ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ | ᠬᠥᠬᠡᠬᠤᠲᠠ ᠳᠠᠬᠢ ᠰᠤᠳᠤᠯᠭᠠᠨ ᠤ ᠲᠥᠪ ᠠᠵᠢᠯ ᠢᠶᠠᠨ ᠡᠬᠢᠯᠡᠭᠦᠯᠵᠦ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ | ᠪᠣᠯᠪᠠ᠃ | ᠨᠢᠭᠡ ᠳᠤ᠂ ᠱᠠᠩᠬᠠᠶ᠂ ᠭᠤᠸᠠᠩᠵᠧᠦ᠂ ᠦᠬᠠᠨ ᠤ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠲᠥᠪ ᠤᠨ | ᠦᠢᠯᠡᠳᠦᠯᠭᠡ ᠶᠢᠨ ᠲᠤᠷᠰᠢᠯᠭ᠎ᠠ ᠪᠠᠷ ᠭᠦᠢᠴᠡᠳ ᠲᠣᠯᠢ ᠪᠣᠯᠭᠠᠵᠤ᠂ ︽ᠲᠠᠯᠠᠪᠠᠢ ᠭᠠᠵᠠᠷ ᠢ ᠨᠢ ᠲᠦᠪᠯᠡᠷᠡᠭᠦᠯᠬᠦ᠂ | ᠰᠠᠯᠠᠭ᠎ᠠ ᠮᠦᠴᠢᠷ ᠤᠳ ᠬᠤᠯᠪᠤᠭᠠᠯᠠᠨ ᠬᠦᠳᠡᠯᠦᠯᠴᠡᠬᠦ᠂ ᠣᠯᠠᠨ ᠲᠠᠯ᠎ᠠ ᠪᠠᠷ ᠢᠶᠠᠨ ᠬᠠᠮᠵᠢᠯᠴᠠᠬᠤ᠂ ᠨᠢᠭᠡᠳᠦᠯᠲᠡᠢ | ᠬᠠᠮᠢᠶᠠᠷᠬᠤ︾ ᠬᠡᠪ ᠵᠠᠭᠪᠤᠷ ᠶᠣᠰᠤᠭᠠᠷ ︽ᠤᠯᠤᠰ + ᠥᠪᠡᠷᠲᠡᠭᠡᠨ ᠵᠠᠰᠠᠬᠤ ᠣᠷᠣᠨ + ᠠᠶᠢᠮᠠᠭ ᠬᠤᠲᠠ + | ᠬᠤᠰᠢᠭᠤ ᠰᠢᠶᠠᠨ ᠲᠣᠭᠤᠷᠢᠭ︾ ᠳᠥᠷᠪᠡᠨ ᠲᠠᠯ᠎ᠠ ᠪᠠᠷ ᠢᠶᠠᠨ ᠬᠠᠮᠲᠤᠷᠠᠨ ᠬᠥᠳᠡᠯᠦᠯᠴᠡᠬᠦ ︵ᠪᠡᠭᠡᠵᠢᠩ ᠲᠢᠶᠠᠨᠵᠢᠨ | ᠾᠧᠪᠧᠶ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠬᠥᠬᠡᠬᠤᠲᠠ ᠶᠢᠨ ᠵᠠᠰᠠᠭ ᠤᠨ ᠣᠷᠳᠣᠨ᠂ ᠰᠢᠨ᠎ᠡ ᠬᠤᠲᠠ | ᠲᠣᠭᠤᠷᠢᠭ ᠤᠨ ᠵᠠᠰᠠᠭ ᠤᠨ ᠣᠷᠳᠣᠨ︶ ᠠᠵᠢᠯᠯᠠᠭᠠᠨ ᠤ ᠲᠣᠭᠲᠠᠴᠠ ᠶᠢ ᠲᠣᠭᠲᠠᠭᠠᠵᠤ᠂ ᠪᠡᠭᠡᠵᠢᠩ ᠲᠢᠶᠠᠨᠵᠢᠨ | ᠾᠧᠪᠧᠶ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠥᠬᠡᠬᠤᠲᠠ ᠳᠠᠬᠢ ᠰᠤᠳᠤᠯᠭᠠᠨ ᠤ | ᠲᠥᠪ ᠤᠨ ᠠᠵᠢᠯ ᠢᠶᠠᠨ ᠡᠬᠢᠯᠡᠭᠦᠯᠬᠦ ᠳᠤ ᠲᠦᠷᠢᠮ ᠤᠨ ᠲᠤᠯᠭᠠᠭᠤᠷᠢᠯᠠᠯ ᠬᠠᠩᠭᠠᠪᠠ᠃ | ᠬᠤᠶᠠᠷ ᠲᠤ᠂ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠥᠪ ᠤᠨ ᠳᠣᠣᠷᠠᠬᠢ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠪᠣᠯᠬᠤ ᠪᠡᠭᠡᠵᠢᠩ ᠤᠨ ᠬᠠᠮᠵᠢᠯᠴᠠᠭ᠎ᠠ ᠰᠢᠨ᠎ᠡ | ᠡᠭᠦᠳᠦᠯᠲᠡ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ ᠪᠣᠯᠣᠨ ᠬᠥᠬᠡᠬᠤᠲᠠ ᠶᠢᠨ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠬᠠᠮᠲᠤᠷᠠᠯᠴᠠᠨ ᠶᠡᠷᠦᠩᠬᠡᠢ ᠬᠡᠪᠴᠢᠶ᠎ᠡ ᠪᠠᠷ 2 ᠳ᠋ᠦᠩᠰᠢᠭᠤᠷ ᠲᠥᠭᠦᠷᠢᠭ ᠪᠣᠯᠬᠤ | ᠬᠥᠬᠡᠬᠤᠲᠠ ᠶᠢᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠶᠢ ᠡᠭᠦᠰᠬᠡᠨ ᠪᠠᠶᠢᠭᠤᠯᠵᠤ᠂ | ᠬᠦᠬᠡᠬᠤᠲᠠ ᠳᠤ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠲᠦᠷᠦᠯ ᠵᠦᠢᠯ ᠢᠶᠠᠨ ᠤᠯᠠᠷᠢᠭᠤᠯᠬᠤ ᠳᠤ | ᠪᠠᠲᠤᠯᠠᠭ᠎ᠠ ᠬᠠᠩᠭᠠᠪᠠ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠨᠢᠭᠡᠴᠢ ᠲᠠᠢ ᠢᠳᠡᠪᠬᠢᠲᠡᠢ ᠵᠣᠯᠭᠠᠭᠤᠯᠵᠤ᠂ | ᠳᠡᠭᠡᠷ᠎ᠡ ᠳᠣᠣᠷ᠎ᠠ ᠱᠠᠳᠤ ᠪᠠᠷ ᠢᠶᠠᠨ ᠬᠠᠮᠵᠢᠯᠴᠠᠭᠰᠠᠨ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠭᠰᠡᠨ ᠠᠵᠢᠯ ᠤᠨ | ᠲᠣᠭᠲᠠᠴᠠ ᠶᠢ ᠪᠠᠶᠢᠭᠤᠯᠪᠠ᠂ ᠣᠳᠣᠬᠠᠨ ᠳᠤ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠥᠪ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ | ᠬᠠᠮᠲᠤ ᠪᠠᠷ ᠪᠠᠶᠢᠭᠤᠯᠤᠭᠰᠠᠨ ︽ᠲᠡᠷᠢᠭᠦᠨ ᠤ ᠮᠡᠷᠭᠡᠵᠢᠯ ᠤᠨ ᠲᠤᠷᠰᠢᠯᠲᠠ ᠶᠢᠨ ᠲᠠᠰᠤᠭ︾ ᠤᠨ ᠠᠵᠢᠯ | ᠡᠬᠢᠯᠡᠭᠦᠯᠬᠦ ᠶᠢ ᠠᠮᠵᠢᠯᠲᠠ ᠲᠠᠢ ᠪᠠᠷ ᠠᠬᠢᠭᠤᠯᠪᠠ᠃ |