︵ 2024 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠪᠠᠲᠤᠯᠠᠪᠠ ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ 2024 ᠣᠨ ᠤ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠡᠨᠡ | ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 132 ᠬᠥᠮᠥᠨ | ᠣᠷᠣᠯᠴᠠᠵᠤ ᠂ 238 ᠬᠥᠮᠥᠨ ᠰᠤᠯᠠ ᠣᠷᠣᠯᠴᠠᠪᠠ ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠵᠠᠢ ᠃ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ | ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠪᠠ ᠃ | ᠪᠦᠭᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ ᠃ | ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠡᠷᠭᠢᠴᠡᠭᠦᠯᠵᠦ ᠂ 2024 ᠣᠨ ᠤ ᠡᠭᠦᠷᠭᠡ ᠶᠢ ᠪᠠᠶᠢᠷᠢᠯᠠᠭᠤᠯᠵᠤ ᠂ ᠯᠢ ᠰᠢ ᠨᠥᠬᠦᠷ ᠤᠨ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ ᠶᠡᠷᠦᠩᠬᠡᠢ ᠱᠦᠵᠢ ᠰᠢ | ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ ᠃ | ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ | ᠰᠤᠷᠤᠯᠴᠠᠵᠤ ᠂ ᠭᠦᠨᠵᠡᠭᠡᠢ ᠣᠶᠢᠯᠠᠭᠠᠪᠠ ᠃ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ | ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ ᠂ ᠥᠪᠡᠷ ᠪᠡᠶ᠎ᠡ ᠶᠢᠨ | ᠬᠤᠪᠢᠰᠬᠠᠯ ᠢ ᠠᠬᠢᠭᠤᠯᠬᠤ ︽ ᠶᠢᠰᠦᠨ ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ ᠂ ᠢᠯᠵᠠᠷᠠᠯ ᠢ | ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ ᠂ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ | ᠨᠠᠨᠳᠢᠨ ᠬᠦᠰᠡᠯ ᠲᠠᠯᠪᠢᠵᠤ ᠂ ᠲᠣᠳᠣᠷᠬᠠᠢ ᠱᠠᠭᠠᠷᠳᠠᠯᠭ᠎ᠠ ᠳᠤᠷᠠᠳᠴᠤ ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠂ | ᠬᠠᠷᠠᠭ᠎ᠠ ᠥᠷᠭᠡᠨ ᠂ ᠦᠵᠡᠯ ᠰᠠᠨᠠᠭ᠎ᠠ ᠭᠦᠨ ᠭᠦᠨᠵᠡᠭᠡᠢ ᠂ ᠠᠭᠤᠯᠤᠭᠳᠠᠬᠤᠨ ᠪᠠᠶᠠᠯᠢᠭ ᠪᠠᠶᠢᠵᠤ ᠂ ᠮᠠᠨ ᠤ ᠨᠠᠮ ᠤᠨ | ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ | ᠳᠡᠭᠡᠭᠰᠢᠯᠡᠭᠦᠯᠭᠦ ᠳᠡᠭᠡᠳᠦ ᠬᠡᠮᠵᠢᠶᠡᠨ ᠤ ᠤᠬᠠᠮᠰᠠᠷ ᠢ ᠭᠦᠢᠴᠡᠳ ᠢᠯᠡᠷᠡᠭᠦᠯᠪᠡ ᠃ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠣᠨ ᠴᠢᠬᠤᠯᠠ ᠤᠨᠤᠯ ᠤᠨ ᠦᠷ᠎ᠡ | ᠪᠦᠲᠦᠭᠡᠯ ᠢ ᠨᠢᠭᠲᠠᠷᠠᠭᠤᠯᠵᠤ ᠂ ᠪᠦᠭᠦ ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠰᠢᠨ᠎ᠡ | ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ | ᠬᠠᠩᠭᠠᠵᠤ ᠂ ᠰᠢᠨ᠎ᠡ ᠠᠶᠠᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ | ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠣᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠪᠠ ᠭᠡᠵᠦ | ᠰᠠᠨᠠᠯ ᠨᠢᠭᠡᠲᠡᠢ ᠦᠵᠡᠵᠡᠭᠡᠪᠡ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ ᠂ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ ᠂ ᠦᠵᠡᠯ ᠰᠠᠨᠠᠭ᠎ᠠ ᠪᠠ ᠦᠶᠯᠡ | ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ | ᠦᠵᠡᠯ ᠰᠠᠨᠠᠭ᠎ᠠ ᠲᠠᠢ ᠦᠨᠡᠨ ᠬᠦ ᠨᠢᠭᠡᠳᠬᠡᠵᠦ ᠂ ᠰᠢᠨ᠎ᠡ ᠠᠶᠠᠨ ᠳᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠲᠥᠯᠥᠭᠡ ᠴᠥᠬᠦᠷᠡᠰᠢ | ᠦᠭᠡᠢ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃ | ᠪᠦᠭᠦᠳᠡ ᠬᠤᠷᠠᠯ ᠠᠴᠠ ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ ᠂ ᠮᠥᠨ ᠴᠤ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠲᠤ ᠦᠶ᠎ᠡ ᠰᠢᠯᠵᠢᠭᠦᠯᠦᠭᠰᠡᠨ ᠤ ᠳᠠᠷᠠᠭᠠᠬᠢ | ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠨᠡᠷᠡᠮᠵᠢᠲᠦ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠤᠷᠤᠭᠰᠢᠯᠠᠪᠠ ᠃ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽ ᠰᠢᠨ᠎ᠡ ᠤᠳᠤᠷᠢᠳᠬᠤ ᠪᠠᠭ ᠂ | ᠰᠢᠨ᠎ᠡ ᠳᠦᠷᠢ ᠲᠥᠷᠬᠦ ᠂ ᠰᠢᠨ᠎ᠡ ᠪᠠᠶᠢᠳᠠᠯ ᠂ ᠰᠢᠨ᠎ᠡ ᠠᠮᠵᠢᠯᠲᠠ ᠪᠦᠲᠦᠮᠵᠢ ︾ ᠶᠢᠨ ᠲᠤᠬᠠᠢ ᠬᠦᠰᠡᠯ ᠡᠷᠡᠮᠡᠯᠵᠡᠯ | ᠱᠠᠭᠠᠷᠳᠠᠯᠭ᠎ᠠ ᠶᠢ ᠪᠠᠲᠤ ᠴᠡᠭᠡᠵᠢᠯᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠪᠠᠷ ᠭᠤᠣᠯ ᠰᠢᠵᠢᠮ ᠪᠤᠯᠭᠠᠵᠤ ᠂ ᠪᠦᠭᠦ ᠨᠠᠮ ᠢᠶᠠᠷ ᠢᠶᠠᠨ ︽ ᠬᠤᠶᠠᠷ ᠢ ᠲᠣᠭᠲᠠᠭᠠᠭᠰᠠᠨ ︾ ᠢ ᠡᠷᠡᠰ | ᠬᠦᠷᠢᠶᠡᠯᠡᠬᠦ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠤ ᠂ ᠲᠣᠮᠣ | ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠭᠦᠯᠬᠦ ᠪᠠᠷ ᠬᠠᠷᠠᠯᠲᠠ ᠴᠢᠭᠯᠡᠯ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠪᠠ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠥᠷᠨᠢᠭᠦᠯᠬᠦ ᠪᠠᠷ ᠭᠤᠣᠯᠳᠠᠯᠭ᠎ᠠ ᠪᠤᠯᠭᠠᠵᠤ ᠂ ᠭᠦᠨᠵᠡᠭᠡᠢ ᠰᠤᠷᠤᠯᠴᠠᠬᠤ ᠂ ᠪᠣᠳᠠᠲᠤ ᠪᠠᠶᠢᠴᠠᠭᠠᠨ ᠰᠤᠳᠤᠯᠤᠯᠲᠠ | ᠬᠢᠬᠦ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ ᠂ ᠴᠢᠩᠭ᠎ᠠ ᠠᠷᠭ᠎ᠠ | ᠬᠡᠮᠵᠢᠶ᠎ᠡ ᠂ ᠴᠢᠩᠭ᠎ᠠ ᠠᠭᠤᠷ ᠠᠮᠢᠰᠬᠤᠯ ᠢᠶᠠᠷ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠬᠢᠴᠢᠶᠡᠯ ᠪᠤᠯᠭᠠᠵᠤ ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ | ᠬᠢᠵᠦ ᠂ ᠲᠠᠪᠤᠨ ᠵᠢᠯ ᠢ ᠪᠣᠳᠣᠯᠬᠢᠯᠠᠨ ᠪᠠᠶᠢᠷᠢᠯᠠᠭᠤᠯᠵᠤ ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠪᠡ ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ | ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠲᠠᠯᠪᠢᠨ ᠰᠡᠳᠬᠢᠯᠭᠡ ᠲᠠᠢ ᠪᠠᠷ ᠭᠦᠨᠵᠡᠭᠡᠢ | ᠰᠤᠷᠤᠯᠴᠠᠨ ᠨᠠᠷᠢᠯᠢᠭ ᠣᠶᠢᠯᠠᠭᠠᠵᠤ ᠂ ︽ ᠬᠤᠶᠠᠷ ᠢ ᠬᠠᠮᠠᠭᠠᠯᠠᠬᠤ ︾ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ | ᠢᠯᠠᠭᠴᠢ ᠴᠡᠷᠢᠭ ᠠᠩᠭᠢ ᠶᠢ ᠪᠠᠶᠢᠭᠤᠯᠬᠤ ᠶᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ | ᠲᠠᠯᠪᠢᠬᠤ ᠶᠢ ᠴᠢᠩᠭᠠᠳᠬᠠᠵᠤ ᠂ ᠰᠢᠨ᠎ᠡ ᠠᠶᠠᠨ ᠳᠤ ᠰᠠᠶᠢᠨ ᠡᠭᠢᠯᠡᠯᠲᠡ ᠲᠠᠢ ᠰᠠᠶᠢᠲᠤᠷ ᠡᠬᠢᠯᠡᠭᠦᠯᠬᠦ ᠶᠢ ᠪᠠᠲᠤᠯᠠᠪᠠ ᠃ | ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ ᠂ ᠮᠥᠩᠭᠦᠨ ᠭᠦᠢᠯᠭᠡᠭᠡᠨ ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠪᠡᠶ᠎ᠡ ᠶᠢᠨ ᠲᠠᠮᠢᠷ ᠂ ᠨᠠᠪᠴᠢᠨ ᠲᠠᠮᠠᠬᠢ ᠂ ᠡᠮ ᠡᠮᠨᠡᠯᠭᠡ ᠂ | ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠂ ᠲᠤᠭ᠎ᠠ ᠪᠦᠷᠢᠳᠬᠡᠯ ᠵᠡᠷᠭᠡ ᠬᠦᠷᠢᠶᠡᠨ ᠳᠠᠬᠢ ᠢᠯᠵᠠᠷᠠᠯ ᠤᠨ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠰᠢᠰᠲ᠋ᠧᠮ ᠤᠨ ᠴᠢᠨᠠᠷᠲᠠᠢ ᠢᠯᠵᠠᠷᠠᠯ ᠤᠨ ᠠᠶᠤᠯ ᠲᠦᠭᠰᠢᠭᠦᠷᠢ ᠶᠢᠨ | ᠭᠡᠮ ᠰᠣᠭᠤᠭ ᠢ ᠡᠷᠡᠰ ᠠᠷᠢᠯᠭᠠᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠭᠢᠯᠪᠠᠷ ᠪᠤᠰᠤ ᠪᠠᠷ ᠣᠯᠣᠭᠰᠠᠨ ᠳᠡᠶᠢᠯᠦᠩᠭᠦᠢ | ᠴᠢᠨᠠᠷᠲᠠᠢ ᠢᠯᠠᠯᠲᠠ ᠶᠢ ᠪᠦᠭᠦ ᠲᠠᠯ᠎ᠠ ᠪᠠᠷ ᠪᠠᠬᠢᠵᠢᠭᠦᠯᠪᠡ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠵᠠᠯᠠᠷᠠᠭᠤᠯᠬᠤ ᠱᠤᠭᠤᠬᠤ ᠶᠢ ᠵᠡᠷᠭᠡ ᠪᠠᠷ ᠴᠢᠬᠤᠯᠠᠴᠢᠯᠠᠵᠤ ᠰᠤᠷᠲᠠᠯ ᠤᠨ | ᠪᠠᠶᠢᠭᠤᠯᠤᠯᠲᠠ ᠶᠢᠨ ᠪᠠᠶᠢᠩᠭᠤ ᠪᠦᠲᠦᠮᠵᠢᠲᠡᠢ ᠪᠠᠶᠢᠬᠤ ᠶᠢ ᠠᠬᠢᠭᠤᠯᠪᠠ ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠪᠦᠭᠦ ᠲᠠᠯ᠎ᠠ ᠪᠠᠷ ᠴᠢᠩᠭᠠᠳᠬᠠᠵᠤ ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠠᠬᠢᠭᠤᠯᠬᠤ ᠪᠠ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠬᠡᠪᠡ ᠃ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠴᠢᠨᠠᠷ ᠰᠠᠶᠢᠲᠠᠢ | ᠪᠡᠶᠡᠯᠡᠭᠦᠯᠪᠡ ᠃ ᠳᠦᠷᠢᠮ ᠢᠶᠠᠷ ᠨᠠᠮ ᠢ ᠵᠠᠰᠠᠬᠤ ᠂ ᠲᠣᠭᠲᠠᠭᠠᠯ ᠢᠶᠠᠷ ᠨᠠᠮ ᠢ ᠵᠠᠰᠠᠬᠤ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠵᠤ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ ᠂ ᠨᠠᠮ ᠤᠨ ᠲᠥᠪ ᠬᠤᠷᠢᠶ᠎ᠠ ᠶᠢ ᠬᠠᠮᠵᠢᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠳᠤ | ᠵᠠᠰᠠᠪᠤᠷᠢ ᠣᠷᠣᠭᠤᠯᠵᠤ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠳᠦᠷᠢᠮ ᠤᠨ ᠵᠢᠷᠤᠮᠵᠢᠯ ᠤᠨ ᠰᠢᠰᠲ᠋ᠧᠮ ᠢ | ᠲᠡᠭᠦᠯᠳᠡᠷᠵᠢᠭᠦᠯᠬᠦ ᠶᠢ ᠠᠬᠢᠭᠤᠯᠪᠠ ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ | ᠪᠠᠷᠢᠮᠲᠠᠯᠠᠨ ᠵᠠᠳᠠᠯᠵᠤ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠦᠨᠡᠨ ᠬᠦ ᠰᠢᠢᠳᠪᠦᠷᠢᠯᠡᠪᠡ ᠭᠡᠵᠦ ᠵᠢᠭᠠᠵᠤ | ᠭᠠᠷᠭᠠᠪᠠ ᠃ | ᠪᠦᠭᠦᠳᠡ ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ | ᠶᠢᠨ ᠫᠢᠩ ᠪᠦᠭᠦ ᠨᠠᠮ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠢᠶᠠᠷ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ ᠂ ᠪᠦᠲᠦᠭᠡᠯᠴᠢ ᠴᠢᠨᠠᠷᠲᠠᠢ ᠪᠠᠷ ᠠᠩᠬᠠᠨ ᠤ ᠡᠭᠦᠳᠦᠯᠲᠡ ᠶᠢᠨ ᠴᠢᠨᠠᠷᠲᠠᠢ ᠂ | ᠪᠡᠯᠭᠡ ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠣᠳᠣᠯᠭ᠎ᠠ ᠶᠢ ᠳᠤᠷᠠᠳᠤᠨ ᠭᠠᠷᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ ᠂ ᠵᠠᠭᠤᠨ ᠵᠢᠯ ᠤᠨ ᠲᠡᠦᠬᠡ ᠲᠠᠢ ᠲᠣᠮᠣ ᠨᠠᠮ ᠢ ᠵᠢᠯᠣᠭᠤᠳᠤᠨ | ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ ᠃ ᠡᠨᠡ ᠪᠣᠯ ᠮᠠᠨ ᠤ ᠨᠠᠮ ᠤᠨ ︽ᠬᠤᠶᠠᠷ ᠢ | ᠤᠶᠠᠯᠳᠤᠭᠤᠯᠬᠤ︾ ᠶᠢ ᠪᠠᠷᠢᠮᠲᠠᠯᠠᠵᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠤᠭᠠᠳ ᠣᠯᠣᠭᠰᠠᠨ ᠰᠢᠨ᠎ᠡ ᠦᠷ᠎ᠡ | ᠪᠦᠲᠦᠭᠡᠯ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨ᠎ᠡ ᠬᠠᠭᠤᠳᠠᠰᠤ ᠮᠥᠨ ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ | ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ | ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ ᠪᠠᠶᠢᠨ᠎ᠠ ᠃ ᠡᠨᠡ ᠬᠦ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ | ︽ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ ᠪᠤᠢ ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ | ᠥᠭᠴᠦ ᠂ ᠪᠦᠭᠦ ᠨᠠᠮ ᠤᠨ ᠤᠭ ᠰᠠᠨᠠᠭ᠎ᠠ ᠪᠠᠨ ᠡᠭᠦᠷᠢᠳᠡ ᠪᠠᠲᠤᠯᠠᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ | ᠡᠭᠦᠷᠭᠡ ᠶᠢ ᠲᠣᠳᠣᠷᠬᠠᠢ ᠵᠢᠭᠠᠪᠠ ︔ ᠮᠠᠨ ᠤ ᠨᠠᠮ ᠤᠨ ︽ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠢ ᠬᠢᠵᠦ ᠴᠢᠳᠠᠬᠤ | ᠪᠤᠢ ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ ᠂ ᠪᠦᠭᠦ ᠨᠠᠮ ᠢᠶᠠᠷ ᠢᠶᠠᠨ ︽ ᠬᠤᠶᠠᠳᠤᠭᠠᠷ | ᠬᠠᠷᠢᠭᠤᠯᠲᠠ ︾ ᠶᠢ ᠰᠠᠶᠢᠲᠤᠷ ᠬᠡᠷᠡᠭᠯᠡᠬᠦ ᠂ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠢᠲᠡᠭᠡᠯ | ᠵᠣᠷᠢᠭ ᠢ ᠪᠠᠲᠤᠳᠬᠠᠪᠠ ︔ ᠮᠠᠨ ᠤ ᠨᠠᠮ ᠤᠨ ︽ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠪᠤᠢ ︾ ᠭᠡᠬᠦ | ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ ᠂ ᠨᠠᠮ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ | ᠪᠠᠲᠤᠯᠠᠵᠤ ᠂ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ ᠵᠠᠮᠨᠠᠬᠤ ᠭᠡᠭᠡᠨ ᠰᠠᠷᠠᠭᠤᠯ ᠢᠷᠡᠭᠡᠳᠦᠢ ᠶᠢ | ᠢᠯᠡᠷᠡᠭᠦᠯᠪᠡ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ | ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠂ ᠡᠷᠡᠰ ᠪᠠᠲᠤ | ᠢᠲᠡᠭᠡᠯ ᠪᠢᠰᠢᠷᠡᠯ ᠢ ᠡᠪᠦᠷᠯᠡᠨ ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠶᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ | ᠣᠶᠢᠯᠠᠭᠠᠵᠤ ᠂ ᠡᠨᠡ ᠬᠦ ᠴᠢᠬᠤᠯᠠ ᠦᠵᠡᠯ ᠰᠠᠨᠠᠭᠠᠨ ᠤ ᠭᠤᠣᠯ ᠴᠢᠮᠦᠭᠡ ᠪᠠ ᠴᠢᠬᠤᠯᠠ ᠠᠭᠤᠯᠭ᠎ᠠ ᠂ ᠦᠢᠯᠡᠳᠦᠯᠭᠡ ᠶᠢᠨ | ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠭᠦ ᠶᠠᠪᠤᠴᠠ | ᠡᠯ᠎ᠡ ᠲᠠᠯ᠎ᠠ ᠳᠤ ᠤᠬᠠᠮᠰᠠᠷ ᠠᠴᠠ ᠪᠠᠨ ᠲᠤᠭᠤᠰᠢᠯᠠᠭᠤᠯᠵᠤ ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠢᠶᠠᠷ | ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦᠳᠡ ᠬᠤᠷᠠᠯ ᠠᠴᠠ ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠡᠨᠡ ᠵᠢᠯ ᠤᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ | ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ ᠂ ︽ | ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ | ᠤᠬᠠᠮᠰᠠᠷ ᠠᠴᠠ ᠪᠠᠨ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ︾ ᠢᠶᠠᠨ ᠪᠠᠲᠤᠳᠬᠠᠵᠤ ᠂ ︽ | ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠭᠦᠭ ᠠᠶᠠᠰ ᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠂ ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠬᠦ ᠶᠢ ᠠᠬᠢᠭᠤᠯᠵᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ | ᠠᠵᠢᠯ ᠢ ᠭᠦᠨᠵᠡᠭᠡᠶᠢᠷᠡᠭᠦᠯᠦᠨ ᠠᠬᠢᠭᠤᠯᠵᠤ ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃ | ᠨᠢᠭᠡᠳᠦᠭᠡᠷ ᠲᠤ ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠲᠣᠪᠤᠶᠢᠯᠭᠠᠨ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠥᠪᠡᠷ | ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ ᠪᠤᠯᠭᠠᠵᠤ ᠂ ︽ | ᠨᠢᠭᠡᠳᠦᠭᠡᠷ ᠵᠥᠪᠯᠡᠬᠦ ᠰᠡᠳᠦᠪ ︾ ᠤᠨ ᠳᠦᠷᠢᠮ ᠂ ᠬᠠᠮᠲᠤ ᠶᠢᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ ᠴᠢᠩᠭ᠎ᠠ | ᠬᠡᠷᠡᠭᠵᠢᠭᠦᠯᠵᠦ ᠂ ᠭᠦᠨᠵᠡᠭᠡᠶᠢᠷᠡᠭᠦᠯᠬᠦ ᠂ ᠬᠠᠳᠠᠩᠰᠢᠭᠤᠯᠬᠤ ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ | ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠳᠤᠮᠳᠠ ᠠᠴᠠ ᠣᠶᠢᠯᠠᠭᠠᠭᠳᠠᠬᠤᠨ ᠢ ᠡᠷᠢᠵᠦ ᠂ | ᠰᠡᠳᠬᠢᠮᠵᠢ ᠶᠢ ᠡᠷᠢᠵᠦ ᠂ ᠠᠷᠭ᠎ᠠ ᠡᠷᠢᠵᠦ ᠂ ᠠᠷᠭ᠎ᠠ ᠠᠪᠴᠠᠯ ᠢ ᠡᠷᠢᠵᠦ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ | ᠲᠠᠰᠤᠷᠠᠯᠳᠠ ᠦᠭᠡᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢᠨ ᠪᠣᠳᠠᠲᠤ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃ | ᠬᠤᠶᠠᠳᠤᠭᠠᠷ ᠲᠤ ᠂ ︽ ᠬᠤᠶᠠᠷ ᠢ ᠬᠠᠮᠠᠭᠠᠯᠠᠬᠤ ︾ ᠶᠢ ᠲᠣᠪᠤᠶᠢᠯᠭᠠᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ | ᠭᠦᠨᠵᠡᠭᠡᠶᠢᠷᠡᠭᠦᠯᠬᠦ ᠬᠡᠷᠡᠭᠲᠡᠢ ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ | ᠴᠢᠩᠳᠠᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠂ ᠤᠯᠤᠰ ᠲᠥᠷᠥ ᠶᠢᠨ ᠦᠨᠡᠨᠴᠢ ᠰᠢᠳᠤᠷᠭᠤ ᠂ ᠤᠯᠤᠰ ᠲᠥᠷᠥ ᠶᠢᠨ | ᠠᠮᠤᠷ ᠲᠦᠪᠰᠢᠨ ᠂ ᠤᠯᠤᠰ ᠲᠥᠷᠥ ᠶᠢᠨ ᠬᠠᠷᠢᠭᠤᠴᠠᠯᠭ᠎ᠠ ᠂ ᠤᠯᠤᠰ ᠲᠥᠷᠥ ᠶᠢᠨ ᠵᠣᠭᠰᠣᠯᠲᠠ ᠂ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠲᠥᠷᠥ ᠶᠢᠨ ᠵᠥᠷᠢᠶ᠎ᠡ ᠶᠢ ᠡᠷᠡᠰ | ᠵᠠᠯᠠᠷᠠᠭᠤᠯᠵᠤ ᠂ ᠤᠯᠤᠰ ᠲᠥᠷᠥ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠃ ᠶᠡᠷᠦᠩᠬᠡᠢ ᠱᠦᠵᠢ ᠰᠢ | ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ | ᠴᠢᠭᠯᠡᠯᠲᠡ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ ᠂ ᠨᠠᠶᠢᠳᠠᠪᠤᠷᠢᠵᠢᠭᠤᠯᠤᠭᠰᠠᠨ | ᠪᠠᠶᠢᠳᠠᠯ ᠢ ︽ ᠡᠷᠭᠢᠨ ᠬᠠᠷᠠᠬᠤ ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠪᠦᠭᠦ ᠨᠠᠮ ᠤᠨ ᠦᠵᠡᠯ ᠰᠠᠨᠠᠭ᠎ᠠ ᠪᠠᠨ | ᠨᠢᠭᠡᠳᠬᠡᠬᠦ ᠂ ᠵᠣᠷᠢᠭ ᠰᠠᠨᠠᠭ᠎ᠠ ᠪᠠᠨ ᠨᠢᠭᠡᠳᠬᠡᠬᠦ ᠂ ᠠᠯᠬᠤᠮ ᠨᠢᠭᠡᠲᠡᠢ ᠤᠷᠤᠭᠰᠢᠯᠠᠬᠤ ᠶᠢ ᠱᠠᠯᠠᠪᠳᠠᠭᠤᠯᠬᠤ ᠬᠡᠷᠡᠭᠲᠡᠢ ᠃ | ᠭᠤᠷᠪᠠᠳᠤᠭᠠᠷ ᠲᠤ ᠂ ᠬᠥᠷᠥᠰᠥ ᠰᠢᠷᠣᠢ ᠨᠥᠬᠦᠴᠡᠯ ᠢ ᠠᠷᠢᠯᠭᠠᠬᠤ ᠶᠢ ᠲᠣᠪᠤᠶᠢᠯᠭᠠᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠶᠢᠷᠡᠭᠦᠯᠬᠦ ᠬᠡᠷᠡᠭᠲᠡᠢ ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ ᠂ | ᠭᠦᠨᠵᠡᠭᠡᠶᠢᠷᠡᠭᠦᠯᠦᠨ ᠠᠬᠢᠭᠤᠯᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠥᠨᠳᠥᠷ ᠳᠠᠷᠤᠯᠲᠠᠲᠤ ᠪᠠᠶᠢᠳᠠᠯ ᠢ ᠴᠢᠩᠭᠠᠳᠬᠠᠵᠤ ᠂ | ᠭᠤᠣᠯᠳᠠᠯᠭ᠎ᠠ ᠲᠠᠢ ᠠᠰᠠᠭᠤᠳᠠᠯ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ ᠡᠲᠡᠭᠡᠳ ᠂ ᠰᠢᠨ᠎ᠡ | ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠦᠷᠭᠦᠯᠵᠢᠯᠡᠨ ᠴᠢᠩᠭ᠎ᠠ ᠠᠩᠬᠠᠷᠴᠤ ᠂ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠮᠥᠩᠭᠦᠨ ᠭᠦᠢᠯᠭᠡᠭᠡᠨ ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠂ ᠡᠨᠧᠷᠭᠢ ᠂ ᠨᠠᠪᠴᠢᠨ ᠲᠠᠮᠠᠬᠢ ᠂ ᠡᠮ ᠡᠮᠨᠡᠯᠭᠡ ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ | ᠴᠡᠭᠴᠡᠯᠡᠨ ᠵᠠᠰᠠᠵᠤ ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠢ ᠡᠷᠡᠰ ᠵᠠᠯᠬᠠᠭᠠᠨ ᠰᠢᠢᠳᠬᠡᠵᠦ ᠂ ᠬᠢᠯᠢ ᠠᠯᠤᠰᠯᠠᠭᠰᠠᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ ᠃ ᠬᠡᠷᠡᠭ ᠢᠶᠠᠷ ᠴᠡᠭᠴᠡᠯᠡᠨ | ᠰᠠᠶᠢᠵᠢᠷᠠᠭᠤᠯᠤᠯᠲᠠ ᠶᠢ ᠠᠬᠢᠭᠤᠯᠬᠤ ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ | ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠃ ᠵᠥᠪ ᠪᠤᠷᠤᠭᠤ ᠬᠤᠶᠠᠷ | ᠲᠠᠯ᠎ᠠ ᠶᠢᠨ ᠬᠥᠮᠦᠵᠢᠯ ᠢ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ ᠂ ᠠᠷᠢᠭᠤᠨ ᠴᠢᠬᠡᠴᠢ ᠨᠢ ᠢᠷᠠᠭᠤ ᠠᠯᠳᠠᠷ ᠲᠠᠢ ᠱᠠᠮᠰᠢᠬᠤ ᠨᠢ ᠢᠴᠢᠭᠦᠷᠢ ᠲᠠᠢ ᠪᠠᠶᠢᠬᠤ ᠨᠡᠶᠢᠭᠡᠮ ᠤᠨ ᠠᠭᠤᠷ | ᠠᠮᠢᠰᠬᠤᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠬᠡᠷᠡᠭ ᠢ ᠬᠠᠮᠲᠤ ᠳᠤᠨᠢ | ᠪᠠᠶᠢᠴᠠᠭᠠᠬᠤ ᠠᠵᠢᠯ ᠢ ᠴᠢᠩᠭᠠᠳᠬᠠᠵᠤ ᠂ ᠭᠤᠣᠯᠳᠠᠯᠭ᠎ᠠ ᠲᠠᠢ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ᠢᠯᠵᠠᠷᠠᠯ ᠢ ᠡᠰᠡᠷᠭᠦᠴᠡᠬᠦ ᠪᠠᠭᠠᠵᠢ ᠶᠢᠨ ᠬᠠᠶᠢᠷᠴᠠᠭ ᠢ ᠴᠢᠩᠭᠠᠳᠬᠠᠨ | ᠲᠡᠭᠦᠯᠳᠡᠷᠵᠢᠭᠦᠯᠵᠦ ᠂ ᠬᠢᠨᠠᠨ ᠪᠤᠳᠤᠬᠤ ᠵᠡᠷᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ | ᠲᠣᠭᠲᠠᠭᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ | ᠳᠥᠷᠪᠡᠳᠦᠭᠡᠷ ᠲᠤ ᠂ ᠪᠠᠶᠢᠩᠭᠤᠵᠢᠭᠰᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠲᠣᠪᠤᠶᠢᠯᠭᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ ᠃ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠲᠤᠰᠬᠠᠢ ᠴᠡᠭᠴᠡᠯᠡᠨ ᠵᠠᠰᠠᠵᠤ ᠂ ︽ ᠠᠯᠪᠠᠨ ᠶᠠᠪᠤᠳᠠᠯ ᠤᠨ ᠨᠡᠷ᠎ᠡ ᠪᠠᠷ ᠢᠳᠡᠬᠦ ︾ ᠂ ︽ | ᠬᠤᠭᠤᠯᠠᠨ ᠭᠡᠷ ᠤᠨ ᠬᠢ ᠶᠢ ᠢᠳᠡᠬᠦ ︾ ᠂ ︽ ᠬᠤᠭᠤᠯᠠᠨ ᠭᠡᠷ ᠤᠨ ᠡᠵᠡᠨ ᠤ ᠬᠢ ᠶᠢ ᠢᠳᠡᠬᠦ ︾ ᠂ ︽ ᠳᠣᠣᠷ᠎ᠠ ᠱᠠᠲᠤ ᠶᠢᠨ | ᠬᠢ ᠪᠠᠨ ᠢᠳᠡᠬᠦ ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠲᠡᠢ ᠃ ᠰᠤᠷᠲᠠᠯ ᠤᠨ ᠢᠯᠵᠠᠷᠠᠯ ᠢ ᠬᠠᠮᠲᠤ ᠪᠠᠷ | ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ︽ ᠰᠤᠷᠲᠠᠯ ᠤᠨ ᠢᠯᠵᠠᠷᠠᠯ ᠢ | ᠪᠠᠶᠢᠴᠠᠭᠠᠬᠤ ︾ ᠪᠥᠭᠡᠳ ︽ ᠢᠯᠵᠠᠷᠠᠯ ᠢ ᠢᠯᠡᠷᠡᠭᠦᠯᠬᠦ ᠪᠠᠷ ᠲᠠᠮᠵᠢᠨ ᠰᠤᠷᠲᠠᠯ ᠢ ᠵᠠᠯᠠᠷᠠᠭᠤᠯᠬᠤ ︾ ᠬᠡᠷᠡᠭᠲᠡᠢ ᠃ ᠺᠠᠳ᠋ᠷ ᠤᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ ᠂ | ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ ᠂ ᠤᠳᠤᠷᠢᠳᠬᠤ ᠺᠠᠳ᠋ᠷ ᠠᠴᠠ ᠡᠬᠢᠯᠡᠨ ᠵᠠᠯᠠᠷᠠᠭᠤᠯᠵᠤ ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠂ ᠴᠢᠨᠠᠷ | ᠰᠠᠶᠢᠲᠠᠢ ᠬᠥᠭᠵᠢᠯᠲᠡ ᠶᠢ ᠨᠥᠯᠥᠭᠡᠯᠡᠬᠦ ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠂ ᠡᠷᠬᠡ ᠶᠢᠨ ᠦᠵᠡᠯᠲᠡ | ᠭᠠᠵᠢᠭᠤᠳᠠᠭᠰᠠᠨ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠲᠥᠪ ᠪᠤᠰᠤ ᠵᠡᠷᠭᠡ ᠠᠰᠠᠭᠤᠳᠠᠯ ᠢ ᠡᠷᠡᠰ | ᠵᠠᠯᠠᠷᠠᠭᠤᠯᠬᠤ ᠬᠡᠷᠡᠭᠲᠡᠢ ᠃ | ᠲᠠᠪᠤᠳᠤᠭᠠᠷ ᠲᠤ ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ | ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠭᠢᠶᠠᠯ ᠪᠣᠯᠭᠠᠨ ᠰᠠᠬᠢᠯᠭ᠎ᠠ ᠪᠠᠲᠤ ᠶᠢᠨ ᠬᠥᠮᠦᠵᠢᠯ ᠢ | ᠴᠢᠩᠭᠠᠳᠬᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠦᠨ ᠂ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠶᠢ ᠠᠩᠬᠠᠷᠤᠯ ᠳᠠᠭᠠᠨ ᠠᠪᠬᠤ ᠦᠭᠡᠢ ᠂ ᠣᠶᠢᠯᠠᠭᠠᠬᠤ ᠦᠭᠡᠢ ᠪᠠᠶᠢᠬᠤ ᠂ ᠡᠵᠡᠮᠰᠢᠬᠦ ᠦᠭᠡᠢ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ︽ ᠳᠥᠷᠪᠡᠨ ᠵᠦᠢᠯ ᠤᠨ ᠭᠡᠯᠪᠡᠷᠢ ︾ ᠢ ᠵᠢᠷᠤᠮᠵᠢᠭᠤᠯᠤᠨ | ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠂ ᠰᠠᠬᠢᠯᠭ᠎ᠠ ᠪᠠᠲᠤ ᠶᠢ ᠵᠥᠷᠢᠴᠡᠭᠰᠡᠨ | ᠬᠡᠮᠵᠢᠶ᠎ᠡ ᠶᠢᠨ ᠰᠢᠨᠵᠢ ᠴᠢᠨᠠᠷ ᠢ ᠤᠨᠤᠪᠴᠢᠳᠠᠢ ᠲᠣᠭᠲᠠᠭᠠᠵᠤ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ ᠃ ᠤᠯᠤᠰ | ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ ᠨᠠᠮ ᠢ ᠬᠠᠮᠢᠶᠠᠷᠴᠤ | ᠨᠠᠮ ᠢ ᠵᠠᠰᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠂ | ᠨᠢᠭᠡᠳᠦᠯᠲᠡᠢ ᠵᠣᠬᠢᠴᠠᠭᠤᠯᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠲᠡᠢ ᠃ ᠬᠠᠷᠢᠭᠤᠴᠠᠯᠭ᠎ᠠ ᠲᠤᠯᠭᠠᠬᠤ | ᠳᠦᠷᠢᠮ ᠢ ᠲᠡᠭᠦᠯᠳᠡᠷᠵᠢᠭᠦᠯᠬᠦ ᠬᠡᠷᠡᠭᠲᠡᠢ ᠃ | ᠵᠢᠷᠭᠤᠳᠤᠭᠠᠷ ᠲᠤ ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠲᠣᠭᠤᠷᠢᠨ ᠦᠵᠡᠵᠦ ᠲᠣᠭᠤᠷᠢᠨ | ᠪᠠᠶᠢᠴᠠᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ ᠃ ᠲᠣᠭᠤᠷᠢᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ ᠯᠠᠪᠳᠠᠭᠤᠨ | ᠪᠠᠲᠤᠲᠠᠢ ᠠᠬᠢᠭᠤᠯᠵᠤ ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ ᠂ ᠬᠤᠯᠪᠤᠭᠠᠯᠠᠨ ᠲᠣᠭᠤᠷᠢᠨ ᠪᠠᠶᠢᠴᠠᠭᠠᠬᠤ ᠶᠢ | ᠭᠦᠨᠵᠡᠭᠡᠢ ᠰᠦᠪᠡᠭᠴᠢᠯᠡᠵᠦ ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ ᠲᠣᠭᠤᠷᠢᠨ | ᠪᠠᠶᠢᠴᠠᠭᠠᠬᠤ ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠲᠥᠪ ᠤᠨ | ᠨᠢᠭᠡᠴᠢ ᠶᠢᠨ ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠬᠡᠰᠡᠭ ᠬᠤᠪᠢᠶᠠᠨ ᠂ ᠠᠵᠢᠯ ᠲᠦᠷᠦᠯ ᠬᠤᠪᠢᠶᠠᠨ | ᠵᠢᠯᠤᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ ᠂ ᠬᠤᠲᠠ ᠰᠢᠶᠠᠨ ᠤ ᠲᠣᠭᠤᠷᠢᠨ ᠪᠠᠶᠢᠴᠠᠭᠠᠯᠲᠠ ᠶᠢ ᠦᠨᠳᠦᠰᠦᠨ | ᠱᠠᠲᠤ ᠲᠡᠶᠢᠰᠢ ᠤᠷᠲᠤᠳᠬᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠲᠣᠭᠤᠷᠢᠨ ᠪᠠᠶᠢᠴᠠᠭᠠᠬᠤ ᠠᠵᠢᠯ ᠤᠨ | ᠳᠦᠷᠢᠮ ᠢ ᠰᠤᠷᠤᠯᠴᠠᠨ ᠲᠤᠭᠤᠰᠢᠯᠠᠭᠤᠯᠵᠤ ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ | ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ ᠵᠡᠷᠭᠡ ᠳᠤ ᠵᠠᠰᠠᠪᠤᠷᠢ ᠣᠷᠣᠭᠤᠯᠵᠤ ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠭᠦ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠬᠠᠷᠢᠭᠤᠴᠠᠯᠭ᠎ᠠ ᠶᠢᠨ | ᠰᠢᠰᠲ᠋ᠧᠮ ᠪᠠ ᠳᠦᠷᠢᠮ ᠤᠨ ᠶᠠᠪᠤᠴᠠ ᠶᠢ ᠪᠠᠶᠢᠭᠤᠯᠬᠤ ᠬᠡᠷᠡᠭᠲᠡᠢ ᠃ | ᠳᠣᠯᠣᠳᠤᠭᠠᠷ ᠲᠤ ᠂ ᠵᠢᠷᠤᠮᠵᠢᠭᠤᠯᠬᠤ ᠂ ᠬᠠᠤᠯᠢᠵᠢᠭᠤᠯᠬᠤ ᠂ ᠵᠢᠩᠬᠢᠨᠢᠴᠢᠯᠡᠬᠦ ᠶᠢ ᠲᠣᠪᠤᠶᠢᠯᠭᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ | ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠂ ᠬᠦᠴᠦᠨ ᠤ | ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠬᠠᠮᠲᠤᠷᠠᠨ ᠬᠢᠨᠠᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ ᠰᠠᠨᠠᠯ ᠢ ᠲᠣᠭᠲᠠᠭᠠᠵᠤ ᠂ ᠡᠯ᠎ᠡ ᠮᠤᠵᠢ | ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠢ ᠵᠢᠯᠣᠭᠤᠳᠤᠨ ᠮᠤᠵᠢ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ | ᠴᠡᠭ ᠢ ᠥᠷᠨᠢᠭᠦᠯᠵᠦ ᠂ ᠰᠢᠭᠤᠳ ᠬᠠᠮᠢᠶᠠᠷᠬᠤ ᠰᠢᠰᠲ᠋ᠧᠮ ᠤᠨ ᠮᠤᠵᠢ ᠶᠢᠨ ᠱᠠᠲᠤᠨ ᠠᠴᠠ ᠳᠣᠷᠣᠭᠰᠢᠬᠢ ᠨᠢᠭᠡᠴᠢ ᠳᠤ ᠡᠷᠬᠡ | ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠶᠢ | ᠬᠡᠷᠡᠭᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠬᠡᠷᠡᠭᠲᠡᠢ ᠃ ︽ ᠳᠤᠭᠤᠶᠢᠯᠠᠩ ᠳᠤᠭᠤᠶᠢᠯᠠᠩ ᠤᠨ | ᠬᠤᠭᠤᠷᠣᠨᠳᠤ ︾ ᠪᠠᠨ ᠬᠠᠮᠵᠢᠯᠴᠠᠨ ᠬᠢᠨᠠᠯᠲᠠ ᠲᠠᠯᠪᠢᠬᠤ ᠂ ︽ ᠲᠠᠰᠤᠭ ᠳᠤᠭᠤᠶᠢᠯᠠᠩ ᠤᠨ ᠬᠤᠭᠤᠷᠣᠨᠳᠤ ︾ ᠪᠠᠨ | ᠬᠤᠯᠪᠤᠭᠠᠯᠠᠨ ᠬᠢᠨᠠᠯᠲᠠ ᠲᠠᠯᠪᠢᠬᠤ ᠂ ︽ ᠲᠠᠰᠤᠭ ᠳᠤᠭᠤᠶᠢᠯᠠᠩ ᠭᠠᠵᠠᠷ ᠣᠷᠣᠨ ᠤ ᠬᠤᠭᠤᠷᠣᠨᠳᠤ ︾ ᠪᠠᠨ ᠬᠤᠯᠪᠤᠭᠠᠯᠠᠨ | ᠬᠡᠷᠡᠭ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠃ ᠨᠠᠮ ᠤᠨ ᠲᠥᠪ ᠬᠤᠷᠢᠶ᠎ᠠ ᠶᠢᠨ ︽ | ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ | ᠲᠣᠭᠲᠠᠭᠠᠬᠤ ᠠᠵᠢᠯ ᠤᠨ ᠵᠢᠷᠤᠮ ᠲᠣᠭᠲᠠᠭᠠᠯ ︵ ᠲᠤᠷᠰᠢᠨ ᠬᠡᠷᠡᠭᠵᠢᠭᠦᠯᠬᠦ ︶ ︾ ᠵᠡᠷᠭᠡ ᠳᠤ ᠵᠠᠰᠠᠪᠤᠷᠢ ᠣᠷᠣᠭᠤᠯᠬᠤ ᠳᠤ | ᠬᠠᠮᠵᠢᠬᠤ ᠬᠡᠷᠡᠭᠲᠡᠢ ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠤᠯᠭᠠᠬᠰᠠᠨ ᠂ ᠡᠯ᠎ᠡ | ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠦᠨᠳᠦᠰᠦᠨ | ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ ᠂ ︽ ᠨᠢᠭᠡᠳᠦᠭᠡᠷ ᠬᠠᠷᠢᠭᠤᠴᠠᠯᠭᠠᠲᠠᠨ ︾ ᠪᠠ ᠤᠳᠤᠷᠢᠳᠬᠤ | ᠪᠠᠭ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠢ ᠃ ᠲᠣᠭᠠᠴᠢᠯᠠᠭᠰᠠᠨ ᠮᠡᠷᠭᠡᠵᠢᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠨᠢᠭᠡ | ᠴᠣᠭᠴᠠᠵᠢᠭᠤᠯᠤᠭᠰᠠᠨ ᠠᠵᠢᠯ ᠤᠨ ᠲᠠᠪᠴᠠᠩ ᠢ ᠪᠠᠶᠢᠭᠤᠯᠬᠤ ᠬᠡᠷᠡᠭᠲᠡᠢ ᠃ | ᠨᠠᠢᠮᠠᠳᠤᠭᠠᠷ ᠲᠤ ᠂ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠲᠣᠪᠤᠶᠢᠯᠭᠠᠨ | ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠲᠦᠷᠦᠭᠦᠯᠡᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠪᠦᠭᠦ ᠰᠢᠰᠲ᠋ᠧᠮ ᠤᠨ ᠥᠪᠡᠷ ᠤᠨ ᠪᠡᠶ᠎ᠡ ᠶᠢᠨ | ᠬᠤᠪᠢᠰᠬᠠᠯ ᠤᠨ ᠥᠯᠢᠭᠡᠷ ᠳᠠᠭᠤᠷᠢᠶᠠᠯ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ | ᠪᠤᠯᠬᠤ ᠶᠢ ᠳᠠᠶᠢᠴᠢᠯᠠᠬᠤ ᠬᠡᠷᠡᠭᠲᠡᠢ ᠃ ᠦᠵᠡᠯ ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ | ᠤᠯᠤᠰ ᠲᠦᠷᠦ ᠶᠢᠨ ᠬᠥᠮᠦᠵᠢᠯ ᠂ ᠨᠠᠮᠴᠢ ᠴᠢᠨᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠬᠠᠷᠢᠴᠠᠯᠠᠰᠢᠭᠦᠢ | ᠦᠨᠡᠨᠴᠢ ᠰᠢᠳᠤᠷᠭᠤ ᠂ ᠬᠠᠷᠢᠴᠠᠯᠠᠰᠢᠭᠦᠢ ᠨᠠᠶᠢᠳᠠᠪᠤᠷᠢᠲᠠᠢ ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠢᠮᠠᠭᠲᠠ | ᠪᠡᠶᠡᠯᠡᠭᠦᠯᠬᠦ ᠬᠡᠷᠡᠭᠲᠡᠢ ᠃ ᠰᠤᠷᠲᠠᠯ ᠤᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ︽ ᠭᠤᠷᠪᠠᠨ | ᠡᠷᠬᠡᠪᠰᠢ ︾ ᠶᠢ ᠪᠠᠲᠤ ᠴᠡᠭᠡᠵᠢᠯᠡᠵᠦ ᠂ ︽ ᠭᠤᠷᠪᠠᠨ ᠴᠢᠩᠭ᠎ᠠ ᠭᠤᠷᠪᠠᠨ ᠪᠣᠳᠠᠲᠠᠢ ︾ ᠶᠢ ᠦᠢᠯᠡᠳᠦᠯᠭᠡᠵᠢᠭᠦᠯᠵᠦ ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ ᠂ ᠳᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠠᠷᠢᠭᠤᠨ | ᠴᠢᠬᠡᠴᠢ ᠶᠢᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ᠺᠠᠳ᠋ᠷ ᠤᠨ ᠡᠩᠨᠡᠭᠡ ᠳᠤ ᠣᠷᠣᠰᠢᠵᠤ | ᠪᠠᠶᠢᠭ᠎ᠠ ᠲᠣᠪᠣᠶᠢᠮ᠎ᠠ ᠠᠰᠠᠭᠤᠳᠠᠯ ᠢ ᠪᠠᠶᠢᠩᠭᠤ ᠪᠠᠶᠢᠴᠠᠭᠠᠨ ᠦᠵᠡᠵᠦ ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ | ᠪᠦᠭᠦᠳᠡ ᠶᠢ ᠲᠦᠢᠳᠦᠭᠴᠢ ᠶᠢ ᠠᠷᠢᠯᠭᠠᠵᠤ ᠂ ︽ ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ ︾ ᠪᠠᠶᠢᠳᠠᠯ ᠢ | ᠡᠷᠡᠰ ᠰᠡᠷᠭᠡᠶᠢᠯᠡᠨ ᠵᠠᠰᠠᠬᠤ ᠬᠡᠷᠡᠭᠲᠡᠢ ᠃ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ | ᠬᠢᠵᠦ ᠂ ᠺᠠᠳ᠋ᠷ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠨᠠᠷᠢᠯᠢᠭ ᠪᠣᠳᠠᠲᠠᠢ ᠬᠢᠵᠦ ᠂ ᠬᠢᠨᠠᠨ ᠪᠠᠶᠢᠴᠠᠭᠠᠬᠤ | ᠲᠤᠰᠢᠶᠠᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ ᠂ ᠺᠠᠳ᠋ᠷ ᠤᠨ | ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ ᠃ | ᠪᠦᠭᠦᠳᠠ ᠬᠤᠷᠠᠯ ᠠᠴᠠ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠦᠨᠡᠨᠴᠢ | ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ | ᠪᠠᠶᠢᠳᠠᠯ ᠂ ᠡᠭᠦᠷᠢᠳᠡ ᠴᠥᠬᠦᠷᠡᠰᠢ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠬᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ︕ | |