ᠦᠰᠦᠭ ᠪᠢᠴᠢᠭ ᠢᠶᠠᠷ ᠦᠭᠦᠯᠡᠬᠦᠢ᠄ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠥᠰᠥᠭ ﹇2023﹈ 397 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/29
  1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠦᠰᠦᠭ ﹇ 2023﹈ 397 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠶᠡᠷᠦᠩᠬᠡᠶ ᠰᠡᠳᠬᠢᠮᠵᠢ ᠶᠢ ᠳᠠᠷᠤᠮᠠᠯᠯᠠᠨ ᠲᠠᠷᠬᠠᠭᠠᠪᠠ᠃  ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠳᠠᠩᠰᠠᠯᠠᠨ ᠬᠠᠮᠢᠶᠠᠷᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2023﹈ 4 ᠳ᠋ᠦ᠋ᠭᠡᠷ ᠲᠣᠭᠠᠲᠤ︶ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠥᠷ ᠪᠠᠶᠢᠭᠠᠯᠢ ᠶᠢᠨ ᠡᠬᠢ ᠪᠠᠶᠠᠯᠢᠭ ᠦᠰᠦᠭ ﹇ 2023﹈ 397 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠦᠨᠡᠮᠯᠡᠯ ᠣᠯᠭᠤᠬᠤ ᠡᠷᠬᠡ ᠮᠡᠳᠡᠯ ᠤᠨ ᠬᠡᠪᠴᠢᠶᠡᠨ ᠳᠤ ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2023﹈ 4 ᠳ᠋ᠦ᠋ᠭᠡᠷ ᠲᠣᠭᠠᠲᠤ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃  2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠥᠷ ᠪᠠᠶᠢᠭᠠᠯᠢ ᠶᠢᠨ ᠡᠬᠢ ᠪᠠᠶᠠᠯᠢᠭ ᠦᠰᠦᠭ ﹇ 2023﹈ 397 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ ᠬᠠᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠢ ᠳᠠᠬᠢᠵᠤ ᠬᠢᠨᠠᠨ ᠲᠣᠭᠲᠠᠭᠠᠬᠤ ᠦᠭᠡᠢ᠃  ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠰᠠᠶᠢᠲᠤᠷ ᠬᠢᠬᠦ ᠶᠢᠨ ᠲᠤᠰᠠᠳᠠ᠂ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠢ ᠳᠥᠭᠦᠮᠴᠢᠯᠡᠵᠦ᠂ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠤ ᠳᠠᠩᠰᠠᠯᠠᠭᠤᠯᠤᠭᠰᠠᠨ ᠠᠭᠤᠷᠬᠠᠶ ᠬᠠᠶᠢᠬᠤ ᠡᠷᠬᠡ ᠶᠢ ᠭᠤᠶᠤᠴᠢᠯᠠᠭᠴᠢ ᠶᠢᠨ ᠲᠤᠰᠢᠶᠠᠭᠰᠠᠨ ᠬᠠᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠳᠤ ᠳᠠᠭᠢᠵᠤ ᠬᠢᠨᠠᠨ ᠲᠣᠭᠲᠠᠭᠠᠬᠤ ᠥᠬᠡᠶ᠃ ᠬᠡᠳᠦ᠋ᠢᠪᠡᠷ ᠭᠤᠶᠤᠴᠢᠯᠠᠭᠴᠢ ᠶᠢᠨ ᠲᠤᠰᠢᠶᠠᠭᠰᠠᠨ ᠬᠠᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠢ ᠲᠤᠰᠬᠠᠶ ᠬᠢᠨᠠᠨ ᠲᠣᠭᠲᠠᠭᠠᠬᠤ ᠥᠬᠡᠶ ᠪᠣᠯᠪᠠᠴᠤ ᠳᠡᠩᠰᠡᠯᠡᠨ ᠬᠠᠮᠢᠶᠠᠷᠬᠤ ᠪᠠᠶᠢᠭᠤᠯᠭ᠎ᠠ ᠠᠴᠠ ᠬᠠᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠢ ᠬᠢᠨᠠᠨ ᠬᠠᠷᠭᠤᠭᠤᠯᠬᠤ ᠱᠠᠭᠠᠷᠳᠠᠯᠭ᠎ᠠ ᠶᠢ ᠪᠠᠭᠤᠷᠠᠭᠤᠯᠤᠭᠰᠠᠨ ᠥᠬᠡᠶ᠃ ᠭᠤᠶᠤᠴᠢᠯᠠᠭᠴᠢ ᠶᠢᠨ ᠲᠤᠰᠢᠶᠠᠭᠰᠠᠨ ᠬᠠᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠬᠤ ᠬᠡᠷᠡᠭᠲᠡᠶ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠦᠭᠡᠶ ᠪᠣᠯ ᠭᠤᠶᠤᠴᠢᠯᠠᠭᠴᠢ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠰᠠᠶ᠋ᠢ ᠠᠭᠤᠷᠬᠠᠶ ᠬᠠᠶᠢᠬᠤ ᠡᠷᠬᠡ ᠶᠢ ᠳᠠᠩᠰᠠᠯᠠᠬᠤ ᠭᠠᠷᠳᠠᠮ ᠢ ᠭᠦᠢᠴᠡᠳᠬᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ ᠪᠣᠯᠤᠨ᠎ᠠ᠃  3. ᠠᠭᠤᠷᠬᠠᠶ ᠮᠠᠯᠲᠠᠬᠤ ᠡᠷᠬᠡᠲᠦ ᠬᠥᠮᠦᠨ ᠤ ᠠᠭᠤᠷᠬᠠᠶ ᠶᠢᠨ ᠣᠷᠣᠨ ᠤ ᠭᠦᠨ ᠤ ᠬᠡᠰᠡᠭ᠂ ᠳᠡᠭᠡᠳᠦ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠣᠨᠴᠠᠭᠠᠶᠢᠯᠠᠨ ᠴᠢᠩᠭᠠᠷᠠᠭᠤᠯᠤᠨ᠎ᠠ᠃  ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇ 2023﹈ 4 ᠳ᠋ᠤᠭᠡᠷ ᠲᠣᠭᠠᠲᠤ᠂ ᠠᠭᠤᠷᠬᠠᠶ ᠮᠠᠯᠲᠠᠬᠤ ᠡᠷᠬᠡᠲᠦ ᠬᠥᠮᠦᠨ ᠨᠢ ᠠᠭᠤᠷᠬᠠᠶ ᠶᠢᠨ ᠣᠷᠣᠨ ᠤ ᠭᠦᠨ ᠬᠡᠰᠡᠭ᠂ ᠳᠡᠭᠡᠳᠦ ᠬᠡᠰᠡᠭ ᠲᠤ ᠬᠠᠶᠢᠨ ᠪᠠᠶᠢᠴᠠᠭᠠᠬᠤ ᠠᠵᠢᠯ ᠢ ᠥᠷᠨᠢᠭᠦᠯᠬᠦ ᠴᠢᠬᠤᠯᠠ ᠦᠭᠡᠢ᠂ ᠲᠣᠰ ᠬᠠᠶᠢᠨ ᠪᠠᠶᠢᠴᠠᠭᠠᠬᠤ ᠦᠢᠯᠡ ᠠᠵᠢᠯᠯᠠᠭ᠎ᠠ ᠳᠤ᠂ ᠲᠤᠬᠠᠶ ᠶᠢᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠤᠭᠤᠳ ᠬᠢᠨᠠᠨ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠮᠠᠯᠲᠠᠬᠤ ᠪᠠᠷ ᠬᠠᠶᠢᠬᠤ ᠶᠢ ᠣᠷᠣᠯᠠᠭᠤᠯᠬᠤ᠂ ᠠᠭᠤᠷᠬᠠᠶ ᠮᠠᠯᠲᠠᠬᠤ ᠡᠷᠬᠡ ᠶᠢᠨ ᠬᠠᠪᠲᠠᠭᠠᠶ ᠬᠡᠪᠴᠢᠶ᠎ᠡ ᠠᠴᠠ ᠳᠠᠪᠠᠭᠤᠯᠤᠨ ᠬᠠᠶᠢᠨ ᠪᠠᠶᠢᠴᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃  ᠳᠥᠷᠪᠡ᠂ ᠠᠭᠤᠷᠬᠠᠶ ᠶᠢᠨ ᠦᠢᠯᠡᠰ ᠤᠨ ᠡᠷᠬᠡ ᠶᠢᠨ ᠬᠤᠪᠢᠷᠠᠭᠤᠯᠤᠯᠲᠠ ᠶᠢ ᠴᠢᠩᠭ᠎ᠠ ᠬᠢᠨᠠᠨ ᠪᠠᠶᠢᠴᠠᠭᠠᠬᠤ ᠱᠠᠭᠠᠷᠳᠠᠯᠭ᠎ᠠ᠃  ᠠᠭᠤᠷᠬᠠᠶ ᠬᠠᠶᠢᠬᠤ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠳᠤ᠂ ᠤᠤᠯ ᠤᠨ ᠠᠭᠤᠷᠬᠠᠶ ᠬᠠᠶᠢᠬᠤ ᠡᠷᠬᠡ ᠶᠢ ᠬᠦᠴᠦᠨ ᠦᠭᠡᠶ ᠪᠣᠯᠭᠠᠬᠤ ᠪᠤᠶᠤ ᠪᠠᠭᠠᠰᠬᠠᠬᠤ ᠬᠡᠷᠡᠭᠲᠡᠶ᠂ ᠬᠡᠷᠪᠡ ᠠᠭᠤᠷᠬᠠᠶ ᠬᠠᠶᠢᠬᠤ ᠡᠷᠬᠡ ᠶᠢᠨ ᠲᠠᠯᠠᠪᠠᠶ ᠶᠢ ᠪᠠᠭᠠᠰᠬᠠᠭᠰᠠᠨ ᠪᠣᠯ᠂ ᠲᠣᠮᠣ ᠠᠭᠤᠷᠬᠠᠶ ᠶᠢ ᠪᠠᠭ᠎ᠠ ᠨᠡᠭᠡᠭᠡᠬᠦ ᠡᠷᠬᠡ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠭᠰᠠᠨ ᠤ ᠳᠠᠷᠠᠭᠠᠬᠢ ᠠᠭᠤᠷᠬᠠᠶ ᠬᠠᠶᠢᠬᠤ ᠡᠷᠬᠡ ᠶᠢ ᠲᠤᠰᠠᠭᠠᠷ ᠨᠢ ᠬᠤᠪᠢᠷᠠᠭᠤᠯᠵᠤ ᠪᠣᠯᠬᠤ ᠦᠭᠡᠶ᠂ ᠲᠤᠰᠠᠭᠠᠷ ᠨᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠵᠤ ᠪᠣᠯᠬᠤ ᠦᠭᠡᠶ᠂ ᠡᠷᠬᠡᠪᠰᠢ ᠠᠩᠬ᠎ᠠ ᠮᠠᠯᠲᠠᠬᠤ ᠭᠠᠵᠠᠷ ᠤᠨ ᠠᠭᠤᠷᠬᠠᠶ ᠮᠠᠯᠲᠠᠬᠤ ᠡᠷᠬᠡ ᠲᠠᠢ ᠡᠮᠬᠢᠯᠡᠨ ᠨᠡᠶᠢᠯᠡᠬᠦᠯᠬᠦ ᠬᠡᠷᠡᠭᠲᠡᠢ᠃  ᠡᠨᠧᠷᠭᠢ ᠶᠢᠨ ᠪᠤᠰᠤ ᠠᠭᠤᠷᠬᠠᠶ ᠮᠠᠯᠲᠠᠬᠤ ᠡᠷᠬᠡ ᠳᠤ ᠪᠣᠯ᠂ ᠮᠠᠯᠲᠠᠬᠤ ᠲᠥᠷᠥᠯ ᠢ ᠨᠢ ᠡᠨᠧᠷᠭᠢ ᠶᠢᠨ ᠲᠥᠷᠥᠯ ᠤᠨ ᠠᠭᠤᠷᠬᠠᠶ ᠶᠢᠨ ᠭᠠᠷᠤᠯᠲᠠ ᠪᠣᠯᠭᠠᠨ ᠬᠤᠪᠢᠷᠠᠭᠤᠯᠵᠤ ᠪᠣᠯᠬᠤ ᠦᠭᠡᠶ ᠪᠥᠭᠡᠳ ᠡᠨᠧᠷᠭᠢ ᠶᠢᠨ ᠲᠥᠷᠥᠯ ᠤᠨ ᠠᠭᠤᠷᠬᠠᠶ ᠶᠢᠨ ᠭᠠᠷᠤᠯᠲᠠ ᠶᠢ ᠨᠡᠮᠡᠵᠦ ᠵᠢᠭᠰᠠᠭᠠᠵᠤ ᠴᠤ ᠪᠣᠯᠬᠤ ᠦᠭᠡᠶ᠃  5. ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠭᠤᠶᠤᠴᠢᠯᠠᠭᠴᠢ ᠳᠤ ᠲᠥᠬᠦᠮ ᠦᠵᠡᠭᠦᠯᠵᠦ᠂ ᠶᠠᠮᠠᠷ ᠶᠠᠮᠠᠷ ᠰᠢᠯᠢᠳᠡᠭᠵᠢᠭᠦᠯᠬᠦ ᠠᠷᠭ᠎ᠠ ᠬᠡᠮᠵᠢᠶ᠎ᠡ ᠠᠪᠬᠤ ᠪᠣᠢ︖  ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ ᠶᠢ ᠠᠬᠢᠭᠤᠯᠬᠤ ᠶᠢᠨ ᠲᠥᠯᠥᠭᠡ᠂ ᠭᠤᠶᠤᠴᠢᠯᠠᠭᠴᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠠᠭᠤᠷᠬᠠᠶ ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠶᠢ ᠰᠢᠨ᠎ᠡ ᠪᠠᠷ ᠪᠠᠶᠢᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠪᠠᠯ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵ https://zwfw.nmg.gov.cn ︶ ᠪᠠᠷ ᠳᠠᠮᠵᠢᠭᠤᠯᠤᠨ ᠭᠤᠶᠤᠴᠢᠯᠠᠬᠤ ᠴᠢᠬᠤᠯᠠ ᠨᠥᠬᠦᠴᠡᠯ ᠢᠶᠠᠨ ᠲᠤᠰᠢᠶᠠᠪᠠᠯ ᠭᠤᠶᠤᠴᠢᠯᠠᠯ ᠤᠨ ᠴᠠᠭᠠᠰᠤᠨ ᠮᠠᠲ᠋ᠧᠷᠢᠶᠠᠯ ᠢᠶᠠᠨ ᠳᠠᠬᠢᠨ ᠲᠤᠰᠢᠶᠠᠬᠤ ᠴᠢᠬᠤᠯᠠ ᠥᠬᠡᠶ᠃ ᠦᠨᠳᠦᠰᠦᠨ ᠱᠠᠲᠤᠨ ᠤ ᠬᠠᠷᠭᠤᠭᠤᠯᠤᠨ ᠪᠠᠶᠢᠴᠠᠭᠠᠭᠰᠠᠨ ᠰᠠᠨᠠᠯ ᠳᠤ ᠮᠤᠵᠢ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ︵ᠥᠯᠢᠭᠡᠷ ᠳᠡᠪᠲᠡᠷ︶ ᠢᠶᠠᠷ ᠯᠠᠪᠯᠠᠯᠲᠠ ᠪᠣᠯᠭᠠᠵᠤ᠂ ᠡᠭᠦᠨ ᠳᠤ ᠠᠭᠤᠷᠬᠠᠶ ᠮᠠᠯᠲᠠᠬᠤ ᠡᠷᠬᠡ ᠶᠢ ᠦᠷᠭᠦᠯᠵᠢᠯᠡᠭᠦᠯᠬᠦ ᠨᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠲᠥᠷᠥᠯ ᠵᠦᠢᠯ ᠳᠤ ᠬᠠᠷᠢᠶᠠᠯᠠᠭᠳᠠᠬᠤ ᠡᠰᠡᠬᠦ ᠲᠤᠬᠠᠶ ᠲᠣᠳᠣᠷᠬᠠᠶᠢᠯᠠᠯᠲᠠ ᠬᠢᠬᠦ ᠬᠡᠷᠡᠭᠲᠡᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号