ᠦᠰᠦᠭ ᠪᠢᠴᠢᠭ ᠢᠶᠠᠷ ᠥᠭᠦᠯᠡᠬᠦᠢ᠄ ︽ᠭᠠᠵᠠᠷ ᠤᠨ ᠢᠯᠴᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/5
  ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ ᠪᠣᠯᠤᠨ ᠲᠣᠬᠢᠷᠠᠬᠤ ᠬᠡᠪᠴᠢᠶ᠎ᠡ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠤᠨ ︽ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠶᠢ ᠠᠬᠢᠭᠤᠯᠬᠤ ᠲᠤᠬᠠᠶ ᠰᠠᠨᠠᠯ ᠤᠳ︾ ︵ᠤᠯᠤᠰ ᠡᠨᠧᠷᠭᠢ ᠲᠠᠷᠬᠠᠭᠠᠭᠰᠠᠨ ᠰᠢᠨ᠎ᠡ ᠡᠨᠧᠷᠭᠢ ᠶᠢᠨ ᠲᠣᠭᠲᠠᠭᠠᠯ ﹇2021﹈ 43 ᠳ᠋ᠤᠭᠠᠷ ᠲᠣᠭᠠᠲᠤ︶᠂ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢᠨ ᠳᠠᠩᠰᠠᠯᠠᠨ ᠲᠡᠮᠳᠡᠭᠯᠡᠵᠦ ᠬᠠᠮᠢᠶᠠᠷᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠤᠨ ᠲᠣᠭᠲᠠᠭᠠᠯ ﹇2023﹈ 4 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠭᠠᠵᠠᠷ ᠤᠨ ᠢᠯᠴᠢ ᠶᠢᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠪᠣᠳᠠᠲᠠᠶ ᠲᠠᠢ ᠤᠶᠠᠯᠳᠤᠭᠤᠯᠤᠨ ᠲᠤᠰ ︽ᠮᠡᠳᠡᠭᠳᠡᠯ︾ ᠢ ᠲᠤᠭᠲᠠᠭᠠᠵᠤ ᠂ ᠲᠤᠰ ︽ᠮᠡᠳᠡᠭᠳᠡᠯ︾ ᠨᠢ ᠤᠰᠤ ᠬᠠᠯᠠᠭᠠᠬᠤ ᠬᠡᠯᠪᠡᠷᠢ ᠶᠢᠨ ᠭᠠᠵᠠᠷ ᠤᠨ ᠢᠯᠴᠢ ᠶᠢᠨ ᠡᠬᠢ ᠪᠠᠶᠠᠯᠢᠭ ᠲᠤ ᠲᠣᠬᠢᠷᠠᠨ᠎ᠠ᠃  ᠬᠤᠶᠠᠷ᠂ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ  ᠪᠥᠬᠦ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠡᠪᠴᠢᠶᠡᠵᠢᠭᠦᠯᠦᠨ ᠠᠰᠢᠭᠯᠠᠬᠤ ᠶᠢ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠨ᠂ ᠭᠠᠵᠠᠷ ᠤᠨ ᠢᠯᠴᠢ ᠶᠢᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠳᠠᠩᠰᠠᠯᠠᠯ ᠢ ᠰᠢᠯᠢᠳᠡᠭᠵᠢᠭᠦᠯᠵᠦ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠢᠨᠠᠨ ᠬᠠᠮᠢᠶᠠᠷᠬᠤ ᠰᠢᠰᠲ᠋ᠧᠮᠵᠢ ᠶᠢ ᠪᠦᠷᠢᠨᠰᠢᠭᠦᠯᠦᠨ᠂ ᠮᠠᠨ ᠤ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃  ᠭᠤᠷᠪᠠ᠂ ᠭᠤᠣᠯ ᠠᠭᠤᠯᠭ᠎ᠠ  ︽ᠮᠡᠳᠡᠭᠳᠡᠯ︾ ᠤᠨ ᠪᠥᠬᠦ ᠠᠭᠤᠯᠭ᠎ᠠ ᠨᠢ ᠨᠡᠶᠢᠲᠡ ᠨᠠᠢᠮᠠᠨ ᠵᠤᠷᠪᠤᠰ᠂ ᠭᠤᠤᠯ ᠠᠭᠤᠯᠭ᠎ᠠ ᠨᠢ ᠳᠤᠤᠷᠠᠬᠢ ᠮᠡᠲᠦ᠄  ᠨᠢᠭᠡ ᠳᠤ᠂ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠥᠯᠥᠪᠵᠢᠭᠦᠯᠭᠡ ᠶᠢᠨ ᠬᠠᠮᠢᠶᠠᠷᠤᠯᠲᠠ ᠡᠵᠡᠮᠳᠡᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠲᠣᠳᠣᠷᠬᠠᠶ ᠥᠬᠡᠶ᠂ ᠭᠠᠵᠠᠷ ᠤᠨ ᠢᠯᠴᠢ ᠶᠢᠨ ᠠᠭᠤᠷᠬᠠᠶ ᠶᠢᠨ ᠦᠢᠯᠡᠰ ᠤᠨ ᠡᠷᠬᠡ ᠶᠢᠨ ᠲᠣᠬᠢᠷᠠᠭᠤᠯᠤᠯᠲᠠ ᠶᠢᠨ ᠣᠷᠣᠨ ᠬᠤᠪᠢᠶᠠᠷᠢᠯᠠᠯ ᠪᠠᠭᠤᠷᠠᠶ᠂ ᠡᠳ᠋ ᠤᠨ ᠵᠠᠰᠠᠭ ᠠᠴᠠ ᠪᠠᠯᠠ ᠭᠠᠷᠭᠠᠭᠰᠠᠨ ᠭᠠᠵᠠᠷ ᠤᠨ ᠢᠯᠴᠢ ᠶᠢᠨ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢ ᠠᠮᠢᠳᠤᠯᠢᠭ ᠪᠣᠯᠭᠠᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠲᠣᠳᠣᠷᠬᠠᠶᠢᠯᠠᠪᠠ᠃  ᠬᠤᠶᠠᠷ ᠲᠤ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠢᠯᠴᠢ ᠬᠠᠳᠠᠭᠠᠯᠠᠬᠤ ᠲᠥᠷᠥᠯ ᠬᠡᠯᠪᠡᠷᠢ᠂ ᠵᠦᠢ ᠵᠣᠬᠢᠰᠲᠠᠶ ᠬᠤᠳᠳᠤᠭ ᠤᠨ ᠵᠠᠶ᠂ ᠭᠠᠵᠠᠷ ᠤᠨ ᠢᠯᠴᠢ ᠶᠢᠨ ᠡᠷᠬᠡ ᠠᠰᠢᠭ ᠢ ᠬᠠᠮᠠᠭᠠᠯᠠᠬᠤ ᠬᠡᠪᠴᠢᠶ᠎ᠡ᠂ ᠮᠠᠯᠲᠠᠵᠤ ᠪᠣᠯᠬᠤ ᠬᠡᠮᠵᠢᠶ᠎ᠡ ᠵᠢᠴᠢ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠣᠯ ᠭᠠᠵᠠᠷ ᠤᠨ ᠢᠯᠴᠢ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠬᠡᠪᠴᠢᠶ᠎ᠡ ᠶᠢ ᠲᠣᠭᠲᠠᠭᠠᠬᠤ ᠭᠤᠣᠯ ᠬᠦᠴᠦᠨ ᠵᠦᠢᠯ ᠢ ᠴᠢᠬᠤᠯᠠᠴᠢᠯᠠᠵᠤ᠂ ᠭᠠᠵᠠᠷ ᠤᠨ ᠢᠯᠴᠢ ᠶᠢᠨ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠬᠡ ᠶᠢ ᠲᠣᠬᠢᠷᠠᠭᠤᠯᠬᠤ ᠬᠡᠪᠴᠢᠶ᠎ᠡ ᠨᠢ ᠲᠣᠳᠣᠷᠬᠠᠶ ᠦᠭᠡᠶ ᠪᠠᠶᠢᠬᠤ ᠠᠰᠠᠭᠤᠳᠠᠯ ᠢ ᠰᠢᠢᠳᠪᠦᠷᠢᠯᠡᠪᠡ᠃  ᠭᠤᠷᠪᠠ ᠳᠤ᠂ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠥᠭᠴᠦ ᠬᠠᠶᠢᠨ ᠰᠢᠨᠵᠢᠯᠡᠭᠰᠡᠨ ᠬᠢᠷᠢ ᠬᠡᠮᠵᠢᠶ᠎ᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠭᠠᠵᠠᠷ ᠤᠨ ᠢᠯᠴᠢ ᠶᠢᠨ ᠠᠳᠠᠯᠢ ᠪᠤᠰᠤ ᠬᠡᠷᠡᠭᠴᠡᠭᠡ ᠶᠢᠨ ᠱᠠᠭᠠᠷᠳᠠᠯᠭ᠎ᠠ ᠶᠣᠰᠣᠭᠠᠷ ᠬᠠᠯᠠᠭᠤᠨ ᠷᠠᠰᠢᠶᠠᠨ ︵ᠭᠠᠵᠠᠷ ᠤᠨ ᠢᠯᠴᠢ︶ ᠤ ᠤᠬᠢᠶᠠᠯᠭ᠎ᠠ ᠶᠢᠨ ᠲᠥᠷᠥᠯ ᠳᠤ ᠬᠡᠷᠡᠭᠯᠡᠬᠦ ᠪᠠᠷ ᠤᠷᠢᠳᠴᠢᠯᠠᠨ ᠪᠣᠯᠤᠮᠵᠢᠲᠤ ᠴᠢᠨᠠᠷ ᠤᠨ ᠬᠠᠶᠢᠨ ᠪᠠᠶᠢᠴᠠᠭᠠᠯᠲᠠ ᠶᠢ ᠪᠡᠶᠡᠯᠡᠭᠦᠯᠵᠦ᠂ ᠪᠤᠰᠤᠳ ᠳᠤᠯᠠᠭᠠᠯᠠᠭ᠎ᠠ ᠳᠤ ᠬᠡᠷᠡᠭᠯᠡᠬᠦ ᠵᠡᠷᠭᠡ ᠭᠠᠵᠠᠷ ᠤᠨ ᠢᠯᠴᠢ ᠶᠢᠨ ᠲᠥᠷᠥᠯ ᠵᠦᠢᠯ ᠳᠤ ᠴᠥᠮ ᠪᠣᠯᠤᠮᠵᠢᠲᠤ ᠴᠢᠨᠠᠷ ᠤᠨ ᠬᠠᠶᠢᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠶ᠃ ᠬᠠᠶᠢᠨ ᠪᠠᠶᠢᠴᠠᠭᠠᠬᠤ ᠠᠵᠢᠯ ᠵᠢᠴᠢ ᠬᠠᠳᠠᠭᠠᠯᠠᠭᠳᠠᠴᠠ ᠶᠢ ᠪᠠᠷᠤᠭᠯᠠᠨ ᠪᠣᠳᠣᠬᠤ ᠳᠠᠭᠠᠨ ᠪᠣᠳᠠᠲᠠᠶ ︽ᠭᠠᠵᠠᠷ ᠤᠨ ᠢᠯᠴᠢ ᠶᠢᠨ ᠡᠬᠢ ᠪᠠᠶᠠᠯᠢᠭ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠵᠢᠷᠤᠮᠵᠢᠯ︾ ︵GB / T 11615 — 2010︶ ᠪᠠ ︽ᠭᠠᠵᠠᠷ ᠤᠨ ᠢᠯᠴᠢ ᠶᠢᠨ ᠡᠬᠢ ᠪᠠᠶᠠᠯᠢᠭ ᠢ ᠦᠨᠡᠯᠡᠬᠦ ᠠᠷᠭ᠎ᠠ ᠵᠢᠴᠢ ᠪᠠᠷᠤᠭᠯᠠᠨ ᠪᠣᠳᠣᠬᠤ ᠳᠦᠷᠢᠮ︾ ︵DZ / T 0331—2020︶ ᠶᠣᠰᠣᠭᠠᠷ ᠬᠡᠷᠡᠭᠵᠢᠭᠦᠯᠬᠦ ᠬᠡᠷᠡᠭᠲᠡᠶ᠃  ᠳᠥᠷᠪᠡ ᠳᠤ᠂ ᠭᠠᠵᠠᠷ ᠤᠨ ᠢᠯᠴᠢ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠶᠢ ᠵᠢᠷᠤᠮᠵᠢᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠵᠠᠷ ᠤᠨ ᠢᠯᠴᠢ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠴᠦ ᠠᠷᠠᠯᠵᠢᠶᠠᠯᠠᠬᠤ ᠵᠢᠴᠢ ᠰᠢᠯᠵᠢᠭᠦᠯᠦᠨ ᠥᠭᠴᠦ ᠠᠰᠢᠭ ᠣᠷᠣᠯᠭ᠎ᠠ ᠲᠠᠲᠠᠪᠤᠷᠢᠯᠠᠬᠤ ᠦᠨᠳᠦᠰᠦᠯᠡᠯ ᠢ ᠲᠣᠳᠣᠷᠬᠠᠶᠢᠯᠠᠪᠠ᠃  ᠲᠠᠪᠤ ᠳᠤ᠂ ᠬᠠᠶᠢᠨ ᠪᠠᠶᠢᠴᠠᠭᠠᠵᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠤᠨ᠎ᠠ᠃ ᠬᠠᠶᠢᠨ ᠪᠠᠶᠢᠴᠠᠭᠠᠵᠤ ᠳᠠᠩᠰᠠᠯᠠᠬᠤ ᠶᠠᠪᠤᠴᠠ ᠶᠢᠨ ᠬᠠᠮᠢᠶᠠᠷᠤᠯᠲᠠ ᠶᠢᠨ ᠶᠠᠪᠤᠴᠠ ᠶᠢ ᠲᠣᠳᠣᠷᠬᠠᠶᠢᠯᠠᠵᠤ᠂ ᠠᠭᠤᠷᠬᠠᠶ ᠬᠠᠶᠢᠬᠤ ᠡᠷᠬᠡ ᠶᠢ ᠬᠢᠨᠠᠨ ᠵᠥᠪᠰᠢᠶᠡᠷᠡᠬᠦ ᠠᠵᠢᠯ ᠤᠨ ᠵᠢᠷᠤᠮ ᠢ ᠰᠢᠯᠢᠳᠡᠭᠵᠢᠭᠦᠯᠪᠡ᠃  ᠵᠢᠷᠭᠤᠭ᠎ᠠ ᠳᠤ᠂ ᠨᠡᠭᠡᠭᠡᠨ ᠮᠠᠯᠲᠠᠬᠤ ᠶᠢ ᠳᠡᠩᠰᠡᠯᠡᠨ ᠲᠡᠮᠳᠡᠭᠯᠡᠵᠦ ᠬᠠᠮᠢᠶᠠᠷᠬᠤ ᠴᠤᠪᠤᠷᠠᠯ ᠢ ᠵᠢᠷᠤᠮᠵᠢᠭᠤᠯᠤᠨ᠎ᠠ᠃ ᠭᠠᠵᠠᠷ ᠤᠨ ᠢᠯᠴᠢ ᠶᠢᠨ ᠨᠡᠭᠡᠭᠡᠨ ᠠᠰᠢᠭᠯᠠᠬᠤ ᠲᠥᠰᠦᠯ ᠢ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠲᠠᠢ ᠨᠡᠶᠢᠯᠡᠭᠦᠯᠦᠨ ᠨᠠᠶᠢᠷᠠᠭᠤᠯᠤᠨ ᠵᠣᠬᠢᠶᠠᠬᠤ ᠶᠢ ᠱᠠᠭᠠᠷᠳᠠᠵᠤ᠂ ᠠᠭᠤᠷᠬᠠᠶ ᠮᠠᠯᠲᠠᠬᠤ ᠡᠷᠬᠡ ᠶᠢ ᠬᠢᠨᠠᠨ ᠵᠥᠪᠰᠢᠶᠡᠷᠡᠬᠦ ᠠᠵᠢᠯ ᠤᠨ ᠲᠠᠰ ᠳᠠᠷᠠᠭᠠᠯᠠᠯ ᠢ   ᠳᠥᠭᠦᠮᠴᠢᠯᠡᠪᠡ᠃ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯᠢ ᠪᠤᠰᠤ ᠢᠯᠴᠢ ᠠᠪᠬᠤ ᠠᠷᠭ᠎ᠠ ᠮᠠᠶ᠋ᠢᠭ ᠢ ᠬᠡᠷᠡᠭᠯᠡᠨ ᠭᠠᠵᠠᠷ ᠤᠨ ᠢᠯᠴᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠵᠣᠷᠢᠭᠵᠢᠭᠤᠯᠵᠤ᠂ ᠠᠳᠠᠯᠢ ᠪᠤᠰᠤ ᠢᠯᠴᠢ ᠠᠪᠬᠤ ᠠᠷᠭ᠎ᠠ ᠮᠠᠶ᠋ᠢᠭ ᠢᠶᠠᠷ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠪᠠ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠶᠢ ᠲᠣᠳᠣᠷᠬᠠᠶᠢᠯᠠᠪᠠ᠃  ᠲᠤᠯᠤᠭ᠎ᠠ ᠳᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ᠂ ᠭᠤᠷᠪᠠᠨ ᠵᠢᠯ ᠤᠨ ᠳᠣᠲᠣᠷ᠎ᠠ ᠭᠠᠵᠠᠷ ᠤᠨ ᠢᠯᠴᠢ ᠶᠢ ᠦᠨᠡᠮᠯᠡᠯ ᠥᠬᠡᠶ ᠪᠠᠷ ᠬᠠᠶᠢᠨ ᠪᠠᠶᠢᠴᠠᠭᠠᠬᠤ ᠪᠠ ᠨᠡᠭᠡᠭᠡᠨ ᠮᠠᠯᠲᠠᠬᠤ ᠠᠰᠠᠭᠤᠳᠠᠯ ᠢ ᠰᠢᠢᠳᠪᠦᠷᠢᠯᠡᠵᠦ᠂ ᠨᠢᠭᠡᠨᠲᠡ ᠪᠠᠶᠢᠭᠤᠯᠤᠭᠰᠠᠨ ᠭᠠᠵᠠᠷ ᠤᠨ ᠢᠯᠴᠢ ᠶᠢ ᠠᠰᠢᠭᠯᠠᠬᠤ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃  ᠨᠠᠢᠮᠠ ᠳᠤ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠂ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠥᠬᠦ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠬᠤ ᠶᠢ ᠴᠢᠬᠤᠯᠠᠴᠢᠯᠠᠵᠤ᠂ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ ᠭᠡᠵᠦ ᠱᠠᠭᠠᠷᠳᠠᠪᠠ᠃  ᠳᠥᠷᠪᠡ᠂ ᠨᠡᠷ᠎ᠡ ᠦᠭᠡ ᠶᠢᠨ ᠲᠠᠶᠢᠯᠪᠤᠷᠢ  1 . ᠭᠠᠵᠠᠷ ᠤᠨ ᠢᠯᠴᠢ ᠶᠢᠨ ᠡᠨᠧᠷᠭᠢ᠄ ᠳᠡᠯᠡᠬᠡᠶ ᠶᠢᠨ ᠪᠥᠮᠪᠥᠷᠴᠡᠭ ᠤᠨ ᠳᠣᠲᠣᠭᠠᠳᠤ ᠶᠢᠨ ᠴᠢᠯᠠᠭᠤᠯᠢᠭ ᠰᠢᠷᠣᠶ ᠪᠡᠶᠡᠲᠦ᠂ ᠤᠷᠤᠰᠤᠩᠭᠢ ᠪᠡᠶ᠎ᠡ ᠪᠠ ᠮᠠᠭᠮᠠ ᠶᠢᠨ ᠳᠣᠲᠣᠷ᠎ᠠ ᠬᠠᠳᠠᠭᠠᠯᠠᠭᠳᠠᠵᠤ᠂ ᠬᠥᠮᠦᠨ ᠲᠥᠷᠥᠯᠬᠢᠲᠡᠨ ᠤ ᠨᠡᠭᠡᠭᠡᠨ ᠠᠰᠢᠭᠯᠠᠵᠤ ᠪᠣᠯᠬᠤ ᠢᠯᠴᠢ ᠶᠢᠨ ᠡᠨᠧᠷᠭᠢ ᠶᠢ ᠵᠢᠭᠠᠵᠤ ᠪᠠᠶᠢᠨ᠎ᠠ᠃  2 . ᠭᠠᠵᠠᠷ ᠤᠨ ᠢᠯᠴᠢ ᠶᠢᠨ ᠡᠬᠢ ᠪᠠᠶᠠᠯᠢᠭ᠄ ᠭᠠᠵᠠᠷ ᠤᠨ ᠭᠠᠳᠠᠷᠭᠤ ᠠᠴᠠ ᠳᠣᠷᠣᠭᠰᠢᠬᠢ ᠵᠣᠬᠢᠬᠤ ᠭᠦᠨᠴᠡ ᠶᠢᠨ ᠬᠡᠪᠴᠢᠶᠡᠨ ᠳᠣᠲᠣᠷ᠎ᠠ᠂ ᠳᠤᠯᠠᠭᠠᠨ ᠤ ᠬᠡᠮᠵᠢᠶ᠎ᠡ ᠨᠢ 25 °C ᠠᠴᠠ ᠶᠡᠭᠡ᠂ ᠣᠳᠣᠬᠠᠨ ᠤ ᠮᠡᠷᠭᠡᠵᠢᠯ ᠤᠨ ᠠᠵᠤ ᠠᠬᠤᠶ ᠶᠢᠨ ᠨᠥᠬᠦᠴᠡᠯ ᠳᠣᠣᠷ᠎ᠠ ᠨᠡᠭᠡᠭᠡᠨ ᠠᠰᠢᠭᠯᠠᠬᠤ ᠦᠨ᠎ᠡ ᠥᠷᠲᠡᠭ ᠲᠠᠢ ᠭᠠᠵᠠᠷ ᠤᠨ ᠢᠯᠴᠢ ᠶᠢᠨ ᠡᠨᠧᠷᠭᠢ᠂ ᠭᠠᠵᠠᠷ ᠤᠨ ᠢᠯᠴᠢ ᠶᠢᠨ ᠤᠷᠤᠰᠤᠩᠭᠢ ᠪᠡᠶ᠎ᠡ ᠵᠢᠴᠢ ᠬᠡᠷᠡᠭᠴᠡᠭᠡ ᠲᠠᠢ ᠪᠦᠷᠢᠯᠳᠦᠬᠦᠨ ᠢ ᠪᠦᠷᠢᠯᠳᠦᠭᠦᠯᠬᠦ ᠶᠢᠨ ᠬᠠᠮᠲᠤ ᠡᠨᠧᠷᠭᠢ᠂ ᠤᠰᠤᠨ ᠤ ᠡᠬᠢ ᠪᠠᠶᠠᠯᠢᠭ ᠪᠣᠯᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠢᠨᠵᠢ ᠴᠢᠨᠠᠷ ᠲᠠᠢ ᠪᠠᠶᠢᠬᠤ ᠶᠢ ᠵᠢᠭᠠᠵᠤ ᠪᠤᠶ᠃  3 . ᠤᠰᠤ ᠬᠠᠯᠠᠭᠤᠨ ᠬᠡᠯᠪᠡᠷᠢ ᠶᠢᠨ ᠭᠠᠵᠠᠷ ᠤᠨ ᠢᠯᠴᠢ ᠶᠢᠨ ᠡᠬᠢ ᠪᠠᠶᠠᠯᠢᠭ᠄ ᠪᠠᠶᠢᠭᠠᠯᠢ ᠶᠢᠨ ᠭᠠᠵᠠᠷ ᠳᠣᠣᠷᠠᠬᠢ ᠤᠰᠤ ᠵᠢᠴᠢ ᠠᠭᠤᠷ ᠳᠣᠲᠣᠷ᠎ᠠ ᠬᠠᠳᠠᠭᠠᠯᠠᠭᠳᠠᠵᠤ ᠪᠠᠢᠭ᠎ᠠ ᠭᠠᠵᠠᠷ ᠤᠨ ᠢᠯᠴᠢ ᠶᠢᠨ ᠡᠬᠢ ᠪᠠᠶᠠᠯᠢᠭ᠃  4 .ᠲᠣᠰ ᠮᠡᠷᠭᠡᠵᠢᠯ ᠤᠨ ᠳᠠᠪᠠᠭᠤᠯᠢᠭ ᠲᠠᠯ᠎ᠠ ᠨᠢ ᠭᠠᠵᠠᠷ ᠳᠤᠤᠷᠠᠬᠢ ᠤᠰᠤ ᠶᠢ ᠲᠠᠲᠠᠬᠤ ᠥᠬᠡᠶ᠂ ᠣᠷᠴᠢᠨ ᠲᠣᠭᠤᠷᠢᠨ ᠢ ᠬᠠᠷᠰᠢᠯᠠᠬᠤ ᠨᠢ ᠪᠠᠭ᠎ᠠ᠃ ᠳᠤᠲᠠᠭᠳᠠᠯ ᠨᠢ ᠭᠡᠪᠡᠯ ᠪᠥᠲᠥᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠪᠠ ᠠᠵᠢᠯᠯᠠᠭᠠᠨ ᠤ ᠥᠪᠡᠷ ᠤᠨ ᠥᠷᠲᠡᠭ ᠨᠢ ᠨᠡᠯᠢᠶᠡᠳ ᠥᠨᠳᠥᠷ᠂ ᠢᠯᠴᠢ ᠰᠣᠯᠢᠬᠤ ᠦᠷ᠎ᠡ ᠪᠦᠲᠦᠮᠵᠢ ᠨᠢ ᠳᠤᠤᠷ᠎ᠠ ᠂ ᠲᠠᠩ ᠬᠤᠳᠳᠤᠭ ᠤᠨ ᠢᠯᠴᠢ ᠬᠠᠩᠭᠠᠬᠤ ᠲᠠᠯᠠᠪᠠᠶ ᠨᠢ ᠪᠠᠭ᠎ᠠ ᠪᠠᠶᠢᠵᠤ᠂ ᠭᠤᠤᠯᠳᠠᠭᠤ ᠡᠮᠨᠡᠯᠭᠡ ᠶᠢᠨ ᠬᠤᠷᠢᠶ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠵᠡᠷᠭᠡ ᠨᠡᠶᠢᠲᠡ ᠶᠢᠨ ᠬᠡᠷᠡᠭᠯᠡᠭᠡᠨ ᠤ ᠪᠤᠶᠤ ᠬᠤᠳᠠᠯᠳᠤᠭᠠᠨ ᠳᠤ ᠬᠡᠷᠡᠭᠯᠡᠬᠦ ᠪᠠᠷᠢᠯᠭ᠎ᠠ ᠳᠤ ᠬᠡᠷᠡᠭᠯᠡᠨ᠎ᠡ᠃
1.5-1.png
  ᠵᠢᠷᠤᠭ 1 ︽ᠬᠠᠯᠠᠭᠤᠨ ᠢ ᠠᠪᠬᠤ ᠠᠴᠠ ᠪᠢᠰᠢ ᠤᠰᠤ ᠶᠢ ᠠᠪᠬᠤ ᠦᠭᠡᠢ︾ ᠨᠡᠭᠡᠭᠡᠨ ᠮᠠᠯᠲᠠᠬᠤ ᠮᠡᠷᠭᠡᠵᠢᠯ ᠤᠨ ᠲᠠᠶᠢᠯᠪᠤᠷᠢ ᠵᠢᠷᠤᠭ  5. ︽ᠠᠳᠠᠯᠢ ᠳᠠᠪᠬᠤᠷᠭ᠎ᠠ ᠳᠤ ᠲᠡᠩᠴᠡᠭᠦᠦ ᠬᠡᠮᠵᠢᠶ᠎ᠡ ᠪᠠᠷ ᠡᠭᠡᠭᠦᠯᠦᠨ ᠴᠢᠳᠬᠤᠬᠤ᠂ ᠢᠯᠴᠢ ᠠᠪᠤᠭᠰᠠᠨ ᠴᠤ ᠤᠰᠤ ᠬᠤᠷᠣᠭᠳᠠᠭᠤᠯᠬᠤ ᠥᠭᠡᠢ︾ ᠮᠡᠷᠭᠡᠵᠢᠯ᠄ ᠪᠠᠷᠢᠯᠭ᠎ᠠ ᠶᠢᠨ ᠠᠵᠢᠯ ᠬᠢᠵᠦ ᠮᠠᠯᠲᠠᠬᠤ ᠬᠤᠳᠳᠤᠭ ᠪᠠ ᠡᠭᠡᠭᠦᠯᠦᠨ ᠴᠢᠳᠬᠤᠬᠤ ᠬᠤᠳᠳᠤᠭ ᠢᠶᠠᠷ ᠳᠠᠮᠵᠢᠭᠤᠯᠤᠨ ᠡᠷᠭᠢᠯᠲᠡ ᠶᠢᠨ ᠰᠢᠰᠲ᠋ᠧᠮ ᠢ ᠪᠤᠢ ᠪᠣᠯᠭᠠᠵᠤ᠂ ᠲᠠᠲᠠᠭᠰᠠᠨ ᠭᠠᠵᠠᠷ ᠳᠣᠣᠷᠠᠬᠢ ᠬᠠᠯᠠᠭᠤᠨ ᠤᠰᠤ ᠶᠢ ᠠᠰᠢᠭᠯᠠᠨ ᠢᠯᠴᠢ ᠰᠣᠯᠢᠯᠴᠠᠬᠤ ᠳᠤᠮᠳᠠ ᠭᠦᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠮᠡᠷᠭᠡᠵᠢᠯ ᠢ ᠵᠢᠭᠠᠵᠤ ᠪᠤᠢ᠂ ᠢᠯᠴᠢ ᠰᠣᠯᠢᠭᠰᠠᠨ ᠤ ᠳᠠᠷᠠᠭᠠᠬᠢ ᠭᠠᠵᠠᠷ ᠤᠨ ᠢᠯᠴᠢ ᠶᠢᠨ ᠰᠡᠭᠦᠯ ᠤᠨ ᠤᠰᠤ ᠨᠢ ᠠᠳᠠᠯᠢ ᠳᠠᠪᠬᠤᠷᠭ᠎ᠠ  ᠳᠤ ᠡᠭᠡᠭᠦᠯᠦᠨ ᠴᠢᠳᠬᠤᠬᠤ ᠶᠢ ᠪᠡᠶᠡᠯᠡᠭᠦᠯᠵᠦ᠂ ᠢᠯᠴᠢ ᠠᠪᠤᠭᠰᠠᠨ ᠴᠤ ᠤᠰᠤ ᠬᠤᠷᠣᠭᠳᠠᠭᠤᠯᠬᠤ ᠥᠭᠡᠢ ᠪᠠᠶᠢᠬᠤ ᠬᠠᠷᠠᠯᠲᠠ ᠳᠤ ᠬᠥᠷᠥᠬᠦᠯᠥᠨ᠎ᠡ᠂ ᠲᠠᠶᠢᠯᠪᠤᠷᠢ ᠵᠢᠷᠤᠭ 2 ᠢ ᠦᠵᠡ᠃ ᠲᠣᠰ ᠮᠡᠷᠭᠡᠵᠢᠯ ᠪᠣᠯ ᠭᠠᠵᠠᠷ ᠤᠨ ᠢᠯᠴᠢ ᠶᠢᠨ ᠤᠰᠤ ᠶᠢ ᠪᠦᠲᠦᠮᠵᠢᠲᠡᠶ ᠰᠢᠨᠡᠳᠬᠡᠬᠦ ᠶᠢ  ᠪᠡᠶᠡᠯᠡᠭᠦᠯᠬᠦ‍ ᠨᠢᠭᠡ ᠵᠦᠢᠯ ᠤᠨ ᠳᠤᠮᠳᠠ ᠭᠦᠨ ᠳᠠᠪᠬᠤᠷᠭ᠎ᠠ ᠶᠢᠨ ᠭᠠᠵᠠᠷ ᠤᠨ ᠢᠯᠴᠢ ᠶᠢ ᠨᠡᠭᠡᠭᠡᠨ ᠠᠰᠢᠭᠯᠠᠬᠤ ᠠᠷᠭ᠎ᠠ ᠮᠠᠶ᠋ᠢᠭ ᠪᠣᠯᠤᠨ᠎ᠠ᠂ ᠳᠠᠪᠠᠭᠤᠯᠢᠭ ᠲᠠᠯ᠎ᠠ ᠨᠢ ᠭᠡᠪᠡᠯ ᠭᠠᠵᠠᠷ ᠳᠤᠤᠷᠠᠬᠢ ᠢᠯᠴᠢ ᠶᠢᠨ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠭᠠᠵᠠᠷ ᠳᠤᠤᠷᠠᠬᠢ ᠤᠰᠤᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠨᠢ ᠨᠡᠯᠢᠶᠡᠳ ᠪᠠᠭ᠎ᠠ ᠪᠠᠶᠢᠳᠠᠭ᠃
1.5-2.png
  ᠵᠢᠷᠤᠭ 2 . ︽ᠬᠠᠯᠠᠭᠤᠨ ᠢ ᠠᠪᠬᠤ ᠠᠴᠠ ᠪᠢᠰᠢ ᠤᠰᠤ ᠶᠢ ᠠᠪᠬᠤ ᠦᠭᠡᠢ︾ ᠨᠡᠭᠡᠭᠡᠨ ᠮᠠᠯᠲᠠᠬᠤ ᠮᠡᠷᠭᠡᠵᠢᠯ ᠤᠨ ᠲᠠᠶᠢᠯᠪᠤᠷᠢ ᠵᠢᠷᠤᠭ  6 . ᠭᠠᠵᠠᠷ ᠤᠨ ᠢᠯᠴᠢ ᠶᠢᠨ ᠬᠤᠳᠳᠤᠭ ᠢ ᠰᠢᠭᠤᠳ ᠮᠠᠯᠲᠠᠬᠤ ᠮᠡᠷᠭᠡᠵᠢᠯ᠄ ᠲᠣᠰ ᠮᠡᠷᠭᠡᠵᠢᠯ ᠢ ᠪᠠᠷᠢᠯᠭ᠎ᠠ ᠶᠢᠨ ᠠᠵᠢᠯ ᠬᠢᠵᠦ ᠨᠡᠭᠡᠭᠡᠨ ᠮᠠᠯᠲᠠᠬᠤ ᠬᠤᠳᠳᠤᠭ ᠢᠶᠠᠷ ᠳᠠᠮᠵᠢᠭᠤᠯᠤᠨ ᠭᠠᠵᠠᠷ ᠳᠤᠤᠷᠠᠬᠢ ᠬᠠᠯᠠᠭᠤᠨ ᠤᠰᠤ ᠶᠢ ᠰᠢᠭᠤᠳ ᠲᠠᠲᠠᠵᠤ ᠠᠰᠢᠭᠯᠠᠭᠰᠠᠨ ᠳᠤᠮᠳᠠ ᠭᠦᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠮᠡᠷᠭᠡᠵᠢᠯ ᠳᠤ ᠬᠡᠷᠡᠭᠯᠡᠵᠦ᠂ ᠡᠷᠡᠭᠦᠯᠵᠢᠯ ᠰᠤᠪᠢᠯᠠᠯᠲᠠ ᠶᠢᠨ ᠲᠥᠷᠥᠯ ᠵᠢᠴᠢ ᠠᠩ ᠵᠠᠪᠰᠠᠷ ᠲᠠᠬᠢ ᠳᠤᠮᠳᠠ ᠭᠦᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠳᠤ ᠢᠯᠡᠭᠦᠬᠡᠨ ᠬᠡᠷᠡᠭᠯᠡᠵᠦ᠂ ᠰᠡᠭᠦᠯ ᠤᠨ ᠤᠰᠤ ᠶᠢ ᠰᠢᠭᠤᠳ ᠭᠠᠳᠠᠭᠰᠢᠯᠠᠭᠤᠯᠬᠤ ᠠᠴᠠ ᠪᠣᠯᠵᠣ ᠣᠷᠴᠢᠨ ᠲᠣᠭᠤᠷᠢᠨ ᠢ ᠨᠥᠯᠥᠭᠡᠯᠡᠵᠦ᠂ ᠰᠡᠭᠦᠯ ᠤᠨ ᠤᠰᠤ ᠶᠢ ᠡᠷᠬᠡᠪᠰᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠱᠠᠭᠠᠷᠳᠠᠵᠤ᠂ ᠬᠢᠵᠠᠭᠠᠷᠯᠠᠬᠤ ᠲᠥᠷᠥᠯ ᠤᠨ ᠮᠡᠷᠭᠡᠵᠢᠯ ᠳᠤ ᠬᠠᠷᠢᠶᠠᠯᠠᠭᠳᠠᠨ᠎ᠠ᠃  7 . ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠱᠠᠲᠤ ᠦᠶ᠎ᠡ ᠵᠢᠴᠢ ᠭᠠᠵᠠᠷ ᠤᠨ ᠢᠯᠴᠢ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠶᠢᠨ ᠨᠠᠶᠢᠳᠠᠪᠤᠷᠢᠲᠠᠶ ᠪᠠᠶᠢᠬᠤ ᠬᠡᠮᠵᠢᠶ᠎ᠡ᠄ ᠭᠠᠵᠠᠷ ᠤᠨ ᠢᠯᠴᠢ ᠶᠢᠨ ᠬᠠᠶᠢᠨ ᠪᠠᠶᠢᠴᠠᠭᠠᠬᠤ ᠱᠠᠲᠤ ᠦᠶ᠎ᠡ ᠨᠢ᠄ ᠪᠠᠶᠢᠴᠠᠭᠠᠬᠤ᠂ ᠤᠷᠢᠳᠴᠢᠯᠠᠨ ᠪᠣᠯᠤᠮᠵᠢᠲᠤ ᠬᠠᠶᠢᠨ ᠪᠠᠶᠢᠴᠠᠭᠠᠯᠲᠠ ᠬᠢᠬᠦ᠂ ᠪᠣᠯᠤᠮᠵᠢᠲᠤ ᠬᠠᠶᠢᠨ ᠪᠠᠶᠢᠴᠠᠭᠠᠯᠲᠠ ᠬᠢᠬᠦ᠂ ᠨᠡᠭᠡᠭᠡᠨ ᠮᠠᠯᠲᠠᠬᠤ ᠵᠡᠷᠭᠡ ᠳᠥᠷᠪᠡᠨ ᠱᠠᠲᠤ ᠦᠶ᠎ᠡ ᠬᠤᠪᠢᠶᠠᠨ᠎ᠠ᠂ ᠨᠡᠶᠢᠲᠡ ᠳᠥᠷᠪᠡᠨ ᠱᠠᠲᠤ ᠦᠶ᠎ᠡ᠂ ᠬᠠᠷᠢᠯᠴᠠᠨ ᠵᠣᠬᠢᠴᠠᠯᠳᠤᠭᠰᠠᠨ ᠭᠠᠵᠠᠷ ᠤᠨ ᠢᠯᠴᠢ ᠶᠢᠨ ᠤᠷᠤᠰᠤᠩᠭᠢ ᠪᠡᠶᠡᠲᠦ ᠶᠢᠨ ᠨᠡᠭᠡᠭᠡᠨ ᠮᠠᠯᠲᠠᠵᠤ ᠪᠣᠯᠬᠤ ᠬᠡᠮᠵᠢᠶ᠎ᠡ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠶᠢᠨ ᠨᠠᠶᠢᠳᠠᠪᠤᠷᠢᠲᠠᠶ ᠪᠠᠶᠢᠬᠤ ᠬᠡᠮᠵᠢᠶ᠎ᠡ ᠨᠢ ᠲᠤᠰ ᠲᠤᠰ ᠮᠠᠭᠠᠳᠯᠠᠬᠤ᠂ ᠡᠵᠡᠮᠳᠡᠬᠦ᠂ ᠬᠠᠶᠢᠨ ᠲᠣᠳᠣᠯᠠᠬᠤ᠂ ᠰᠢᠯᠭᠠᠨ ᠭᠡᠷᠡᠴᠢᠯᠡᠬᠦ ᠭᠡᠵᠦ ᠳᠥᠷᠪᠡᠨ ᠱᠠᠲᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号