ᠥᠰᠥᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/6
  ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠠ᠄  ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ  ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠬᠡᠷᠡᠭᠵᠢᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠵᠢᠴᠢ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠳᠠᠭᠠᠯᠳᠤᠨ᠂ 2019 ᠣᠨ ᠤ 6 ᠳ᠋ᠤᠭᠠᠷ ᠰᠠᠷ᠎ᠠ ᠪᠠ 2020 ᠣᠨ ᠤ 12 ᠳ᠋ᠤᠭᠠᠷ ᠰᠠᠷ᠎ᠠ ᠳᠤ ᠤᠷᠢᠳ ᠬᠤᠵᠢᠳ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠶᠢᠨ ᠲᠥᠷᠥᠯ ᠵᠦᠢᠯ ᠪᠠ ᠪᠠᠯᠠ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ︾ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠥᠬᠡᠶ ᠪᠣᠯᠵᠠᠶ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠢᠨ᠎ᠡ ᠪᠠᠶᠢᠳᠠᠯ ᠳᠤᠤᠷᠠᠬᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠪᠣᠯᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠭᠠᠷᠭᠠᠵᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠬᠠᠮᠢᠶᠠᠷᠤᠯᠲᠠ ᠶᠢᠨ ᠠᠷᠭ᠎ᠠ︾ ᠶᠢ ᠬᠠᠮᠲᠤᠷᠠᠨ ᠲᠤᠭᠤᠷᠪᠢᠪᠠ᠃  ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ  ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡ ᠲᠤᠯᠤᠭᠠᠨ ᠪᠦᠯᠦᠭ ᠬᠤᠪᠢᠶᠠᠵᠤ᠂ ᠶᠡᠷᠦᠩᠬᠡᠶ ᠲᠦᠷᠢᠮ᠂ ᠬᠠᠮᠢᠶᠠᠷᠤᠯᠲᠠ ᠶᠢᠨ ᠲᠤᠰᠢᠶᠠᠯ    ᠬᠠᠷᠢᠭᠤᠴᠠᠯᠭ᠎ᠠ᠂ ᠲᠥᠷᠥᠯ ᠵᠦᠢᠯ ᠤᠨ ᠬᠠᠮᠢᠶᠠᠷᠤᠯᠲᠠ᠂ ᠪᠠᠯᠠ ᠮᠥᠩᠭᠦ ᠶᠢᠨ ᠬᠠᠮᠢᠶᠠᠷᠤᠯᠲᠠ᠂ ᠦᠷ᠎ᠡ ᠪᠦᠲᠦᠭᠡᠯ ᠤᠨ ᠬᠠᠮᠢᠶᠠᠷᠤᠯᠲᠠ᠂ ᠬᠢᠨᠠᠯᠲᠠ    ᠬᠠᠮᠢᠶᠠᠷᠤᠯᠲᠠ᠂ ᠳᠠᠭᠠᠯᠳᠤᠭᠤᠯᠤᠯ ᠲᠦᠷᠢᠮ ᠵᠡᠷᠭᠡ 7 ᠲᠠᠯ᠎ᠠ ᠠᠴᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠤᠨ ᠬᠠᠮᠢᠶᠠᠷᠤᠯᠲᠠ ᠳᠤ ᠲᠣᠰ ᠲᠣᠰ ᠲᠣᠭᠲᠠᠭᠠᠯ ᠭᠠᠷᠭᠠᠵᠠᠶ᠃  ︽ᠶᠡᠷᠦᠩᠬᠡᠶ ᠲᠦᠷᠢᠮ︾ ᠤᠨ ᠬᠡᠰᠡᠭ ᠲᠤ ᠲᠣᠰ ᠠᠷᠭ᠎ᠠ ᠶᠢ ᠲᠣᠭᠲᠠᠭᠠᠭᠰᠠᠨ ᠦᠨᠳᠦᠰᠦᠯᠡᠯ ᠢ ᠲᠣᠳᠣᠷᠬᠠᠶᠢᠯᠠᠨ ᠥᠭᠦᠯᠡᠵᠦ᠂ ᠬᠡᠷᠡᠭᠯᠡᠬᠦ ᠬᠡᠪᠴᠢᠶ᠎ᠡ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠥᠷᠨᠢᠭᠦᠯᠬᠦ ᠭᠤᠤᠯᠳᠠᠯᠭ᠎ᠠ ᠵᠢᠴᠢ ᠲᠥᠷᠥᠯ ᠵᠦᠢᠯ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠭᠤᠤᠯ ᠠᠭᠤᠯᠭ᠎ᠠ ᠪᠠ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠲᠣᠭᠲᠠᠭᠠᠪᠠ᠃  ︽ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ︾ ᠶᠢᠨ ᠬᠡᠰᠡᠭ ᠲᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠵᠦᠢᠯᠡᠰ ᠤᠨ ᠬᠠᠮᠢᠶᠠᠷᠤᠯᠲᠠ ᠪᠠ ᠬᠡᠷᠡᠭᠵᠢᠭᠦᠯᠦᠯᠲᠡ ᠵᠡᠷᠭᠡ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠰᠦᠪ  ᠤᠨ ᠲᠤᠬᠢᠷᠠᠭᠤᠯᠤᠯᠳᠠ᠂ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠬᠢᠭᠡᠳ ᠠᠮᠵᠢᠯᠲᠠ ᠪᠦᠲᠦᠮᠵᠢ  ᠶᠢᠨ ᠬᠠᠮᠢᠶᠠᠷᠤᠯᠲᠠ  ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠤᠨ ᠲᠥᠰᠦᠪ᠂ ᠬᠡᠷᠡᠭᠵᠢᠭᠦᠯᠬᠦ ᠪᠦᠬᠦ ᠶᠠᠪᠤᠴᠠ ᠪᠣᠯᠤᠨ ᠡᠳᠦᠷ ᠲᠤᠲᠤᠮ ᠤᠨ ᠬᠠᠮᠢᠶᠠᠷᠤᠯᠲᠠ ᠵᠢᠴᠢ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠭᠡᠯ ᠢ ᠬᠠᠷᠢᠭᠤᠴᠠᠨ᠎ᠠ︔ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠬᠢᠭᠡᠳ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠤᠨ ᠬᠠᠮᠢᠶᠠᠷᠤᠯᠲᠠ ᠳᠤ ᠬᠠᠮᠵᠢᠯᠴᠠᠬᠤ ᠬᠡᠷᠡᠭᠲᠡᠶ︔ ᠡᠭᠦᠷᠭᠡᠯᠡᠭᠰᠡᠨ ᠨᠢᠭᠡᠴᠢ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠡᠷᠡᠭᠵᠢᠭᠦᠯᠬᠦ ᠶᠢ ᠬᠠᠷᠢᠭᠤᠴᠠᠵᠤ᠂ ᠵᠢᠷᠤᠭᠯᠠᠨ ᠲᠥᠯᠥᠪᠯᠡᠬᠦ᠂ ᠴᠢᠬᠤᠯᠠ ᠶᠡᠭᠡ ᠬᠤᠪᠢᠷᠠᠭᠠᠬᠤ ︵ᠨᠥᠬᠦᠪᠥᠷᠢᠯᠡᠬᠦ︶ ᠮᠠᠲ᠋ᠧᠷᠢᠶᠠᠯ᠂ ᠠᠵᠢᠯ ᠤᠨ ᠮᠡᠳᠡᠭᠦᠯᠦᠯᠲᠡ ᠪᠣᠯᠤᠨ ᠦᠷ᠎ᠡ ᠪᠦᠲᠦᠭᠡᠯ ᠤᠨ ᠮᠡᠳᠡᠭᠦᠯᠦᠯᠲᠡ ᠵᠡᠷᠭᠡ ᠶᠢ ᠨᠠᠶᠢᠷᠠᠭᠤᠯᠤᠨ ᠪᠢᠴᠢᠬᠦ ᠶᠢ ᠪᠣᠳᠠᠲᠠᠶ ᠬᠠᠷᠢᠭᠤᠴᠠᠵᠤ᠂ ᠳᠣᠲᠣᠭᠠᠳᠤ ᠶᠢᠨ ᠶᠠᠰᠤ ᠴᠢᠨᠠᠷ ᠤᠨ ᠪᠠᠶᠢᠴᠠᠭᠠᠯᠲᠠ ᠬᠢᠵᠦ ᠰᠢᠯᠭᠠᠨ ᠠᠪᠬᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠥᠪᠡᠷ ᠢᠶᠠᠨ ᠦᠨᠡᠯᠡᠬᠦ ᠪᠠ ᠬᠤᠷᠢᠶᠠᠩᠭᠤᠶᠢᠯᠠᠨ ᠲᠤᠰᠢᠶᠠᠬᠤ ᠶᠢᠨ ᠬᠠᠮᠲᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠠᠮᠵᠢᠯᠴᠠᠨ᠎ᠠ᠃  ︽ᠲᠥᠷᠥᠯ ᠵᠦᠢᠯ ᠤᠨ ᠬᠠᠮᠢᠶᠠᠷᠤᠯᠲᠠ︾ ᠶᠢᠨ ᠬᠡᠰᠡᠭ ᠲᠤ ᠰᠡᠳᠦᠪ ᠲᠣᠭᠲᠠᠭᠠᠬᠤ ᠵᠦᠭᠯᠡᠭᠦᠷ ᠢ ᠨᠡᠶᠢᠲᠡᠯᠡᠬᠦ᠂ ᠲᠥᠷᠥᠯ ᠵᠦᠢᠯ ᠢ ᠴᠤᠭᠯᠠᠭᠤᠯᠬᠤ᠂ ᠨᠤᠲᠠᠯᠠᠯᠲᠠ ᠶᠢ ᠬᠥᠮᠥᠷᠭᠡ ᠳᠤ ᠣᠷᠣᠭᠤᠯᠬᠤ᠂ ᠰᠢᠭᠰᠢᠨ ᠰᠣᠩᠭᠤᠵᠤ ᠬᠥᠮᠥᠷᠭᠡ ᠠᠴᠠ ᠭᠠᠷᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠭᠦᠷᠭᠡ ᠶᠢᠨ ᠪᠢᠴᠢᠭ ᠪᠠᠭᠤᠯᠭᠠᠬᠤ᠂ ᠭᠡᠷ᠎ᠡ ᠲᠣᠭᠲᠠᠬᠤ ᠶᠠᠪᠤᠴᠠ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃  ︽ᠪᠡᠯᠡ ᠮᠥᠩᠭᠦ ᠶᠢᠨ ᠬᠠᠮᠢᠶᠠᠷᠤᠯᠲᠠ︾ ᠶᠢᠨ ᠬᠡᠰᠡᠭ ᠲᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠲᠥᠰᠦᠪ ᠤᠨ ᠭᠦᠢᠴᠡᠳᠬᠡᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠶᠢ ᠰᠠᠯᠭᠠᠨ ᠥᠭᠬᠦ ᠠᠷᠭ᠎ᠠ ᠮᠠᠶ᠋ᠢᠭ ᠢ ᠲᠣᠭᠲᠠᠭᠠᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠠᠵᠢᠯ ᠳᠠᠭᠤᠰᠤᠭᠰᠠᠨ ᠲᠥᠰᠦᠪ ᠤᠨ ᠭᠦᠢᠴᠡᠳᠬᠡᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃  ︽ᠦᠷ᠎ᠡ ᠪᠦᠲᠦᠭᠡᠯ ᠤᠨ ᠬᠠᠮᠢᠶᠠᠷᠤᠯᠲᠠ︾ ᠶᠢᠨ ᠬᠡᠰᠡᠭ ᠲᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠠᠷᠢᠶᠠᠯᠠᠭᠤᠯᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠴᠢᠬᠤᠯᠠ ᠶᠡᠭᠡ ᠠᠬᠢᠴᠠ ᠵᠢᠴᠢ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠨ ᠨᠡᠶᠢᠲᠡᠯᠡᠨ᠎ᠡ ᠭᠡᠵᠦ ᠲᠣᠳᠣᠷᠬᠠᠶᠢᠯᠠᠪᠠ᠃  ︽ᠬᠢᠨᠠᠯᠲᠠ ᠲᠠᠯᠪᠢᠬᠤ ᠪᠠ ᠠᠮᠵᠢᠯᠲᠠ ᠪᠦᠲᠦᠮᠵᠢ ᠶᠢ ᠦᠨᠡᠯᠡᠬᠦ︾ ᠬᠡᠰᠡᠭ ᠲᠤ ᠪᠡᠯᠡ ᠮᠥᠩᠭᠦ ᠶᠢᠨ ᠬᠢᠨᠠᠯᠲᠠ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠭᠲᠠᠭᠠᠪᠠ︔ ᠡᠭᠦᠷᠭᠡᠯᠡᠬᠦ ᠨᠢᠭᠡᠴᠢ ᠶᠢᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠵᠥᠷᠢᠴᠡᠭᠰᠡᠨ ᠢ ᠵᠠᠯᠬᠠᠭᠠᠨ ᠰᠢᠢᠳᠭᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃  ︽ᠳᠠᠭᠠᠯᠳᠤᠭᠤᠯᠤᠭᠰᠠᠨ ᠲᠦᠷᠢᠮ︾ ᠤᠨ ᠬᠡᠰᠡᠭ ᠲᠤ ᠲᠤᠰ ᠠᠷᠭ᠎ᠠ ᠶᠢᠨ ᠭᠦᠢᠴᠡᠳᠬᠡᠬᠦ ᠬᠡᠪᠴᠢᠶ᠎ᠡ ᠵᠢᠴᠢ ᠭᠦᠢᠴᠡᠳᠬᠡᠬᠦ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠪᠠ᠃  ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠣᠨᠴᠠᠯᠢᠭ  1 . ᠵᠠᠰᠠᠭ ᠤᠨ ᠣᠷᠳᠣᠨ ᠬᠥᠲᠥᠯᠥᠨ ᠳᠠᠭᠠᠭᠤᠯᠤᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠠᠭᠤᠷᠢ ᠴᠢᠨᠠᠷᠲᠠᠶ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠣᠯᠤᠨ ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠬᠠᠶᠢᠨ ᠪᠠᠶᠢᠴᠠᠭᠠᠬᠤ ᠲᠦᠭᠰᠢᠭᠦᠷᠢ ᠶᠢ ᠪᠠᠭᠤᠷᠠᠭᠤᠯᠤᠨ᠂ ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠶᠢ ᠬᠥᠲᠥᠯᠥᠨ ᠵᠢᠯᠣᠭᠤᠳᠤᠨ᠎ᠠ᠃  2 . ᠪᠣᠬᠢᠷᠲᠤᠯ ᠥᠬᠡᠶ ᠬᠠᠶᠢᠨ ᠪᠠᠶᠢᠴᠠᠭᠠᠯᠲᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠳᠤ ᠪᠣᠬᠢᠷᠲᠤᠯ ᠦᠭᠡᠶ ᠬᠠᠶᠢᠨ ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠣᠨᠣᠯᠵᠢᠬᠤᠨ ᠢ      ᠪᠠᠷᠢᠮᠲᠠᠯᠠᠨ᠂ ᠭᠠᠵᠠᠷ ᠰᠢᠨᠵᠢᠯᠡᠭᠡᠨ ᠤ ᠠᠵᠢᠯ ᠤᠨ ᠬᠠᠷᠠᠯᠲᠠ ᠳᠤ ᠬᠦᠷᠬᠦ ᠮᠥᠷᠲᠡᠭᠡᠨ ᠪᠠᠰᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠵᠠᠷᠴᠢᠮ ᠢ ᠪᠠᠷᠢᠮᠲᠠᠯᠠᠨ᠎ᠠ᠃  3 . ᠲᠥᠷᠥᠯ ᠵᠦᠢᠯ ᠢ ᠴᠤᠭᠯᠠᠭᠤᠯᠬᠤ ᠪᠠ ᠬᠥᠮᠥᠷᠭᠡ ᠠᠴᠠ ᠭᠠᠷᠭᠠᠬᠤ᠃ ᠢᠯᠡ ᠪᠥᠭᠡᠳ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠤᠨ ᠶᠣᠰᠣᠭᠠᠷ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠨᠡᠶᠢᠭᠡᠮ ᠳᠤ ᠬᠠᠨᠳᠤᠭᠤᠯᠤᠨ ᠴᠤᠭᠯᠠᠭᠤᠯᠵᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠤᠭᠠᠳ ᠮᠡᠳᠡᠭᠦᠯᠦᠭᠰᠡᠨ ᠲᠥᠷᠥᠯ ᠵᠦᠢᠯ ᠳᠤ ᠰᠢᠭᠰᠢᠨ ᠰᠣᠩᠭᠤᠵᠤ ᠬᠥᠮᠥᠷᠭᠡ ᠳᠤ ᠣᠷᠣᠭᠤᠯᠤᠨ᠎ᠠ︔ ᠬᠥᠮᠥᠷᠭᠡ ᠳᠤ ᠬᠠᠳᠠᠭᠠᠯᠠᠬᠤ ᠲᠥᠷᠥᠯ ᠵᠦᠢᠯ ᠢ ᠲᠤᠰᠬᠠᠶ ᠮᠡᠷᠭᠡᠵᠢᠯᠲᠡᠨ ᠤ ᠬᠤᠪᠢ ᠥᠭᠭᠦᠭᠰᠡᠨ ᠳᠠᠷᠠᠭᠠᠯᠠᠯ ᠢᠶᠠᠷ ᠰᠢᠭᠰᠢᠨ ᠭᠠᠷᠭᠠᠨ᠎ᠠ᠃  4 . ᠡᠭᠦᠷᠭᠡᠯᠡᠬᠦ ᠨᠢᠭᠡᠴᠢ ᠶᠢ ᠲᠣᠭᠲᠠᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠣᠰᠣᠭᠠᠷ ᠬᠤᠳᠠᠯᠳᠤᠨ ᠠᠪᠬᠤ ᠶᠢ ᠳᠠᠭᠠᠭᠠᠨ ᠡᠭᠦᠷᠭᠡᠯᠡᠬᠦ ᠨᠢᠭᠡᠴᠢ ᠶᠢ ᠲᠣᠭᠲᠠᠭᠠᠨ᠎ᠠ᠃  5 ᠭᠡᠷ᠎ᠡ ᠶᠢᠨ ᠬᠠᠮᠢᠶᠠᠷᠤᠯᠲᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠳᠠᠭᠠᠭᠠᠨ ᠡᠭᠦᠷᠭᠡᠯᠡᠭᠰᠡᠨ ᠨᠢᠭᠡᠴᠢ ᠯᠦᠭᠡ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠤᠨ ᠭᠡᠷ᠎ᠡ ᠲᠣᠭᠲᠠᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠭᠡᠷ᠎ᠡ ᠶᠢᠨ ᠶᠣᠰᠣᠭᠠᠷ ᠬᠠᠮᠢᠶᠠᠷᠬᠤ ᠬᠡᠷᠡᠭᠲᠡᠶ᠃  6 . ᠠᠮᠵᠢᠯᠲᠠ ᠪᠦᠲᠦᠮᠵᠢ ᠶᠢᠨ ᠦᠨᠡᠯᠡᠯᠲᠡ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠮᠡᠳᠡᠭᠦᠯᠬᠦ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠪᠠ ᠦᠨᠡᠯᠡᠬᠦ ᠵᠡᠷᠭᠡ ᠠᠵᠢᠯ ᠢ ᠰᠠᠶᠢᠲᠤᠷ ᠬᠢᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号