ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/1/5
      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 4 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 1 ᠰᠠᠷ᠎ᠠ ᠶᠢᠨ 4 ᠤ ᠡᠳᠦᠷ ᠪᠦᠬᠦᠯᠢ ᠡᠳᠦᠷ ᠢᠶᠠᠷ ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ ᠃      ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠵᠢᠯ ᠪᠦᠷᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠲᠤᠰᠬᠠᠶᠢᠯᠠᠨ ᠰᠣᠨᠣᠰᠳᠠᠭ ᠂ ᠡᠨᠡ ᠪᠣᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠣᠨ᠎ᠠ ᠃ ᠡᠨᠡ ᠬᠦ ᠳᠦᠷᠢᠮ ᠤᠨ ᠲᠣᠬᠢᠷᠠᠭᠤᠯᠤᠯᠲᠠ ᠨᠢ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠂ ᠡᠯ᠎ᠡ ᠲᠠᠯ᠎ᠠ ᠶᠢ ᠵᠣᠬᠢᠴᠠᠭᠤᠯᠬᠤ ᠳᠤ ᠠᠰᠢᠭᠲᠠᠢ ᠂ ᠨᠠᠮ ᠤᠨ ᠪᠦᠯᠬᠦᠮᠳᠡᠯ ᠨᠢᠭᠡᠳᠦᠯ ᠪᠣᠯᠣᠨ ᠬᠦᠴᠦᠷᠬᠡᠭ ᠶᠡᠭᠡ ᠲᠠᠶᠢᠴᠢᠨ ᠬᠦᠴᠦᠨ ᠢ ᠪᠠᠲᠤᠯᠠᠬᠤ ᠳᠤ ᠠᠰᠢᠭᠲᠠᠢ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠰᠢᠭᠲᠠᠢ ᠭᠡᠳᠡᠭ ᠢ ᠦᠢᠯᠡᠳᠦᠯᠭᠡ ᠭᠡᠷᠡᠴᠢᠯᠡᠪᠡ ᠃ ᠡᠨᠡ ᠤᠳᠠᠭ᠎ᠠ ᠶᠢᠨ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠷᠠᠭ᠎ᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠠᠩᠬ᠎ᠠ ᠤᠳᠠᠭ᠎ᠠ 5 ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠶᠠᠪᠤᠳᠠᠯ ᠪᠠᠶᠢᠵᠤ ᠂ ᠵᠣᠷᠢᠯᠭ᠎ᠠ ᠨᠢ ᠳᠠᠷᠤᠢ ᠡᠨᠡ ᠬᠦ ᠳᠦᠷᠢᠮ ᠢ ᠰᠠᠶᠢᠲᠤᠷ ᠪᠠᠷᠢᠮᠲᠠᠯᠠᠵᠤ ᠂ ᠰᠠᠶᠢᠲᠤᠷ ᠲᠡᠭᠦᠯᠳᠡᠷᠵᠢᠭᠦᠯᠬᠦ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠪᠣᠯᠣᠨ ᠤᠯᠤᠰ ᠤᠨ ᠠᠵᠢᠯ ᠤᠨ ᠪᠦᠭᠦ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ ᠂ ᠡᠯ᠎ᠡ ᠲᠠᠯ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ ᠭᠡᠵᠦ ᠦᠵᠡᠪᠡ ᠃      ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠂ ᠰᠢᠨ᠎ᠡ ᠨᠢᠭᠡ ᠬᠤᠭᠤᠴᠠᠭᠠᠨ ᠤ ᠲᠥᠪ ᠤᠨ ᠱᠦᠵᠢ ᠨᠠᠷ ᠤᠨ ᠭᠠᠵᠠᠷ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠂ ᠤᠯᠠᠨ ᠲᠦᠮᠡᠨᠴᠢ ᠪᠦᠯᠭᠦᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠢᠯᠤᠭᠤᠳᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠪᠡ ᠭᠡᠵᠦ ᠦᠵᠡᠪᠡ ᠃      ᠬᠤᠷᠠᠯ ᠠᠴᠠ ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠦᠷᠦ ᠲᠠᠢ ᠨᠢᠭᠲᠠ ᠤᠶᠠᠯᠳᠤᠭᠤᠯᠤᠨ ᠂ ᠤᠭ ᠰᠠᠨᠠᠭ᠎ᠠ ᠪᠠᠨ ᠦᠯᠦ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠵᠣᠷᠢᠭᠲᠠᠢ ᠪᠠᠷ ᠤᠷᠤᠭᠰᠢᠯᠠᠨ ᠲᠠᠪᠰᠢᠵᠤ ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠵᠤ ᠂ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠵᠢᠯᠣᠭᠤᠳᠤᠯᠭ᠎ᠠ ᠳᠣᠣᠷ᠎ᠠ ᠨᠠᠶᠢᠷᠠᠯ ᠬᠥᠭᠵᠢᠮ ᠢ ᠪᠦᠷᠢᠯᠳᠦᠭᠦᠯᠵᠦ ᠂ ︽ᠪᠣᠳᠠᠲᠠᠶᠢᠵᠢᠭᠤᠯᠬᠤ ︾ ᠪᠠᠷ ᠭᠤᠣᠯᠳᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠰᠢᠨ᠎ᠡ ᠨᠢᠭᠡ ᠵᠢᠯ ᠳᠤ ᠂ ᠲᠥᠪ ᠤᠨ ᠱᠦᠵᠢ ᠨᠠᠷ ᠤᠨ ᠭᠠᠵᠠᠷ ᠤᠨ ᠬᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ ᠂ ᠬᠡᠷᠡᠭ ᠶᠠᠪᠤᠳᠠᠯ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠦ ᠂ ᠭᠤᠣᠯᠳᠠᠯᠭ᠎ᠠ ᠶᠢ ᠳᠤᠪᠤᠶᠢᠯᠭᠠᠵᠤ ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号