ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠵᠤ ᠰᠦᠨ ᠱᠤᠤ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/10/14
    10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠭᠤᠣᠯ ᠰᠢᠵᠢᠮ ᠤᠨ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠭᠠᠷᠳᠠᠴᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ ᠪᠠᠶᠢᠭᠠᠳ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠭᠤᠯᠤᠭᠰᠠᠨ ᠨᠡᠩ ᠣᠯᠠᠨ ᠰᠣᠶᠣᠯ ᠤᠨ ᠰᠣᠳᠣᠨ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠴᠢᠨᠡᠭᠡᠯᠢᠭᠵᠢᠬᠦ ᠪᠣᠳᠠᠰ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠶᠢ ᠳᠠᠭᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠤᠨ᠎ᠠ᠃ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠨ᠎ᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ᠂ ᠪᠥᠬᠦ ᠣᠷᠣᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠠᠭᠠᠲᠤᠷ ᠵᠢᠱᠢᠶᠡᠴᠢ ᠪᠠᠷ ᠥᠯᠢᠭᠡᠷ ᠳᠠᠭᠤᠷᠢᠶᠠᠯ ᠪᠣᠯᠭᠠᠵᠤ᠂ ᠬᠡᠬᠦᠳᠡᠭ ᠴᠡᠭᠡᠵᠢᠨ ᠳᠡᠭᠡᠨ ᠠᠤᠭ᠎ᠠ ᠵᠣᠷᠢᠭ ᠢ ᠡᠪᠦᠷᠯᠡᠨ ᠠᠵᠢᠯ ᠬᠢᠵᠦ ᠦᠢᠯᠡᠰ ᠪᠤᠰᠬᠠᠵᠤ᠂ ᠤᠬᠠᠮᠰᠠᠷ ᠠᠴᠠ ᠪᠠᠨ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠬᠦ ᠳᠤᠮᠳᠠ ᠭᠠᠪᠢᠶ᠎ᠠ ᠪᠠᠶᠢᠭᠤᠯᠤᠨ ᠦᠢᠯᠡᠰ ᠪᠤᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ᠃ ᠡᠯ᠎ᠡ ᠹᠷᠣᠨᠲ ᠤᠨ ᠲᠡᠷᠢᠭᠦᠨ ᠤ ᠵᠢᠱᠢᠶᠡᠴᠢ ᠶᠢ ᠶᠡᠭᠡ ᠪᠠᠷ ᠤᠬᠠᠭᠤᠯᠵᠤ᠂ ᠪᠠᠭᠠᠲᠤᠷᠴᠤᠳ ᠢ ᠬᠦᠨᠳᠦᠳᠬᠡᠬᠦ᠂ ᠪᠠᠭᠠᠲᠤᠷᠴᠤᠳ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠪᠥᠬᠦ ᠣᠷᠣᠨ ᠳᠠᠶᠠᠭᠠᠷ ᠲᠤ ᠬᠥᠮᠦᠨ ᠪᠦᠬᠦᠨ ᠠᠵᠢᠯ ᠶᠠᠪᠤᠳᠠᠯ ᠬᠢᠬᠦ ᠳᠤᠷᠠᠲᠠᠶ᠂ ᠠᠵᠢᠯ ᠶᠠᠪᠤᠳᠠᠯ ᠪᠦᠲᠦᠭᠡᠬᠦ ᠳᠤᠷᠠᠲᠠᠶ ᠠᠮᠢᠳᠤᠯᠢᠭ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠨᠢᠭᠡᠳᠦᠭᠡᠷ ᠬᠦᠨᠳᠦ ᠠᠵᠤ  ᠦᠢᠯᠡᠰ ᠤᠨ ᠠᠵᠢᠯᠴᠢᠨ ᠤ ᠲᠥᠯᠥᠭᠡᠯᠡᠭᠴᠢ᠂ ︽ᠪᠤᠭᠤᠷᠤᠯᠴᠤᠳ ᠤᠨ ᠠᠵᠢᠯᠯᠠᠭ᠎ᠠ︾ ᠶᠢᠨ ᠨᠠᠰᠤᠲᠠᠶᠢᠴᠤᠳ ᠤᠨ ᠰᠠᠶᠢᠨ ᠳᠤᠷᠠᠴᠤᠳ ᠤᠨ ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠵᠢᠴᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠥᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠯᠡᠭᠡᠭᠰᠡᠨ ᠵᠠᠬᠢᠳᠠᠯ ᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠠᠵᠤ  ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠪᠠ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号