ᠦᠰᠦᠭ ᠪᠢᠴᠢᠭ ᠢᠶᠠᠷ ᠦᠭᠦᠯᠡᠬᠦᠢ᠄ ︽ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠦᠢᠯᠡᠳᠪᠦᠷᠢ ᠶᠢᠨ ᠭᠡᠷ ᠤᠨ ᠥᠮᠴᠢᠯᠡᠯ ᠤᠨ ᠡᠷᠬᠡ ᠶᠢᠨ ᠭᠠᠷᠳᠠᠮ ᠢ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠮᠡᠳᠡᠭᠳᠡᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/30
  ᠨᠢᠭᠡ᠂ ᠲᠤᠭᠤᠷᠪᠢᠭᠰᠠᠨ ᠠᠬᠤᠶ ᠪᠠᠶᠢᠳᠠᠯ  ᠭᠠᠵᠠᠷ ᠰᠢᠷᠣᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠣᠨ ᠵᠠᠢ ᠶᠢᠨ ᠠᠴᠢᠶᠠᠯᠠᠪᠤᠷᠢ ᠪᠣᠯᠣᠨ᠎ᠠ ᠂ ᠬᠠᠮᠢᠶ᠎ᠠ ᠪᠦᠬᠦᠢ ᠡᠷᠬᠡ ᠶᠢᠨ ᠦᠨᠡᠮᠯᠡᠯ ᠨᠢ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡᠲᠦ ᠬᠥᠮᠥᠨ ᠤ ᠥᠮᠴᠢᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠲᠤᠰ ᠦᠯᠦ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠶᠢ ᠰᠢᠢᠳᠪᠦᠷᠢᠯᠡᠬᠦ ᠶᠢᠨ ᠦᠨᠳᠦᠰᠦᠯᠡᠯ ᠪᠣᠯᠣᠨ᠎ᠠ᠃ ᠠᠵᠤ ᠠᠬᠤᠶᠢᠯᠠᠯ ᠨᠢ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠤᠭᠰᠠᠨ ᠦᠭᠡᠢ ᠪᠣᠯ ᠪᠠᠷᠢᠴᠠᠭᠠᠯᠠᠬᠤ ᠪᠠ ᠪᠡᠯᠡ ᠬᠤᠷᠠᠮᠳᠤᠭᠤᠯᠬᠤ ᠶᠢ ᠥᠷᠨᠢᠭᠦᠯᠬᠦ ᠶᠢᠨ ᠠᠷᠭ᠎ᠠ ᠦᠭᠡᠢ᠂ ᠡᠳ᠋ ᠬᠦᠷᠦᠩᠭᠡ ᠶᠢ ᠠᠮᠢᠳᠤᠯᠢᠭ ᠪᠣᠯᠭᠠᠬᠤ ᠶᠢᠨ ᠠᠷᠭ᠎ᠠ ᠦᠭᠡᠢ᠂ ᠠᠵᠤ ᠠᠬᠤᠶᠢᠯᠠᠯᠲᠠᠨ ᠨᠢ ᠴᠦ ᠬᠠᠷᠢᠶᠠᠯᠠᠭᠳᠠᠬᠤ ᠰᠡᠳᠬᠢᠯᠭᠡ ᠶᠢ ᠣᠯᠵᠤ ᠴᠢᠳᠠᠬᠤ ᠦᠭᠡᠢ ᠪᠠᠶᠢᠵᠤ᠂ ᠠᠵᠤ ᠠᠬᠤᠶᠢᠯᠠᠯ ᠤᠨ ᠡᠵᠡᠩᠨᠡᠯᠲᠡ ᠳᠤ ᠴᠦ ᠳᠠᠯᠳᠠ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠳᠥᠯᠭᠢᠨ ᠠᠬᠢᠭᠤᠯᠬᠤ ᠨᠢ ᠠᠵᠤ ᠠᠬᠤᠶᠢᠯᠠᠯ ᠤᠨ ᠡᠳ᠋ ᠬᠥᠷᠥᠩᠭᠡ ᠶᠢᠨ ᠡᠷᠬᠡ ᠠᠰᠢᠭ ᠢ ᠨᠠᠩ ᠰᠠᠶᠢᠨ ᠪᠠᠲᠤᠯᠠᠵᠤ ᠴᠢᠳᠠᠨ᠎ᠠ᠃ 2022 ᠣᠨ ᠤ 8 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠪᠥᠬᠦ ᠣᠷᠣᠨ ᠤ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠤ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠪᠥᠬᠦ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ︽ᠵᠢᠯᠣᠭᠤᠳᠬᠤ ᠰᠠᠨᠠᠯ︾ ᠤᠨ ᠰᠠᠭᠤᠷᠢᠨ ᠳᠡᠭᠡᠷ᠎ᠡ᠂ 2 ᠳ᠋ᠤᠭᠠᠷ ᠰᠠᠷ᠎ᠠ ᠶᠢᠨ 23 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠮᠲᠤᠷᠠᠨ ︽ᠠᠵᠤ ᠠᠬᠤᠶᠢᠯᠠᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠬᠡᠷ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠭᠡᠬᠦ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠤᠨ ᠥᠮᠴᠢᠯᠡᠬᠦ ᠡᠷᠬᠡ ᠶᠢᠨ ᠲᠦᠷᠦᠯ ᠵᠦᠢᠯ ᠢ ᠪᠦᠬᠦ ᠲᠠᠯ᠎ᠠ ᠪᠠᠷ ᠲᠣᠶᠢᠯᠪᠤᠷᠢᠲᠠᠢ ᠵᠠᠰᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠱᠠᠳᠤ ᠦᠶ᠎ᠡ ᠬᠤᠪᠢᠶᠠᠨ ᠬᠡᠰᠡᠭ ᠬᠤᠪᠢᠶᠠᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯᠲᠠᠨ ᠤ ᠪᠡᠯᠡ ᠣᠷᠣᠭᠤᠯᠤᠯᠲᠠ ᠶᠢ ᠰᠠᠨᠠᠭ᠎ᠠ ᠠᠮᠤᠷ ᠪᠠᠶᠢᠯᠭᠠᠬᠤ᠂ ᠡᠵᠡᠩᠨᠡᠯᠲᠡ ᠶᠢ ᠰᠡᠳᠬᠢᠯ ᠠᠮᠤᠷ ᠪᠠᠶᠢᠯᠭᠠᠬᠤ᠂ ᠬᠥᠭᠵᠢᠯᠲᠡ ᠶᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃  ᠬᠤᠶᠠᠷ᠂ ᠲᠤᠭᠤᠷᠪᠢᠨ ᠪᠢᠴᠢᠭᠰᠡᠨ ᠦᠨᠳᠦᠰᠦᠯᠡᠯ  ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾  ︵ᠬᠤᠶᠠᠷ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾  ︵ᠭᠤᠷᠪᠠ︶ ︽ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠲᠦᠷ ᠬᠡᠷᠡᠭᠵᠢᠭᠦᠯᠬᠦ ᠳᠦᠷᠢᠮ︾  ︵ᠳᠥᠷᠪᠡ︶ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠲᠦᠷᠭᠡᠳᠬᠡᠨ ᠰᠢᠢᠳᠪᠦᠷᠢᠯᠡᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ﹇2021﹈ 1 ᠳ᠋ᠤᠭᠡᠷ ᠲᠣᠭᠠᠲᠤ︶᠂ ︽ᠬᠤᠲᠠ ᠪᠠᠯᠭᠠᠰᠤ ᠶᠢᠨ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ ︾ ︵ᠥᠪᠡᠷᠳᠡᠭᠡᠨ ᠵᠠᠰᠠᠭ ᠠᠯᠪᠠᠨ ᠲᠠᠷᠬᠠᠭᠠᠭᠰᠠᠨ ﹇2018﹈ 95 ᠳ᠋ᠤᠭᠠᠷ    ᠲᠣᠭᠠᠲᠤ︶᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠦ᠋ᠭᠡᠷ ᠲᠣᠭᠠᠲᠤ︶᠂ ︽︿ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ﹇2021﹈ 155 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ᠃  ᠭᠤᠷᠪᠠ᠂ ᠭᠤᠣᠯ ᠠᠭᠤᠯᠭ᠎ᠠ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠲᠠᠯ᠎ᠠ ᠪᠠᠷ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠠᠵᠢᠯ ᠢ ᠳᠥᠯᠭᠢᠨ ᠠᠬᠢᠭᠤᠯᠵᠤ ᠣᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠠᠷᠭ᠎ᠠ ᠬᠢᠳᠡᠯ ᠢᠶᠠᠷ ᠯᠠᠪᠯᠠᠯᠲᠠ ᠪᠣᠯᠭᠠᠬᠤ ᠶᠢᠨ ᠬᠠᠮᠲᠤ᠂ ᠡᠯ᠎ᠡ ᠭᠠᠵᠠᠷ ᠣᠷᠣᠨ ᠤ ᠡᠮᠦᠨᠡᠬᠢ ᠬᠤᠭᠤᠴᠠᠭᠠᠨ ᠤ ᠠᠩᠬ᠎ᠠ ᠠᠯᠬᠤᠮ ᠤᠶᠢᠯᠠᠭᠠᠨ ᠵᠢᠭᠰᠠᠭᠠᠬᠤ ᠶᠢ ᠠᠬᠢᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠶᠠᠪᠤᠴᠠ ᠳᠤ ᠬᠠᠮᠤᠭ ᠤᠨ ᠦᠷᠭᠦᠯᠵᠢ ᠲᠤᠯᠭᠠᠷᠠᠳᠠᠭ ᠪᠠᠶᠢᠳᠠᠯ ᠳᠤ ᠴᠢᠭᠯᠡᠭᠦᠯᠦᠨ ᠳᠥᠷᠪᠡᠨ ᠵᠦᠢᠯ ᠤᠨ ᠠᠵᠢᠯ ᠤᠨ ᠱᠠᠭᠠᠷᠳᠠᠯᠭ᠎ᠠ ᠶᠢ ᠳᠤᠷᠠᠳᠪᠠ᠃  ᠨᠢᠭᠡ ᠳᠤ᠂ ᠪᠣᠭᠤᠮᠲᠠ ᠶᠢ ᠤᠷᠤᠭᠰᠢ ᠰᠢᠯᠵᠢᠭᠦᠯᠵᠦ᠂ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠭᠡᠬᠦ ᠠᠵᠢᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠠᠵᠢᠯ ᠤᠨ ᠪᠣᠭᠤᠮᠲᠠ ᠶᠢ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠳᠡᠭᠡᠷ᠎ᠡ ᠨᠢᠭᠡᠨᠲᠡ ᠪᠠᠶᠢᠭᠤᠯᠤᠭᠰᠠᠨ ᠵᠠᠩᠭᠢᠯᠠᠭ᠎ᠠ ᠶᠢᠨ ᠴᠡᠭ ᠠᠴᠠ ᠲᠥᠷᠥᠯ ᠵᠦᠢᠯ ᠤᠨ ᠠᠵᠢᠯ ᠡᠬᠢᠯᠡᠭᠦᠯᠬᠦ ᠵᠠᠩᠭᠢᠯᠠᠭ᠎ᠠ ᠶᠢᠨ ᠴᠡᠭ ᠲᠤ ᠬᠦᠷᠲᠡᠯ᠎ᠡ ᠰᠢᠯᠵᠢᠭᠦᠯᠵᠦ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠢ ᠪᠦᠬᠦᠨ ᠢ ᠠᠵᠢᠯ ᠤᠨ ᠡᠬᠡ ᠳᠠᠩᠰᠠᠨ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠠᠵᠢᠯ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃  ᠬᠤᠶᠠᠷ ᠲᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠠᠬᠢᠴᠠ ᠶᠢ ᠠᠬᠢᠭᠤᠯᠤᠨ᠎ᠠ᠃ ᠲᠥᠷᠥᠯ ᠵᠦᠢᠯ ᠢ ᠡᠬᠢᠯᠡᠭᠦᠯᠦᠭᠡᠳᠦᠶ ᠪᠤᠶᠤ ᠪᠠᠷᠢᠯᠭ᠎ᠠ ᠬᠠᠷᠠᠬᠠᠨ ᠳᠠᠭᠤᠰᠤᠭᠠᠳᠤᠶ ᠪᠠᠶᠢᠪᠠᠯ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠠᠭᠠᠭᠠᠯᠭᠠᠨ ᠲᠥᠷᠥᠯ ᠵᠦᠢᠯ ᠤᠨ ᠠᠬᠢᠴᠠ ᠶᠢ ᠮᠥᠷᠳᠡᠭᠦᠯᠵᠦ᠂ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠭᠠᠷᠳᠠᠮ ᠢ ᠴᠠᠭ ᠲᠤᠬᠠᠶ ᠳᠤ ᠨᠢ ᠲᠡᠭᠦᠯᠳᠡᠷᠵᠢᠭᠦᠯᠦᠨ᠎ᠡ᠃ ᠲᠥᠷᠥᠯ ᠵᠦᠢᠯ ᠢ ᠨᠢᠭᠡᠨᠲᠡ ᠪᠠᠶᠢᠭᠤᠯᠤᠭᠰᠠᠨ ᠪᠠᠶᠢᠪᠠᠯ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠭᠠᠵᠠᠷ ᠰᠢᠷᠣᠶ ᠶᠢᠨ ᠦᠢᠯᠡᠳᠪᠦᠷᠢ ᠶᠢᠨ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢ ᠣᠯᠬᠤ ᠪᠠᠷ ᠵᠠᠩᠭᠢᠯᠠᠭ᠎ᠠ ᠶᠢᠨ ᠴᠡᠭ ᠪᠣᠯᠭᠠᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠲᠥᠷᠥᠯ ᠵᠦᠢᠯ ᠳᠠᠷᠠᠭᠠᠯᠠᠨ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠪᠡᠶᠡᠯᠡᠭᠦᠯᠬᠦ ᠴᠠᠭ ᠤᠨ ᠬᠢᠵᠠᠭᠠᠷ ᠢ ᠲᠣᠭᠲᠠᠭᠠᠨ᠎ᠠ᠃  ᠭᠤᠷᠪᠠ ᠳᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠠᠵᠠᠷ ᠰᠢᠷᠣᠢ ᠶᠢᠨ ᠦᠢᠯᠡᠳᠪᠦᠷᠢ ᠶᠢᠨ ᠭᠡᠷ ᠤᠨ ᠥᠮᠴᠢᠯᠡᠬᠦ ᠡᠷᠬᠡ ᠶᠢᠨ ᠲᠦᠷᠦᠯ ᠵᠦᠢᠯ ᠢ ᠪᠦᠬᠦ ᠲᠠᠯ᠎ᠠ ᠪᠠᠷ ᠲᠣᠶᠢᠯᠪᠤᠷᠢᠲᠠᠢ ᠵᠠᠰᠠᠨ᠎ᠠ᠃ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠵᠤ ᠠᠬᠤᠶᠢᠯᠠᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠵᠡᠷᠭᠡ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠥᠷᠨᠢᠭᠦᠯᠦᠭᠰᠡᠨ ︽ᠲᠠᠪᠤ ᠶᠢ ᠲᠦᠢᠯᠪᠤᠷᠢᠲᠠᠢ ᠵᠠᠰᠠᠬᠤ︾ ᠠᠵᠢᠯᠯᠠᠭ᠎ᠠ ᠲᠠᠢ ᠤᠶᠠᠯᠳᠤᠭᠤᠯᠤᠨ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠤᠨ ᠥᠮᠴᠢᠯᠡᠬᠦ ᠡᠷᠬᠡ ᠶᠢᠨ ᠪᠠᠶᠢᠳᠠᠯ ᠢ ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ᠠᠵᠢᠯ ᠤᠨ ᠡᠬᠡ ᠲᠠᠩᠰᠠ ᠶᠢ ᠲᠡᠭᠦᠯᠳᠡᠷᠵᠢᠭᠦᠯᠦᠨ᠂ ᠭᠠᠵᠠᠷ ᠰᠢᠷᠣᠶ ᠶᠢ ᠲᠠᠲᠠᠪᠤᠷᠢᠯᠠᠬᠤ ᠪᠠ ᠰᠢᠯᠵᠢᠭᠦᠯᠦᠨ ᠬᠡᠷᠡᠭᠯᠡᠬᠦ᠂ ᠦᠢᠯᠡᠳᠪᠦᠷᠢ ᠶᠢᠨ ᠭᠡᠷ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ︽ᠭᠡᠷ ᠭᠠᠵᠠᠷ ᠢ ᠨᠢᠭᠡ ᠴᠣᠭᠴᠠᠵᠢᠭᠤᠯᠤᠭᠰᠠᠨ︾ ᠥᠯᠥ ᠬᠥᠳᠡᠯᠬᠦ ᠬᠥᠷᠥᠩᠭᠡ ᠶᠢᠨ ᠡᠷᠬᠡ ᠣᠯᠬᠤ ᠭᠤᠷᠪᠠᠨ ᠱᠠᠲᠤ ᠦᠶ᠎ᠡ ᠪᠠᠷ ᠬᠡᠰᠡᠭ ᠬᠤᠪᠢᠶᠠᠭᠰᠠᠨ ᠡᠭᠦᠷᠭᠡ ᠶᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠷᠢᠯᠭᠠᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃  ᠲᠦᠷᠪᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ᠃ ᠡᠬᠡ ᠲᠠᠩᠰᠠ ᠶᠢᠨ ᠲᠥᠷᠥᠯ ᠵᠦᠢᠯ ᠳᠤ ᠵᠢᠭᠰᠠᠭᠠᠨ ᠣᠷᠣᠭᠤᠯᠤᠭᠰᠠᠨ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠠᠵᠤ ᠠᠬᠤᠶᠢᠯᠠᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠤᠨ ᠥᠮᠴᠢᠯᠡᠬᠦ ᠡᠷᠬᠡ ᠶᠢᠨ ᠭᠠᠷᠳᠠᠮ ᠭᠦᠢᠴᠡᠳᠬᠡᠬᠦ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠡᠬᠡ ᠳᠠᠩᠰᠠ ᠶᠢᠨ ᠳᠣᠲᠣᠷᠠᠬᠢ ᠠᠵᠤ ᠠᠬᠤᠶᠢᠯᠠᠯ ᠤᠨ ᠭᠠᠵᠠᠷ ᠰᠢᠷᠣᠶ ᠶᠢᠨ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠭᠦᠢᠴᠡᠳᠬᠡᠬᠦ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠱᠠᠯᠠᠪᠳᠠᠭᠤᠯᠤᠨ ᠭᠦᠢᠴᠡᠳᠬᠡᠵᠦ ᠨᠠᠶᠢᠳᠠᠪᠤᠷᠢᠵᠢᠭᠤᠯᠬᠤ ᠬᠡᠷᠡᠭᠲᠡᠶ᠃ ᠲᠣᠬᠢᠷᠠᠭᠤᠯᠬᠤ ᠪᠠ ᠨᠡᠪᠲᠡᠷᠡᠭᠦᠯᠬᠦ ᠳᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠭᠠᠵᠠᠷ ᠰᠢᠷᠣᠶ ᠲᠠᠲᠠᠪᠤᠷᠢᠯᠠᠬᠤ ᠪᠠ ᠰᠢᠯᠵᠢᠭᠦᠯᠦᠨ ᠬᠡᠷᠡᠭᠯᠡᠬᠦ᠂ ᠬᠠᠩᠭᠠᠬᠤ ᠪᠠ ᠥᠮᠴᠢᠯᠡᠬᠦ ᠡᠷᠬᠡ ᠪᠠᠨ ᠭᠤᠶᠤᠴᠢᠯᠠᠨ ᠭᠦᠢᠴᠡᠳᠬᠡᠬᠦ ᠳᠤ ᠬᠤᠯᠪᠣᠭᠳᠠᠬᠤ ᠵᠢᠴᠢ ᠦᠢᠯᠡᠳᠪᠦᠷᠢ ᠶᠢᠨ ᠭᠡᠷ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠳᠤ ᠲᠣᠬᠢᠷᠠᠭᠤᠯᠤᠯᠲᠠ ᠬᠢᠵᠦ᠂ ᠬᠠᠮᠵᠢᠯᠴᠠᠨ ᠠᠬᠢᠭᠤᠯᠬᠤ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号