︹2021︺ 4 ᠳ᠋ᠦ᠋ᠭᠡᠷ ᠲᠣᠭᠠᠲᠤ | 2022 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠠᠨ ᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ᠂ ᠥᠯᠵᠡᠶ | ᠪᠡᠯᠭᠡ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ ᠮᠠᠨ ᠤ | ᠣᠷᠣᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠥᠮᠦᠰ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ | ᠶᠠᠪᠤᠵᠤ ᠰᠠᠭᠤᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ᠄ | ᠨᠢᠭᠡ᠂ ᠨᠡᠶᠢᠲᠡ ᠣᠯᠠᠨ ᠢᠶᠠᠷ ᠢᠶᠠᠨ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠵᠣᠷᠢᠭᠵᠢᠭᠤᠯᠵᠤ᠂ ᠪᠥᠬᠦ | ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠶᠢᠨ ᠠᠵᠢᠯᠲᠠᠳ ᠠᠴᠠ ᠲᠦᠷᠦᠭᠦᠯᠡᠨ ᠲᠤᠬᠠᠶ ᠶᠢᠨ | ᠭᠠᠵᠠᠷ ᠲᠤ ᠪᠠᠨ ᠰᠢᠨᠡᠯᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠳᠤᠮᠳᠠ᠂ ᠥᠨᠳᠥᠷ ᠳᠡᠰ ᠤᠨ ᠲᠥᠭᠰᠢᠭᠦᠷᠢᠲᠦ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠥᠮᠦᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠳᠤᠮᠳᠠ᠂ | ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠠᠶᠢᠮᠠᠭ ᠬᠤᠲᠠ ᠶᠢᠨ ᠪᠤᠰᠤᠳ ᠬᠤᠰᠢᠭᠤ ᠰᠢᠶᠠᠨ | ︵ᠬᠤᠲᠠ᠂ ᠲᠣᠭᠤᠷᠢᠭ︶ ᠤ ᠬᠥᠮᠦᠰ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ ᠪᠠᠶᠢᠵᠤ᠂ ᠦᠨᠡᠨ ᠬᠦ | ᠭᠠᠳᠠᠭᠰᠢ ᠭᠠᠷᠬᠤ ᠴᠢᠬᠤᠯᠠ ᠲᠠᠢ ᠪᠣᠯ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ | ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ | ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠣᠴᠢᠬᠤ ᠶᠢ ᠴᠢᠩᠭ᠎ᠠ ᠬᠢᠵᠠᠭᠠᠷᠯᠠᠵᠤ᠂ | ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠠᠶᠢᠮᠠᠭ | ᠬᠤᠲᠠ ᠶᠢᠨ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠴᠢᠬᠤᠯᠠ ᠦᠭᠡᠢ ᠪᠣᠯ ᠣᠴᠢᠵᠤ ᠪᠣᠯᠬᠤ | ᠦᠭᠡᠢ᠃ ᠦᠨᠡᠨ ᠬᠦ ᠣᠴᠢᠬᠤ ᠴᠢᠬᠤᠯᠠ ᠲᠠᠢ ᠪᠣᠯ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠪᠠᠨ | ᠰᠠᠶᠢᠲᠤᠷ ᠬᠢᠵᠦ᠂ ᠬᠥᠮᠦᠨ ᠣᠯᠠᠨ ᠭᠠᠵᠠᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ | ᠪᠤᠴᠠᠬᠤ ᠠᠴᠠ ᠪᠠᠨ ᠡᠮᠦᠨ᠎ᠡ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ | ᠪᠠᠶᠢᠭᠤᠯᠭ᠎ᠠ ᠨᠢᠭᠡᠴᠢ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ︔ ᠪᠤᠴᠠᠵᠤ ᠢᠷᠡᠭᠰᠡᠨ ᠤ ᠳᠠᠷᠠᠭ᠎ᠠ᠂ | ᠬᠠᠷᠢᠶ᠎ᠠ ᠭᠠᠵᠠᠷ ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ | ᠢᠳᠡᠪᠬᠢᠲᠡᠶ ᠬᠠᠮᠵᠢᠯᠴᠠᠬᠤ ᠬᠡᠷᠡᠭᠲᠡᠶ᠃ | ᠳᠥᠷᠪᠡ᠂ ᠮᠠᠨ ᠤ ᠣᠷᠣᠨ ᠤ ᠮᠠᠨᠵᠤᠤᠷ ᠬᠤᠲᠠ᠂ ᠡᠷᠭᠦᠨ᠎ᠡ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ | ᠰᠢᠨ᠎ᠡ ᠪᠠᠷᠭᠤ ᠪᠠᠷᠠᠭᠤᠨ ᠬᠤᠰᠢᠭᠤ᠂ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ᠂ ᠤᠷᠠᠳ ᠤᠨ ᠳᠤᠮᠳᠠᠳᠤ | ᠬᠤᠰᠢᠭᠤ᠂ ᠡᠵᠡᠨ᠎ᠡ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠷᠠᠰᠢᠶᠠᠨ ᠬᠤᠲᠠ ᠵᠡᠷᠭᠡ | ᠬᠢᠯᠢ ᠶᠢᠨ ᠪᠣᠭᠤᠮᠲᠠ ᠶᠢᠨ ᠬᠤᠲᠠ ᠳᠤ ᠴᠢᠬᠤᠯᠠ ᠥᠬᠡᠶ ᠪᠣᠯ ᠣᠴᠢᠵᠤ ᠪᠣᠯᠬᠤ ᠦᠭᠡᠢ᠂ ᠦᠨᠡᠨ ᠬᠦ ᠣᠴᠢᠬᠤ | ᠴᠢᠬᠤᠯᠠ ᠲᠠᠢ ᠪᠣᠯ ᠬᠦᠷᠦᠭᠰᠡᠨ ᠤ ᠳᠠᠷᠠᠭ᠎ᠠ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠬᠢᠬᠦ ᠬᠡᠷᠡᠭᠲᠡᠶ᠃ ᠡᠷᠭᠦᠨ᠎ᠡ ᠬᠤᠲᠠ ᠶᠢᠨ ᠾᠧᠢ ᠱᠠᠨ ᠳᠧᠦ ᠪᠠᠯᠭᠠᠰᠤ᠂ ᠰᠢᠪᠡᠭᠡ ᠪᠠᠯᠭᠠᠰᠤ᠂ ᠰᠢᠨ᠎ᠡ | ᠪᠠᠷᠭᠤ ᠵᠡᠭᠦᠨ ᠬᠤᠰᠢᠭᠤᠨ ᠤ ᠡᠪᠦᠳᠦᠭ ᠪᠠᠯᠭᠠᠰᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤ ᠬᠠᠰᠢᠶᠠᠲᠤ | ᠪᠠᠯᠭᠠᠰᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠠᠯᠭᠠᠰᠤ᠂ ᠤᠷᠠᠳ ᠤᠨ ᠳᠤᠮᠳᠠᠳᠤ | ᠬᠤᠰᠢᠭᠤᠨ ᠤ ᠭᠠᠭᠴᠠᠮᠤᠳᠤ ᠪᠠᠯᠭᠠᠰᠤ᠂ ᠡᠵᠡᠨ᠎ᠡ ᠬᠤᠰᠢᠭᠤᠨ ᠤ ᠴᠡᠭᠡ ᠪᠠᠯᠭᠠᠰᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠮᠠᠨᠳᠤᠯ᠎ᠠ ᠪᠠᠯᠭᠠᠰᠤ ᠵᠡᠷᠭᠡ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠳᠤ ᠣᠴᠢᠬᠤ | ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ ᠪᠠᠶᠢᠬᠤ ᠬᠡᠷᠡᠭᠲᠡᠶ᠃ ᠳᠡᠭᠡᠷᠡᠬᠢ 10 ᠬᠢᠯᠢ ᠶᠢᠨ ᠪᠣᠭᠤᠮᠲᠠ ᠶᠢᠨ ᠬᠤᠲᠠ ᠠᠴᠠ ᠭᠠᠷᠬᠤ ᠬᠥᠮᠦᠰ ᠡᠷᠬᠡᠪᠰᠢ | 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ | ᠬᠡᠷᠡᠭᠲᠡᠶ᠃ 14 ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ 10 ᠬᠢᠯᠢ ᠶᠢᠨ ᠪᠣᠭᠤᠮᠲᠠ ᠶᠢᠨ ᠬᠤᠳᠠ ᠳᠤ | ᠵᠤᠭᠠᠴᠠᠨ ᠰᠠᠭᠤᠭᠰᠠᠨ ᠲᠡᠦᠬᠡ ᠲᠠᠢ ᠬᠥᠮᠦᠰ ᠤᠨ ᠪᠡᠭᠡᠵᠢᠩ ᠳᠤ ᠣᠷᠣᠬᠤ ᠶᠢ ᠴᠢᠩᠭ᠎ᠠ ᠬᠢᠵᠠᠭᠠᠷᠯᠠᠨ᠎ᠠ᠃ | ᠲᠠᠪᠤ᠂ ᠬᠠᠭᠤᠷᠠᠶ ᠵᠠᠮ᠂ ᠠᠭᠠᠷ ᠤᠨ ᠠᠶᠠᠯᠠᠯ ᠤᠨ ᠪᠣᠭᠤᠮᠲᠠ ᠶᠢᠨ ᠬᠢᠯᠢ ᠪᠠᠷ ᠣᠷᠣᠵᠤ ᠢᠷᠡᠭᠰᠡᠨ ᠬᠥᠮᠦᠰ᠂ | ᠡᠳ᠋ ᠪᠣᠳᠠᠰ᠂ ᠣᠷᠴᠢᠨ ᠲᠣᠭᠤᠷᠢᠨ ᠲᠠᠢ ᠣᠶᠢᠷᠠᠲᠤᠭᠰᠠᠨ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ | ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ | ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠴᠢᠳᠠᠬᠤ ᠶᠢᠨ | ᠬᠢᠷᠢ ᠪᠠᠷ ᠭᠠᠳᠠᠭᠰᠢ ᠭᠠᠷᠬᠤ ᠠᠴᠠ ᠵᠠᠶᠢᠯᠠᠰᠬᠢᠬᠦ ᠬᠡᠷᠡᠭᠲᠡᠶ᠂ ᠦᠨᠡᠨ ᠬᠦ ᠭᠠᠳᠠᠭᠰᠢ ᠭᠠᠷᠬᠤ ᠴᠢᠬᠤᠯᠠ ᠲᠠᠢ ᠪᠣᠯ | ᠠᠵᠢᠯ ᠤᠨ ᠪᠠᠶᠢᠷᠢ ᠠᠴᠠ ᠪᠠᠨ ᠰᠠᠯᠤᠭᠠᠳ 14 ᠡᠳᠦᠷ ᠠᠴᠠ ᠳᠡᠭᠡᠭᠰᠢ ᠪᠣᠯᠤᠭᠰᠠᠨ ᠮᠥᠷᠲᠡᠭᠡᠨ 48 ᠴᠠᠭ ᠤᠨ | ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠶᠢᠨ ᠬᠠᠮᠲᠤ | ᠪᠠᠶᠢᠭ᠎ᠠ ᠪᠠᠶᠢᠭᠤᠯᠭ᠎ᠠ ᠨᠢᠭᠡᠴᠢ ᠳᠤ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠵᠢᠷᠭᠤᠭ᠎ᠠ᠂ ᠬᠢᠯᠢ ᠪᠠᠷ ᠣᠷᠣᠵᠤ ᠢᠷᠡᠭᠰᠡᠳ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂ | ᠬᠢᠯᠢ ᠪᠠᠷ ᠣᠷᠣᠵᠤ ᠢᠷᠡᠭᠰᠡᠳ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠬᠡᠷ ᠲᠤ ᠪᠠᠨ | ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠡᠷ ᠲᠤ ᠪᠠᠨ | ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠵᠦ | ᠂ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ 1᠂ 4᠂ 7᠂ 10᠂ 14 ᠳ᠋ᠦ᠋ᠭᠡᠷ ᠡᠳᠦᠷ ᠵᠢᠴᠢ ᠬᠡᠷ ᠲᠤ ᠪᠠᠨ | ᠲᠤᠰᠠᠭᠠᠷᠯᠠᠬᠤ 2᠂ 7 ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠬᠡᠷᠡᠭᠲᠡᠢ᠃ | ᠳᠣᠯᠤᠭ᠎ᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ | ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ | ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠣᠷᠣᠨ ᠳᠤ ᠢᠷᠡᠭᠰᠡᠨ ︵ᠪᠤᠴᠠᠭᠰᠠᠨ︶ | ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ | ᠳᠣᠲᠣᠭᠠᠳᠤ ᠶᠢᠨ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ | ᠲᠣᠭᠤᠷᠢᠭ︶ ᠠᠴᠠ ᠮᠠᠨ ᠤ ᠣᠷᠣᠨ ᠳᠤ ᠢᠷᠡᠭᠰᠡᠨ ︵ᠪᠤᠴᠠᠭᠰᠠᠨ︶ ᠬᠥᠮᠦᠰ ᠲᠤ ᠴᠥᠮ ︽14 ᠡᠳᠦᠷ | ᠬᠡᠷ ᠲᠤ ᠪᠠᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ | ᠨᠠᠢᠮᠠ᠂ ᠡᠯ᠎ᠡ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠠᠵᠤ ᠠᠬᠤᠶᠢᠯᠠᠯ ᠤᠳ ᠳᠤᠮᠳᠠ ᠥᠨᠳᠥᠷ | ᠳᠡᠰ ᠤᠨ ᠲᠦᠭᠰᠢᠭᠦᠷᠢᠲᠦ ᠭᠠᠵᠠᠷ ᠣᠷᠣᠨ ᠤ ᠮᠤᠵᠢ ︵ᠣᠷᠣᠨ᠂ ᠬᠤᠲᠠ︶ ᠶᠢᠨ ᠮᠤᠵᠢ ᠠᠯᠤᠰᠯᠠᠭᠰᠠᠨ ᠪᠦᠯᠬᠦᠮ | ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢᠶᠠᠨ ᠲᠦᠷ | ᠵᠣᠭᠰᠣᠭᠠᠵᠤ᠂ ᠡᠬᠡ ᠬᠠᠭᠤᠷᠠᠶ ᠶᠢᠨ ᠬᠢᠯᠢ ᠶᠢᠨ ᠪᠣᠭᠤᠮᠲᠠ ᠶᠢᠨ ᠬᠤᠲᠠ ᠶᠢᠨ ᠪᠦᠯᠬᠦᠮ ᠨᠡᠶᠢᠲᠡ ᠶᠢᠨ ᠵᠢᠭᠤᠯᠴᠢᠯᠠᠯ | ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢᠶᠠᠨ ᠲᠦᠷ ᠵᠣᠭᠰᠣᠭᠠᠬᠤ ᠬᠡᠷᠡᠭᠲᠡᠢ᠃ | ᠶᠢᠰᠦ᠂ ᠬᠠᠯᠠᠭᠤᠷᠠᠵᠤ ᠪᠠᠶᠢᠭ᠎ᠠ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ᠨᠢ ︽ᠰᠢᠷ᠎ᠠ ᠺᠣᠳ᠋︾ ᠪᠣᠯᠣᠭᠰᠠᠨ | ᠬᠥᠮᠦᠰ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠡᠷᠡᠭᠦᠯ ᠮᠡᠨᠳᠦ ᠶᠢᠨ | ᠬᠢᠨᠠᠨ ᠰᠢᠨᠵᠢᠯᠡᠯᠲᠡ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ | ᠂ ᠬᠠᠯᠳᠠᠪᠤᠷᠢᠯᠠᠬᠤ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠭᠠᠳᠠᠭᠰᠢ ᠶᠠᠪᠤᠬᠤ ᠥᠬᠡᠶ᠂ ᠰᠢᠯᠵᠢᠬᠦ ᠥᠬᠡᠶ᠂ | ᠴᠤᠭᠯᠠᠷᠠᠬᠤ ᠥᠬᠡᠶ ᠪᠠᠶᠢᠬᠤ ᠬᠡᠷᠡᠭᠲᠡᠶ᠃ | ᠠᠷᠪᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ | ᠴᠢᠯᠥᠭᠡ ᠲᠠᠯᠪᠢᠬᠤ ᠴᠠᠭ ᠢ ᠰᠢᠯᠢᠳᠡᠭᠵᠢᠭᠦᠯᠦᠨ ᠳᠣᠭᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠡᠬᠢᠯᠡᠵᠦ ᠰᠤᠷᠭᠠᠭᠤᠯᠢ ᠳᠤ ᠪᠠᠨ ᠪᠤᠴᠠᠬᠤ ᠶᠢ ᠣᠷᠭᠢᠯ ᠦᠶ᠎ᠡ ᠠᠴᠠ ᠵᠥᠷᠢᠭᠦᠯᠦᠨ ᠳᠣᠭᠢᠷᠠᠭᠤᠯᠵᠤ᠂ ︽ | ᠬᠤᠶᠠᠷ ᠪᠠᠶᠠᠷ︾ ᠤᠨ ᠬᠤᠭᠤᠴᠠᠭᠠᠨ ᠳᠠᠬᠢ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠬᠠᠮᠢᠶᠠᠷᠤᠯᠲᠠ | ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠤᠯᠤᠰ ᠤᠨ ᠥᠮᠴᠢᠯᠡᠯᠲᠦ | ᠡᠳ᠋ ᠬᠦᠷᠦᠩᠭᠡ ᠵᠡᠷᠭᠡ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠮᠠᠷᠠᠯᠲᠠ ᠲᠠᠯᠪᠢᠬᠤ ᠪᠠ ᠠᠵᠢᠯ ᠢᠶᠠᠨ | ᠰᠡᠷᠭᠦᠭᠡᠬᠦ ᠴᠠᠭ ᠢ ᠵᠦᠢ ᠵᠣᠬᠢᠰᠲᠠᠶ ᠲᠣᠬᠢᠷᠠᠭᠤᠯᠵᠤ᠂ ᠬᠦᠴᠦᠨ ᠤ ᠠᠵᠢᠯ ᠬᠢᠭᠰᠡᠳ ᠤᠨ ᠤᠷᠬᠢᠯ ᠤᠨ | ᠬᠤᠭᠤᠴᠠᠭ᠎ᠠ ᠶᠢ ᠵᠥᠷᠢᠭᠦᠯᠦᠨ ᠨᠤᠲᠤᠭ ᠲᠤ ᠪᠠᠨ ᠪᠤᠴᠠᠬᠤ ᠪᠠ ᠠᠵᠢᠯ ᠤᠨ ᠪᠠᠶᠢᠷᠢ ᠳᠤ ᠪᠠᠨ ᠪᠤᠴᠠᠬᠤ ᠶᠢ | ᠬᠥᠲᠥᠯᠥᠨ ᠵᠢᠯᠣᠭᠤᠳᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠳᠤ ᠪᠠᠨ | ᠪᠤᠴᠠᠬᠤ ᠪᠠ ᠠᠵᠢᠯᠲᠠᠨ ᠣᠯᠠᠨ ᠠᠵᠤ ᠠᠬᠤᠶᠢᠯᠠᠯ ᠤᠨ ᠬᠦᠴᠦᠨ ᠤ ᠠᠵᠢᠯ ᠬᠢᠭᠰᠡᠳ ᠠᠵᠢᠯ ᠤᠨ ᠪᠠᠶᠢᠷᠢ ᠳᠤ ᠪᠠᠨ | ᠪᠤᠴᠠᠬᠤ ᠳᠤ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠪᠠᠶᠢᠬᠤ ᠬᠡᠷᠡᠭᠲᠡᠶ᠃ | ᠠᠷᠪᠠᠨ ᠨᠢᠭᠡ᠂ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ 2022 ᠣᠨ ᠤ 3 ᠳ᠋ᠤᠭᠠᠷ | ᠰᠠᠷ᠎ᠠ ᠶᠢᠨ 15 ᠤ ᠡᠳᠦᠷ ᠬᠦᠷᠲᠡᠯ᠎ᠡ ᠬᠡᠷᠡᠭᠵᠢᠭᠦᠯᠦᠨ᠎ᠡ᠃ ᠬᠡᠷᠪᠡ ᠬᠡᠰᠡᠭ ᠭᠠᠵᠠᠷ ᠣᠷᠣᠨ ᠳᠤ ᠨᠡᠯᠢᠶᠡᠳ ᠶᠡᠭᠡ | ᠬᠡᠪᠴᠢᠶ᠎ᠡ ᠲᠠᠢ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢᠨ ᠬᠠᠮᠲᠤ | ᠣᠨᠳᠣᠤ ᠭᠠᠵᠠᠷ ᠲᠤ ᠲᠠᠷᠬᠠᠬᠤ ᠲᠦᠭᠰᠢᠭᠦᠷᠢ ᠣᠷᠣᠰᠢᠵᠤ ᠪᠠᠶᠢᠪᠠᠯ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠥᠮᠦᠰ ᠤᠨ ᠣᠷᠣᠨ ᠪᠦᠰᠡ | ᠠᠯᠤᠰᠯᠠᠨ ᠰᠢᠯᠵᠢᠬᠦ ᠪᠠ ᠲᠦᠭᠰᠢᠭᠦᠷᠢ ᠲᠠᠢ ᠬᠥᠮᠦᠰ ᠤᠨ ᠵᠢᠭᠰᠠᠭᠠᠨ ᠪᠠᠶᠢᠴᠠᠭᠠᠯᠲᠠ ᠵᠡᠷᠭᠡ ᠳᠤ ᠨᠠᠩ ᠴᠢᠩᠭ᠎ᠠ | ᠠᠷᠭ᠎ᠠ ᠬᠡᠮᠵᠢᠶ᠎ᠡ ᠠᠪᠬᠤ ᠬᠡᠷᠡᠭᠲᠡᠶ᠃ | 2021 ᠣᠨ ᠤ 12 ᠳ᠋ᠤᠭᠠᠷ ᠰᠠᠷ᠎ᠠ ᠶᠢᠨ 31 ᠤ ᠡᠳᠦᠷ | |