ᠤᠯᠤᠰ ᠤᠨ ᠳᠡᠰ ᠤᠨ ᠶᠡᠭᠡ ᠱᠠᠩᠨᠠᠯ ᠢ ᠪᠠᠶᠢᠨ ᠳᠠᠬᠢᠨ ᠣᠯᠵᠤ᠂ ᠤᠮᠠᠷᠠᠲᠤ ᠬᠢᠯᠢ ᠶᠢᠨ ᠰᠣᠶᠣᠯ ᠤᠨ ᠪᠣᠳᠠᠲᠤ ᠬᠦᠴᠦᠨ ᠢ ᠢᠯᠡᠷᠡᠭᠦᠯᠪᠡ︕ ᠥᠪᠥᠷ ᠮᠣᠩᠭᠤᠯ ᠤᠳᠬ᠎ᠠ ᠤᠷᠠᠯᠢᠭ ᠤᠨ ᠥᠨᠳᠥᠷ ᠣᠷᠭᠢᠯ ᠳᠤ ᠡᠷᠡᠯᠬᠡᠭᠯᠡᠨ ᠠᠪᠠᠷᠢᠪᠠ
ᠨᠡᠶᠢᠲᠡᠯᠡᠭᠰᠡᠨ ᠴᠠᠭ᠄
2024/10/21
    ︽ᠥᠪᠥᠷ ᠮᠣᠩᠭᠤᠯ ᠤᠨ ᠪᠦᠲᠦᠭᠡᠯ︾ ᠲᠧᠯᠸᠢᠰ ᠵᠦᠴᠦᠭᠡ ︽ᠡᠴᠢᠭᠡ ᠶᠢᠨ ᠦᠶ᠎ᠡ ᠶᠢᠨ ᠢᠷᠠᠭᠤ ᠠᠯᠳᠠᠷ︾᠂ ︽ᠡᠴᠢᠭᠡ ᠶᠢᠨ ᠮᠢᠨᠢ ᠲᠠᠯ᠎ᠠ ᠨᠤᠲᠤᠭ ᠤᠨ ᠡᠵᠢ ᠶᠢᠨ ᠭᠤᠤᠯ︾ ᠨᠢ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ︽ᠨᠢᠰᠦᠭᠴᠢ ᠲᠩᠷᠢ ᠶᠢᠨ ᠱᠠᠩᠨᠠᠯ︾ ᠵᠢᠴᠢ ᠨᠡᠷ᠎ᠡ ᠳᠤᠷᠠᠳᠤᠯᠭ᠎ᠠ ᠶᠢ ᠭᠥᠷᠳᠡᠵᠦ᠂ ᠪᠥᠵᠢᠭ ︽ᠮᠣᠷᠢᠨ ᠬᠤᠩᠬᠤ ᠵᠣᠯ ᠵᠢᠷᠭᠠᠯ ᠤᠨ ᠳᠠᠭᠤᠤ ᠶᠢ ᠬᠠᠩᠭᠢᠨᠠᠭᠤᠯᠪᠠ︾ ᠨᠢ ᠳᠤᠮᠳᠠᠳᠤ ᠤᠯᠤᠰ ᠤᠨ ᠪᠥᠵᠢᠭ ︽ᠪᠠᠳᠮ᠎ᠠ ᠴᠡᠴᠡᠭ ᠱᠠᠩᠨᠠᠯ︾᠂ ᠺᠢᠨᠣ᠋ ︽ᠴᠠᠭᠳᠠᠭ᠎ᠠ ᠪᠦᠦ ᠶᠢᠨ︾᠂ ︽ᠰᠠᠬᠢᠨ ᠪᠡᠷᠡᠯᠡᠵᠦ ᠬᠠᠷᠢᠯᠴᠠᠨ ᠰᠠᠨᠠᠭᠠᠯᠵᠠᠭᠰᠠᠨ ᠮᠣᠳᠣ︾ ᠨᠢ ᠳᠤᠮᠳᠠᠳᠤ ᠤᠯᠤᠰ ᠤᠨ ᠺᠢᠨᠣ᠋ ︽ᠴᠠᠭ ᠤᠨ ᠱᠠᠩᠨᠠᠯ︾ ᠢ ᠬᠤᠤᠰ ᠢᠶᠠᠷ ᠭᠥᠷᠳᠡᠵᠦ᠂ ᠠᠷᠠᠰᠤᠨ ᠱᠤᠭᠤᠮᠠᠯ ︽ᠬᠠᠪᠤᠷ ᠤᠨ ᠦᠷ᠎ᠡ︾ ᠨᠢ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ︽ᠠᠭᠤᠯᠠᠨ ᠴᠡᠴᠡᠭ ᠱᠠᠩᠨᠠᠯ ︾ ᠢ  ᠬᠦᠷᠲᠡᠵᠡᠢ᠃    ᠤᠳᠬ᠎ᠠ ᠤᠷᠠᠯᠢᠭ ᠪᠣᠯ ᠴᠠᠭ ᠦᠶ᠎ᠡ ᠶᠢᠨ ᠤᠷᠤᠭᠰᠢᠯᠠᠯᠲᠠ ᠶᠢᠨ ᠪᠦᠷᠢᠶ᠎ᠡ ᠮᠥᠨ᠂ ᠨᠢᠭᠡ ᠴᠠᠭ ᠦᠶ᠎ᠡ ᠶᠢᠨ ᠳᠦᠷᠰᠦ ᠪᠠᠶᠢᠳᠠᠯ ᠢ ᠬᠠᠮᠤᠭ ᠠᠴᠠ ᠢᠯᠡᠭᠦᠦ ᠲᠥᠯᠥᠭᠡᠯᠡᠵᠦ᠂ ᠨᠢᠭᠡ ᠴᠠᠭ ᠦᠶ᠎ᠡ ᠶᠢᠨ ᠬᠡᠪ ᠰᠤᠷᠲᠠᠯ ᠢ ᠬᠠᠮᠤᠭ ᠠᠴᠠ ᠢᠯᠡᠭᠦᠦ ᠬᠥᠲᠥᠯᠥᠨ ᠳᠠᠭᠠᠭᠤᠯᠵᠤ ᠴᠢᠳᠠᠨ᠎ᠠ᠃ 2023 ᠣᠨ ᠠᠴᠠ ᠨᠠᠭᠠᠰᠢ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠹᠷᠣᠨᠲ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠳᠤ ᠰᠠᠭᠤᠷᠢᠯᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ  ᠦᠢᠯᠡᠳᠪᠦᠷᠢᠯᠡᠯ ᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠶᠢᠲᠠᠶ ᠰᠣᠶᠣᠯ ᠤᠨ ᠬᠠᠩᠭᠠᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠢ ᠬᠠᠩᠭᠠᠵᠤ᠂ ᠰᠣᠳᠣᠨ ᠪᠦᠲᠦᠭᠡᠯ ᠵᠠᠯᠭᠠᠭ᠎ᠠ ᠪᠠᠷ ᠭᠠᠷᠴᠤ᠂ ᠰᠢᠯᠢᠳᠡᠭ ᠪᠦᠲᠦᠭᠡᠯ ᠴᠣᠯᠭᠤᠷᠠᠨ ᠭᠠᠷᠴᠤ᠂ ᠴᠢᠳᠠᠪᠤᠷᠢᠲᠠᠨ ᠴᠣᠯᠭᠤᠷᠠᠨ ᠭᠠᠷᠴᠤ᠂ ᠬᠥᠬᠡ ᠥᠩᠭᠡ ᠵᠠᠯᠭᠠᠯᠳᠤᠨ᠂ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠤᠨ ᠨᠡᠷ᠎ᠡ ᠠᠯᠳᠠᠷ ᠬᠤᠯᠠ ᠳᠠᠭᠤᠷᠢᠰᠤᠭᠰᠠᠨ ᠠᠮᠢᠳᠤᠯᠢᠭ ᠦᠵᠡᠮᠵᠢ ᠶᠢ ᠪᠦᠷᠢᠯᠳᠦᠭᠦᠯᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠲᠠᠰᠤᠷᠠᠯᠲᠠ ᠥᠬᠡᠶ ᠣᠷᠭᠢᠯ ᠳᠤ ᠭᠠᠷᠬᠤ ᠶᠢ ᠠᠬᠢᠭᠤᠯᠪᠠ᠃
00300756402_ebc8fc1b (1).jpg
    ᠰᠣᠳᠣᠨ ᠪᠦᠲᠦᠭᠡᠯ ᠴᠡᠴᠡᠭ ᠰᠢᠭ  ᠳᠡᠯᠭᠡᠷᠡᠨ᠎ᠡ    ᠨᠢᠭᠡ ᠴᠠᠭ ᠦᠶ᠎ᠡ ᠶᠢᠨ ᠤᠳᠬ᠎ᠠ ᠤᠷᠠᠯᠢᠭ ᠤᠨ ᠣᠷᠭᠢᠯ ᠨᠢ ᠰᠣᠳᠣᠨ ᠪᠦᠲᠦᠭᠡᠯ ᠢᠶᠠᠷ ᠪᠦᠷᠢᠯᠳᠦᠵᠡᠶ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ᠂ ᠴᠢᠬᠤᠯᠠ ᠶᠡᠭᠡ ᠭᠤᠣᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠴᠠᠭ ᠦᠶ᠎ᠡ ᠶᠢᠨ ᠳᠦᠷᠰᠦ ᠪᠠᠶᠢᠳᠠᠯ᠂ ᠤᠮᠠᠷᠠᠲᠤ ᠬᠢᠯᠢ ᠶᠢᠨ ᠬᠡᠪ ᠨᠠᠮᠪᠠ ᠶᠢ ᠢᠯᠡᠷᠡᠭᠦᠯᠦᠭᠰᠡᠨ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠵᠠᠯᠭᠠᠭ᠎ᠠ ᠪᠠᠷ ᠭᠠᠷᠴᠠᠢ᠃   
00300756404_d7996b81.jpg
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号