| | ᠦᠪᠣᠷ ᠵᠠᠰᠠᠭ ᠳᠠᠷᠬᠠᠭᠠᠭᠰᠠᠨ ᠴᠠᠬᠢᠯᠭᠠᠨ〔2020〕1 ᠳ᠋ᠣᠭᠡᠷ ᠲᠣᠭᠠᠳᠣ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠲᠠ ᠶᠢ | ᠡᠷᠡᠰ ᠣᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠠᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠡᠷᠡᠰ ᠨᠠᠶᠢᠳᠠᠪᠤᠷᠢᠵᠢᠭᠤᠯᠤᠨ᠂ ᠪᠦᠬᠦ ᠣᠷᠣᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨ | ᠬᠦ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠬᠢᠵᠢᠭ ᠤᠨ ᠪᠠᠶᠢᠲᠠᠯ ᠤᠨ ᠨᠥᠯᠥᠭᠡ ᠶᠢ ᠨᠡᠯᠢᠶᠡᠳ ᠶᠡᠭᠡ | ᠬᠦᠷᠲᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠢ | ᠰᠢᠢᠳᠪᠦᠷᠢᠯᠡᠬᠦ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠭᠦ ᠬᠡᠷᠡᠭᠳᠠᠢ | ︵ᠨᠢᠭᠡ︶ ᠬᠢᠨᠠᠨ ᠵᠥᠪᠰᠢᠶᠡᠷᠡᠬᠦ ᠰᠠᠭᠠᠳ ᠦᠭᠡᠢ ᠵᠠᠮ ᠢ ᠲᠣᠬᠢᠷᠠᠭᠤᠯᠬᠤ ᠬᠡᠷᠩᠳᠠᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠢ ᠦᠢᠯᠡᠳᠪᠦᠷᠢᠯᠡᠬᠦ ᠰᠢᠨ᠎ᠡ ᠪᠠᠷ ᠨᠠᠶᠢᠳᠠᠪᠤᠷᠢᠵᠢᠭᠤᠯᠤᠭᠰᠠᠨ | ᠲᠥᠷᠥᠯ ᠵᠦᠢᠯ ᠳᠤ᠂ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢᠶᠠᠷ | ᠨᠤᠳᠠᠯᠠᠭᠤᠯᠤᠭᠠᠳ᠂ ︽ᠠᠮᠠᠯᠳᠠᠬᠤ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠲᠠᠭᠠᠯ ᠶᠣᠰᠣᠭᠠᠷ ᠭᠠᠷ | ᠭᠦᠢᠴᠡᠳᠭᠡᠯ ᠢ ᠨᠦᠬᠦᠵᠤ ᠬᠦᠢᠴᠡᠳᠭᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ | ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠢᠯᠡᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠨ᠎ᠡ︔ | ᠪᠤᠰᠤᠳ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠤᠨ | ᠦᠢᠯᠡᠳᠪᠦᠷᠢᠯᠡᠯ ᠤᠨ ᠱᠤᠭᠤᠮ ᠢ ᠰᠢᠨ᠎ᠠ ᠪᠠᠷ ᠨᠡᠮᠡᠭᠳᠡᠬᠦᠯᠵᠤ ᠦᠢᠯᠡᠳᠪᠦᠷᠢᠯᠡᠬᠦ ᠴᠢᠳᠠᠪᠤᠷᠢ ᠶᠢ ᠲᠦᠷᠭᠡᠨ | ᠪᠦᠷᠢᠯᠳᠦᠭᠦᠯᠬᠦ ᠶᠢ ᠳᠠᠮᠵᠢᠭᠦ ᠬᠡᠷᠩᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ | ᠪᠠᠲᠤᠯᠠᠭᠠᠨ ᠤ ᠲᠥᠷᠥᠯ ᠵᠦᠢᠯ ᠳᠤ᠂ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ ᠵᠡᠷᠭᠡ ᠭᠦᠢᠴᠡᠳᠬᠡᠯ ᠲᠤᠭ᠎ᠠ ᠶᠢ | ᠡᠩ ᠲᠡᠷᠢᠭᠦᠨ ᠳᠤ ᠲᠣᠬᠢᠷᠠᠭᠤᠯᠬᠤ ᠬᠡᠷᠩᠳᠠᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ | ᠠᠷᠭᠠᠴᠠᠭᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠺᠣᠮᠫᠠᠨᠢ᠂ ᠥᠪᠥᠷ ᠮᠣᠩᠭᠤᠯ ᠤᠨ | ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠠᠵᠤ ᠠᠬᠤᠶᠢᠯᠠᠯ ᠡᠭᠦᠷᠬᠡ ᠬᠠᠷᠢᠭᠤᠴᠠᠯᠭ᠎ᠠ ᠪᠠᠷ ᠢᠶᠠᠨ ᠠᠵᠢᠯ ᠬᠤᠪᠢᠶᠠᠷᠢᠯᠠᠨ ᠠᠬᠢᠭᠤᠯᠵᠤ᠂ | ᠵᠤᠬᠢᠴᠠᠭᠤᠯᠤᠨ ᠬᠠᠮᠵᠢᠯᠴᠠᠨ᠎ᠠ᠂ ᠨᠡᠷᠡᠰ ᠤᠨ ᠵᠢᠭᠰᠠᠭᠠᠯᠲᠠ ᠳᠤ ᠡᠮᠦᠨ᠎ᠠ ᠬᠤᠶᠢᠨ᠎ᠠ ᠭᠡᠵᠦ ᠬᠤᠪᠢᠶᠠᠬᠤ ᠥᠬᠡᠶ᠂ | ᠳᠣᠷᠣᠭᠰᠢ ᠠᠳᠠᠯᠢ︶ | ︵ᠬᠤᠶᠠᠷ︶ ᠭᠦᠢᠯᠭᠡᠭᠡᠨ ᠤ ᠰᠠᠭᠠᠳ ᠦᠭᠡᠢ ᠵᠠᠮ ᠢ ᠪᠠᠶᠢᠭᠤᠯᠬᠤ ᠬᠡᠷᠩᠳᠠᠢ᠃ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠡᠳ᠋ ᠪᠤᠳᠠᠰ᠂ | ᠢᠨᠵᠧᠨᠧᠷᠢᠩ ᠪᠣᠯᠤᠨ ᠦᠢᠯᠡᠴᠢᠯᠡᠭᠡ ᠶᠢ ᠬᠤᠳᠠᠯᠳᠤᠨ ᠠᠪᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠳᠤ ᠲᠣᠭᠲᠠᠭᠠᠭᠰᠠᠨ ᠠᠷᠭ᠎ᠠ ᠭᠡᠯᠪᠡᠷᠢ ᠪᠣᠯᠤᠨ | ᠳᠡᠰ ᠳᠠᠷᠠᠭᠠᠯᠠᠯ ᠢ ᠬᠡᠷᠡᠭᠵᠢᠭᠦᠯᠬᠦ ᠦᠭᠡᠢ ᠪᠠᠶᠢᠵᠤ ᠪᠣᠯᠤᠨ᠎ᠠ᠃ ᠭᠠᠳᠠᠭᠠᠳᠤ ᠠᠴᠠ ᠣᠷᠣᠭᠤᠯᠬᠤ ᠰᠡᠷᠭᠡᠶᠢᠯᠡᠨ | ᠡᠵᠡᠮᠳᠡᠬᠦ ᠡᠳ᠋ ᠪᠤᠳᠠᠰ ᠢ ᠪᠣᠭᠤᠮᠲᠠ ᠪᠠᠷ ᠲᠦᠷᠭᠡᠨ ᠥᠩᠭᠡᠷᠡᠭᠦᠯᠬᠦ ᠲᠤᠰᠬᠠᠶ ᠴᠣᠩᠬᠤᠪᠴᠢ ᠭᠠᠷᠭᠠᠵᠤ᠂ | ᠭᠠᠳᠠᠭᠠᠳᠤ ᠠᠴᠠ ᠬᠤᠲᠠᠯᠳᠤᠨ ᠠᠪᠴᠤ ᠣᠷᠣᠭᠤᠯᠤᠭᠰᠠᠠ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠤᠷᠢᠳ ᠢᠶᠠᠷ | ᠳᠠᠩᠰᠠᠯᠠᠭᠠᠳ ᠶᠠᠪᠤᠭᠤᠯᠵᠤ ᠂ ᠳᠠᠷᠠᠭ᠎ᠠ ᠨᠢ ᠭᠠᠷ ᠭᠦᠢᠴᠡᠳᠬᠡᠯ ᠢ ᠨᠦᠬᠦᠨ ᠬᠢᠵᠦ᠂ ᠰᠡᠷᠭᠡᠶᠢᠯᠡᠨ ᠡᠵᠡᠮᠳᠡᠬᠦ ᠡᠳ᠋ | ᠪᠣᠳᠠᠰ ᠤᠨ ᠪᠣᠭᠤᠮᠲᠠ ᠪᠠᠷ ᠥᠩᠭᠡᠷᠡᠬᠦ ᠳᠤ ︽ᠴᠠᠭ ᠬᠤᠶᠢᠰᠢᠯᠠᠭᠤᠯᠬᠤ ᠦᠭᠡᠢ︾᠂ ᠳᠠᠩᠰᠠᠯᠠᠭᠤᠯᠤᠨ ᠲᠡᠮᠳᠡᠭᠯᠡᠬᠦ ᠳᠤ | ︽ᠬᠦᠯᠢᠶᠡᠬᠦ ᠦᠭᠡᠢ︾᠂ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ︽ | ᠤᠳᠠᠭᠠᠰᠢᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠰᠡᠷᠭᠡᠶᠢᠯᠡᠨ ᠡᠵᠡᠮᠳᠡᠬᠦ ᠡᠳ᠋ ᠪᠤᠳᠠᠰ ᠵᠢᠴᠢ ᠲᠡᠭᠦᠨ ᠢ | ᠦᠢᠯᠡᠳᠪᠦᠷᠢᠯᠡᠬᠦ ᠳᠤ ᠬᠡᠷᠡᠭᠰᠡᠬᠦ ᠲᠦᠭᠦᠬᠡᠶ ᠮᠠᠲ᠋ᠧᠷᠢᠶᠠᠯ ᠪᠣᠯᠤᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ | ᠴᠢᠨᠠᠷᠲᠠᠶ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠠᠭᠠᠳ ᠦᠭᠡᠢ ᠨᠡᠪᠲᠡᠷᠡᠬᠦ ᠵᠠᠮ ᠢ | ᠭᠠᠷᠭᠠᠬᠤ ᠬᠡᠷᠡᠭᠳᠠᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠬᠡᠬᠤᠲᠠ ᠪᠣᠭᠤᠮᠲᠠ᠂ | ᠮᠠᠨᠵᠤᠤᠷ ᠪᠣᠭᠤᠮᠲᠠ ᠬᠠᠷᠢᠭᠤᠴᠠᠨ᠎ᠠ︶ | ᠬᠤᠶᠠᠷ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠩᠳᠠᠢ | ︵ᠭᠤᠷᠪᠠ︶ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠳᠠᠢ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ ᠨᠥᠯᠥᠭᠡ ᠠᠴᠠ | ᠪᠣᠯᠵᠤ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠠᠴᠠ | ᠵᠢᠭᠡᠯᠡᠯᠭᠡ ᠲᠠᠲᠠᠬᠤ ᠦᠭᠡᠢ᠂ ᠵᠢᠭᠡᠯᠡᠯᠭᠡ ᠪᠠᠨ ᠳᠠᠰᠤᠯᠳᠠᠭᠤᠯᠬᠤ ᠦᠭᠡᠢ᠂ ᠵᠢᠭᠡᠯᠡᠯᠭᠡ ᠶᠢ ᠳᠠᠷᠤᠬᠤ ᠦᠭᠡᠢ | ᠪᠠᠶᠢᠯᠭᠠᠵᠣ᠂ ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠪᠠᠨ ᠪᠤᠴᠠᠭᠠᠬᠤ ᠦᠭᠡᠢ ᠪᠠᠷ ᠦᠷᠭᠦᠯᠵᠢᠯᠡᠨ | ᠵᠢᠭᠡᠯᠡᠯᠭᠡ ᠲᠠᠯᠪᠢᠬᠤ᠂ ᠢᠲᠡᠭᠡᠮᠵᠢᠲᠦ ᠵᠢᠭᠡᠯᠡᠯᠭᠡ ᠶᠢ ᠳᠠᠬᠢᠨ ᠵᠣᠬᠢᠶᠠᠨ ᠪᠠᠶᠢᠭᠤᠯᠬᠤ᠂ ᠬᠤᠭᠤᠴᠠᠭ᠎ᠠ ᠬᠡᠲᠦᠷᠡᠭᠰᠡᠨ | ᠬᠦᠤ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠢᠭᠡᠯᠡᠬᠦᠯᠬᠦ | ᠶᠣᠰᠣᠲᠠᠶ ᠶᠢ ᠨᠢ ᠴᠢᠳᠠᠬᠤ ᠶᠢᠨ ᠲᠣᠳᠣᠷ᠎ᠠ ᠵᠢᠭᠡᠯᠡᠭᠦᠯᠬᠦ᠂ ᠦᠷᠭᠦᠯᠵᠢᠯᠡᠬᠦ ᠶᠤᠰᠤᠳᠠᠢ ᠶᠢ ᠨᠢ ᠲᠦᠷᠭᠡᠨ | ᠦᠷᠭᠦᠯᠵᠢᠯᠡᠭᠦᠯᠬᠦ ᠶᠢ ᠪᠡᠶᠡᠯᠡᠭᠦᠯᠵᠦ᠂ 2020 ᠣᠨ ᠳᠤ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢᠲᠦ | ᠵᠢᠭᠡᠯᠡᠯᠭᠡ ᠶᠢᠨ ᠦᠯᠡᠳᠡᠪᠦᠷᠢ ᠲᠤᠭ᠎ᠠ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠩᠳᠠᠢ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠵᠢᠯ ᠤᠨ ᠠᠷᠭ᠎ᠠ ᠭᠡᠯᠪᠡᠷᠢ ᠪᠠᠨ ᠰᠢᠨᠡᠴᠢᠯᠡᠵᠦ᠂ ᠲᠦᠷᠭᠡᠨ ᠬᠢᠨᠠᠨ | ᠵᠥᠪᠰᠢᠶᠡᠷᠡᠵᠦ ᠨᠡᠪᠲᠡᠷᠡᠬᠦᠯᠬᠦ ᠵᠠᠮ ᠢ ᠨᠡᠭᠡᠭᠡᠨ᠂ ᠢᠲᠡᠭᠡᠮᠵᠢᠲᠦ ᠵᠢᠭᠡᠯᠡᠯᠭᠡ ᠪᠠ ᠣᠷᠳᠣᠪᠳᠣᠷ ᠤᠷᠲᠤ ᠬᠤᠭᠤᠴᠠᠭᠠᠨ ᠤ | ᠵᠢᠭᠡᠯᠡᠯᠭᠡ ᠶᠢ ᠨᠡᠮᠡᠭᠳᠡᠭᠦᠯᠵᠦ᠂ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠵᠣᠬᠢᠰᠲᠠᠶ ᠤᠷᠲᠤᠳᠬᠠᠵᠤ᠂ | ᠪᠠᠲᠤᠯᠠᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠨᠠᠩ ᠢᠯᠡᠭᠦᠦ ᠬᠠᠷᠠᠭᠠᠯᠵᠠᠯ ᠦᠵᠡᠭᠦᠯᠬᠦ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠬᠤᠪᠢ ᠬᠥᠮᠦᠨ ᠪᠠ ᠠᠵᠤ | ᠠᠬᠤᠶᠢᠯᠠᠯ ᠳᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ | ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ ᠲᠡᠮᠳᠡᠭᠯᠡᠯ ᠤᠨ ᠮᠡᠳᠡᠭᠦᠯᠦᠨ ᠬᠦᠷᠭᠡᠬᠦ ᠵᠦᠢᠯ ᠢ ᠵᠦᠶ ᠵᠣᠬᠢᠰᠲᠠᠶ | ᠲᠣᠬᠢᠷᠠᠭᠤᠯᠬᠤ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠠᠰᠢᠭ᠂ ᠲᠠᠸᠠᠷ ᠤᠨ ᠲᠡᠮᠳᠡᠭ ᠵᠡᠷᠭᠡ | ᠮᠡᠳᠡᠯᠭᠡ ᠶᠢᠨ ᠦᠮᠴᠢᠯᠡᠯ ᠤᠨ ᠡᠷᠬᠡ ᠪᠠᠷ ᠳᠠᠨᠵᠢᠯᠠᠬᠤ᠂ ᠰᠲ᠋ᠣᠺ ᠤᠨ ᠡᠷᠬᠡ ᠪᠠᠷ ᠳᠠᠨᠵᠢᠯᠠᠵᠣ ᠪᠠᠯᠠ ᠮᠦᠩᠬᠦ | ᠴᠤᠬᠯᠠᠭᠤᠯᠬᠤ ᠪᠠᠷ ᠵᠢᠭᠡᠯᠡᠯᠭᠡ ᠠᠪᠬᠤ ᠶᠢ ᠳᠠᠮᠵᠢᠭᠦ ᠬᠡᠷᠩᠳᠠᠢ᠃ ︵ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | ︵ᠳᠥᠷᠪᠡ︶ ᠪᠠᠯᠠ ᠮᠦᠩᠬᠦ ᠲᠤᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠬᠡᠷᠩᠳᠠᠢ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠤᠷᠢᠨᠨᠵᠢᠭᠤᠯᠵᠦ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ | ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠤᠨ | ᠪᠠᠶᠢᠷᠢᠨ ᠳᠤ ᠪᠠᠶᠢᠬᠤ᠂ ᠡᠮᠴᠢᠯᠡᠭᠡ ᠬᠦᠯᠢᠶᠡᠭᠰᠡᠨ ᠪᠤᠶᠤ ᠲᠤᠰᠠᠭᠠᠷᠯᠠᠬᠰᠠᠨ ᠬᠥᠮᠦᠰ ᠲᠤ ᠵᠦᠷᠢᠶᠡᠴᠢᠯᠡᠭᠰᠡᠨ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠯᠭᠠᠵᠦ᠂ ᠣᠷᠣᠨ ᠰᠠᠭᠤᠴᠠ ᠶᠢᠨ ᠪᠠᠷᠢᠴᠠᠭᠠᠳᠤ ᠵᠢᠭᠡᠯᠡᠯᠭᠡ᠂ | ᠢᠲᠡᠭᠡᠮᠵᠢ ᠶᠢᠨ ᠺᠠᠷᠲ ᠵᠡᠷᠭᠡ ᠬᠤᠪᠢ ᠬᠥᠮᠦᠨ ᠤ ᠢᠲᠡᠭᠡᠮᠵᠢᠲᠦ ᠵᠢᠭᠡᠯᠡᠯᠭᠡ ᠶᠢᠨ ᠵᠣᠭᠤᠰ ᠪᠤᠴᠠᠭᠠᠬᠤ ᠴᠠᠭ | ᠬᠤᠭᠤᠴᠠᠭ᠎ᠠ ᠳᠤ ᠭᠦᠮᠦᠯᠢᠭ᠂ ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠳᠡᠢ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠥᠪᠡᠷ ᠤᠨ ᠥᠷᠲᠡᠭ ᠤᠨ ᠰᠦᠢᠳᠬᠡᠯ ᠤᠨ ᠨᠤᠷᠮ᠎ᠠ ᠶᠢ | ᠪᠠᠭᠤᠷᠠᠭᠤᠯᠬᠤ ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠬᠢᠵᠢᠭ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠤᠤᠯ ᠤᠨ | ᠵᠢᠭᠡᠯᠡᠯᠭᠡ ᠶᠢᠨ ᠬᠦᠤ ᠶᠢᠨ ᠨᠣᠷᠮ᠎ᠠ ᠶᠢᠨ ᠲᠦᠪᠰᠢᠨ ᠤ ᠰᠠᠭᠤᠷᠢᠨ ᠳᠡᠭᠡᠷ᠎ᠡ ᠳᠠᠬᠢᠨ 10% ᠤᠷᠴᠢᠮ | ᠪᠠᠭᠤᠷᠠᠭᠤᠯᠤᠨ᠂ 2020 ᠣᠨ ᠤ ᠪᠠᠯᠠ ᠮᠦᠩᠬᠦ ᠲᠤᠬᠢᠷᠠᠭᠤᠯᠬᠤ ᠥᠪᠡᠷ ᠤᠨ ᠥᠷᠲᠡᠭ ᠢ ᠳᠡᠭᠡᠭᠰᠢᠯᠡᠭᠦᠯᠬᠦ ᠥᠬᠡᠶ᠂ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠦᠤ ᠶᠢᠨ ᠨᠣᠷᠮ᠎ᠠ ᠶᠢ 0.5 | ᠵᠠᠭᠤᠨ ᠤ ᠴᠡᠭ ᠪᠠᠭᠤᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠳᠠᠢ᠃ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠵᠡᠷᠭᠡ ᠰᠠᠯᠠᠭ᠎ᠠ ᠮᠥᠴᠢᠷ ᠠᠴᠠ ᠲᠣᠭᠲᠠᠭᠠᠭᠰᠠᠨ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠬᠡᠷᠡᠭᠴᠡᠭᠡ | ᠪᠦᠬᠦᠢ ᠠᠮᠠᠪᠴᠢ᠂ ᠲᠤᠰᠠᠭᠠᠷᠯᠠᠬᠤ ᠬᠤᠪᠴᠠᠰᠣ᠂ ᠠᠷᠢᠭᠤᠳᠬᠠᠬᠤ ᠤᠰᠠᠳᠬᠠᠬᠤ ᠦᠢᠯᠡᠳᠬᠦᠨ ᠵᠡᠷᠭᠡ ᠡᠳ᠋ | ᠪᠤᠳᠠᠰ ᠤᠨ ᠦᠢᠯᠡᠳᠪᠦᠷᠢᠯᠡᠯ ᠤᠨ ᠨᠡᠷᠡᠰ ᠲᠤ ᠵᠢᠭᠰᠠᠭᠠᠨ ᠣᠷᠣᠭᠤᠯᠤᠭᠰᠠᠨ ᠠᠵᠤ ᠠᠬᠤᠶᠢᠯᠠᠯ ᠤᠨ ᠵᠢᠭᠡᠯᠡᠯᠭᠡ ᠳᠤ | ᠠᠷᠠᠳ ᠤᠨ ᠪᠠᠩᠬᠢ ᠶᠢᠨ ᠲᠤᠰᠬᠠᠶ ᠵᠦᠢᠯ ᠤᠨ ᠳᠠᠬᠢᠨ ᠵᠢᠭᠡᠯᠡᠯᠭᠡ ᠥᠭᠴᠦ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠷᠠᠭᠠᠯᠵᠠᠯᠲᠤ ᠬᠦᠤ ᠶᠢᠨ ᠨᠣᠷᠮ᠎ᠠ ᠶᠢᠨ ᠢᠲᠡᠭᠡᠮᠵᠢᠲᠦ ᠵᠢᠭᠡᠯᠡᠯᠭᠡ ᠬᠠᠩᠭᠠᠬᠤ ᠶᠢ ᠳᠡᠮᠵᠢᠭᠰᠡᠨ | ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠷᠠᠳ ᠤᠨ ᠪᠠᠩᠬᠢ ᠶᠢᠨ ᠳᠠᠬᠢᠨ ᠵᠢᠭᠡᠯᠡᠬᠦᠯᠬᠦ | ᠵᠢᠭᠡᠯᠡᠯᠭᠡ ᠶᠢᠨ ᠬᠦᠤ ᠶᠢᠨ ᠨᠣᠷᠮ᠎ᠠ ᠶᠢᠨ 50% ᠪᠠᠷ ᠳᠡᠮ ᠬᠦᠤ ᠦᠭᠭᠦᠨ᠎ᠠ᠂ ᠳᠡᠮ ᠬᠦᠤ ᠥᠭᠬᠦ ᠬᠤᠭᠤᠴᠠᠭ᠎ᠠ ᠶᠢ | ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ ᠦᠭᠡᠢ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | ︵ᠲᠠᠪᠤ︶ ᠪᠠᠯᠠ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠳᠠᠢ᠃ | ᠪᠠᠯᠠ ᠮᠦᠡᠭᠬᠦ ᠲᠤᠬᠢᠷᠠᠭᠤᠯᠬᠤ ᠳᠠᠭᠠᠭᠠᠯᠲᠠ ᠶᠢᠨ ᠲᠦᠭᠰᠢᠭᠦᠷᠢ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠵᠤ | ᠂ ᠪᠠᠯᠠ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠺᠣᠮᠫᠠᠨᠢ ᠶᠢᠨ ᠲᠤᠬᠠᠶ ᠶᠢᠨ ᠵᠢᠯ ᠤᠨ ᠰᠡᠭᠦᠯᠴᠢ ᠶᠢᠨ | ᠳᠠᠭᠠᠭᠠᠯᠲᠠ ᠶᠢᠨ ᠬᠠᠷᠢᠭᠤᠴᠠᠯᠭ᠎ᠠ ᠶᠢᠨ ᠦᠯᠡᠳᠡᠪᠦᠷᠢ ᠲᠤᠭᠠᠨ ᠤ 1% ᠪᠠᠷ ᠲᠦᠭᠰᠢᠭᠦᠷᠢ ᠶᠢᠨ ᠨᠥᠬᠦᠪᠥᠷᠢ | ᠣᠯᠭᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠬᠢᠬᠦ᠂ | ᠳᠠᠬᠢᠨᠳᠠ ᠲᠠᠭᠠᠭᠠᠯᠲᠠ ᠬᠢᠬᠦ ᠪᠠᠶᠢᠭᠤᠯᠤᠮᠵᠢ ᠶᠢᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠬᠦᠴᠦᠨ ᠦᠭᠡᠢ | ᠪᠣᠯᠭᠠᠬᠤ ᠶᠢ ᠵᠣᠷᠢᠭᠵᠢᠭᠤᠯᠵᠤ᠂ ᠳᠠᠭᠠᠭᠠᠯᠲᠠ ᠬᠢᠬᠦ ᠪᠠ ᠳᠠᠬᠢᠨ ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ | ᠪᠠᠭᠤᠷᠠᠭᠤᠯᠤᠨ᠎ᠠ᠃ ᠲᠦᠷ ᠴᠠᠭ ᠲᠤ ᠵᠣᠭᠤᠰ ᠢᠶᠠᠨ ᠪᠤᠴᠠᠭᠠᠬᠤ ᠲᠡᠩᠭᠡᠭᠡ ᠦᠭᠡᠢ ᠳᠤᠮᠳᠠ ᠵᠢᠵᠢᠭ ᠠᠵᠤ | ᠠᠬᠤᠶᠢᠯᠠᠯ ᠳᠤ᠂ ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠦᠢᠯᠡᠴᠢᠯᠡᠭᠡ ᠬᠠᠩᠭᠠᠵᠤ ᠪᠠᠶᠢᠭ᠎ᠠ ᠡᠯ᠎ᠡ | ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠶᠢᠨ | ᠪᠠᠶᠢᠭᠤᠯᠤᠮᠵᠢ ᠨᠤᠭᠤᠳ ᠣᠷᠣᠯᠠᠨ ᠲᠥᠯᠥᠬᠦ ᠡᠭᠦᠷᠭᠡ ᠪᠠᠨ ᠴᠠᠭ ᠲᠤᠬᠠᠶ ᠳᠤ ᠨᠢ ᠭᠦᠢᠴᠡᠳᠬᠡᠵᠦ᠂ ᠬᠢᠵᠢᠭ ᠤᠨ | ᠨᠥᠯᠥᠭᠡ ᠶᠢᠨ ᠪᠠᠶᠢᠳᠠᠯ ᠢ ᠦᠨᠳᠦᠰᠦᠯᠡᠵᠦ ᠨᠡᠬᠡᠮᠵᠢᠯᠨᠨ ᠲᠥᠯᠥᠭᠦᠯᠬᠦ ᠴᠠᠭ ᠬᠤᠭᠤᠴᠠᠭ᠎ᠠ ᠶᠢ ᠵᠣᠬᠢᠰᠲᠠᠶ | ᠤᠷᠲᠤᠳᠬᠠᠵᠤ᠂ ᠲᠠᠩᠰᠠᠨ ᠠᠴᠠ ᠬᠢᠨᠠᠵᠦ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠣᠭᠠᠷ | ᠲᠠᠩᠰᠠᠨ ᠠᠴᠠ ᠬᠢᠨᠠᠨ ᠭᠠᠷᠭᠠᠵᠦ ᠬᠤᠬᠢᠷᠡᠯ ᠢ ᠨᠢ ᠣᠷᠣᠯᠠᠨ ᠲᠦᠯᠦᠬᠦ ᠬᠡᠷᠡᠭᠳᠠᠢ᠃ ︵ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶ | ︵ᠵᠢᠷᠭᠤᠭ᠎ᠠ︶ ᠦᠢᠯᠡᠰ ᠴᠤᠨᠨᠴᠠᠯᠠᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠳᠠᠢ᠃ | ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ | ᠬᠥᠮᠦᠨ ᠳᠠᠬᠢ ᠦᠢᠯᠡᠰ ᠴᠤᠨᠨᠴᠠᠯᠠᠬᠤ ᠲᠠᠭᠠᠭᠠᠯᠲᠠᠳᠤ ᠵᠢᠭᠡᠯᠡᠯᠭᠡ ᠶᠢᠨ ᠳᠡᠮ ᠬᠦᠤ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠤᠨ᠎ᠠ᠃ ᠨᠢᠭᠡᠨᠲᠡ ᠲᠠᠷᠬᠠᠭᠠᠭᠰᠠᠨ ᠦᠢᠯᠡᠰ ᠴᠤᠨᠨᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠵᠣᠭᠤᠰ | ᠵᠢᠭᠡᠯᠡᠭᠴᠢ ᠨᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠳᠤ | ᠨᠡᠷᠪᠡᠭᠳᠡᠭᠰᠡᠨ ᠪᠠᠶᠢᠪᠡᠯ᠂ ᠵᠢᠭᠡᠯᠡᠯᠭᠡ ᠶᠢᠨ ᠪᠠᠩᠬᠢ ᠳᠤ ᠬᠤᠭᠤᠴᠠᠭ᠎ᠠ ᠤᠷᠲᠤᠳᠬᠠᠨ ᠵᠣᠭᠤᠰ ᠪᠤᠴᠠᠭᠠᠬᠤ ᠪᠠᠷ | ᠭᠤᠶᠤᠴᠢᠯᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 1 ᠵᠢᠯ ᠪᠠᠶᠢᠵᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠤ ᠥᠭᠬᠦ ᠳᠡᠮᠵᠢᠯᠭᠡ ᠦᠵᠡᠭᠦᠯᠣᠨ᠎ᠠ᠃ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠳᠤᠮᠳᠠ ᠵᠢᠵᠢᠭ ᠠᠵᠤ ᠠᠬᠤᠶᠢᠯᠠᠯ | ᠪᠣᠯᠤᠨ ᠬᠤᠪᠢ ᠬᠥᠮᠦᠨ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠣ ᠲᠡᠭᠦᠨ ᠳᠤ ᠦᠢᠯᠡᠰ ᠴᠤᠨᠨᠴᠠᠯᠠᠬᠤ ᠲᠠᠭᠠᠭᠠᠯᠲᠠᠲᠤ | ᠵᠢᠭᠡᠯᠡᠯᠭᠡ ᠭᠤᠶᠤᠴᠢᠯᠠᠬᠤ ᠳᠤ ᠡᠩ ᠲᠡᠷᠢᠭᠦᠨ ᠳᠤ ᠳᠡᠮ ᠬᠦᠤ ᠶᠢᠨ ᠳᠡᠮᠵᠢᠯᠭᠡ ᠦᠵᠡᠭᠦᠯᠬᠦ ᠬᠡᠷᠡᠭᠲᠡᠶ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶ | ︵ᠳᠣᠯᠤᠭ᠎ᠠ︶ ᠡᠳ᠋ ᠤᠨ ᠵᠠᠰᠠᠭ ᠤᠨ ᠪᠡᠯᠡ ᠮᠦᠩᠬᠦᠨ ᠤ ᠳᠡᠮᠵᠢᠯᠭᠡ ᠶᠢ ᠨᠡᠮᠡᠭᠳᠡᠭᠦᠯᠭᠦ ᠬᠡᠷᠡᠭᠳᠠᠢ᠃ ᠡᠳ᠋ ᠤᠨ | ᠵᠠᠰᠠᠭ ᠤᠨ ᠴᠢᠨᠠᠷᠲᠠᠶ ᠲᠤᠰᠬᠠᠶ ᠵᠦᠢᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ 2020 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ ᠳᠠᠭᠠᠳᠬᠠᠯ ᠤᠨ | ᠮᠦᠡᠭᠬᠦ ᠶᠢ ᠲᠤᠰᠠᠯᠠᠬᠤ ᠵᠢᠭᠡᠯᠡᠯᠭᠡ︾ ᠪᠠᠭᠤᠯᠭᠠᠬᠤ ᠪᠠ ︽ᠲᠤᠰᠬᠠᠶ ᠰᠢᠯᠢᠳᠡᠭ ᠣᠨᠴᠠ ᠰᠢᠨ᠎ᠡ︾ ᠳᠤᠮᠳᠠ ᠵᠢᠵᠢᠭ | ᠠᠵᠤ ᠠᠬᠤᠶᠢᠯᠠᠯ ᠢ ᠲᠡᠳᠬᠦᠬᠦ ᠪᠡᠯᠡ ᠮᠥᠩᠭᠦ ᠶᠢ ᠪᠡᠯᠡᠳᠭᠡᠵᠦ ᠪᠦᠷᠢᠯᠳᠦᠭᠦᠯᠭᠦ ᠬᠡᠷᠩᠳᠠᠢ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ 1 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠪᠡᠯᠡ ᠮᠥᠩᠭᠦ | ᠲᠣᠬᠢᠷᠠᠭᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠳ᠋ | ᠪᠤᠳᠠᠰ ᠬᠤᠳᠠᠯᠳᠤᠨ ᠠᠪᠬᠤ ᠪᠠ ᠦᠢᠯᠡᠳᠪᠦᠷᠢᠯᠡᠬᠦ ᠶᠢ ᠪᠠᠳᠣᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠶᠠᠪᠤᠴᠠ ᠳᠤ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠨ ᠪᠠ ᠬᠤᠪᠢ ᠨᠡᠮᠡᠷᠢ | ᠲᠣᠪᠤᠶᠢᠮ᠎ᠠ ᠬᠠᠮᠢᠶ᠎ᠠ ᠪᠦᠬᠦᠢ ᠠᠵᠤ ᠠᠬᠤᠶᠢᠯᠠᠯ ᠢ ᠱᠠᠩᠨᠠᠬᠤ ᠳᠤ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠠᠵᠦ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ ᠬᠠᠷᠢᠭᠤᠴᠠᠨ᠎ᠠ︶ | ᠭᠤᠷᠪᠠ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠭᠦ ᠬᠡᠷᠡᠭᠳᠠᠢ | ︵ᠨᠠᠢᠮᠠ︶ ᠭᠠᠶᠢᠯᠢ ᠶᠢᠨ ᠵᠣᠭᠤᠰ ᠢ ᠬᠠᠰᠤᠵᠤ ᠬᠡᠯᠲᠦᠷᠢᠭᠦᠯᠬᠦ ᠪᠠ ᠬᠤᠶᠢᠰᠢᠯᠠᠭᠤᠯᠤᠨ ᠲᠤᠰᠢᠶᠠᠨ᠎ᠠ᠃ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠮᠡᠳᠡᠭᠦᠯᠬᠦ ᠳᠤ ᠬᠦᠴᠢᠷᠲᠡᠶ᠂ ᠭᠠᠶᠢᠯᠢ ᠶᠢᠨ ᠵᠣᠭᠤᠰ ᠢᠶᠠᠨ | ᠬᠤᠭᠤᠴᠠᠭ᠎ᠠ ᠶᠣᠰᠣᠭᠠᠷ ᠲᠤᠰᠢᠶᠠᠬᠤ ᠳᠤ ᠬᠦᠴᠢᠷᠲᠡᠶ ᠳᠤᠮᠳᠠ ᠵᠢᠵᠢᠭ ᠠᠵᠤ ᠠᠬᠤᠶᠢᠯᠠᠯ ᠳᠤ ᠪᠣᠯ | ᠭᠤᠶᠤᠴᠢᠯᠠᠯ ᠢᠶᠠᠷ ᠨᠢ ᠭᠠᠶᠢᠯᠢ ᠶᠢᠨ ᠵᠤᠭᠤᠰ ᠢᠶᠠᠨ ᠬᠤᠶᠢᠰᠢᠯᠠᠭᠤᠯᠤᠨ ᠮᠡᠳᠡᠭᠦᠯᠬᠦ ᠪᠠ ᠬᠤᠶᠢᠰᠢᠯᠠᠭᠤᠯᠤᠨ | ᠲᠤᠰᠢᠶᠠᠬᠤ ᠶᠢ ᠬᠠᠤᠯᠢ ᠶᠣᠰᠣᠭᠠᠷ ᠭᠦᠢᠴᠡᠳᠬᠡᠨ᠎ᠡ᠂ ᠭᠠᠶᠢᠯᠢ ᠶᠢᠨ ᠵᠤᠭᠤᠰ ᠢᠶᠠᠨ ᠬᠤᠶᠢᠰᠢᠯᠠᠭᠤᠯᠤᠨ ᠲᠤᠰᠢᠶᠠᠬᠤ | ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 3 ᠰᠠᠷ᠎ᠠ ᠪᠣᠯᠤᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ | ᠬᠦᠨᠳᠦ ᠶᠡᠭᠡ ᠬᠤᠬᠢᠷᠠᠯ ᠭᠠᠷᠤᠬᠰᠠᠨ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠬᠦᠨᠳᠦ ᠶᠡᠭᠡ | ᠨᠥᠯᠥᠭᠡ ᠳᠤ ᠤᠴᠠᠷᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ | ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠶᠢᠨ ᠬᠡᠰᠡᠭ ᠢ ᠪᠤᠶᠤ ᠪᠦᠬᠦᠨ ᠢ ᠬᠠᠰᠤᠵᠤ ᠬᠡᠯᠲᠦᠷᠢᠭᠦᠯᠭᠦ ᠬᠡᠷᠡᠭᠳᠠᠢ | ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠬᠠᠷᠢᠭᠤᠴᠠᠨ᠎ᠠ︶ | ︵ᠶᠢᠰᠦ︶ ᠵᠣᠬᠢᠬᠤ ᠬᠤᠭᠤᠴᠠᠭᠠᠨ ᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠭᠦ ᠬᠡᠷᠡᠭᠳᠠᠢ᠃ | ᠤᠯᠤᠰ ᠤᠨ ᠥᠮᠴᠢᠯᠡᠯᠳᠣ ᠡᠳ᠋ ᠬᠥᠷᠥᠩᠭᠡ ᠶᠢᠨ ᠲᠥᠷᠥᠯ ᠤᠨ ᠡᠵᠡᠩᠨᠡᠯᠳᠠ ᠳᠤ ᠬᠡᠷᠩᠯᠡᠭᠦ ᠭᠡᠷ ᠪᠠᠶᠢᠰᠢᠩ ᠢ | ᠳᠠᠭᠠᠭᠠᠴᠢᠯᠠᠨ ᠲᠦᠷᠢᠶᠡᠰᠦᠯᠡᠵᠣ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠠᠴᠠ 2 ᠰᠠᠷ᠎ᠠ ᠶᠢᠨ ᠭᠡᠷ ᠤᠨ | ᠲᠦᠷᠢᠶᠡᠰᠣ ᠬᠤᠷᠢᠶᠠᠬᠤ ᠦᠭᠡᠢ᠃ ᠲᠣᠮᠣ ᠬᠡᠯᠪᠡᠷᠢ ᠶᠢᠨ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ | ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠠᠯ᠎ᠠ ᠶᠢᠨ ᠬᠢᠨ ᠤ ᠳᠤᠮᠳᠠ ᠵᠢᠵᠢᠭ ᠠᠵᠤ | ᠠᠬᠤᠶᠢᠯᠠᠯ ᠤᠨ ᠲᠦᠷᠢᠶᠡᠰᠦᠯᠡᠭᠰᠡᠨ ᠡᠷᠦᠬᠡ ᠶᠢ ᠬᠢᠵᠢᠭ ᠤᠨ ᠪᠠᠶᠢᠳᠠᠯ ᠤᠨ ᠬᠤᠭᠤᠴᠠᠭᠠᠨ ᠤ ᠲᠦᠷᠢᠶᠡᠰᠦᠨ ᠮᠥᠩᠭᠦ | ᠠᠴᠠ ᠵᠣᠬᠢᠬᠤ ᠬᠡᠮᠵᠢᠶ᠎ᠡ ᠪᠠᠷ ᠬᠠᠰᠤᠵᠤ ᠬᠡᠯᠲᠦᠷᠢᠭᠦᠯᠬᠦ ᠶᠢ ᠨᠢ ᠵᠣᠷᠢᠭᠵᠢᠭᠤᠯᠵᠤ᠂ ᠡᠯ᠎ᠡ ᠭᠠᠵᠠᠷ ᠣᠷᠣᠨ ᠤ ᠬᠢᠨ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠠᠪᠤᠭᠰᠠᠨ ᠲᠦᠷᠢᠶᠡᠰᠦᠯᠡᠭᠦᠯᠬᠦ ᠠᠵᠤ | ᠠᠬᠤᠢᠢᠯᠠᠯ ᠳᠤ ᠵᠣᠬᠢᠬᠤ ᠬᠡᠮᠵᠢᠶᠡᠨ ᠤ ᠡᠳ᠋ ᠤᠨ ᠵᠠᠰᠠᠬ ᠤᠨ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠵᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠳᠣ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠬ ᠤᠨ ᠲᠢᠩᠬᠢᠮ᠂ ᠠᠵᠦ ᠦᠢᠯᠡᠳᠪᠦᠷᠢ | ᠬᠤᠳᠠᠯᠳᠤᠭᠠᠨ ᠤ ᠬᠤᠯᠪᠤᠭᠠᠳᠤ ᠬᠤᠷᠠᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ︵ᠠᠷᠪᠠ︶ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠬᠤ ᠪᠠ ᠬᠤᠶᠢᠰᠢᠯᠠᠭᠤᠯᠤᠨ ᠲᠤᠰᠢᠶᠠᠨ᠎ᠠ᠃ | ᠠᠵᠢᠯ ᠠᠯᠳᠠᠬᠰᠡᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ | ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯᠲᠠᠨ ᠢᠶᠠᠨ ᠬᠠᠰᠤᠬᠤ ᠥᠬᠡᠶ ᠪᠤᠶᠤ ᠠᠵᠢᠯᠲᠠᠨ | ᠴᠥᠭᠡᠨ ᠬᠠᠰᠤᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠶ | ᠲᠤᠰᠢᠶᠠᠭᠰᠠᠨ ᠠᠵᠢᠯ ᠠᠯᠳᠠᠬᠰᠡᠳ ᠤᠨ ᠳᠠᠭᠠᠳᠬᠠᠯ ᠤᠨ ᠰᠦᠢᠳᠬᠡᠯ ᠤᠨ 50% ᠶᠢ ᠨᠢ ᠪᠤᠴᠠᠭᠠᠵᠤ ᠪᠣᠯᠤᠨ᠎ᠠ︔ | ᠲᠦᠷ ᠴᠠᠭ ᠤᠨ ᠴᠢᠨᠠᠷᠲᠠᠶ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠳᠤᠮᠳᠠ ᠵᠢᠵᠢᠭ ᠠᠵᠤ | ᠠᠬᠤᠶᠢᠯᠠᠯ ᠤᠨ ᠪᠤᠴᠠᠭᠠᠬᠤ ᠪᠠᠷᠢᠮᠵᠢᠶ᠎ᠠ ᠶᠢ ᠳᠡᠭᠡᠷ᠎ᠡ ᠵᠢᠯ ᠤᠨ 6 ᠰᠠᠷ᠎ᠠ ᠶᠢᠨ ᠠᠵᠤ ᠠᠬᠤᠶᠢᠯᠠᠯ ᠵᠢᠴᠢ ᠠᠵᠢᠯᠲᠠᠨ | ᠠᠵᠢᠯᠴᠢᠨ ᠤ ᠲᠤᠰᠢᠶᠠᠬᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠬᠦᠷᠲᠡᠯ᠎ᠡ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠣᠭᠲᠠᠭᠠᠬᠤ ᠬᠡᠷᠡᠭᠳᠠᠢ᠃ ᠠᠵᠢᠯ ᠠᠴᠠ ᠪᠤᠯᠤᠬᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠶ ᠪᠠᠷ 2021 ᠣᠨ ᠤ 4 ᠳ᠋ᠤᠬᠡᠷ ᠰᠠᠷ᠎ᠠ ᠶᠢᠨ 30 ᠤ ᠡᠳᠦᠷ | ᠪᠣᠯᠳᠠᠯ᠎ᠠ ᠪᠠᠭᠤᠷᠠᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ ᠬᠤᠭᠤᠴᠠᠭ᠎ᠠ ᠶᠢ ᠤᠷᠲᠤᠳᠬᠠᠵᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ | ᠡᠵᠡᠩᠨᠡᠯᠲᠡ ᠶᠢᠨ ᠲᠠᠯ᠎ᠠ ᠪᠠᠷ ᠲᠦᠷ ᠴᠠᠭ ᠬᠦᠴᠢᠷᠳᠡᠯ ᠳᠤ ᠲᠣᠯᠭᠠᠷᠠᠭᠰᠠᠨ ᠪᠠᠶᠢᠪᠠᠯ᠂ ᠠᠵᠢᠯ ᠠᠯᠳᠠᠬᠰᠡᠳ ᠤᠨ | ᠳᠠᠭᠠᠳᠬᠠᠯ ᠤᠨ ᠰᠦᠢᠳᠬᠡᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ 6 ᠰᠠᠷ᠎ᠠ | ᠬᠤᠶᠢᠰᠢᠯᠠᠭᠤᠯᠤᠨ ᠲᠤᠰᠢᠶᠠᠵᠤ ᠪᠣᠯᠤᠨ᠎ᠠ︔ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠪᠠᠶᠢᠪᠠᠯ | ᠂ ᠲᠤᠰᠢᠶᠠᠬᠤ ᠶᠣᠰᠣᠲᠠᠶ ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠲᠠᠲᠠᠪᠤᠷᠢᠯᠠᠬᠤ ᠬᠤᠭᠤᠴᠠᠭ᠎ᠠ ᠶᠢ 9 | ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ ᠤᠷᠲᠤᠳᠬᠠᠵᠤ ᠪᠣᠯᠤᠨ᠎ᠠ︔ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠤᠭᠤᠴᠠᠭ᠎ᠠ ᠬᠡᠲᠦᠷᠡᠭᠦᠯᠦᠨ ᠲᠤᠰᠢᠶ᠋ᠬᠠᠰᠠᠨ ᠪᠠᠶᠢᠪᠠᠯ᠂ ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠶᠢ ᠪᠣᠳᠣᠵᠤ ᠬᠤᠷᠢᠶᠠᠬᠤ ᠦᠭᠡᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ | ᠠᠵᠢᠯᠴᠢᠨ ᠤ ᠬᠤᠪᠢ ᠬᠥᠮᠦᠨ ᠤ ᠡᠷᠬᠡ ᠠᠰᠢᠭ ᠤᠨ ᠲᠡᠮᠳᠡᠭᠯᠡᠯ ᠢ ᠨᠥᠯᠥᠭᠡᠯᠡᠬᠦ ᠦᠭᠡᠢ᠂ ᠬᠠᠮᠢᠶ᠎ᠠ ᠪᠦᠬᠦᠢ | ᠨᠥᠬᠦᠵᠦ ᠲᠤᠰᠢᠶᠠᠬᠤ ᠭᠠᠷᠳᠠᠮ ᠢ ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ | ᠪᠡᠶᠡᠯᠡᠭᠦᠯᠵᠦ ᠪᠣᠯᠤᠨ᠎ᠠ᠃ ᠴᠠᠬ ᠲᠠᠭᠠᠨ ᠳᠠᠭᠠᠳᠬᠠᠯ ᠳᠤ ᠣᠷᠣᠯᠴᠠᠬᠤ ᠲᠠᠩᠰᠠᠯᠠᠯ ᠭᠦᠢᠴᠡᠳᠬᠡᠵᠦ ᠲᠡᠶᠢᠯᠦᠭᠰᠡᠨ | ᠥᠬᠡᠶ ᠳᠠᠭᠠᠳᠬᠠᠯ ᠳᠤ ᠤᠷᠤᠯᠴᠬᠠᠰᠠᠨ ᠨᠢᠭᠡᠴᠢ᠂ ᠠᠮᠢᠳᠤᠯᠢᠭ ᠢᠶᠠᠷ ᠠᠵᠢᠯ ᠣᠯᠤᠭᠰᠠᠳ ᠪᠠ ᠬᠤᠲᠠ | ᠬᠥᠳᠡᠭᠡ ᠶᠢᠨ ᠰᠠᠭᠤᠭᠠᠯᠢ ᠠᠷᠠᠳ᠂ ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ ᠨᠥᠬᠦᠵᠦ | ᠭᠦᠢᠴᠡᠳᠬᠡᠬᠦ ᠶᠢ ᠨᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠨᠢᠭᠡ︶ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠳᠠᠢ᠃ ᠡᠮ ᠤᠨ | ᠵᠦᠢᠯᠡᠰ ᠢ ᠨᠥᠬᠦᠪᠥᠷᠢᠯᠡᠨ ᠭᠤᠶᠤᠴᠢᠯᠠᠵᠤ ᠳᠠᠩᠰᠠᠯᠠᠭᠤᠯᠬᠤ᠂ ᠳᠠᠬᠢᠨ ᠳᠠᠩᠰᠠᠯᠠᠭᠤᠯᠬᠤ ᠪᠠ ᠡᠮᠴᠢᠯᠡᠭᠡᠨ ᠤ ᠪᠠᠭᠠᠵᠢ | ᠬᠡᠷᠡᠭᠰᠡᠯ ᠤᠨ ᠦᠢᠯᠡᠳᠬᠦᠨ ᠢ ᠠᠩᠬ᠎ᠠ ᠤᠳᠠᠭ᠎ᠠ ᠳᠠᠩᠰᠠᠯᠠᠭᠤᠯᠬᠤ᠂ ᠬᠤᠪᠢᠷᠠᠭᠤᠯᠤᠨ ᠳᠠᠩᠰᠠᠯᠠᠭᠤᠯᠬᠤ᠂ | ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭ ᠪᠣᠯᠭᠠᠨ | ᠪᠠᠭᠤᠷᠠᠭᠤᠯᠬᠤ ᠳᠠᠯ᠎ᠠ ᠪᠠᠷ ᠬᠢ ᠦᠪᠡᠷᠳᠡᠭᠡᠨ ᠵᠠᠰᠠᠬᠤ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠰᠡᠷᠭᠡᠶᠢᠯᠡᠨ ᠡᠵᠡᠮᠳᠡᠬᠦ ᠡᠳ᠋ ᠪᠤᠳᠠᠰ ᠪᠠ ᠬᠥᠮᠦᠰ ᠢ ᠵᠦᠬᠡᠬᠡᠪᠤᠷᠢᠯᠡᠬᠦ ᠲᠡᠷᠭᠡ | ᠬᠥᠰᠬᠡ ᠠᠴᠠ ᠨᠡᠪᠲᠡᠷᠡᠬᠦ ᠰᠦᠢᠳᠬᠡᠯ ᠦᠯᠤ ᠬᠤᠷᠢᠶᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ | ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ ᠡᠵᠡᠩᠨᠡᠯᠳᠡ ᠨᠢ ᠲᠦᠷ | ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠳ ᠤᠨ ᠴᠠᠬᠢᠯᠭᠠᠨ᠂ ᠬᠡᠢ᠂ ᠤᠰᠤ | ᠬᠡᠷᠡᠭᠯᠡᠬᠦ ᠵᠡᠷᠭᠡ ᠳᠤ ︽ᠰᠦᠢᠳᠬᠡᠯ ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ︾ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠬᠠᠮᠢᠶ᠎ᠠ ᠪᠦᠬᠦᠢ | ᠥᠷᠢᠲᠦᠭᠰᠡᠨ ᠰᠦᠢᠳᠬᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ ᠳᠤ ᠬᠤᠭᠤᠴᠠᠭ᠎ᠠ ᠰᠠᠭᠠᠲᠠᠭᠠᠭᠰᠠᠨ | ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠰᠤᠨ ᠠᠰᠢᠬᠯᠠᠯᠲᠠ ᠶᠢᠨ | ᠲᠢᠩᠬᠢᠮ᠂ ᠡᠨᠧᠷᠭᠢ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ | ᠴᠠᠬᠢᠯᠭᠠᠨ ᠬᠦᠴᠦᠨ ﹇ᠪᠦᠯᠦᠭᠯᠡᠯ﹈ ᠤ ᠺᠣᠮᠫᠠᠨᠢ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ | ᠬᠦᠴᠦᠨ ᠤ ᠺᠣᠮᠫᠠᠨᠢ ᠬᠠᠷᠢᠭᠤᠴᠠᠨ᠎ᠠ︶ | ᠳᠥᠷᠪᠡ᠂ ᠠᠵᠤ ᠠᠬᠤᠶᠢᠯᠠᠯ ᠳᠤ ᠬᠠᠨᠭ᠍ᠭᠠᠬᠤ ᠦᠢᠯᠡᠴᠢᠯᠡᠭᠡ ᠶᠢ ᠨᠢᠮᠪᠠᠶ ᠰᠠᠶᠢᠲᠤᠷ ᠬᠢᠭᠦ ᠬᠡᠷᠩᠳᠠᠢ | ︵ᠠᠷᠪᠠᠨ ᠬᠤᠶᠠᠷ︶ ᠠᠵᠤ ᠠᠬᠤᠶᠢᠯᠠᠯ ᠤᠨ ᠦᠢᠯᠡᠳᠪᠦᠷᠢᠯᠡᠯ ᠪᠣᠯᠤᠨ ᠠᠵᠢᠯ ᠤᠨ ᠪᠠᠶᠢᠷᠢ ᠶᠢ ᠲᠣᠭᠲᠠᠭᠤᠨ | ᠪᠠᠶᠢᠯᠭᠠᠬᠤ ᠬᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ | ᠠᠬᠤᠶᠢᠯᠠᠯ ᠪᠣᠯᠤᠨ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠦᠯᠦᠭᠡᠯᠡᠭᠳᠡᠭᠰᠡᠨ ᠳᠤᠮᠳᠠ ᠵᠢᠵᠢᠭ ᠠᠵᠤ | ᠠᠬᠤᠶᠢᠯᠠᠯ ᠢ ᠬᠠᠪᠰᠤᠷᠴᠣ ᠰᠡᠷᠭᠡᠶᠢᠯᠡᠨ ᠡᠵᠡᠮᠳᠡᠬᠦ ᠡᠳ᠋ ᠪᠤᠳᠠᠰ ᠤᠨ ᠪᠠᠲᠤᠯᠠᠭ᠎ᠠ᠂ ᠲᠦᠭᠦᠬᠡᠢ ᠮᠠᠲ᠋ᠧᠷᠢᠶᠠᠯ ᠤᠨ | ᠬᠠᠩᠭᠠᠯᠭ᠎ᠠ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠵᠡᠷᠭᠡ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠤᠷᠢᠲᠠᠯ ᠳᠣᠤᠷ᠎ᠠ ᠬᠡᠪ ᠢᠶᠠᠷ | ᠦᠢᠯᠡᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠳᠠᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ | ᠦᠢᠯᠡᠳᠪᠦᠷᠢᠯᠡᠯ ᠡᠵᠡᠩᠨᠡᠯᠲᠡ ᠨᠢ ᠬᠦᠴᠢᠷᠲᠡᠯ ᠳᠤ ᠲᠤᠯᠭᠠᠷᠠᠬᠰᠠᠨ ᠠᠵᠤ ᠠᠬᠤᠶᠢᠯᠠᠯ ᠤᠨ ᠬᠢᠨ ᠠᠵᠢᠯᠲᠠᠨ | ᠠᠵᠢᠯᠴᠢᠨ ᠲᠠᠢ ᠪᠠᠨ ᠵᠥᠪᠳᠡᠯᠴᠡᠨ ᠰᠠᠨᠠᠯ ᠢᠶᠠᠨ ᠨᠢᠭᠡᠳᠭᠡᠭᠦ ᠪᠠᠷ ᠳᠠᠮᠵᠢᠭᠤᠯᠤᠨ ᠴᠠᠯᠢᠩ ᠬᠥᠯᠥᠰᠥ ᠪᠠᠨ | ᠲᠣᠬᠢᠷᠠᠭᠤᠯᠬᠤ᠂ ᠡᠭᠡᠯᠵᠢᠯᠡᠨ ᠠᠵᠢᠯᠯᠠᠵᠤ ᠠᠮᠠᠷᠠᠬᠤ᠂ ᠠᠵᠢᠯᠯᠠᠬᠤ ᠴᠠᠭ ᠢ ᠪᠣᠭᠤᠨᠢᠰᠬᠠᠬᠤ᠂ ᠠᠵᠢᠯ ᠤᠨ ᠪᠠᠶᠢᠷᠢ | ᠬᠦᠯᠢᠶᠡᠬᠦ ᠵᠡᠷᠭᠡ ᠠᠷᠭ᠎ᠠ ᠬᠡᠯᠪᠡᠷᠢ ᠶᠢ ᠠᠪᠴᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠵᠤ᠂ ᠠᠯᠢ | ᠴᠢᠳᠠᠬᠤ ᠪᠠᠷ ᠠᠵᠢᠯᠲᠠᠨ ᠬᠠᠰᠤᠬᠤ ᠦᠭᠡᠢ ᠪᠤᠶᠤ ᠠᠵᠢᠯᠲᠠᠨ ᠴᠦᠬᠡᠨ ᠬᠠᠰᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠷᠢᠭᠤᠴᠠᠨ᠎ᠠ︶ | ︵ᠠᠷᠪᠠᠨ ᠭᠤᠷᠪᠠ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠭᠦ ᠬᠡᠷᠡᠭᠳᠠᠢ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ | ᠵᠢᠵᠢᠭ ᠠᠵᠤ ᠠᠬᠤᠶᠢᠯᠠᠯ ᠤᠨ ᠬᠢᠨ ᠠᠵᠢᠯ ᠵᠣᠭᠰᠣᠭᠰᠠᠨ ᠬᠤᠭᠤᠴᠠᠭᠠᠨ ᠳᠤ ᠠᠵᠢᠯᠲᠠᠨ ᠠᠵᠢᠯᠴᠢᠨ ᠢᠶᠠᠨ ᠵᠣᠬᠢᠶᠠᠨ | ᠪᠠᠶᠢᠭᠤᠯᠤᠨ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠰᠠᠳ ᠢ | ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠲᠤᠰᠬᠠᠶ ᠵᠦᠢᠯ ᠤᠨ ᠪᠡᠯᠡ ᠮᠥᠩᠭᠦᠨ ᠤ ᠨᠡᠮᠡᠭᠦᠷᠢ ᠶᠢᠨ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠯ ᠤᠨ ᠬᠡᠪᠴᠢᠶᠡᠨ ᠳᠤ ᠤᠷᠤᠭᠤᠯᠵᠤ᠂ ᠪᠣᠳᠠᠲᠠᠶ | ᠪᠣᠯᠪᠠᠰᠤᠷᠠᠯ ᠤᠨ ᠵᠠᠷᠤᠳᠠᠯ ᠶᠣᠰᠣᠭᠠᠷ 95% ᠶᠢᠨ ᠨᠡᠮᠡᠬᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠠᠷᠪᠠᠨ ᠳᠥᠷᠪᠡ︶ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠪᠠ | ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠳᠠᠢ᠃ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠬᠢᠨ | ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠳᠤ ᠦᠷᠢᠳᠦᠭᠰᠡᠨ ᠦᠷᠢ ᠦᠭᠴᠡᠭᠡ ᠪᠠᠨ ᠲᠦᠷᠭᠡᠪᠴᠢᠯᠠᠨ | ᠲᠦᠯᠤᠭᠦ᠂ ᠢᠯᠠᠩᠭᠤᠶ᠎ᠠ ᠬᠢᠵᠢᠭ ᠤᠨ ᠪᠠᠶᠢᠳᠠᠯ ᠳᠤ ᠨᠥᠯᠥᠭᠡᠯᠡᠭᠳᠡᠵᠤ ᠦᠢᠯᠡᠳᠪᠦᠷᠢᠯᠡᠯ ᠡᠵᠡᠩᠨᠡᠯᠳᠠ ᠨᠢ | ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠨ ᠦᠷᠢ ᠦᠭᠴᠡᠭᠡ ᠶᠢ ᠤᠷᠢᠳ ᠢᠶᠠᠷ | ᠲᠥᠯᠥᠵᠣ᠂ ᠤᠷᠢᠳᠴᠢᠯᠠᠨ ᠲᠥᠯᠥᠬᠦ ᠶᠢ ᠵᠣᠷᠢᠭᠵᠢᠭᠤᠯᠵᠤ᠂ ᠬᠤᠳᠠᠯᠳᠤᠭᠠᠨ ᠤ ᠭᠤᠪᠢᠭᠤᠯᠭ᠎ᠠ ᠲᠠᠭᠠᠭᠠᠨ | ᠤᠯᠭᠤᠬᠤ ᠪᠠᠷᠢᠮᠳᠠ ᠶᠢᠨ ᠠᠷᠭ᠎ᠠ ᠪᠠᠷ ᠵᠣᠭᠤᠰ ᠪᠤᠴᠠᠭᠠᠬᠤ ᠬᠤᠭᠤᠴᠠᠭ᠎ᠠ ᠪᠠᠨ ᠤᠷᠲᠤᠳᠬᠠᠬᠤ ᠶᠢ ᠴᠢᠩᠭ᠎ᠠ | ᠴᠠᠭᠠᠵᠠᠯᠠᠵᠤ᠂ ᠰᠢᠨ᠎ᠡ ᠦᠷᠢ ᠦᠭᠴᠡᠭᠡ ᠭᠠᠷᠭᠠᠬᠤ ᠶᠢ ᠴᠢᠩᠭ᠎ᠠ ᠴᠠᠭᠠᠵᠠᠯᠠᠬᠤ ᠬᠡᠷᠡᠭᠳᠠᠢ᠃ ᠤᠯᠤᠰ ᠤᠨ | ᠥᠮᠴᠢᠯᠡᠯᠳᠣ ᠠᠵᠤ ᠠᠬᠤᠶᠢᠯᠠᠯ ᠲᠠᠢ ᠨᠢᠭᠡᠨᠲᠡ ᠭᠡᠷ᠎ᠡ ᠲᠣᠭᠲᠠᠭᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠬᠢᠨ | ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ ᠭᠡᠷ᠎ᠡ ᠶᠢᠨ ᠡᠭᠦᠷᠭᠡ ᠪᠠᠨ ᠦᠨᠡᠨ ᠬᠦ ᠴᠠᠭ ᠲᠠᠭᠠᠨ ᠭᠦᠢᠴᠡᠳᠬᠡᠵᠦ | ᠲᠡᠶᠢᠯᠬᠦ ᠦᠬᠡᠢ ᠪᠤᠯᠤᠬᠰᠠᠨ ᠪᠠᠶᠢᠪᠠᠯ᠂ ᠭᠡᠷ᠎ᠡ ᠭᠦᠢᠴᠡᠳᠬᠡᠬᠦ ᠬᠤᠭᠤᠴᠠᠭ᠎ᠠ ᠶᠢ ᠨᠢ ᠵᠣᠬᠢᠰᠲᠠᠶ ᠤᠷᠲᠤᠳᠬᠠᠵᠤ | ᠪᠣᠯᠤᠨ᠎ᠠ᠂ ᠪᠣᠳᠠᠲᠠᠶ ᠤᠷᠲᠤᠳᠬᠠᠬᠤ ᠬᠤᠭᠤᠴᠠᠭ᠎ᠠ ᠶᠢ ᠬᠤᠶᠠᠷ ᠡᠳᠡᠭᠡᠣᠨ ᠢᠶᠠᠷ ᠢᠶᠠᠨ ᠵᠥᠪᠳᠡᠯᠴᠡᠭᠰᠡᠨ ᠤ ᠲᠠᠷᠠᠭ᠎ᠠ | ᠲᠠᠬᠢᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠳᠣ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠬᠠᠷᠢᠭᠤᠴᠠᠨ᠎ᠠ︶ | ︵ᠠᠷᠪᠠᠨ ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ᠃ | ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ | ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠲᠤᠯᠭᠠᠷᠠᠭᠰᠠᠨ ᠭᠡᠨᠡᠳᠲᠡ ᠶᠢᠨ ᠬᠦᠴᠢᠷᠳᠡᠯ ᠢ | ᠴᠠᠭ ᠲᠤᠬᠠᠶ ᠳᠤ ᠨᠢ ᠰᠢᠢᠳᠪᠦᠷᠢᠯᠡᠵᠦ ᠦᠭᠭᠦᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠩ ᠣᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠠ ᠪᠠᠷ ᠭᠦᠢᠴᠡᠳᠭᠡᠭᠦ ᠪᠤᠯᠭᠠᠵᠦ᠂ ᠭᠦᠮᠦᠰ ᠤᠨ | ᠨᠠᠶᠢᠷᠠᠯᠳᠤᠵᠦ ᠴᠤᠭᠯᠠᠷᠠᠬᠤ ᠶᠢ ᠴᠦᠬᠡᠳᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠨ᠎ᠠ︶ | ᠳᠡᠭᠡᠷᠡᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠭᠠᠵᠣ ᠪᠠᠶᠢᠭ᠎ᠠ ᠳᠤᠮᠳᠠ ᠵᠢᠵᠢᠭ ᠠᠵᠤ | ᠠᠬᠤᠶᠢᠯᠠᠯ ᠢ ᠮᠠᠭᠠᠳᠯᠠᠨ ᠲᠣᠭᠲᠠᠭᠠᠬᠤ ᠳᠤ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠶᠠᠮᠤᠨ | ᠵᠡᠷᠭᠡ ᠳᠥᠷᠪᠡᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠬᠰᠠᠨ ︽ᠳᠤᠮᠳᠠ ᠵᠢᠵᠢᠭ ᠠᠵᠤ ᠠᠬᠤᠶᠢᠯᠠᠯ ᠤᠨ | ᠬᠡᠯᠪᠡᠷᠢ ᠮᠠᠶ᠋ᠢᠬ ᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ᠶᠣᠰᠣᠭᠠᠷ ᠬᠡᠷᠡᠭᠵᠢᠭᠦᠯᠦᠨ᠎ᠡ᠃ ᠳᠡᠭᠡᠷᠡᠬᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠤᠭᠤᠴᠠᠭ᠎ᠠ ᠶᠢ ᠨᠢ ᠲᠣᠳᠣᠷᠬᠠᠶ ᠲᠣᠭᠲᠠᠭᠠᠭᠰᠠᠨ | ᠪᠠᠶᠢᠪᠠᠯ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠡᠷᠡᠭᠵᠢᠬᠦᠯᠬᠦ ᠬᠤᠭᠤᠴᠠᠭ᠎ᠠ ᠶᠢ ᠲᠤᠳᠤᠷᠬᠠᠶᠢᠯᠠᠭᠰᠠᠨ ᠦᠬᠡᠢ | ᠪᠠᠶᠢᠪᠠᠯ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ ᠵᠣᠭᠰᠣᠭᠠᠨ᠎ᠠ᠃ ᠤᠯᠤᠰ ᠠᠴᠠ ᠨᠡᠶᠢᠲᠡᠯᠡᠭᠰᠡᠨ ᠬᠠᠮᠢᠶ᠎ᠠ ᠪᠦᠬᠦᠢ | ᠲᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠬᠢᠨ ᠵᠡᠷᠭᠡ ᠪᠠᠷ | ᠵᠢᠷᠤᠮᠯᠠᠨ ᠬᠡᠷᠡᠭᠵᠢᠭᠦᠯᠦᠨ᠎ᠡ᠃ | 2020 ᠤᠨ ᠤ 2 ᠳ᠋ᠤᠭᠠᠷ ᠰᠠᠷ᠎ᠠ ᠶᠢᠨ 7 ᠤ ᠡᠳᠤᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |