ ᠢ ᠳᠡᠮᠵᠢᠵᠦ | ᠬᠠᠪᠰᠤᠷᠤᠨ ᠲᠡᠳᠬᠦᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠢᠭᠠᠨ ᠰᠤᠷᠭᠠᠯᠲᠠ ᠶᠢᠨ | ᠨᠢᠷᠤᠭᠤᠪᠴᠢ ᠬᠦᠴᠦᠨ ᠢ ᠰᠣᠩᠭᠤᠨ ᠲᠣᠮᠢᠯᠠᠵᠤ ᠦᠨᠳᠦᠰᠦᠨ ᠱᠠᠲᠤᠨ ᠤ ᠰᠤᠷᠭᠠᠭᠤᠯᠢ ᠳᠤ ᠤᠷᠢᠭᠤᠯᠤᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠥᠷᠨᠢᠭᠦᠯᠵᠦ᠂ ᠪᠠᠭᠤᠷᠠᠶ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ᠂ ᠰᠣᠷᠣᠭᠴᠢ ᠶᠢᠨ ᠭᠠᠳᠠᠭᠰᠢ ᠨᠡᠭᠦᠳᠡᠯᠯᠡᠬᠦ ᠶᠢ ᠬᠢᠵᠠᠭᠠᠷᠯᠠᠵᠤ᠂ ᠦᠨᠳᠦᠰᠦᠨ | ᠱᠠᠲᠤᠨ ᠤ ᠰᠤᠷᠭᠠᠭᠤᠯᠢ ᠶᠢᠨ ︽ᠰᠣᠷᠣᠭᠴᠢ ᠶᠢᠨ ᠢᠷᠡᠯᠲᠡ ᠬᠦᠷᠦᠯᠴᠡᠬᠦ ᠥᠬᠡᠶ︾ ᠪᠠᠶᠢᠬᠤ ᠠᠰᠠᠭᠤᠳᠠᠯ ᠢ | ᠰᠢᠢᠳᠪᠦᠷᠢᠯᠡᠵᠦ᠂ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠨᠢᠭᠡᠨᠲᠡ ᠴᠡᠭᠴᠡᠯᠡᠨ ᠵᠠᠰᠠᠵᠤ | ᠳᠠᠭᠤᠰᠬᠠᠪᠠ᠃ ᠠᠤᠬᠠᠨ ᠬᠤᠰᠢᠭᠤᠨ ᠤ ᠣᠷᠣᠨ ᠲᠤᠭ᠎ᠠ ᠢᠯᠡᠭᠦᠳᠡᠬᠦ ᠠᠰᠠᠭᠤᠳᠠᠯ ᠣᠷᠣᠰᠢᠵᠤ ᠪᠠᠶᠢᠭ᠎ᠠ 3 | ᠰᠤᠷᠭᠠᠭᠤᠯᠢ ᠠᠴᠠ 2 ᠢ ᠨᠢ ᠰᠢᠢᠳᠪᠦᠷᠢᠯᠡᠵᠦ᠂ 2 ᠰᠤᠷᠭᠠᠭᠤᠯᠢ ᠶᠢᠨ ᠴᠢᠳᠠᠮᠵᠢ ᠶᠢᠨ ᠲᠠᠰᠤᠭ ᠬᠦᠷᠦᠯᠴᠡᠬᠦ ᠥᠬᠡᠶ | ᠪᠠᠶᠢᠬᠤ ᠪᠠ 2 ᠰᠤᠷᠭᠠᠭᠤᠯᠢ ᠶᠢᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠵᠢᠭᠠᠨ ᠰᠤᠷᠭᠠᠯᠲᠠ ᠶᠢᠨ | ᠬᠠᠪᠰᠤᠷᠤᠮᠵᠢ ᠬᠡᠷ ᠪᠠᠶᠢᠰᠢᠩ ᠨᠢ ᠪᠠᠷᠢᠮᠵᠢᠶ᠎ᠠ ᠳᠤ ᠬᠥᠷᠬᠦ ᠥᠬᠡᠶ ᠵᠡᠷᠭᠡ ᠠᠰᠠᠭᠤᠳᠠᠯ ᠢ ᠨᠢᠭᠡᠨᠲᠡ ᠬᠤᠰᠢᠭᠤᠨ ᠤ | ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ | 2022 ᠣᠨ ᠠᠴᠠ 2025 ᠣᠨ ᠪᠣᠯᠲᠠᠯ᠎ᠠ ᠵᠢᠯ ᠳᠠᠷᠠᠭᠠᠯᠠᠨ ᠰᠢᠢᠳᠪᠦᠷᠢᠯᠡᠬᠦ ᠪᠠᠷ ᠪᠤᠢ᠃ ᠳ᠋ᠧᠩᠺᠸᠤ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠦᠬᠦ ᠰᠢᠶᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠪᠡᠯᠡᠳᠬᠡᠮᠵᠢ ᠶᠢ ᠪᠦᠬᠦ ᠲᠠᠯ᠎ᠠ ᠪᠠᠷ ᠪᠠᠶᠢᠴᠠᠭᠠᠵᠤ᠂ ᠡᠪᠳᠡᠷᠡᠭᠰᠡᠨ ᠪᠡᠯᠡᠳᠬᠡᠮᠵᠢ ᠶᠢ ᠰᠡᠯᠪᠢᠨ ᠵᠠᠰᠠᠬᠤ | ᠪᠠ ᠰᠣᠯᠢᠵᠤ᠂ ᠠᠯᠬᠤᠮ ᠠᠯᠬᠤᠮ ᠢᠶᠠᠷ ᠴᠢᠨᠠᠷᠯᠢᠭ ᠪᠥᠭᠡᠳ ᠲᠡᠩᠴᠡᠭᠦᠷᠢᠲᠡᠢ ᠦᠨᠡᠯᠡᠯᠲᠡ ᠶᠢᠨ ᠱᠠᠭᠠᠷᠳᠠᠯᠭ᠎ᠠ | ᠶᠣᠰᠣᠭᠠᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠯᠡᠳᠬᠡᠮᠵᠢ ᠶᠢ ᠭᠦᠢᠴᠡᠳ ᠲᠣᠬᠢᠷᠠᠭᠤᠯᠪᠠ᠃ | ᠪᠣᠷᠣᠬᠠᠢ ᠲᠠᠷᠢᠶᠠᠯᠠᠩ ᠤᠨ ᠲᠠᠯᠠᠪᠠᠶ ᠶᠢᠨ ᠰᠤᠷᠭᠠᠭᠤᠯᠢ ᠶᠢ ᠨᠡᠶᠢᠳᠬᠡᠬᠦ ᠠᠵᠢᠯ ᠢ ᠪᠡᠶᠡᠯᠡᠭᠦᠯᠵᠦ᠂ ᠡᠬᠢ ᠪᠠᠶᠠᠯᠢᠭ ᠢ | ᠨᠡᠶᠢᠳᠬᠡᠭᠰᠡᠨ ᠤ ᠳᠠᠷᠠᠭ᠎ᠠ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢᠨ ᠢᠯᠡᠳᠬᠡᠮᠵᠢ ᠶᠢ ᠪᠠᠭᠠᠰᠬᠠᠵᠤ᠂ | ᠨᠢᠷᠤᠭᠤᠪᠴᠢ ᠪᠠᠭᠰᠢ ᠶᠢᠨ ᠲᠠᠷᠬᠠᠯᠲᠠ ᠶᠢ ᠠᠯᠬᠤᠮ ᠠᠯᠬᠤᠮ ᠢᠶᠠᠷ ᠲᠡᠩᠴᠡᠭᠦᠷᠢᠲᠡᠶ ᠪᠣᠯᠭᠠᠪᠠ᠃ | 5. ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢ | ᠬᠤᠪᠢᠶᠠᠷᠢᠯᠠᠭᠠᠳᠤᠶ ᠠᠰᠠᠭᠤᠳᠠᠯ ᠤᠨ ᠲᠤᠬᠠᠢ᠃ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠨᠢᠭᠡᠨᠲᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢᠨ | ᠬᠤᠪᠢᠶᠠᠷᠢᠯᠠᠯᠲᠠ ᠶᠢ ᠴᠡᠭᠴᠡᠯᠡᠨ ᠥᠭᠡᠷᠡᠴᠢᠯᠡᠬᠦ ᠲᠥᠰᠦᠯ ᠢ ᠲᠣᠭᠲᠠᠭᠠᠵᠤ᠂ 2022 ᠣᠨ ᠳᠤ ᠪᠥᠬᠦ ᠬᠤᠲᠠ ᠳᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢᠨ | ᠬᠤᠪᠢᠶᠠᠷᠢᠯᠠᠯᠲᠠ ᠶᠢᠨ ᠰᠢᠨ᠎ᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠪᠤᠢ᠃ | 6. ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠵᠢᠷᠤᠮᠵᠢᠯ ᠥᠬᠡᠶ | ᠠᠰᠠᠭᠤᠳᠠᠯ ᠤᠨ ᠲᠤᠬᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ 11 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ | ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ︽ᠪᠥᠬᠦ ᠣᠷᠣᠨ ᠤ ᠳᠤᠮᠳᠠᠳᠤ | ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢᠨ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠠᠷᠢᠮᠵᠢᠶ᠎ᠠ ᠳᠤ ᠬᠦᠷᠭᠡᠬᠦ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠤᠨ ᠲᠤᠬᠠᠶ ᠵᠠᠷᠯᠠᠯ︾ ᠢ ᠳᠠᠷᠤᠮᠠᠯᠯᠠᠨ ᠲᠠᠷᠬᠠᠭᠠᠵᠤ᠂ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ | ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠵᠤ᠂ ᠪᠥᠬᠦ ᠣᠷᠣᠨ ᠤ ᠵᠠᠮ | ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠪᠠᠭ᠎ᠠ | ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠳᠤ ᠶᠡᠭᠡ ᠢᠯᠡᠷᠡᠭᠦᠯᠦᠯᠲᠡ᠂ ᠶᠡᠭᠡ ᠵᠢᠭᠰᠠᠭᠠᠨ | ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠬᠢᠪᠠ᠃ | ᠠᠤᠬᠠᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠳ᠋ᠧᠩᠺᠸᠦ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ | ᠤᠨᠲᠠᠷᠠᠭᠠᠬᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠪᠥᠬᠦ | ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠠᠮᠤᠷ ᠢ ᠬᠠᠮᠠᠭᠠᠯᠠᠬᠤ ᠠᠵᠢᠯ ᠢ | ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ | ᠪᠡᠯᠡᠳᠬᠡᠮᠵᠢ ᠶᠢ ᠭᠦᠢᠴᠡᠳ ᠳᠣᠭᠢᠷᠠᠭᠤᠯᠤᠨ᠂ ᠰᠤᠷᠭᠠᠭᠤᠯᠢ ᠶᠢᠨ ᠡᠭᠦᠳᠡᠨ ᠳᠠᠬᠢ ᠵᠠᠮ ᠬᠠᠷᠢᠯᠴᠠᠭᠠᠨ ᠤ ᠰᠡᠷᠡᠮᠵᠢ ᠶᠢᠨ | ᠲᠡᠮᠳᠡᠭ᠂ ᠬᠤᠷᠳᠤᠴᠠ ᠪᠠᠭᠤᠷᠠᠭᠤᠯᠬᠤ ᠪᠦᠰᠡ᠂ ᠮᠥᠷᠭᠦᠯᠳᠦᠬᠦ ᠶᠢ ᠰᠡᠷᠭᠡᠶᠢᠯᠡᠬᠦ ᠪᠡᠯᠡᠳᠬᠡᠮᠵᠢ᠂ ᠬᠠᠲᠠᠭᠤᠯᠢᠭ | ᠲᠤᠰᠠᠭᠠᠷᠯᠠᠬᠤ ᠪᠡᠯᠡᠳᠬᠡᠮᠵᠢ ᠵᠡᠷᠭᠡ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢ ᠵᠣᠬᠢᠰᠲᠠᠶ | ᠳᠣᠭᠢᠷᠠᠭᠤᠯᠪᠠ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ | ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ᠤᠨ ᠵᠣᠷᠢᠭ ᠰᠠᠨᠠᠭ᠎ᠠ ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠶᠢ ᠰᠢᠮᠳᠠᠭᠤᠯᠵᠤ ᠪᠠᠶᠢᠭᠠᠳ | ᠰᠤᠷᠭᠠᠭᠤᠯᠢ ᠶᠢᠨ ᠬᠦᠷᠢᠶᠡᠨ ᠤ ︽ᠭᠤᠷᠪᠠ ᠶᠢ ᠰᠡᠷᠭᠡᠶᠢᠯᠡᠬᠦ︾ ᠣᠷᠣᠭᠤᠯᠤᠯᠲᠠ ᠶᠢ ᠨᠡᠮᠡᠭᠳᠡᠭᠦᠯᠵᠦ᠂ ︽ᠬᠤᠲᠠ᠂ | ᠬᠤᠲᠠ ᠪᠠᠯᠭᠠᠰᠤ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠲᠤᠰᠬᠠᠶ ᠲᠤᠰᠢᠶᠠᠯᠲᠤ | ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠪᠠᠷ ᠪᠡᠶᠡᠯᠡᠭᠦᠯᠦᠨ᠎ᠡ︔ ᠳᠤᠮᠳᠠᠳᠤ ᠪᠠᠭ᠎ᠠ | ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠨᠣᠷᠮ᠎ᠠ ᠶᠢ 100% ᠪᠠᠷ | ᠪᠡᠶᠡᠯᠡᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠵᠠᠮ ᠬᠠᠷᠢᠯᠴᠠᠭᠠᠨ ᠤ ᠠᠮᠤᠷ | ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠨᠤᠷᠮ᠎ᠠ ᠶᠢ 100% ᠪᠠᠷ ᠪᠡᠶᠡᠯᠡᠭᠦᠯᠦᠨ᠎ᠡ | ︔ ᠬᠤᠲᠠ᠂ ᠬᠤᠲᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠭᠠᠭᠴᠠ | ᠳᠠᠷᠤᠪᠴᠢᠲᠤ ᠲᠦᠭᠰᠢᠭᠦᠷᠢ ᠮᠡᠳᠡᠭᠡᠯᠡᠬᠦ ᠮᠠᠰᠢᠨ᠂ ᠸᠢᠳᠢᠤ᠋ ᠬᠢᠨᠠᠨ ᠡᠵᠡᠮᠳᠡᠭᠦᠷ ᠤᠭᠰᠠᠷᠠᠬᠤ ᠨᠣᠷᠮ᠎ᠠ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠯᠤᠭ᠎ᠠ ᠰᠦᠯᠵᠢᠶ᠎ᠡ ᠬᠤᠯᠪᠣᠬᠤ ᠨᠣᠷᠮ᠎ᠠ ᠶᠢ 100% ᠳᠤ ᠬᠦᠷᠭᠡᠨ᠎ᠡ︾ ᠭᠡᠬᠦ ᠠᠵᠢᠯ ᠤᠨ | ᠬᠠᠷᠠᠯᠲᠠ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠪᠠᠶᠢᠳᠠᠯ ᠢ ᠪᠥᠬᠦ | ᠬᠦᠴᠦᠨ ᠢᠶᠠᠷ ᠢᠶᠠᠨ ᠬᠠᠮᠠᠭᠠᠯᠠᠪᠠ᠃ | ᠠᠤᠬᠠᠨ ᠬᠤᠰᠢᠭᠤᠨ ᠤ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ | ᠠᠷᠭ᠎ᠠ ᠮᠠᠶ᠋ᠢᠭ ᠢᠶᠠᠷ ᠠᠮᠤᠷ ᠢ ᠬᠠᠮᠠᠭᠠᠯᠠᠭᠴᠢ ᠡᠯᠰᠡᠵᠦ᠂ ᠠᠮᠤᠷ ᠢ ᠬᠠᠮᠠᠭᠠᠯᠠᠬᠤ ᠲᠤᠰᠬᠠᠶ ᠵᠠᠷᠤᠳᠠᠯ ᠢ ᠬᠤᠰᠢᠭᠤᠨ ᠤ | ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠪᠠ᠃ ᠭᠤᠷᠪᠠᠨ ᠭᠤᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠡᠪᠳᠡᠷᠡᠭᠰᠡᠨ ᠸᠢᠳᠢᠤ᠋ ᠬᠢᠨᠠᠨ ᠡᠵᠡᠮᠳᠡᠬᠦ ᠪᠡᠯᠡᠳᠬᠡᠮᠵᠢ ᠶᠢ ᠰᠣᠯᠢᠵᠤ᠂ ᠰᠦᠯᠵᠢᠶᠡᠨ ᠤ ᠺᠣᠮᠫᠠᠨᠢ ᠲᠠᠢ | ᠣᠶᠢᠯᠠᠭᠠᠯᠴᠠᠵᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠡᠪ ᠤᠨ ᠪᠠᠶᠢᠳᠠᠯ ᠢ ᠪᠠᠲᠤᠯᠠᠵᠤ᠂ | ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ | ᠰᠤᠷᠭᠠᠭᠤᠯᠢ ᠶᠢᠨ ᠰᠦᠯᠵᠢᠶ᠎ᠡ ᠬᠢᠭᠡᠳ ᠬᠢᠨᠠᠨ ᠡᠵᠡᠮᠳᠡᠬᠦ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢ | ᠴᠢᠩᠭᠠᠳᠬᠠᠵᠤ᠂ ᠬᠢᠨᠠᠨ ᠡᠵᠡᠮᠳᠡᠬᠦ ᠵᠢᠷᠤᠭ ᠢ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠢᠯᠡᠷᠡᠭᠦᠯᠬᠦ ᠪᠠ ᠭᠠᠭᠴᠠ | ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ | ᠰᠦᠯᠵᠢᠶ᠎ᠡ ᠲᠠᠢ ᠬᠤᠯᠪᠣᠨ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠰᠦᠯᠵᠢᠶᠡᠨ ᠤ ᠠᠰᠠᠭᠤᠳᠠᠯ ᠠᠴᠠ ᠪᠣᠯᠵᠣ | ᠲᠦᠭᠰᠢᠭᠦᠷᠢ ᠮᠡᠳᠡᠭᠦᠯᠬᠦ ᠶᠢᠨ ᠠᠷᠭ᠎ᠠ ᠥᠬᠡᠶ ᠪᠣᠯᠬᠤ ᠠᠴᠠ ᠵᠠᠶᠢᠯᠠᠰᠬᠢᠬᠦ ᠶᠢᠨ ᠲᠤᠰᠠᠳᠠ᠂ 54 ᠳᠤᠮᠳᠠᠳᠤ ᠪᠠᠭ᠎ᠠ | ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠲᠤ ᠤᠲᠠᠰᠤ ᠥᠬᠡᠶ ᠨᠢᠭᠡ ᠳᠠᠷᠤᠪᠴᠢᠲᠤ ᠲᠦᠭᠰᠢᠭᠦᠷᠢ | ᠮᠡᠳᠡᠭᠡᠯᠡᠬᠦ ᠮᠠᠰᠢᠨ ᠢ ᠨᠡᠮᠡᠵᠦ ᠲᠣᠬᠢᠷᠠᠭᠤᠯᠪᠠ᠃ ᠪᠠᠶᠢᠰᠡ ᠶᠢᠨ ᠣᠷᠳᠣᠨ ᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠡᠭᠦᠳᠡᠨ ᠳᠤ ᠮᠥᠷᠭᠦᠯᠳᠦᠬᠦ ᠠᠴᠠ ᠰᠡᠷᠭᠡᠶᠢᠯᠡᠬᠦ ᠪᠠᠭᠠᠨ᠎ᠠ ᠲᠣᠬᠢᠷᠠᠭᠤᠯᠪᠠ᠃ 120 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠪᠤᠰᠤᠳ 39 ᠰᠤᠷᠭᠠᠭᠤᠯᠢ ᠳᠤ ᠮᠥᠷᠭᠦᠯᠳᠦᠬᠦ ᠠᠴᠠ ᠰᠡᠷᠭᠡᠶᠢᠯᠡᠬᠦ ᠠᠦ᠋ᠲ᠋ᠤ᠋ | ᠪᠠᠭᠠᠨ᠎ᠠ ᠤᠭᠰᠠᠷᠠᠵᠤ᠂ ᠬᠠᠮᠠᠭᠠᠯᠠᠯᠲᠠ ᠶᠢᠨ ᠪᠡᠯᠡᠳᠬᠡᠮᠵᠢ ᠶᠢ ᠭᠦᠢᠴᠡᠳ ᠲᠣᠬᠢᠷᠠᠭᠤᠯᠬᠤ ᠪᠠᠷ ᠲᠥᠯᠥᠪᠯᠡᠵᠦ ᠪᠣᠶ᠃ | ᠳ᠋ᠧᠩᠺᠸᠤ ᠰᠢᠶᠠᠨ ᠤ ᠬᠢᠨ ᠬᠡᠰᠡᠭ ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠳᠡᠭᠡᠷ᠎ᠡ ᠪᠠᠨ ᠶᠠᠪᠠᠭᠠᠨ ᠬᠥᠮᠦᠨ | ᠶᠠᠪᠤᠬᠤ ᠬᠥᠨᠳᠡᠯᠡᠨ ᠱᠤᠭᠤᠮ ᠪᠣᠯᠤᠨ ᠬᠤᠷᠳᠤᠴᠠ ᠶᠢ ᠪᠠᠭᠤᠷᠠᠭᠤᠯᠬᠤ ᠢᠯᠡᠳᠬᠡᠮᠵᠢ ᠳᠡᠮᠳᠡᠭ ᠵᠢᠷᠤᠭᠰᠠᠨ ᠦᠬᠡᠢ | ᠠᠰᠠᠭᠤᠳᠠᠯ ᠳᠤ ᠴᠢᠭᠯᠡᠭᠦᠯᠦᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ | ᠲᠣᠭᠲᠠᠭᠠᠵᠤ᠂ 2022 ᠣᠨ ᠤ 5 ᠳ᠋ᠤᠭᠠᠷ ᠰᠠᠷ᠎ᠠ ᠠᠴᠠ ᠡᠮᠦᠨ᠎ᠡ ᠰᠤᠷᠭᠠᠭᠤᠯᠢ ᠶᠢᠨ ᠶᠠᠪᠠᠭᠠᠨ ᠬᠥᠮᠦᠨ ᠶᠠᠪᠤᠬᠤ | ᠬᠥᠨᠳᠡᠯᠡᠨ ᠵᠢᠷᠤᠭᠠᠰᠤ᠂ ᠰᠤᠷᠭᠠᠭᠤᠯᠢ ᠶᠢᠨ ᠡᠭᠦᠳᠡᠨ ᠳᠠᠬᠢ ᠬᠤᠷᠳᠤᠴᠠ ᠶᠢ ᠪᠠᠭᠤᠷᠠᠭᠤᠯᠬᠤ ᠪᠦᠰᠡ᠂ | ᠮᠥᠷᠭᠦᠯᠳᠦᠬᠦ ᠶᠢ ᠰᠡᠷᠭᠡᠶᠢᠯᠡᠬᠦ ᠲᠣᠨᠣᠭᠯᠠᠯ᠂ ᠬᠠᠲᠠᠭᠤᠯᠢᠭ ᠲᠤᠰᠠᠭᠠᠷᠯᠠᠬᠤ ᠪᠡᠯᠡᠳᠬᠡᠮᠵᠢ ᠵᠡᠷᠭᠡ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ︔ | ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢ ᠳᠠᠷᠤᠭᠰᠠᠨ ᠤ ᠳᠠᠷᠠᠭ᠎ᠠ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠤ ᠬᠠᠷᠢᠭᠤ ᠥᠭᠬᠦ ᠥᠬᠡᠶ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ | ᠠᠰᠠᠭᠤᠬᠤ ᠲᠠᠪᠴᠠᠩ ᠤᠨ ᠰᠦᠯᠵᠢᠶ᠎ᠡ ᠶᠢ ᠪᠠᠶᠢᠭᠤᠯᠤᠭᠰᠠᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ 110 ᠶᠡᠷᠦᠩᠬᠡᠶᠢᠯᠡᠨ ᠡᠵᠡᠮᠳᠡᠬᠦ ᠲᠠᠰᠤᠭ ᠲᠤ ᠰᠤᠷᠭᠠᠭᠤᠯᠢ ᠶᠢᠨ ᠤᠲᠠᠰᠤᠨ ᠨᠣᠮᠧᠷ ᠢᠯᠡᠷᠡᠬᠦ | ᠪᠡᠯᠡᠳᠬᠡᠮᠵᠢ ᠤᠭᠰᠠᠷᠠᠵᠤ᠂ ᠲᠠᠪᠴᠠᠩ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠳᠣᠬᠠᠨ ᠳᠤ | ᠂ ᠰᠤᠷᠭᠠᠭᠤᠯᠢ ᠶᠢᠨ ᠬᠦᠷᠢᠶᠡᠨ ᠤ ᠸᠢᠳᠢᠤ᠋ ᠬᠢᠨᠠᠨ ᠡᠵᠡᠮᠳᠡᠭᠦᠷ ᠢ ᠦᠨᠳᠦᠰᠦᠨ ᠳᠤ ᠪᠠᠨ ᠤᠭᠰᠠᠷᠠᠵᠤ ᠳᠠᠭᠤᠰᠬᠠᠭᠠᠳ᠂ | ᠣᠲᠣ ᠨᠢᠭᠡᠨᠲᠡ ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠨ ᠡᠵᠡᠮᠳᠡᠬᠦ ᠪᠠ ᠪᠠᠶᠢᠴᠠᠭᠠᠨ ᠠᠰᠠᠭᠤᠬᠤ | ᠲᠠᠪᠴᠠᠩ ᠢ ᠳᠣᠲᠣᠭᠠᠳᠤ ᠶᠢ ᠬᠠᠮᠠᠭᠠᠯᠠᠬᠤ ᠰᠦᠯᠵᠢᠶ᠎ᠡ ᠲᠠᠢ ᠬᠤᠯᠪᠣᠨ ᠨᠡᠪᠲᠡᠷᠡᠭᠦᠯᠬᠦ ᠱᠠᠲᠤᠨ ᠳᠤ ᠣᠷᠣᠵᠤ᠂ | ᠪᠠᠶᠢᠴᠠᠭᠠᠨ ᠠᠰᠠᠭᠤᠬᠤ ᠲᠠᠪᠴᠠᠩ ᠢ ᠰᠦᠯᠵᠢᠶᠡᠨ ᠳᠤ ᠬᠤᠯᠪᠣᠨ ᠨᠡᠪᠲᠡᠷᠡᠭᠦᠯᠬᠦ᠂ ᠸᠢᠳᠢᠤ᠋ ᠬᠢᠨᠠᠨ ᠡᠵᠡᠮᠳᠡᠭᠦᠷ ᠢ | ᠰᠦᠯᠵᠢᠶᠡᠨ ᠳᠤ ᠨᠡᠪᠲᠡᠷᠡᠭᠦᠯᠬᠦ ᠨᠣᠷᠮ᠎ᠠ ᠶᠢ 100% ᠳᠤ ᠬᠦᠷᠭᠡᠬᠦ ᠬᠠᠷᠠᠯᠲᠠ ᠶᠢ ᠪᠡᠶᠡᠯᠡᠭᠦᠯᠪᠡ᠃ ᠬᠤᠶᠠᠷ ᠲᠤ᠂ | ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢᠨ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠠᠬᠢᠭᠤᠯᠵᠤ᠂ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ | ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ ᠭᠦᠢᠴᠡᠳ ᠲᠤᠭ᠎ᠠ ᠪᠠᠷ ᠪᠠᠲᠤᠯᠠᠵᠤ᠂ ᠪᠥᠬᠦ ᠰᠢᠶᠠᠨ ᠤ ᠳᠤᠮᠳᠠᠳᠤ | ᠪᠠᠭ᠎ᠠ ᠰᠤᠷᠭᠠᠭᠤᠯᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠨᠣᠷᠮ᠎ᠠ 100%᠂ ᠭᠠᠭᠴᠠ ᠳᠠᠷᠤᠪᠴᠢᠲᠤ | ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠳᠤ | ᠬᠤᠯᠪᠣᠭᠰᠠᠨ ᠨᠣᠷᠮ᠎ᠠ ᠶᠢ 100%᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠬᠤ ᠠᠵᠢᠯᠲᠠᠨ ᠤ | ᠲᠣᠬᠢᠷᠠᠭᠤᠯᠤᠯᠲᠠ ᠶᠢᠨ ᠨᠣᠷᠮ᠎ᠠ ᠶᠢ 100%᠂ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ | ᠪᠠᠲᠤᠯᠠᠬᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠭᠡᠵᠦ᠂ ᠲᠠᠷᠢᠶᠠᠯᠠᠬᠤ | ᠮᠠᠯᠵᠢᠬᠤ ᠣᠷᠣᠨ ᠤ ᠡᠭᠦᠳᠡ ᠨᠢ ᠵᠠᠮ ᠬᠠᠷᠠᠭᠰᠠᠨ ᠰᠤᠷᠭᠠᠭᠤᠯᠢ ᠪᠠ ᠬᠤᠲᠠ ᠪᠠᠯᠭᠠᠰᠤᠨ ᠤ ᠳᠤᠮᠳᠠᠳᠤ ᠪᠠᠭ᠎ᠠ | ᠰᠤᠷᠭᠠᠭᠤᠯᠢ ᠳᠤ ᠴᠥᠮ ᠮᠥᠷᠭᠦᠯᠳᠦᠬᠦ ᠠᠴᠠ ᠰᠡᠷᠭᠡᠶᠢᠯᠡᠬᠦ ᠬᠠᠲᠠᠭᠤᠯᠢᠭ ᠠᠮᠤᠷ ᠲᠦᠪᠰᠢᠨ ᠤ ᠪᠡᠯᠡᠳᠬᠡᠮᠵᠢ ᠶᠢ | ᠤᠭᠰᠠᠷᠠᠪᠠ᠃ | ᠰᠢᠨ᠎ᠡ ᠪᠠᠷᠭᠤ ᠵᠡᠭᠦᠨ ᠬᠤᠰᠢᠭᠤᠨ ᠤ ᠬᠢᠨ ︽ᠰᠤᠷᠭᠠᠭᠤᠯᠢ ᠶᠢᠨ ᠬᠦᠷᠢᠶᠡᠨ ᠤ ︿ᠭᠠᠭᠴᠠ ᠳᠠᠷᠤᠪᠴᠢᠲᠤ | ᠲᠦᠭᠰᠢᠭᠦᠷᠢ ᠮᠡᠳᠡᠭᠡᠯᠡᠬᠦ ᠰᠢᠰᠲ᠋ᠧᠮ﹀ ᠤᠨ ᠬᠡᠷᠡᠭᠯᠡᠯᠲᠡ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ︾ ᠢ | ᠲᠣᠭᠲᠠᠭᠠᠵᠤ᠂ ᠰᠤᠷᠭᠠᠭᠤᠯᠢ ᠶᠢᠨ ᠬᠦᠷᠢᠶᠡᠨ ᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢᠨ ᠰᠢᠯᠭᠠᠨ ᠲᠤᠷᠰᠢᠬᠤ | ᠠᠵᠢᠯᠯᠠᠭ᠎ᠠ ᠶᠢ ᠰᠠᠷ᠎ᠠ ᠪᠦᠷᠢ 3 ᠤᠳᠠᠭ᠎ᠠ ᠵᠣᠬᠢᠶᠠᠨ ᠪᠠᠶᠢᠭᠤᠯᠵᠤ᠂ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ | ᠮᠠᠰᠢᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠪᠠᠷ ᠪᠤᠢ᠃ ᠣᠲᠣ ᠪᠣᠯᠲᠠᠯ᠎ᠠ᠂ ᠬᠤᠲᠠ ᠶᠢᠨ ᠲᠣᠭᠤᠷᠢᠭ ᠤᠨ | 7 ᠰᠤᠷᠭᠠᠭᠤᠯᠢ ᠳᠤ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢ | 14 ᠭᠠᠷᠭᠠᠵᠤ᠂ 6 ᠬᠤᠷᠳᠤᠴᠠ ᠪᠠᠭᠤᠷᠠᠭᠤᠯᠬᠤ ᠪᠦᠰᠡ ᠲᠠᠭᠠᠷᠠᠭᠤᠯᠵᠤ᠂ ᠮᠥᠷᠭᠦᠯᠳᠦᠬᠦ ᠠᠴᠠ ᠰᠡᠷᠭᠡᠶᠢᠯᠡᠬᠦ 8 | ᠪᠡᠯᠡᠳᠬᠡᠮᠵᠢ ᠲᠠᠭᠠᠷᠠᠭᠤᠯᠵᠠᠶ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ | ᠵᠡᠷᠭᠡ ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠬᠦᠷᠢᠶᠡᠨ ᠤ ᠬᠢᠮᠢ ᠶᠢᠨ ᠲᠤᠷᠰᠢᠯᠲᠠ ᠶᠢᠨ ᠲᠠᠰᠤᠭ ᠲᠤ ᠵᠢᠭᠰᠠᠭᠠᠨ | ᠪᠠᠶᠢᠴᠠᠭᠠᠯᠲᠠ ᠬᠢᠵᠦ᠂ ᠠᠶᠤᠯᠲᠠᠶ ᠬᠢᠮᠢ ᠶᠢᠨ ᠪᠣᠳᠠᠰ ᠢ ᠬᠤᠶᠠᠷ ᠬᠥᠮᠦᠨ ᠬᠠᠮᠢᠶᠠᠷᠤᠭᠰᠠᠨ ᠬᠤᠤᠰ ᠣᠨᠢᠰᠤᠲᠤ | ᠲᠤᠰᠬᠠᠶ ᠠᠪᠳᠠᠷ᠎ᠠ ᠳᠤ ᠬᠠᠳᠠᠭᠠᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠨᠲᠡ ᠰᠤᠷᠭᠠᠭᠤᠯᠢ ᠶᠢᠨ ᠬᠦᠷᠢᠶᠡᠨ ᠤ | ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠪᠠ ᠠᠵᠢᠯᠯᠠᠬᠤ | ᠲᠦᠷᠢᠮ ᠢ ᠲᠣᠭᠲᠠᠭᠠᠨ ᠲᠡᠭᠦᠯᠳᠡᠷᠵᠢᠭᠦᠯᠪᠡ᠃ ᠬᠡᠰᠡᠭ ᠰᠤᠷᠭᠠᠭᠤᠯᠢ ᠶᠢᠨ ᠬᠢᠮᠢ ᠶᠢᠨ ᠲᠤᠷᠰᠢᠯᠲᠠ ᠶᠢᠨ ᠲᠠᠰᠤᠭ ᠲᠤ | ᠰᠠᠯᠬᠢ ᠨᠡᠪᠲᠡᠷᠡᠭᠦᠯᠬᠦ ᠪᠡᠯᠡᠳᠬᠡᠮᠵᠢ ᠥᠬᠡᠶ᠂ ᠬᠤᠯᠠᠭᠠᠶᠢᠴᠢ ᠶᠢ ᠰᠡᠷᠭᠡᠶᠢᠯᠡᠬᠦ ᠡᠭᠦᠳᠡ ᠥᠬᠡᠶ ᠵᠡᠷᠭᠡ ᠠᠰᠠᠭᠤᠳᠠᠯ ᠳᠤ | ᠴᠢᠭᠯᠡᠭᠦᠯᠦᠨ᠂ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠨᠢᠭᠡᠨᠲᠡ ᠡᠬᠢᠯᠡᠭᠦᠯᠪᠡ᠃ ᠰᠤᠷᠭᠠᠭᠤᠯᠢ ᠶᠢᠨ ᠬᠦᠷᠢᠶᠡᠨ ᠤ | ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠢ ᠰᠢᠢᠳᠪᠦᠷᠢᠯᠡᠬᠦ ᠠᠵᠢᠯ ᠳᠤ ᠴᠢᠭᠯᠡᠭᠦᠯᠦᠨ᠂ ᠣᠳᠣᠬᠠᠨ ᠳᠤ ᠶᠠᠭ | ᠠᠶᠤᠯᠲᠠᠶ ᠬᠢᠮᠢ ᠶᠢᠨ ᠪᠣᠳᠠᠰ ᠢ ᠰᠢᠢᠳᠪᠦᠷᠢᠯᠡᠬᠦ ᠠᠵᠤ ᠠᠬᠤᠶᠢᠯᠠᠯ ᠲᠠᠢ ᠵᠣᠯᠭᠠᠭᠤᠯᠵᠤ᠂ ᠣᠷᠳᠣ ᠬᠤᠭᠤᠴᠠᠭᠠᠨ ᠤ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠬᠦ ᠶᠢ | ᠬᠡᠷᠡᠭᠵᠢᠭᠦᠯᠬᠦ ᠪᠠᠷ ᠪᠤᠢ᠃ | ︵ᠭᠤᠷᠪᠠ︶ 4 ᠵᠦᠢᠯ ᠤᠨ ᠣᠷᠳᠣ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠯᠬᠤᠮ | ᠠᠯᠬᠤᠮ ᠢᠶᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠪᠠ᠃ | 1. ᠶᠣᠰᠣ ᠮᠣᠷᠠᠯ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ᠃ ᠨᠢᠭᠡ ᠳᠤ᠂ ᠵᠥᠪ | ᠤᠯᠤᠰ ᠲᠦᠷᠦ ᠶᠢᠨ ᠴᠢᠭᠯᠡᠯ ᠢ ᠪᠠᠷᠢᠮᠲᠠᠯᠠᠪᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠭᠤᠰᠢᠯᠠᠭᠤᠯᠤᠨ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ | ᠴᠢᠬᠤᠯᠠ ᠥᠭᠦᠯᠡᠯᠲᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠥᠩᠭᠡᠷᠡᠭᠰᠡᠨ ᠬᠤᠭᠤᠴᠠᠭᠠᠨ ᠤ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠪᠠ᠃ 2021 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠡᠷ᠎ᠡ ᠪᠠᠷ ︽ᠪᠥᠬᠦ ᠣᠷᠣᠨ ᠤ ᠶᠡᠭᠡ | ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠤᠳᠠᠭᠠᠨ | ᠳᠠᠭᠠᠭᠠᠮᠠᠭᠠᠶ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︵2021 — 2025︶︾ ᠢ ᠳᠠᠷᠤᠮᠠᠯᠯᠠᠨ | ᠲᠠᠷᠬᠠᠭᠠᠵᠤ᠂ ︽ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠶᠣᠰᠣ ᠮᠣᠷᠠᠯ ᠢ ᠮᠡᠳᠡᠵᠦ ᠣᠶᠤᠨ | ᠤᠬᠠᠭᠠᠨ ᠢ ᠰᠡᠩᠬᠡᠷᠡᠭᠦᠯᠬᠦ᠂ ᠰᠡᠳᠬᠢᠯ ᠢᠶᠠᠨ ᠨᠢᠭᠡᠳᠬᠡᠨ ᠬᠠᠮᠲᠤ ᠪᠠᠷ ᠴᠣᠭᠴᠠᠯᠠᠬᠤ᠂ ᠰᠣᠶᠣᠯ ᠢᠶᠠᠷ ᠬᠥᠮᠦᠨ ᠢ | ᠬᠥᠮᠥᠵᠢᠭᠦᠯᠬᠦ︾ ᠳᠥᠷᠪᠡᠨ ᠶᠡᠭᠡ ᠠᠵᠢᠯᠯᠠᠭ᠎ᠠ᠂ 16 ᠵᠦᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ | ᠠᠬᠢᠭᠤᠯᠪᠠ᠃ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ | ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ 12 ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ | ᠲᠤᠷᠰᠢᠯᠲᠠ ᠶᠢᠨ ᠴᠡᠭ ᠤᠨ ᠬᠥᠳᠡᠯᠭᠡᠭᠡᠨ ᠢ ᠥᠷᠨᠢᠭᠦᠯᠪᠡ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠴᠠ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠡᠯ᠎ᠡ ᠰᠢᠰᠲ᠋ᠧᠮ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠᠲᠤ ᠴᠣᠭᠴᠠᠯᠠᠬᠤ ᠪᠣᠯᠪᠠᠰᠤᠷᠠᠯ ᠢ ᠱᠠᠳᠤ ᠬᠤᠪᠢᠶᠠᠨ | ᠥᠷᠨᠢᠭᠦᠯᠪᠡ᠃ ︽ᠨᠢᠭᠡ ᠭᠠᠷᠠᠭ ᠬᠤᠶᠠᠷ ᠰᠠᠷ᠎ᠠ︾ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠶᠡᠭᠡ ᠪᠠᠷ | ᠤᠬᠠᠭᠤᠯᠵᠤ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ | ᠨᠥᠬᠦᠴᠡᠯ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ︾ ᠳᠠᠬᠢ ︽ᠠᠯᠳᠠᠭᠳᠠᠯ ᠲᠠᠢ ᠲᠠᠯ᠎ᠠ ᠶᠢᠨ ᠨᠠᠷᠢᠨ | ᠬᠠᠭᠤᠳᠠᠰᠤ︾ ᠲᠠᠢ ᠬᠠᠷᠢᠴᠠᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ ᠵᠢᠭᠰᠠᠭᠠᠨ | ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠥᠷᠨᠢᠭᠦᠯᠵᠦ᠂ ᠬᠥᠨᠳᠡᠯᠡᠨ ᠴᠢᠭᠯᠡᠯ ᠢᠶᠠᠷ ᠵᠠᠬ᠎ᠠ | ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤ ᠨᠢ ᠲᠤᠯᠲᠠᠯ᠎ᠠ ᠬᠢᠬᠦ ᠬᠠᠷᠢᠭᠤᠴᠠᠯᠭ᠎ᠠ ᠶᠢᠨ | ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠪᠡ᠃ ᠬᠤᠶᠠᠷ ᠲᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠢᠳᠡᠪᠬᠢᠲᠡᠢ ᠪᠥᠭᠡᠳ ᠯᠠᠪᠳᠠᠭᠤᠨ ᠪᠣᠯᠭᠤᠮᠵᠢᠲᠠᠢ᠂ ᠡᠷᠡᠰ ᠰᠢᠭᠤᠷᠬᠠᠢ ᠪᠠᠷ | ᠰᠠᠶᠢᠲᠤᠷ ᠬᠢᠪᠡ᠃ ︽ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠭᠤᠷᠪᠠᠨ | ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢᠶᠠᠷ ᠬᠥᠮᠥᠵᠢᠭᠦᠯᠦᠨ ᠰᠤᠷᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢᠨ | ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ᠂ 2021 ᠣᠨ ᠤ ᠨᠠᠮᠤᠷ | ᠪᠣᠯᠲᠠᠯ᠎ᠠ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭ᠎ᠠ ᠰᠤᠷᠭᠠᠭᠤᠯᠢ ᠶᠢᠨ | ᠨᠢᠭᠡᠳᠦᠭᠡᠷ᠂ ᠬᠤᠶᠠᠳᠤᠭᠠᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ | ᠣᠨ ᠤ 6.99 ᠲᠦᠮᠡᠨ ᠰᠣᠷᠣᠭᠴᠢ ᠪᠦᠬᠦᠨ ᠢᠶᠠᠷ ᠢᠶᠠᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠬᠡᠯᠡ ᠪᠠᠷ ᠬᠢᠴᠢᠶᠡᠯᠯᠡᠵᠦ᠂ ᠣᠨ ᠤ | ᠬᠡᠷᠡᠭᠵᠢᠭᠦᠯᠬᠦ ᠠᠵᠢᠯ ᠤᠨ ᠬᠠᠷᠠᠯᠲᠠ ᠪᠠᠨ ᠯᠠᠪᠳᠠᠭᠤᠨ ᠪᠥᠭᠡᠳ ᠡᠮᠬᠢ ᠵᠢᠷᠤᠮ ᠲᠠᠢ ᠪᠡᠶᠡᠯᠡᠭᠦᠯᠪᠡ᠃ ᠭᠤᠷᠪᠠᠨ | ᠬᠢᠴᠢᠶᠡᠯ ᠲᠥᠷᠥᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠴᠢᠳᠠᠪᠤᠷᠢ ᠶᠢᠨ ᠲᠤᠰᠬᠠᠶ ᠵᠦᠢᠯ ᠤᠨ ᠪᠣᠯᠪᠠᠰᠤᠷᠠᠯ ᠪᠠ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠷᠢᠮᠵᠢᠶ᠎ᠠ᠂ ᠬᠢᠴᠢᠶᠡᠯ | ᠲᠥᠷᠥᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠵᠢᠭᠠᠨ | ᠰᠤᠳᠤᠯᠬᠤ ᠵᠢᠯᠣᠭᠤᠳᠣᠯᠭ᠎ᠠ ᠶᠢ ᠴᠢᠩᠭᠠᠳᠬᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠪᠣᠭᠤᠮᠲᠠ ᠶᠢ ᠦᠨᠡᠨ | ᠬᠦ ᠰᠠᠶᠢᠲᠤᠷ ᠡᠵᠡᠮᠳᠡᠪᠡ᠃ | 2. ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ | ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠠᠵᠢᠯ ᠤᠨ ᠲᠤᠬᠠᠶ᠃ ᠨᠢᠭᠡ ᠳᠤ᠂ ᠰᠤᠷᠭᠠᠨ ᠬᠥᠮᠦᠵᠢᠯ ᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠦᠨᠡᠨ ᠬᠦ ᠪᠠᠲᠤᠯᠠᠪᠠ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠰᠤᠷᠭᠠᠨ ᠬᠥᠮᠦᠵᠢᠯ ᠤᠨ ︽ᠭᠤᠷᠪᠠ ᠶᠢ ᠤᠷᠢᠳ ᠢᠶᠠᠷ ᠪᠣᠳᠣᠯᠬᠢᠯᠠᠬᠤ︾ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ ᠤᠨ ᠠᠵᠢᠯ ᠢ ᠳᠡᠮᠵᠢᠬᠦ ᠡᠷᠴᠢᠮ ᠢᠶᠠᠨ | ᠲᠠᠰᠤᠷᠠᠯᠲᠠ ᠥᠬᠡᠶ ᠴᠢᠩᠭᠠᠷᠠᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠬᠥᠭᠵᠢᠯᠲᠡ ᠶᠢ ᠠᠬᠢᠭᠤᠯᠬᠤ ᠳᠤᠮᠳᠠᠬᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠪᠠ᠃ ᠬᠤᠶᠠᠷ ᠲᠤ᠂ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠪᠠ᠃ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠰᠣᠷᠣᠭᠴᠢ ᠨᠢᠭᠡᠪᠦᠷᠢ ᠶᠢᠨ ᠳᠤᠮᠳᠠᠴᠢ ᠵᠠᠷᠤᠳᠠᠯ ᠢ ᠬᠤᠪᠢᠶᠠᠷᠢᠯᠠᠨ ᠥᠭᠬᠦ | ᠪᠠᠷᠢᠮᠵᠢᠶ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ | ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ | ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢ ᠬᠠᠤᠯᠢ ᠶᠣᠰᠣᠭᠠᠷ ᠪᠠᠲᠤᠯᠠᠵᠤ᠂ ᠵᠠᠷᠤᠳᠠᠯ ᠤᠨ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠳᠤ | ᠲᠣᠬᠢᠷᠠᠭᠤᠯᠤᠯᠲᠠ ᠬᠢᠵᠦ᠂ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠥᠬᠡᠶ︾ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠵᠠᠷᠤᠳᠠᠯ ᠤᠨ ᠰᠢᠨᠵᠢᠯᠡᠬᠦ ᠤᠬᠠᠭᠠᠨᠴᠢᠯᠠᠭᠰᠠᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠳ᠋ ᠤᠨ ᠶᠠᠪᠤᠳᠠᠯ ᠤᠨ ᠬᠢᠨᠠᠯᠲᠠ | ᠲᠠᠯᠪᠢᠯᠲᠠ ᠪᠠ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠪᠠ᠃ ᠭᠤᠷᠪᠠ ᠳᠤ᠂ ︽ | ᠮᠤᠵᠢ ᠠᠴᠠ ᠨᠢᠭᠡᠳᠦᠯᠲᠡᠶ ᠲᠥᠯᠥᠪᠯᠡᠬᠦ᠂ ᠰᠢᠶᠠᠨ ᠢᠶᠠᠷ ᠭᠤᠣᠯ ᠪᠣᠯᠭᠠᠬᠤ︾ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠡᠯᠡ ᠮᠥᠩᠭᠦ ᠪᠠ | ᠲᠥᠷᠥᠯ ᠵᠦᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠪᠠᠭᠤᠷᠠᠶ ᠭᠠᠵᠠᠷ ᠣᠷᠣᠨ᠂ ᠪᠠᠭᠤᠷᠠᠶ ᠭᠤᠭᠴᠤᠭ᠎ᠠ | ᠂ ᠪᠠᠭᠤᠷᠠᠶ ᠬᠦᠮᠦᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠥᠷᠢᠶ᠎ᠡ ᠶᠢ ᠦᠷᠭᠦᠯᠵᠢᠯᠡᠨ ᠪᠠᠭᠠᠰᠬᠠᠵᠤ᠂ ᠶᠡᠭᠡ ᠠᠩᠬᠢ ᠶᠢᠨ ᠲᠤᠭ᠎ᠠ᠂ ᠲᠣᠮᠣ | ᠰᠤᠷᠭᠠᠭᠤᠯᠢ ᠶᠢᠨ ᠲᠤᠭ᠎ᠠ ᠶᠢᠨ ᠠᠰᠠᠭᠤᠳᠠᠯ ᠢ ᠤᠯᠠᠮ ᠨᠢᠭᠡ ᠠᠯᠬᠤᠮ ᠰᠠᠶᠢᠲᠤᠷ ᠰᠢᠢᠳᠪᠦᠷᠢᠯᠡᠪᠡ᠃ ᠪᠠᠶᠢᠷᠢ ᠳᠤ | ᠰᠠᠭᠤᠬᠤ ᠳᠦᠷᠢᠮᠲᠦ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠷᠢᠯᠠᠬᠤ ᠰᠤᠷᠤᠭᠴᠢᠳ ᠲᠤ ᠰᠠᠶᠢᠨ | ᠰᠠᠶᠢᠬᠠᠨ ᠰᠤᠷᠤᠯᠴᠠᠬᠤ ᠨᠥᠬᠦᠴᠡᠯ ᠪᠠ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠪᠠ᠃ | ᠳᠥᠷᠪᠡ ᠳᠤ᠂ ᠬᠤᠲᠠ ᠪᠠᠯᠭᠠᠰᠤᠵᠢᠯᠲᠠ ᠶᠢᠨ ᠠᠬᠢᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠴᠠᠭ ᠲᠤᠬᠠᠶ ᠳᠤ ᠨᠢ | ᠳᠣᠭᠢᠷᠠᠭᠤᠯᠤᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠬᠤ ᠶᠢ | ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠣᠷᠣᠭᠴᠢ ᠶᠢᠨ ᠢᠷᠡᠯᠲᠡ ᠵᠢᠯ ᠳᠠᠷᠠᠭᠠᠯᠠᠨ ᠬᠠᠰᠤᠭᠳᠠᠬᠤ᠂ ᠡᠬᠢ | ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠣᠤᠷ᠎ᠠ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | 3. ᠠᠭᠤᠯᠤᠭᠳᠠᠬᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠠᠵᠢᠯ ᠤᠨ ᠲᠤᠬᠠᠶ᠃ ᠨᠢᠭᠡ ᠳᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢ ︽ᠰᠢᠶᠠᠨ ᠬᠠᠮᠢᠶᠠᠷᠴᠤ ᠰᠤᠷᠭᠠᠭᠤᠯᠢ ᠤᠷᠢᠬᠤ︾ | ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠪᠠ | ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠠᠶᠢᠷᠢ ᠶᠢ ᠡᠭᠡᠯᠵᠢᠯᠡᠭᠦᠯᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ | ᠠᠬᠢᠭᠤᠯᠵᠤ᠂ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠰᠢᠯᠢᠳᠡᠭ ᠰᠤᠷᠭᠠᠭᠤᠯᠢ ᠶᠢᠨ | ᠵᠠᠬᠢᠷᠤᠯ ᠪᠠ ᠨᠢᠷᠤᠭᠤᠪᠴᠢ ᠪᠠᠭᠰᠢ ᠶᠢ ᠲᠠᠲᠠᠵᠤ ᠬᠢᠯᠢ ᠬᠢᠵᠠᠭᠠᠷ ᠤᠨ ᠬᠦᠴᠢᠷ ᠪᠡᠷᠬᠡᠰᠢᠶᠡᠯᠲᠡᠶ ᠭᠠᠵᠠᠷ ᠣᠷᠣᠨ ᠳᠤ | ᠪᠠᠭᠰᠢᠯᠠᠭᠤᠯᠪᠠ᠃ ᠬᠤᠶᠠᠷ ᠲᠤ᠂ ᠪᠠᠭᠰᠢ ᠶᠢᠨ ᠡᠩᠨᠡᠭᠡᠨ ᠤ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ | ᠲᠦᠷᠭᠡᠳᠬᠡᠵᠦ᠂ ᠪᠠᠭᠰᠢ ᠶᠢᠨ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠭᠰᠢ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ | ᠪᠠᠭᠰᠢ ᠶᠢᠨ ᠤᠬᠤᠷᠢᠨ ᠭᠠᠷᠬᠤ ᠲᠣᠭᠲᠠᠴᠠ ᠶᠢ ᠪᠠᠶᠢᠭᠤᠯᠵᠤ᠂ ᠥᠷᠭᠡᠨ ᠤᠯᠠᠨ ᠪᠠᠭᠰᠢ ᠶᠢᠨ ᠪᠢᠴᠢᠭ ᠵᠢᠭᠠᠵᠤ | ᠬᠥᠮᠦᠨ ᠬᠥᠮᠦᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠭᠤᠷᠪᠠ ᠳᠤ᠂ ᠥᠪᠡᠷᠲᠡᠭᠡᠨ | ᠵᠠᠰᠠᠬᠤ ᠣᠷᠣᠨ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢ ᠨᠢᠭᠡᠳᠦᠯᠲᠡᠶ | ᠲᠥᠯᠥᠪᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠨ ᠲᠤᠭ᠎ᠠ ᠶᠢ ᠵᠦᠶ ᠵᠣᠬᠢᠰᠲᠠᠶ | ᠳᠣᠭᠢᠷᠠᠭᠤᠯᠤᠨ᠂ ᠴᠠᠭ ᠲᠤᠬᠠᠶ ᠳᠤ ᠨᠢ ᠬᠥᠳᠡᠯᠦᠩᠭᠦᠶ ᠪᠠᠷ ᠲᠣᠬᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ | ᠪᠦᠬᠦ ᠬᠢᠴᠢᠶᠡᠯ ᠲᠥᠷᠥᠯ ᠤᠨ ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ ᠶᠢ ᠴᠢᠩᠭᠠᠳᠬᠠᠵᠤ᠂ ᠮᠠᠯᠵᠢᠬᠤ | ᠲᠠᠷᠢᠶᠠᠯᠠᠬᠤ ᠣᠷᠣᠨ ᠳᠤ ᠨᠢᠭᠡ ᠪᠦᠯᠦᠭ ︽ᠦᠯᠡᠳᠡᠵᠦ ᠳᠡᠶᠢᠯᠬᠦ᠂ ᠴᠢᠳᠠᠮᠠᠭᠠᠢ ᠵᠢᠭᠠᠬᠤ︾ ᠥᠨᠳᠥᠷ ᠬᠡᠪ | ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠮᠦᠵᠢᠭᠦᠯᠪᠡ᠃ ᠳᠥᠷᠪᠡ ᠳᠤ᠂ ᠪᠠᠭᠰᠢ ᠶᠢᠨ ᠬᠠᠷᠠᠭᠠᠯᠵᠠᠯ ᠢ ᠬᠠᠤᠯᠢ | ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ ᠶᠢ ᠪᠠᠲᠤᠯᠠᠬᠤ | ᠪᠠᠶᠢᠩᠭᠤᠵᠢᠭᠰᠠᠨ ᠪᠦᠲᠦᠮᠵᠢᠲᠡᠶ ᠲᠣᠭᠲᠠᠴᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ | ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠬᠠᠷᠠᠭᠠᠯᠵᠠᠯ ᠢ ᠳᠠᠭᠠᠭᠤᠯᠤᠨ ᠳᠣᠭᠢᠷᠠᠭᠤᠯᠬᠤ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠲᠠᠪᠤ ᠳᠤ᠂ ᠪᠠᠭᠰᠢ ᠶᠢ ᠬᠢᠨᠠᠨ ᠰᠢᠯᠭᠠᠵᠤ | ᠦᠨᠡᠯᠡᠬᠦ ᠠᠷᠭ᠎ᠠ ᠶᠢ ᠥᠭᠡᠷᠡᠴᠢᠯᠡᠵᠦ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ | ᠮᠣᠷᠠᠯ ᠢᠶᠠᠷ ᠵᠢᠭᠠᠨ ᠰᠤᠷᠭᠠᠵᠤ᠂ ᠶᠣᠰᠣ ᠮᠣᠷᠠᠯ ᠢᠶᠠᠷ ᠬᠥᠮᠦᠨ ᠬᠥᠮᠦᠵᠢᠭᠦᠯᠵᠦ᠂ ᠨᠠᠮ ᠪᠠ ᠠᠷᠠᠳ ᠲᠦᠮᠡᠨ ᠤ | ᠰᠡᠳᠬᠢᠯ ᠬᠠᠨᠤᠮᠵᠢᠲᠠᠢ ︽ᠲᠦᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ ᠪᠣᠯᠭᠠᠪᠠ᠃ | 4. ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠬᠤ ᠠᠵᠢᠯ ᠤᠨ ᠲᠤᠬᠠᠶ᠃ ᠨᠢᠭᠡ ᠳᠤ᠂ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ | ᠰᠤᠷᠭᠠᠭᠤᠯᠢ ᠳᠤ ᠨᠢᠭᠡ ᠥᠪᠡᠷᠮᠢᠴᠡ ᠣᠨᠴᠠᠯᠢᠭ ᠲᠠᠢ︾ ᠰᠤᠷᠭᠠᠭᠤᠯᠢ ᠶᠢᠨ ᠬᠦᠷᠢᠶᠡᠨ ᠤ ᠰᠣᠶᠣᠯ ᠢ ᠬᠦᠴᠦᠯᠡᠨ ᠪᠣᠶ | ᠪᠣᠯᠭᠠᠵᠤ᠂ ᠰᠤᠷᠭᠠᠭᠤᠯᠢ ᠶᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠢᠳᠠ ᠰᠠᠶᠢᠬᠠᠨ᠂ ᠰᠤᠷᠭᠠᠨ | ᠬᠥᠮᠦᠵᠢᠯ ᠤᠨ ᠣᠨᠣᠯᠵᠢᠬᠤᠨ ᠲᠡᠷᠢᠭᠦᠨ ᠤ ᠬᠢ᠂ ᠰᠤᠷᠭᠠᠨ ᠬᠥᠮᠦᠵᠢᠭᠦᠯᠬᠦ ᠠᠭᠤᠷ ᠠᠮᠢᠰᠬᠤᠯ ᠭᠦᠨ ᠵᠤᠵᠠᠭᠠᠨ | ᠣᠷᠴᠢᠨ ᠨᠥᠬᠦᠴᠡᠯ ᠪᠦᠬᠦᠢ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠬᠥᠮᠦᠵᠢᠭᠦᠯᠬᠦ ᠭᠤᠤᠯ ᠵᠢᠭᠰᠠᠭᠠᠯ ᠤᠨ | ᠭᠠᠵᠠᠷ ᠪᠣᠯᠭᠠᠨ ᠪᠥᠲᠥᠭᠡᠨ ᠪᠠᠶᠢᠭᠤᠯᠪᠠ᠃ ᠬᠤᠶᠠᠷ ᠲᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠬᠠᠮᠢᠶᠠᠷᠤᠯᠲᠠ ᠶᠢ ᠴᠢᠩᠭᠠᠳᠬᠠᠪᠠ᠃ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠪᠠᠶᠢᠭᠤᠯᠤᠨ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠤᠨ᠂ ᠤᠯᠤᠰ ᠠᠴᠠ ᠲᠣᠭᠲᠠᠭᠠᠭᠰᠠᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ | ᠬᠥᠳᠡᠯᠮᠦᠷᠢ ᠶᠢᠨ ᠬᠢᠴᠢᠶᠡᠯ ᠤᠨ ᠪᠠᠶᠢᠭᠤᠯᠤᠯᠲᠠ ᠪᠠ ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠴᠢᠩᠭᠠᠳᠬᠠᠵᠤ᠂ | ᠦᠨᠳᠦᠰᠦᠨ ᠬᠥᠳᠡᠯᠮᠦᠷᠢ ᠶᠢᠨ ᠮᠡᠷᠭᠡᠵᠢᠯ ᠪᠠ ᠴᠢᠳᠠᠪᠤᠷᠢ ᠶᠢ ᠡᠵᠡᠮᠰᠢᠭᠦᠯᠦᠨ ᠪᠦᠷᠢᠯᠳᠦᠭᠦᠯᠵᠦ᠂ ᠬᠥᠳᠡᠯᠮᠦᠷᠢ ᠶᠢᠨ | ᠬᠥᠮᠥᠵᠢᠯ ᠤᠨ ᠶᠡᠷᠦᠩᠬᠡᠶᠢᠯᠡᠭᠰᠡᠨ ᠴᠢᠳᠠᠪᠤᠷᠢ ᠶᠢ ᠪᠠᠳᠠᠷᠠᠭᠤᠯᠪᠠ᠃ ᠭᠤᠷᠪᠠ ᠳᠤ᠂ ︽ᠬᠤᠶᠠᠷ ᠢ ᠬᠥᠩᠭᠡᠷᠡᠭᠦᠯᠬᠦ︾᠂ | ︽ᠲᠠᠪᠤᠨ ᠵᠦᠢᠯ ᠤᠨ ᠬᠠᠮᠢᠶᠠᠷᠤᠯᠲᠠ︾ ᠶᠢᠨ ᠠᠵᠢᠯ ᠢ ᠬᠦᠴᠦᠯᠡᠨ ᠰᠠᠶᠢᠲᠤᠷ ᠠᠳᠬᠤᠪᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠮᠵᠢᠯ ᠢ ᠳᠠᠷᠤᠮᠠᠯᠯᠠᠨ | ᠲᠠᠷᠬᠠᠭᠠᠵᠤ᠂ ᠰᠢᠯᠭᠠᠯᠲᠠ ᠶᠢᠨ ᠤᠳᠠᠭ᠎ᠠ ᠳᠠᠪᠲᠠᠮᠵᠢ ᠶᠢ ᠴᠢᠩᠭ᠎ᠠ ᠵᠢᠷᠤᠮᠵᠢᠭᠤᠯᠤᠨ᠂ ᠳᠠᠰᠬᠠᠯ ᠤᠨ ᠶᠡᠷᠦᠩᠬᠡᠶ | ᠬᠡᠮᠵᠢᠶ᠎ᠡ ᠶᠢ ᠪᠠᠭᠠᠰᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ︽5 + 2︾ ᠵᠠᠭᠪᠤᠷ ᠢ ᠪᠦᠬᠦ ᠲᠠᠯ᠎ᠠ ᠪᠠᠷ | ᠬᠠᠮᠤᠷᠤᠭᠤᠯᠬᠤ ᠶᠢ ᠬᠡᠷᠡᠭᠵᠢᠭᠦᠯᠪᠡ᠃ ᠣᠲᠣ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ | ᠬᠥᠮᠦᠵᠢᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠠᠯᠪᠠᠨ ᠬᠡᠷ ᠤᠨ ᠵᠠᠷᠯᠠᠨ ᠮᠡᠳᠡᠭᠳᠡᠭᠰᠡᠨ ᠳᠠᠰᠬᠠᠯ ᠪᠠ | ᠬᠢᠴᠢᠶᠡᠯ ᠤᠨ ᠭᠠᠳᠠᠨᠠᠬᠢ ᠦᠢᠯᠡᠴᠢᠯᠡᠭᠡ ᠵᠡᠷᠭᠡ ᠳᠥᠷᠪᠡᠨ ᠵᠦᠢᠯ ᠤᠨ ᠭᠦᠢᠴᠡᠳᠬᠡᠯ ᠲᠤᠭ᠎ᠠ ᠨᠢ ᠴᠥᠮ 100% ᠳᠤ | ᠬᠦᠷᠪᠡ᠃ ᠲᠦᠷᠪᠡ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠪᠠ᠃ | ᠰᠤᠷᠭᠠᠭᠤᠯᠢ ᠶᠢᠨ ᠠᠮᠤᠷ ᠲᠦᠪᠰᠢᠨ ᠤ ᠲᠦᠭᠰᠢᠭᠦᠷᠢ ᠬᠢᠭᠡᠳ ᠠᠮᠤᠷ ᠲᠣᠭᠲᠠᠭᠤᠨ ᠤ ᠰᠡᠷᠭᠡᠶᠢᠯᠡᠨ ᠡᠵᠡᠮᠳᠡᠬᠦ | ᠲᠣᠭᠲᠠᠯᠴᠠᠭ᠎ᠠ ᠶᠢ ᠪᠠᠶᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠪᠦᠲᠦᠮᠵᠢᠲᠡᠶ ᠰᠡᠷᠡᠮᠵᠢᠯᠡᠭᠦᠯᠦᠨ ᠠᠷᠭᠠᠴᠠᠭᠠᠬᠤ ᠲᠣᠭᠲᠠᠴᠠ ᠶᠢ ᠪᠣᠶ | ᠪᠣᠯᠭᠠᠵᠤ᠂ ᠬᠦᠨᠳᠦ ᠶᠡᠭᠡ ᠠᠮᠤᠷ ᠲᠦᠪᠰᠢᠨ ᠲᠣᠭᠲᠠᠭᠤᠨ ᠤ ᠠᠳᠡᠯ ᠭᠠᠷᠬᠤ ᠥᠬᠡᠶ ᠪᠠᠶᠢᠬᠤ ᠶᠢ ᠦᠨᠡᠨ ᠬᠦ | ᠪᠠᠲᠤᠯᠠᠪᠠ᠃ ︽ᠥᠪᠥᠷ ᠮᠣᠩᠭᠤᠯ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠬᠡᠷᠡᠭᠵᠢᠭᠦᠯᠬᠦ ᠲᠥᠰᠦᠯ︾ ︽ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ | ᠮᠡᠨᠳᠦ ᠶᠢᠨ ᠬᠥᠮᠦᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠵᠤ᠂ | ᠰᠤᠷᠤᠭᠴᠢᠳ ᠤᠨ ᠠᠮᠤᠷ ᠲᠦᠪᠰᠢᠨ ᠤ ᠠᠵᠢᠯ ᠤᠨ ᠬᠡᠷ ᠤᠨ ᠠᠬᠠᠮᠠᠳ ᠪᠠ ᠰᠤᠷᠭᠠᠭᠤᠯᠢ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠪᠠ᠃ ᠰᠤᠷᠭᠠᠭᠤᠯᠢ ᠶᠢᠨ ᠰᠡᠳᠬᠢᠴᠡ ᠶᠢᠨ ᠡᠷᠡᠭᠦᠯ | ᠮᠡᠨᠳᠦ ᠶᠢᠨ ᠵᠢᠱᠢᠶ᠎ᠡ ᠦᠵᠡᠭᠦᠯᠬᠦ ᠲᠥᠪ ᠪᠠ ᠶᠡᠭᠡ ᠳᠡᠭᠡᠳᠦ ᠰᠤᠷᠭᠠᠭᠤᠯᠢ ᠨᠤᠭᠤᠳ ᠠᠴᠠ ᠠᠶᠢᠮᠠᠭ ᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠲᠠᠢ ᠬᠤᠯᠪᠣᠭᠠᠰᠤ ᠪᠠᠶᠢᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ | ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠲᠣᠭᠲᠠᠴᠠ ᠶᠢ ᠪᠠᠶᠢᠭᠤᠯᠪᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ | ᠤᠯᠤᠰ ᠤᠨ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠷ ᠬᠢᠨᠠᠮᠠᠭᠠᠶ ᠬᠠᠷᠭᠤᠭᠤᠯᠵᠤ᠂ | ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠬᠤ ᠪᠠᠷ ᠬᠢᠨᠠᠨ ᠵᠢᠯᠣᠭᠤᠳᠴᠤ ᠦᠨᠡᠯᠡᠨ ᠵᠢᠱᠢᠬᠦ ᠪᠠᠷᠢᠮᠵᠢᠶ᠎ᠠ ᠪᠣᠯᠭᠠᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠤ ᠪᠠᠨ ᠲᠡᠩᠴᠡᠭᠦᠷᠢᠲᠡᠶ ᠡᠰᠡᠬᠦ ᠲᠤᠬᠠᠢ ︽ᠡᠷᠭᠢᠵᠦ | ᠪᠤᠴᠠᠨ ᠬᠠᠷᠠᠵᠤ︾᠂ ᠪᠠᠭᠤᠷᠠᠶ ᠲᠠᠯ᠎ᠠ ᠶᠢ ᠪᠥᠬᠦ ᠲᠠᠯ᠎ᠠ ᠪᠠᠷ ᠡᠷᠢᠵᠦ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠳᠤ ᠪᠠᠲᠤ ᠰᠠᠭᠤᠷᠢ | ᠲᠠᠯᠪᠢᠨ᠎ᠠ᠃ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠯᠭᠠᠬᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠵᠢᠯᠣᠭᠤᠳᠤᠨ ᠤᠯᠤᠰ ᠲᠥᠷᠥ ᠶᠢ ᠡᠷᠬᠢᠮᠯᠡᠬᠦ | ᠥᠨᠳᠥᠷᠴᠡ ᠳᠤ ᠵᠣᠭᠰᠣᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ | ᠪᠠᠶᠢᠯᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠬᠥᠭᠵᠢᠭᠦᠯᠬᠦ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠬᠢᠨᠠᠨ ᠵᠢᠯᠣᠭᠤᠳᠴᠤ ᠦᠨᠡᠯᠡᠨ ᠵᠢᠱᠢᠬᠦ ᠭᠦᠢᠴᠡᠳᠬᠡᠯ ᠲᠤᠭ᠎ᠠ ᠳᠤ | ᠣᠷᠣᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠰᠢᠮᠳᠠᠭᠤᠯᠵᠤ᠂ ᠳᠠᠷᠤᠢ ᠳᠤ ᠨᠢ ᠬᠡᠷᠡᠭᠵᠢᠭᠦᠯᠵᠦ ᠳᠠᠷᠤᠢ ᠳᠤ ᠨᠢ ᠥᠭᠡᠷᠡᠴᠢᠯᠡᠬᠦ ᠪᠠ ᠣᠷᠳᠣ | ᠬᠤᠭᠤᠴᠠᠭ᠎ᠠ ᠪᠠᠷ ᠪᠠᠷᠢᠮᠲᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠨᠠᠷᠢᠨ ᠬᠠᠭᠤᠳᠠᠰᠤ ᠶᠢᠨ | ᠳ᠋ᠤᠭᠠᠷ ᠢ ᠬᠠᠰᠤᠬᠤ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠴᠡᠭᠴᠡᠯᠡᠨ | ᠰᠠᠶᠢᠵᠢᠷᠠᠭᠤᠯᠤᠭᠰᠠᠨ ᠢ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠵᠤ᠂ ᠠᠰᠠᠭᠤᠳᠠᠯ ᠤᠨ ᠳᠠᠬᠢᠨ | ᠡᠭᠦᠰᠬᠦ ᠠᠴᠠ ᠰᠡᠷᠭᠡᠶᠢᠯᠡᠨ᠎ᠡ︔ ᠴᠡᠭᠴᠡᠯᠡᠨ ᠰᠠᠶᠢᠵᠢᠷᠠᠭᠤᠯᠤᠭᠰᠠᠨ ᠦᠭᠡᠢ ᠶᠢ ᠨᠢ ᠴᠢᠩᠭ᠎ᠠ ᠠᠳᠬᠤᠵᠤ᠂ | ᠠᠰᠠᠭᠤᠳᠠᠯ ᠤᠨ ᠬᠤᠭᠤᠰᠣᠳᠠᠬᠤ ᠰᠡᠷᠭᠡᠶᠢᠯᠡᠬᠦ ᠶᠢᠨ ᠬᠠᠮᠲᠤ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ︽ᠡᠷᠭᠢᠵᠦ | ᠪᠤᠴᠠᠨ ᠬᠠᠷᠠᠬᠤ︾ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ 14 ᠵᠦᠢᠯ ᠤᠨ ᠨᠠᠷᠢᠨ ᠬᠠᠭᠤᠳᠠᠰᠤ ᠲᠠᠢ | ᠬᠠᠷᠢᠴᠠᠭᠤᠯᠤᠨ ᠵᠦᠷᠢᠶ᠎ᠡ ᠪᠠᠨ ᠡᠷᠢᠬᠦ ᠪᠠᠷ ᠪᠠᠷᠠᠬᠤ ᠦᠭᠡᠢ ᠴᠢᠨᠠᠷᠯᠢᠭ ᠪᠥᠭᠡᠳ ᠲᠡᠩᠴᠡᠭᠦᠷᠢᠲᠡᠢ ᠪᠠᠶᠢᠬᠤ | ᠪᠠᠷᠢᠮᠵᠢᠶ᠎ᠠ ᠲᠠᠢ ᠬᠠᠷᠢᠴᠠᠭᠤᠯᠤᠨ ᠨᠠᠷᠢᠨ ᠳᠠᠩᠰᠠ ᠪᠤᠳᠤᠬᠤ ᠬᠡᠷᠡᠭᠲᠡᠢ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ︽ᠭᠤᠷᠪᠠ ᠶᠢ ᠨᠡᠮᠡᠭᠳᠡᠭᠦᠯᠬᠦ︾ ︽ | ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠲᠥᠯᠥᠪᠯᠡᠨ ᠬᠠᠮᠢᠶᠠᠷᠬᠤ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠪᠠ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ | ᠵᠠᠷᠤᠯᠭ᠎ᠠ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠰᠢᠬᠠᠨ ᠡᠵᠡᠯᠡᠵᠦ | ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠯᠭᠠᠬᠤ ᠬᠠᠮᠢᠶ᠎ᠠ ᠪᠥᠬᠦᠶ | ᠪᠠᠷᠢᠮᠵᠢᠶ᠎ᠠ ᠲᠠᠢ ᠬᠠᠷᠢᠴᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠥᠯᠥᠪᠵᠢᠭᠦᠯᠵᠦ᠂ ᠰᠢᠶᠠᠩ ᠪᠠᠯᠭᠠᠰᠤ ᠶᠢᠨ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ | ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠪᠠᠯᠭᠠᠰᠤ ᠶᠢᠨ ᠡᠷᠳᠡᠮ ᠤᠨ ᠴᠣᠯᠠ ᠶᠢᠨ | ᠬᠠᠩᠭᠠᠯᠭ᠎ᠠ ᠶᠢ ᠭᠦᠢᠴᠡᠳ ᠪᠠᠲᠤᠯᠠᠵᠤ᠂ ᠬᠤᠲᠠ ᠪᠠᠯᠭᠠᠰᠤ ᠶᠢᠨ ᠰᠤᠷᠭᠠᠭᠤᠯᠢ ᠶᠢᠨ ᠶᠡᠭᠡ ᠠᠩᠭᠢ ᠶᠢᠨ ᠲᠤᠭ᠎ᠠ ᠶᠢ | ᠠᠯᠬᠤᠮ ᠠᠯᠬᠤᠮ ᠢᠶᠠᠷ ᠴᠥᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠳᠤᠲᠠᠭᠤᠳᠠᠯ ᠤᠨ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠪᠠᠭᠰᠢ ᠶᠢᠨ ᠬᠦᠯᠦᠰᠦ ᠣᠯᠭᠤᠮᠵᠢ ᠶᠢ ᠪᠠᠲᠤᠯᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ | ᠠᠵᠢᠯ ᠤᠨ ᠲᠤᠬᠠᠶ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ | ᠣᠷᠣᠯᠭ᠎ᠠ ᠶᠢᠨ ᠬᠢᠷᠢ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ | ᠬᠢᠷᠢ ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠲᠤᠳᠬᠠᠵᠤ᠂ ᠪᠠᠭᠰᠢ ᠶᠢᠨ ᠬᠥᠯᠥᠰᠥ ᠣᠯᠭᠤᠮᠵᠢ ᠶᠢ ᠰᠠᠶᠢᠲᠤᠷ | ᠪᠠᠲᠤᠯᠠᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠢ ᠤᠷᠢᠳ ᠢᠶᠠᠷ ᠪᠣᠳᠣᠯᠬᠢᠯᠠᠬᠤ ᠵᠠᠷᠴᠢᠮ ᠶᠣᠰᠣᠭᠠᠷ | ᠂ ᠪᠠᠭᠰᠢ ᠡᠯᠰᠡᠬᠦ ᠣᠨ ᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠲᠣᠭᠲᠠᠭᠠᠨ᠎ᠠ᠃ | ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠰᠢᠯᠭᠠᠯᠲᠠ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ | ᠪᠠᠭᠤᠷᠠᠭᠤᠯᠵᠤ ᠪᠣᠯᠤᠨ᠎ᠠ᠂ ᠪᠠᠰᠠ ᠰᠢᠭᠤᠳ ᠨᠢᠭᠤᠷᠲᠠᠨ ᠰᠢᠯᠭᠠᠬᠤ ᠪᠠ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ | ᠤᠷᠢᠨ ᠬᠡᠷᠡᠭᠯᠡᠵᠦ ᠪᠣᠯᠤᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠡᠯᠰᠡᠬᠦ ᠳᠤ | ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠡᠯᠪᠠᠶᠢᠯᠭᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ | ᠣᠷᠣᠭᠤᠯᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠲᠥᠰᠦᠪ ᠤᠨ ᠶᠡᠷᠦᠩᠬᠡᠶ ᠲᠣᠭᠠᠨ ᠤ 5% ᠪᠠᠷ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠳᠣᠭᠢᠷᠠᠭᠤᠯᠬᠤ ᠬᠠᠮᠢᠶ᠎ᠠ | ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠳᠥᠷᠪᠡ︶ ᠲᠡᠩᠴᠡᠭᠦᠷᠢᠰᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ | ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠯᠪᠠᠨ ᠠᠴᠠ | ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ | ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠡᠬᠢ ᠪᠠᠶᠠᠯᠢᠭ ᠢ ᠥᠷᠭᠡᠳᠬᠡᠵᠦ | ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠪᠦᠬᠦ ᠲᠠᠯ᠎ᠠ ᠪᠠᠷ | ᠵᠢᠷᠤᠮᠵᠢᠭᠤᠯᠤᠨ᠎ᠠ᠃ ︽ᠪᠥᠯᠥᠭᠯᠡᠯ ᠪᠣᠯᠭᠠᠬᠤ︾᠂ ︽ᠬᠤᠯᠪᠣᠭᠠᠯᠠᠬᠤ ᠲᠦᠷᠢᠮ︾ ᠢᠶᠠᠷ ᠰᠤᠷᠭᠠᠭᠤᠯᠢ ᠡᠷᠬᠢᠯᠡᠬᠦ ᠶᠢ | ᠢᠳᠡᠪᠬᠢᠲᠡᠶ ᠠᠬᠢᠭᠤᠯᠵᠤ᠂ ᠬᠤᠯᠪᠣᠭᠠᠯᠠᠵᠤ ᠵᠢᠭᠠᠨ ᠰᠤᠳᠤᠯᠬᠤ ᠲᠦᠷᠢᠮ ᠢ ᠲᠡᠭᠦᠯᠳᠡᠷᠵᠢᠭᠦᠯᠦᠨ᠂ ᠴᠢᠨᠠᠷᠯᠢᠭ | ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠰᠠᠭᠤᠷᠢ ᠰᠤᠷᠭᠠᠨ | ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ | ᠰᠤᠷᠤᠯᠭ᠎ᠠ ᠶᠢ ᠪᠠᠲᠤᠯᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠠᠬᠢᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠬᠤᠰᠢᠭᠤ | ᠰᠢᠶᠠᠨ ︵ᠬᠤᠲᠠ᠂ ᠲᠣᠭᠤᠷᠢᠭ︶ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ | ᠲᠡᠩᠴᠡᠭᠦᠷᠢᠲᠡᠶ ᠬᠥᠭᠵᠢᠭᠦᠯᠦᠭᠰᠡᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠯᠭᠠᠬᠤ ᠶᠢ ᠢᠳᠡᠪᠬᠢᠲᠡᠶ ᠪᠠᠷ | ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ | ᠡᠷᠭᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠢᠯᠡ ᠪᠠᠷ ᠰᠣᠷᠣᠭᠴᠢ ᠡᠯᠰᠡᠬᠦ ᠶᠢ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠪᠣᠯᠬᠤ ᠦᠵᠡᠯᠲᠡ ᠶᠢ ᠪᠤᠢ ᠪᠣᠯᠭᠠᠵᠤ᠂ ᠰᠤᠷᠭᠠᠭᠤᠯᠢ ᠳᠡᠪᠰᠢᠬᠦ | ᠭᠦᠢᠴᠡᠳᠬᠡᠯ ᠲᠤᠭ᠎ᠠ ᠪᠠᠭᠤᠯᠭᠠᠬᠤ ᠪᠤᠶᠤ ᠰᠤᠷᠭᠠᠭᠤᠯᠢ ᠳᠡᠪᠰᠢᠬᠦ ᠨᠤᠷᠮ᠎ᠠ ᠪᠠᠷ ᠰᠤᠷᠭᠠᠭᠤᠯᠢ ᠪᠠ ᠪᠠᠭᠰᠢ ᠶᠢ | ᠥᠷᠥᠭᠡᠰᠦᠭᠡᠯ ᠢᠶᠠᠷ ᠦᠨᠡᠯᠡᠬᠦ ᠶᠢ ᠴᠢᠩᠭ᠎ᠠ ᠴᠠᠭᠠᠵᠠᠯᠠᠨ᠎ᠠ᠃ ︽ᠲᠠᠪᠤᠨ ᠵᠦᠢᠯ ᠤᠨ ᠬᠠᠮᠢᠶᠠᠷᠤᠯᠲᠠ︾ ᠶᠢ ᠪᠥᠬᠦ | ᠲᠠᠯ᠎ᠠ ᠪᠠᠷ ᠴᠢᠩᠭᠠᠳᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ | ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠲᠠᠪᠤ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ | ᠪᠠᠶᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠥᠬᠦ ᠲᠠᠯ᠎ᠠ ᠪᠠᠷ ᠡᠬᠢᠯᠡᠭᠦᠯᠦᠨ᠎ᠡ᠃ | ᠪᠦᠬᠦ ᠲᠠᠯ᠎ᠠ ᠪᠠᠷ ᠬᠥᠭᠵᠢᠭᠦᠯᠬᠦ ᠣᠨᠣᠯᠵᠢᠬᠤᠨ ᠨᠢ ᠨᠡᠩ ᠢᠯᠡ ᠲᠣᠳᠣ᠂ ᠪᠠᠷᠢᠮᠵᠢᠶᠠᠵᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠨᠢ ᠨᠡᠩ ᠥᠨᠳᠥᠷ᠂ ᠪᠠᠭᠰᠢ ᠶᠢᠨ ᠡᠩᠨᠡᠭᠡ ᠨᠢ ᠨᠡᠩ ᠬᠦᠴᠦᠷᠬᠡᠭ᠂ | ᠠᠷᠠᠳ ᠣᠯᠠᠨ ᠨᠡᠩ ᠬᠠᠨᠤᠮᠵᠢᠲᠠᠶ ᠪᠠᠶᠢᠬᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠯᠢᠭ | ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ | ᠬᠢᠷᠢ ᠬᠡᠮ ᠤᠨ ᠨᠥᠬᠦᠴᠡᠯ᠂ ᠠᠭᠤᠯᠤᠭᠳᠠᠬᠤᠨ ᠪᠠ ᠴᠢᠬᠤᠯᠠ ᠠᠭᠤᠯᠭ᠎ᠠ᠂ ᠦᠨᠡᠯᠡᠨ ᠵᠢᠱᠢᠬᠦ ᠪᠠᠷᠢᠮᠵᠢᠶ᠎ᠠ ᠪᠠ | ᠡᠭᠦᠳᠦᠨ ᠪᠠᠶᠢᠭᠤᠯᠬᠤ ᠠᠷᠭ᠎ᠠ ᠶᠢ ᠭᠦᠨᠵᠡᠭᠡᠶ ᠰᠤᠳᠤᠯᠵᠤ᠂ ︽ᠰᠤᠷᠭᠠᠭᠤᠯᠢ ᠪᠦᠬᠦᠨ ᠪᠠᠷᠢᠮᠵᠢᠶ᠎ᠠ ᠳᠤ ᠬᠦᠷᠴᠦ᠂ | ᠲᠥᠷᠥᠯ ᠵᠦᠢᠯ ᠪᠦᠬᠦᠨ ᠪᠠᠷᠢᠮᠵᠢᠶ᠎ᠠ ᠳᠤ ᠬᠦᠷᠬᠦ︾ ᠭᠦᠢᠴᠡᠳᠬᠡᠯ ᠲᠣᠭᠠᠨ ᠤ ᠲᠣᠭᠲᠠᠯᠴᠠᠭ᠎ᠠ ᠲᠠᠢ ᠬᠠᠷᠢᠴᠠᠭᠤᠯᠵᠤ᠂ | ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠷᠭᠠᠭᠤᠯᠢ ᠬᠤᠪᠢᠶᠠᠨ ᠣᠳᠣᠬᠢ ᠪᠠᠶᠢᠳᠠᠯ ᠢ ᠰᠢᠰᠲ᠋ᠧᠮ ᠲᠠᠢ ᠪᠠᠷ | ᠡᠮᠬᠢᠯᠡᠨ ᠳᠢᠭᠯᠡᠵᠦ᠂ ᠵᠥᠷᠢᠶ᠎ᠡ ᠪᠠ ᠠᠰᠠᠭᠤᠳᠠᠯ ᠢ ᠡᠷᠢᠵᠦ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠮᠥᠷᠲᠡᠭᠡᠨ | ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠦᠨᠳᠦᠰᠦᠨ ᠳᠤ ᠪᠠᠨ ᠲᠡᠩᠴᠡᠭᠦᠷᠢᠲᠡᠶ ᠪᠠᠬᠢᠵᠢᠭᠦᠯᠬᠦ ᠬᠢᠷᠢ | ᠲᠦᠪᠰᠢᠨ ᠢ ᠪᠣᠳᠣᠯᠬᠢᠯᠠᠬᠤ ᠮᠥᠷᠲᠡᠭᠡᠨ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠰᠠᠭᠤᠷᠢ ᠶᠢ | ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ | ᠲᠡᠩᠴᠡᠭᠦᠷᠢᠲᠡᠶ ᠪᠠᠶᠢᠬᠤ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠲᠥᠯᠥᠪᠵᠢᠭᠦᠯᠭᠡ ᠶᠢᠨ ᠲᠥᠰᠦᠯ ᠢ | ᠰᠠᠶᠢᠲᠤᠷ ᠰᠤᠳᠤᠯᠤᠨ ᠲᠣᠭᠲᠠᠭᠠᠵᠤ᠂ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠷ ᠴᠢᠨᠠᠷᠯᠢᠭ ᠪᠥᠭᠡᠳ | ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠢ ᠬᠥᠲᠥᠯᠦᠨ ᠳᠠᠭᠠᠭᠤᠯᠤᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 12 ᠰᠠᠷ᠎ᠠ ᠶᠢᠨ 27 ᠤ ᠡᠳᠦᠷ | |